︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠨᠠᠷᠠᠲᠤ  ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠤᠨ᠎ᠠ
ᠨᠡᠶᠢᠲᠡᠯᠡᠭᠰᠡᠨ ᠴᠠᠭ᠄
2023/12/20
      9 ᠰᠠᠷ᠎ᠠ ᠶᠢᠨ 13᠎ ᠤ ᠡᠳᠦᠷ᠂  2023  ᠣᠷᠣᠨ  ᠪᠦᠰᠡ  ᠶᠢᠨ  ᠲᠠᠷᠢᠶᠠᠯᠠᠩ  ᠤᠨ  ᠨᠠᠷᠠᠲᠤ ᠲᠥᠷᠥᠯ ᠲᠡᠮᠳᠡᠭᠲᠦ  ᠶᠢᠨ  ᠬᠥᠭᠵᠢᠯᠲᠡ ᠎ ᠶᠢᠨ  ᠶᠠᠷᠢᠶᠠᠨ  ᠤ  ᠲᠠᠪᠴᠠᠩ ︵ᠪᠠᠶᠠᠨᠨᠠᠭᠤᠷ︶᠎ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ᠤᠨ ᠰᠢᠷᠢᠰ ᠠᠵᠢᠯᠯᠠᠭ᠎ᠠ ᠪᠠᠶᠢᠭᠠᠯᠢ ᠶᠢᠨ ᠪᠣᠷᠣᠳᠣᠬᠤᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠶᠠᠪᠤᠭᠳᠠᠪᠠ᠃       ᠥᠪᠥᠷ ᠮᠣᠩᠭᠤᠯ ᠤᠨ ᠪᠠᠶᠠᠨ ᠨᠣᠭᠤᠭᠠᠨ ᠠᠵᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠠᠩ ᠶᠡᠭᠡ ᠬᠤᠷᠠᠯ ᠳᠡᠭᠡᠷ᠎ᠡ ︽ᠲᠠᠪᠤᠨ ᠵᠢᠯ ᠤᠨ ᠰᠠᠯᠬᠢ ᠪᠣᠷᠣᠭᠠᠨ ᠢ ᠡᠷᠭᠢᠴᠡᠭᠦᠯᠵᠦ ᠤᠭ ᠰᠠᠨᠠᠭ᠎ᠠ ᠪᠠᠨ ᠡᠷᠭᠢᠴᠡᠭᠦᠯᠦᠶ᠎ᠡ︾ ᠭᠡᠬᠦ ᠰᠡᠳᠦᠪ ᠢᠶᠠᠷ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠥᠩᠭᠡᠷᠡᠭᠰᠡᠨ 5 ᠵᠢᠯ ᠢ ᠡᠷᠭᠢᠴᠡᠭᠦᠯᠬᠦ ᠳᠤ᠂ ᠵᠠᠩ ᠸᠠᠩ ᠲᠦᠷᠦᠯ ᠲᠡᠮᠳᠡᠭ ᠤᠨ ᠪᠠᠶᠢᠭᠤᠯᠤᠯᠲᠠ᠂ ᠲᠦᠷᠦᠯ ᠲᠡᠮᠳᠡᠭ ᠤᠨ ᠬᠥᠭᠵᠢᠯᠲᠡ᠂ ᠲᠦᠷᠦᠯ ᠲᠡᠮᠳᠡᠭ ᠤᠨ ᠬᠠᠮᠢᠶᠠᠷᠤᠯᠲᠠ᠂ ᠲᠦᠷᠦᠯ ᠲᠡᠮᠳᠡᠭ ᠤᠨ ᠤᠬᠠᠭᠤᠯᠭ᠎ᠠ᠂ ᠪᠦᠲᠦᠭᠡᠭᠳᠡᠬᠦᠨ ᠤ ᠡᠵᠡᠩᠨᠡᠯᠲᠡ ᠪᠣᠷᠣᠯᠠᠭᠤᠯᠤᠯᠲᠠ ᠵᠡᠷᠭᠡ ᠲᠠᠪᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 5 ᠵᠢᠯ ᠤᠨ ᠲᠤᠷᠰᠢᠬᠢ ᠯᠠᠪᠳᠠᠭᠤᠨ ᠪᠠᠲᠤᠲᠠᠢ ᠬᠠᠷᠢᠭᠤᠯᠲᠠ ᠶᠢᠨ ᠬᠠᠭᠤᠳᠠᠰᠤ ᠶᠢ ᠳᠡᠯᠭᠡᠨ ᠦᠵᠡᠭᠦᠯᠵᠡᠢ᠃       ᠡᠭᠦᠨ ᠳᠤ᠂  ᠥᠪᠥᠷ  ᠮᠣᠩᠭᠤᠯ ᠎ ᠤᠨ  ᠲᠢᠶᠠᠨ  ᠾᠧᠩ  ᠡᠮ  ᠤᠨ  ᠬᠢᠵᠠᠭᠠᠷᠲᠤ  ᠺᠣᠮᠫᠠᠨᠢ  ᠬᠡᠭᠡᠷ᠎ᠡ  ᠶᠢᠨ  ᠭᠦᠷᠭᠦᠮ᠂  ᠬᠤᠨᠴᠢᠷ ᠤᠨ  ᠪᠦᠲᠦᠭᠡᠭᠳᠡᠬᠦᠨ  ᠢ  ᠳᠠᠭᠤᠷᠢᠶᠠᠵᠤ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠣᠯᠣᠭᠰᠠᠨ ᠤ ᠳᠠᠷᠠᠭ᠎ᠠ᠂ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ ᠨᠢ ᠤᠤᠯ ᠤᠨ 80 ᠲᠣᠨ ᠪᠠᠶᠢᠭᠰᠠᠨ ᠎ ᠠᠴᠠ ᠪᠠᠨ 2022 ᠣᠨ ᠳᠤ 90 ᠲᠣᠨ ᠪᠣᠯᠵᠤ ᠨᠡᠮᠡᠭᠳᠡᠨ᠂ ᠪᠣᠷᠤᠯᠠᠭᠤᠯᠭ᠎ᠠ ᠶᠢᠨ ᠦᠨ᠎ᠡ ᠨᠢ 5%᠎ ᠪᠠᠷ ᠥᠰᠪᠡ︔ ᠥᠪᠥᠷ ᠮᠣᠩᠭᠤᠯ ᠤᠨ ᠶᠢᠨ ᠪᠥᠸᠧ ᠯᠢ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ 2018 ᠣᠨ ᠳᠤ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠲᠦᠷᠦᠯ ᠲᠡᠮᠳᠡᠭ ᠤᠨ ᠡᠷᠬᠡ ᠣᠯᠭᠤᠯᠲᠠ ᠶᠢ ᠣᠯᠵᠤ᠂ 2019 ᠣᠨ ᠳᠤ ᠮᠦ ᠪᠦᠷᠢ ᠶᠢᠨ ᠳᠤᠮᠳᠠᠴᠢ ᠦᠢᠯᠡᠳᠬᠦᠨ ᠤ ᠦᠷᠳᠡᠭ ᠨᠢ 2 ᠲᠦᠮᠡᠨ ᠲᠥᠭᠦᠷᠢᠭ ᠢ ᠳᠠᠪᠠᠵᠤ᠂ 2020 ᠣᠨ ᠳᠤ ᠮᠦ ᠪᠦᠷᠢ ᠶᠢᠨ ᠳᠤᠮᠳᠠᠴᠢ ᠦᠢᠯᠡᠳᠬᠦᠨ ᠤ ᠦᠷᠳᠡᠭ ᠨᠢ ᠳᠠᠬᠢᠭᠠᠳ 35% ᠨᠡᠮᠡᠭᠳᠡᠵᠦ᠂ 2.7 ᠲᠦᠮᠡᠨ ᠲᠥᠭᠦᠷᠢᠭ ᠲᠤ ᠬᠦᠷᠴᠡᠢ ᠁       5 ᠵᠢᠯ ᠤᠨ ᠲᠤᠷᠰᠢ᠂ ᠠᠵᠤ ᠦᠢᠯᠡᠰ᠂ ᠪᠦᠯᠦᠭ ᠤᠳᠠᠭ᠎ᠠ ᠬᠤᠪᠢᠶᠠᠨ ᠨᠡᠶᠢᠲᠡ 5 ᠪᠦᠯᠦᠭ ᠤᠳᠠᠭ᠎ᠠ ᠶᠢᠨ 22 ᠠᠵᠤ ᠠᠬᠤᠶᠢᠯᠠᠯ ᠤᠨ 132 ᠵᠦᠢᠯ ᠤᠨ ᠦᠢᠯᠡᠳᠬᠦᠨ ᠳᠤ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠨᠠᠷᠠᠲᠤ ᠲᠡᠮᠳᠡᠭᠲᠦ ᠶᠢ ᠬᠡᠷᠡᠭᠯᠡᠬᠦ ᠡᠷᠬᠡ ᠣᠯᠭᠤᠪᠠ︔ ︽ᠲᠡᠭᠷᠢ ᠶᠢᠨ ᠬᠡᠰᠢᠭᠲᠦ ᠪᠣᠷᠣᠳᠣᠬᠤᠢ︾ ᠰᠢᠷᠢᠰ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠲᠠᠸᠠᠷ ᠤᠨ ᠲᠡᠮᠳᠡᠭ ᠢ 152 ︵ᠤᠯᠤᠰ ᠤᠨ ᠳᠣᠲᠣᠭᠠᠳᠤ ᠳᠤ ᠳᠠᠩᠰᠠᠯᠠᠭᠤᠯᠤᠭᠰᠠᠨ 41 ᠲᠥᠷᠥᠯ ᠵᠦᠢᠯ ᠤᠨ 146 ᠲᠠᠸᠠᠷ ᠤᠨ ᠲᠡᠮᠳᠡᠭ᠂ ᠣᠯᠠᠨ ᠤᠯᠤᠰ ᠲᠤ ᠳᠠᠩᠰᠠᠯᠠᠭᠤᠯᠤᠭᠰᠠᠨ 3 ᠲᠥᠷᠥᠯ ᠵᠦᠢᠯ ᠤᠨ 6 ᠲᠠᠸᠠᠷ ᠤᠨ ᠲᠡᠮᠳᠡᠭ᠂ ᠲᠣᠰ ᠲᠣᠰ ᠶᠧᠵᠢᠫᠲ᠂ ᠠᠩᠭ᠍ᠯᠢ᠂ ᠶᠠᠫᠤᠨ᠂ ᠡᠸᠦ᠋ᠷᠦᠫᠡ ᠶᠢᠨ ᠬᠤᠯᠪᠣᠭ᠎ᠠ᠂ ᠮᠣᠩᠭᠤᠯ᠂ ᠣᠷᠣᠰ︶ ᠠᠮᠵᠢᠯᠲᠠ ᠲᠠᠢ ᠳᠠᠩᠰᠠᠯᠠᠭᠤᠯᠪᠠ᠃ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ᠂ ᠣᠨᠴᠠ ᠰᠤᠪᠠᠭ᠂ ᠲᠥᠪᠯᠡᠷᠡᠭᠦᠯᠦᠨ ᠮᠠᠯᠲᠠᠵᠤ ᠪᠣᠷᠣᠯᠠᠭᠤᠯᠬᠤ ᠲᠣᠣᠷ ᠰᠦᠯᠵᠢᠶ᠎ᠡ ᠶᠢ ᠪᠠᠶᠢᠭᠤᠯᠵᠤ᠂ ᠪᠠᠶᠠᠨᠨᠠᠭᠤᠷ᠂ ᠬᠥᠬᠡᠬᠤᠲᠠ ᠶᠢᠨ ᠬᠤᠰᠢᠭᠤᠨ ᠤ ᠬᠥᠯᠭᠡ ᠣᠩᠭᠤᠴᠠᠨ ᠤ ᠳᠡᠯᠭᠡᠭᠦᠷ᠂ ᠨᠢᠰᠬᠡᠯ ᠤᠨ ᠪᠠᠭᠤᠳᠠᠯ ᠤᠨ ᠳᠡᠯᠭᠡᠭᠦᠷ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ︔ ᠵᠢᠩ ᠳ᠋ᠦᠩ · ᠲᠡᠭᠷᠢ ᠶᠢᠨ ᠬᠡᠰᠢᠭᠲᠦ ᠪᠣᠷᠣᠳᠣᠬᠤᠢ ᠶᠢᠨ ᠣᠨᠴᠠ ᠭᠠᠷᠤᠯᠲᠠ ᠶᠢᠨ ᠣᠷᠳᠣᠨ ᠤ ᠰᠦᠯᠵᠢᠶᠡᠨ ᠳᠡᠭᠡᠷᠡᠬᠢ ᠥᠪᠡᠷᠲᠡᠭᠡᠨ ᠡᠵᠡᠩᠨᠡᠬᠦ ᠳᠡᠯᠭᠡᠭᠦᠷ ᠢ ᠡᠬᠢᠯᠡᠨ ᠠᠵᠢᠯᠯᠠᠭᠤᠯᠤᠨ᠎ᠠ︔ ᠬᠤᠸᠠ ᠷᠦᠨ ᠲᠦᠮᠡᠨ ᠡᠷᠦᠬᠡ᠂ ᠬᠠᠶᠢᠷᠴᠠᠭᠲᠤ ᠮᠣᠷᠢ ᠰᠢᠶᠠᠨ ᠱᠧᠩ ᠨᠠᠷ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠠᠢ ᠁       ᠲᠤᠬᠠᠢ ᠶᠢᠨ ᠡᠳᠦᠷ ᠤᠨ ᠲᠠᠪᠤᠨ ᠵᠢᠯ ᠤᠨ ᠣᠶ ᠶᠢᠨ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠰᠡᠳᠬᠦᠯ ᠤᠨ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠸᠠᠨ ᠹᠧᠩ ︽ᠲᠡᠭᠷᠢ ᠶᠢᠨ ᠬᠡᠰᠢᠭᠲᠦ ᠪᠣᠷᠣᠳᠣᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠰᠡᠩᠬᠡᠷᠡᠭᠦᠯᠦᠯ︾ ᠭᠡᠬᠦ ᠰᠡᠳᠦᠪ ᠢᠶᠠᠷ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ 2018 - 2023 ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠥᠭᠵᠢᠯᠲᠡ ᠶᠢᠨ ᠮᠡᠳᠡᠭᠦᠯᠦᠯᠲᠡ ᠳᠤ ᠲᠠᠶᠢᠯᠤᠮᠵᠢ ᠬᠢᠪᠡ᠃       ᠲᠡᠷᠡ ᠬᠡᠯᠡᠬᠦ ᠳᠡᠭᠡᠨ᠂ ︽ᠡᠷᠬᠡ ᠣᠯᠭᠤᠭᠰᠠᠨ ᠠᠵᠤ ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ︾᠎ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠲᠤᠭ᠎ᠠ ᠪᠠᠷᠢᠮᠲᠠ᠂ ᠨᠠᠷᠢᠨ ᠵᠦᠢᠯᠡᠰ ᠤᠳ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠨᠠᠷᠠᠲᠤ ᠲᠡᠮᠳᠡᠭᠲᠦ ᠶᠢᠨ ᠴᠢᠳᠠᠪᠤᠷᠢ ᠣᠯᠭᠤᠬᠤ ᠲᠤᠬᠠᠢ ᠲᠠᠨᠢᠯᠲᠠ ᠶᠢ ᠰᠢᠨ᠎ᠡ ᠪᠠᠷ ᠰᠢᠨᠡᠳᠬᠡᠵᠡᠢ᠃ ︽ᠮᠡᠳᠡᠭᠦᠯᠦᠯᠲᠡ ᠶᠢᠨ ᠡᠬᠡ ᠪᠢᠴᠢᠭ ᠢ ᠲᠠᠰᠤᠯᠬᠤ ᠪᠣᠯᠲᠠᠯ᠎ᠠ᠂ ︿ᠲᠡᠭᠷᠢ ᠶᠢᠨ ᠬᠡᠰᠢᠭᠲᠦ ᠪᠣᠷᠣᠳᠣᠬᠤᠢ﹀ ᠲᠡᠮᠳᠡᠭᠲᠦ ᠲᠦᠷᠭᠡᠨ ᠲᠡᠷᠭᠡᠨ ᠳᠤ ᠰᠠᠭᠤᠭᠰᠠᠨ 76 ᠵᠦᠢᠯ ᠤᠨ ᠡᠷᠬᠡ ᠣᠯᠭᠤᠭᠰᠠᠨ ᠦᠢᠯᠡᠳᠬᠦᠨ ᠪᠣᠷᠤᠯᠠᠭᠤᠯᠭ᠎ᠠ ᠶᠢᠨ ᠲᠡᠮᠳᠡᠭᠯᠡᠯ ᠢ ᠲᠠᠰᠤᠷᠠᠯᠲᠠ ᠦᠭᠡᠢ ᠰᠢᠨᠡᠳᠬᠡᠵᠦ᠂ ᠪᠦᠬᠦ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠠᠪᠤᠨ ᠶᠡᠭᠡ ᠲᠢᠪ ᠤᠨ 100 ᠭᠠᠷᠤᠢ ᠤᠯᠤᠰ ᠪᠠ ᠭᠠᠵᠠᠷ ᠣᠷᠣᠨ ᠳᠤ᠂ ᠪᠣᠷᠣᠳᠣᠬᠤᠢ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠳᠡᠯᠡᠬᠡᠢ ᠳ᠋ᠠᠬᠢᠨ ᠳᠤ ᠬᠦᠷᠦᠭᠰᠡᠡ ᠪᠠᠶᠢᠨ᠎ᠠ︾ ᠲᠠᠶᠢᠰᠠᠨ ᠳᠣᠣᠷᠠᠬᠢ ᠰᠣᠨᠣᠰᠤᠭᠴᠢᠳ ᠴᠥᠮ ᠤᠷᠮᠠᠰᠢᠨ ᠵᠣᠷᠢᠭᠵᠢᠪᠠ᠃       2018 ᠣᠨ ᠳᠤ ᠠᠩᠬᠠᠳᠠᠭᠴᠢ ᠪᠦᠯᠦᠭ ᠡᠷᠬᠡ ᠣᠯᠭᠤᠭᠰᠠᠨ ᠠᠵᠤ ᠠᠬᠤᠶᠢᠯᠠᠯ ᠪᠣᠯᠤᠭᠰᠠᠨ ︽ᠰᠢᠦᠢ ᠢ ᠦᠬᠡᠷ ᠤᠨ ᠮᠢᠬ᠎ᠠ︾᠎ ᠨᠢ ᠲᠤᠬᠠᠢ ᠶᠢᠨ ᠵᠢᠯ ᠳᠤ ᠳᠠᠷᠤᠢ ᠤᠮᠠᠷᠠᠲᠤ ᠲᠠᠩᠭᠢᠰ ᠤᠨ ᠬᠥᠯᠭᠡ ᠣᠩᠭᠤᠴᠠᠲᠤ ᠠᠩᠭᠢ ᠳᠤ ᠠᠮᠵᠢᠯᠲᠠ ᠲᠠᠢ ᠪᠠᠷ ᠭᠠᠷᠴᠤ᠂ ᠣᠷᠳᠣ ᠬᠤᠭᠤᠴᠠᠭᠠᠨ ᠤ ᠪᠠᠷᠠᠭ᠎ᠠ ᠬᠠᠩᠭᠠᠬᠤ ᠭᠡᠷ᠎ᠡ ᠲᠣᠭᠲᠠᠪᠠ︔ ᠠᠳᠠᠯᠢ ᠨᠢᠭᠡ ᠪᠦᠯᠦᠭ ᠡᠷᠬᠡ ᠣᠯᠣᠭᠰᠠᠨ ︽  ᠰᠠᠨ ᠫᠠᠩ ᠳ᠋ᠠᠨ ᠨᠠᠷᠠᠨ ᠬᠤᠸᠠᠷ ᠤᠨ ᠦᠷ᠎ᠡ︾᠎ ᠨᠢ ᠠᠷᠪᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠠᠯᠲᠠᠨ ᠱᠠᠩᠨᠠᠯ ᠢ ᠠᠪᠴᠤ᠂ 2022 ᠣᠨ ᠤ ᠡᠴᠦᠰ ᠪᠣᠯᠲᠠᠯ᠎ᠠ᠂ ᠭᠤᠷᠪᠠᠨ ᠲᠠᠷᠭᠤᠨ ᠥᠨᠳᠡᠭᠡ ᠶᠢᠨ ᠤᠤᠯ ᠠᠮᠲᠠ ᠶᠢᠨ ᠭᠤᠸᠠ ᠶᠢᠨ ᠦᠷ᠎ᠡ ᠶᠢ ᠳᠠᠬᠢᠨ ᠬᠤᠳᠠᠯᠳᠤᠨ ᠠᠪᠤᠭᠰᠠᠨ ᠨᠣᠷᠮ᠎ᠠ 85%᠎ ᠶᠢ ᠳᠠᠪᠠᠵᠤ᠂ ᠰᠠᠶᠢᠨ ᠦᠨᠡᠯᠡᠯᠲᠡ ᠶᠢᠨ ᠨᠣᠷᠮ᠎ᠠ 99% ᠬᠦᠷᠴᠦ᠂ 8 ᠵᠢᠯ ᠳᠠᠷᠠᠭᠠᠯᠠᠨ ᠳᠤᠮᠳᠠᠳᠤ ᠤᠯᠤᠰ ᠤᠨ ᠤᠤᠯ ᠠᠮᠲᠠ ᠶᠢᠨ ᠭᠤᠸᠠ ᠶᠢᠨ ᠦᠷ᠎ᠡ ᠶᠢᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠮᠵᠢᠶ᠎ᠡ ᠪᠠᠷ ᠨᠢᠭᠡᠳᠦᠭᠡᠷ ᠲᠤ ᠣᠷᠣᠪᠠ︔ ᠾᠧᠩ ᠹᠧᠩ ᠭᠤᠯᠢᠷ᠂ ᠵᠣᠣ ᠹᠧᠩ ᠭᠤᠯᠢᠷ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠡᠷᠡᠮᠵᠢᠲᠦ ᠲᠦᠷᠭᠡᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠮᠡᠳᠡᠭᠳᠡᠬᠦᠶᠢᠴᠡ ᠨᠡᠮᠡᠭᠳᠡᠪᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠨᠡᠷᠡᠮᠵᠢᠲᠦ ᠲᠦᠷᠭᠡᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠢᠯᠡᠳᠲᠡ ᠨᠡᠮᠡᠭᠳᠡᠪᠡ︔ ᠪᠣᠷᠣᠳᠣᠬᠤᠢ ᠠᠷᠢᠬᠢᠨ ᠤ ᠦᠢᠯᠡᠰ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠪᠡ᠃       ᠪᠦᠷᠢᠳᠬᠡᠯ ᠢ ᠦᠨᠳᠦᠰᠦᠯᠡᠪᠡᠯ᠂ 2022 ᠣᠨ ᠤ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠦᠢᠯᠡᠳᠬᠦᠨ ᠤ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠡᠶᠢᠲᠡ 4.4 ᠳ᠋ᠦᠩᠰᠢᠭᠤᠷ ᠲᠥᠭᠦᠷᠢᠭ ᠲᠤ ᠬᠦᠷᠴᠡᠢ︔ 2022 ᠣᠨ ᠤ ᠡᠴᠦᠰ ᠪᠣᠯᠲᠠᠯ᠎ᠠ᠂ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠵᠢᠴᠢ ᠦᠢᠯᠡᠳᠬᠦᠨ ᠤ ᠦᠨ᠎ᠡ ᠨᠢ 30% ᠎ ᠠᠴᠠ ᠳᠡᠭᠡᠭᠰᠢ ᠥᠰᠴᠦ᠂ ᠪᠥᠬᠦ ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠦᠬᠦᠯᠢ ᠴᠣᠭᠴᠠ ᠶᠢᠨ ᠦᠨ᠎ᠡ ᠨᠢ 15% ᠎ ᠠᠴᠠ ᠳᠡᠭᠡᠭᠰᠢ ᠥᠰᠴᠦ᠂ ᠨᠠᠷᠠᠲᠤ ᠲᠥᠷᠥᠯ ᠲᠡᠮᠳᠡᠭᠲᠦ ᠶᠢᠨ ᠥᠷᠲᠡᠭ ᠨᠢ 260 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃       ᠪᠠᠶᠠᠨᠨᠠᠭᠤᠷ ᠠᠴᠠ ᠦᠰᠦᠷᠦᠨ ᠭᠠᠷᠴᠤ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠶᠢ ᠥᠩᠭᠡᠶᠢᠵᠦ ᠬᠠᠷᠠᠨ᠎ᠠ᠃ 5 ᠵᠢᠯ ᠤᠨ ᠲᠤᠷᠰᠢ᠂ ︽ᠲᠡᠭᠷᠢ ᠶᠢᠨ ᠬᠡᠰᠢᠭᠲᠦ ᠪᠣᠷᠣᠳᠣᠬᠤᠢ︾᠎ ᠨᠢ ᠤᠷᠢᠳ ᠬᠤᠵᠢᠳ ︽2020 ᠣᠨ ᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠢᠯᠡᠳᠬᠡᠭᠴᠢ ᠶᠢᠨ ᠵᠢᠭᠰᠠᠭᠠᠯᠲᠠ ᠶᠢᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠶᠢᠨ ᠨᠢᠭᠡᠳᠦᠭᠡᠷ ᠲᠤ ᠣᠷᠣᠵᠤ᠂ 2021 ᠣᠨ ᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠢᠯᠡᠳᠬᠡᠭᠴᠢ ᠶᠢᠨ ᠲᠤᠰᠬᠠᠢ ᠣᠷᠣᠨ ᠬᠤᠲᠠ ᠶᠢᠨ ᠲᠠᠰ ᠤᠨ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠠᠷᠪᠠᠨ ᠵᠢᠯ · ᠭᠠᠷᠮᠠᠭᠠᠢ ᠨᠥᠯᠥᠭᠡᠯᠡᠬᠦ ᠬᠦᠴᠦᠨ ᠤ ᠨᠠᠷᠠᠲᠤ ᠲᠥᠷᠥᠯ ᠲᠡᠮᠳᠡᠭᠲᠦ︾ ᠵᠡᠷᠭᠡ 21 ᠵᠦᠢᠯ ᠤᠨ ᠲᠠᠷᠢᠶᠠᠯᠠᠩ ᠤᠨ ᠬᠦᠷᠢᠶᠡᠨ ᠳᠠᠬᠢ ᠪᠥᠬᠦ ᠤᠯᠤᠰ ᠤᠨ ᠴᠢᠨᠠᠷᠲᠠᠢ ᠲᠣᠮᠣ ᠱᠠᠩᠨᠠᠯ ᠢ ᠭᠥᠷᠳᠡᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠵᠢᠭᠠᠯᠲᠠ ᠲᠤᠭ᠎ᠠ 919.45᠂ ᠨᠠᠷᠠᠲᠤ ᠲᠥᠷᠥᠯ ᠲᠡᠮᠳᠡᠭᠲᠦ ᠶᠢᠨ ᠬᠦᠴᠦᠯᠡᠴᠡ 800᠂ 2022 ᠣᠨ ᠳᠤ ᠨᠠᠷᠠᠲᠤ ᠲᠥᠷᠥᠯ ᠲᠡᠮᠳᠡᠭᠲᠦ ᠶᠢᠨ ᠥᠷᠲᠡᠭ 260.18 ᠳ᠋ᠦᠩᠰᠢᠭᠤᠷ ᠲᠥᠭᠦᠷᠢᠭ ᠲᠤ ᠬᠥᠷᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ