ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/20
      -- ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠢ ᠲᠤᠰᠬᠠᠶᠢᠯᠠᠨ ᠰᠤᠷᠪᠤᠯᠵᠢᠯᠠᠭᠰᠠᠨ ᠨᠢ       ᠡᠨᠡ ᠵᠢᠯ ᠪᠣᠯ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠷᠪᠠᠨ ᠵᠢᠯ ᠤᠨ ᠦᠶᠡᠯᠡᠯ ᠤᠨ ᠬᠤᠭᠤᠴᠠᠭᠠᠨ ᠤ ᠡᠴᠦᠰ ᠤᠨ ᠨᠢᠭᠡ ᠵᠢᠯ ᠪᠣᠯᠣᠨ᠎ᠠ᠂ ᠪᠠᠶᠠᠨᠨᠠᠭᠤᠷ ᠬᠤᠲᠠ ᠶᠢᠨ ᠬᠢᠨ ᠪᠥᠬᠦ ᠬᠤᠲᠠ ᠶᠢᠨ ᠬᠦᠴᠦᠨ ᠢᠶᠠᠷ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯᠣᠨ᠎ᠠ᠃ ᠬᠡᠷᠬᠢᠨ  ᠪᠣᠳᠠᠲᠤ  ᠪᠠᠶᠢᠳᠠᠯ ᠎ ᠲᠠᠢ  ᠪᠠᠨ ᠤᠶᠠᠯᠳᠤᠭᠤᠯᠤᠨ  ᠪᠣᠯᠪᠠᠰᠤᠨ  ᠬᠤᠳᠠ  ᠶᠢ  ᠡᠭᠦᠳᠦᠨ  ᠪᠠᠶᠢᠭᠤᠯᠬᠤ  ᠠᠵᠢᠯ  ᠢ  ᠰᠠᠶᠢᠲᠤᠷ  ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠡᠩ ᠵᠣᠯ ᠵᠢᠷᠭᠠᠯ ᠲᠠᠢ ᠪᠣᠯᠭᠠᠵᠤ᠂ ᠬᠤᠳᠠ ᠶᠢᠨ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ ᠲᠤᠬᠠᠢ ᠲᠦᠷᠦᠭᠦᠬᠡᠨ ᠰᠤᠷᠪᠤᠯᠵᠢᠯᠠᠭᠴᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᡁᠢ ᠫᠢᠩ ᠢ ᠲᠤᠰᠬᠠᠶᠢᠯᠠᠨ ᠰᠤᠷᠪᠤᠯᠵᠢᠯᠠᠪᠠ᠃       ︽ᠪᠦᠬᠦ ᠤᠯᠤᠰ ᠤᠨ ᠪᠣᠯᠪᠠᠰᠤᠨ ᠬᠤᠲᠠ ᠎ ᠶᠢ ᠡᠭᠦᠳᠦᠨ ᠪᠠᠶᠢᠭᠤᠯᠬᠤ ᠪᠣᠯ ᠪᠠᠶᠠᠨᠨᠠᠭᠤᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠎ ᠶᠢᠨ ᠬᠦᠰᠡᠯ ᠮᠥᠨ᠂ ᠪᠠᠰᠠ ᠴᠤ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠎ ᠶᠢᠨ ᠪᠠᠶᠢᠪᠠᠰᠤ ᠵᠣᠬᠢᠬᠤ ᠠᠭᠤᠯᠭ᠎ᠠ ᠮᠥᠨ︾  ᠸᠠᠩ ᡁᠢ ᠫᠢᠩ ᠬᠡᠯᠡᠬᠦ ᠳᠡᠭᠡᠨ ︽ᠪᠢᠳᠡ ︿ᠬᠤᠲᠠ  ᠶᠢᠨ ᠠᠷᠠᠳ ᠎ ᠢᠶᠠᠷ  ᠤᠯᠤᠰ  ᠢᠶᠠᠨ ᠪᠠᠶᠢᠭᠤᠯᠬᠤ᠂  ᠠᠷᠠᠳ  ᠤᠨ  ᠬᠤᠲᠠ  ᠠᠷᠠᠳ  ᠲᠦᠮᠡᠨ  ᠤ  ᠲᠥᠯᠥᠭᠡ  ᠪᠠᠶᠢᠬᠤ﹀ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ ᠶᠢ ᠡᠭᠦᠳᠬᠦ ᠪᠠᠷ ᠠᠷᠠᠳ ᠲᠤ ᠠᠰᠢᠭ ᠬᠦᠷᠲᠡᠭᠡᠵᠦ᠂ ᠰᠢᠨ᠎ᠡ ᠶᠢ ᠡᠭᠦᠳᠬᠦ ᠪᠠᠷ ᠠᠭᠤᠰᠤᠯᠴᠠᠯ ᠢ ᠠᠬᠢᠭᠤᠯᠵᠤ᠂ ᠬᠤᠲᠠ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠨ᠎ᠠ︾ ᠭᠡᠵᠡᠢ᠃       ᠡᠩ ᠲᠡᠷᠢᠭᠦᠨ ᠳᠤ᠂ ᠰᠢᠨ᠎ᠡ ᠶᠢ ᠡᠭᠦᠳᠬᠦ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃  ︽ᠬᠠᠲᠠᠭᠤ  ᠲᠣᠨᠤᠭ  ᠢ  ᠰᠠᠶᠢᠵᠢᠷᠠᠭᠤᠯᠬᠤ ︾  ᠪᠠ  ︽ ᠵᠥᠭᠡᠯᠡᠨ ᠲᠣᠨᠤᠭ ᠢ ᠲᠠᠰ ᠳᠡᠪᠰᠢᠭᠦᠯᠬᠦ︾᠎ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠲᠠ ᠶᠢᠨ ︽ᠥᠩᠭᠡ ᠵᠢᠰᠦ︾ ︽ᠴᠤᠭ ᠰᠦᠯᠳᠡ︾᠎ ᠶᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠨᠢᠭᠡ ᠲᠠᠯ᠎ᠠ ᠪᠠᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠪᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠳᠠ ᠶᠢᠨ ︽ᠰᠢᠷᠬ᠎ᠠ︾᠎ ᠶᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠬᠤᠳᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠨᠢᠭᠡ ᠲᠠᠯ᠎ᠠ ᠪᠠᠷ ᠤᠶᠤᠨ ᠤ ᠪᠣᠯᠪᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ  ᠳᠤᠷ᠎ᠠ ᠎ ᠶᠢᠨ  ᠦᠢᠯᠡᠴᠢᠯᠡᠭᠡᠨ  ᠤ  ᠠᠵᠢᠯᠯᠠᠭ᠎ᠠ ᠎ ᠶᠢ  ᠪᠠᠶᠢᠩᠭᠤᠵᠢᠭᠤᠯᠤᠨ  ᠥᠷᠨᠢᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠵᠤ ᠬᠠᠮᠲᠤᠪᠠᠷ ᠴᠣᠭᠴᠠᠯᠠᠨ ᠬᠠᠮᠲᠤᠪᠠᠷ  ᠡᠳ᠋ᠯᠡᠬᠦ  ᠶᠢ  ᠬᠥᠲᠥᠯᠥᠨ  ᠵᠢᠯᠣᠭᠤᠳᠤᠨ᠎ᠠ᠃  ᠬᠤᠳᠠ  ᠶᠢᠨ  ᠨᠠᠷᠢᠯᠢᠭᠵᠢᠭᠤᠯᠤᠭᠰᠠᠨ  ᠬᠠᠮᠢᠶᠠᠷᠤᠯᠲᠠ  ᠶᠢ  ᠴᠢᠩᠭᠠᠳᠬᠠᠵᠤ᠂  ᠬᠠᠮᠢᠶᠠᠷᠤᠯᠲᠠ ᠎ ᠶᠢ ︽ᠨᠠᠷᠢᠯᠢᠭᠵᠢᠭᠤᠯᠬᠤ︾ ᠮᠥᠷᠲᠡᠭᠡᠨ ᠪᠠᠰᠠ ︽ᠳᠤᠯᠠᠭᠠᠴᠠ︾᠎ ᠲᠠᠢ ᠪᠣᠯᠭᠠᠨ᠎ᠠ᠃       ᠲᠠᠷᠠᠭ᠎ᠠ ᠳᠤᠨᠢ᠂ ᠰᠢᠨ᠎ᠡ ᠶᠢ ᠡᠭᠦᠳᠬᠦ ᠪᠠᠷ ᠠᠷᠠᠳ ᠲᠤ ᠠᠰᠢᠭ ᠬᠦᠷᠲᠡᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠠᠰᠢᠭ ᠲᠤᠰᠠ ᠶᠢ ᠨᠡᠮᠡᠭᠳᠡᠭᠦᠯᠬᠦ ᠰᠠᠶᠢᠨ ᠶᠠᠪᠤᠳᠠᠯ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠬᠤᠳᠠ ᠶᠢ ᠡᠭᠦᠳᠦᠨ ᠪᠠᠶᠢᠭᠤᠯᠬᠤ ᠶᠠᠪᠤᠳᠠᠯ ᠢ ᠦᠨᠡᠨ ᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂  ︽ᠳᠥᠷᠪᠡ  ᠶᠢ  ᠡᠷᠭᠢᠯᠡᠬᠦ︾  ᠥᠭᠡᠷᠡᠴᠢᠯᠡᠯᠲᠡ ᠎ ᠶᠢ  ᠭᠦᠨᠵᠡᠭᠡᠶᠢᠷᠡᠭᠦᠯᠦᠨ ᠂ 12345 ᠬᠠᠯᠠᠭᠤᠨ ᠤᠲᠠᠰᠤᠨ ᠤ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠳᠥᠭᠦᠮ ᠳᠥᠲᠡ ᠲᠦᠷᠭᠡᠨ ᠦᠢᠯᠡᠴᠢᠯᠡᠭᠡ ᠬᠠᠩᠭᠠᠨ᠎ᠠ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠳᠤ ᠦᠨᠡᠨ ᠪᠣᠳᠠᠲᠠᠢ ᠪᠠᠷ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠤᠨ ︽ᠰᠠᠭᠤᠷᠢ ᠥᠩᠭᠡ︾᠎ ᠪᠠᠷ ᠣᠯᠠᠨ ᠲᠦᠮᠡᠨ ᠤ ᠵᠣᠯ ᠵᠢᠷᠭᠠᠯ ᠤᠨ ︽ᠴᠢᠨᠠᠷ︾᠎ ᠢ ᠭᠡᠷᠡᠯᠲᠦᠭᠦᠯᠦᠨ᠎ᠡ᠃       ᠭᠤᠷᠪᠠᠳᠤᠭᠠᠷ ᠲᠤ᠂ ᠰᠢᠨ᠎ᠡ ᠶᠢ ᠡᠭᠦᠳᠬᠦ ᠪᠠᠷ ᠠᠭᠤᠰᠤᠯᠴᠠᠯ ᠢ ᠠᠬᠢᠭᠤᠯᠬᠤ ᠬᠡᠷᠡᠭᠲᠡᠢ᠃ ᠪᠠᠶᠠᠨᠨᠠᠭᠤᠷ ᠪᠣᠯ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠮᠥᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠡᠷᠬᠡᠪᠰᠢ ᠬᠤᠲᠠ ᠬᠥᠳᠡᠭᠡ ᠶᠢ ᠠᠭᠤᠰᠤᠯᠴᠠᠭᠤᠯᠤᠨ᠂ ᠪᠣᠯᠪᠠᠰᠤᠨ ᠢ ᠬᠠᠮᠲᠤᠪᠠᠷ ᠠᠬᠢᠭᠤᠯᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠬᠠᠮᠲᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠪᠢᠴᠢᠯ ᠵᠠᠰᠠᠯᠲᠠ ᠵᠡᠷᠭᠡ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠤᠨ᠎ᠠ᠃       ︽ᠪᠠᠭᠴᠠᠯᠠᠭᠠᠳ ᠬᠡᠯᠡᠪᠡᠯ᠂ ᠪᠢᠳᠡ ᠬᠤᠲᠠ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ ᠪᠣᠯᠪᠠᠰᠤᠨ ᠤ ᠰᠢᠨ᠎ᠡ ᠰᠤᠷᠲᠠᠯ ᠢ ᠬᠥᠭᠵᠢᠭᠡᠵᠦ᠂ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾ ᠭᠡᠵᠦ ᠸᠠᠩ ᡁᠢ ᠫᠢᠩ ᠬᠡᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ