ᠪᠠᠶᠠᠷ ᠬᠥᠷ ᠲᠠᠢ  ᠭᠠᠭ᠋ᠠᠢ ᠶᠢᠨ ᠰᠣᠶᠣᠯ ᠤᠨ ᠨᠠᠶᠢᠷ
ᠨᠡᠶᠢᠲᠡᠯᠡᠭᠰᠡᠨ ᠴᠠᠭ᠄
2023/12/20
      12 ᠰᠠᠷ᠎ᠠ ᠶᠢᠨ 9᠎ ᠤ ᠡᠳᠦᠷ᠂ ︽  ᠠᠮᠲᠠᠲᠤ ᠦᠨᠦᠷ ᠪᠣᠷᠣᠳᠣᠬᠤᠢ ᠪᠠᠷ ᠬᠠᠩᠬᠤᠯᠵᠤ ·  ᠱᠠᠮᠪᠠ ᠶᠢᠨ ᠦᠨᠦᠷ ᠠᠮᠲᠠ︾ ᠪᠣᠷᠣᠳᠣᠬᠤᠢ ᠠᠷᠢᠬᠢᠨ ᠤ ᠦᠢᠯᠡᠰ ᠬᠤᠨᠳᠠᠭᠠᠲᠤ ᠬᠠᠩᠭᠢᠨ ᠬᠤᠶᠢᠲᠤ ᠬᠤᠰᠢᠭᠤᠨ ᠤ ᠳᠣᠯᠣᠳᠤᠭᠠᠷ ᠬᠤᠭᠤᠴᠠᠭᠠᠨ ᠤ ᠠᠷᠠᠳ ᠤᠨ ᠭᠠᠭ᠋ᠠᠢ ᠶᠢᠨ ᠰᠣᠶᠣᠯ ᠤᠨ ᠨᠠᠶᠢᠷ ᠰᠠᠨ ᠳ᠋ᠣᠣ ᠴᠢᠶᠣᠤ ᠪᠠᠯᠭᠠᠰᠤᠨ ᠤ ᠾᠧ ᠫᠢᠩ ᠲᠣᠰᠬᠤᠨ ᠳᠤ ᠶᠠᠪᠤᠭᠳᠠᠪᠠ᠃ ᠥᠷᠯᠥᠭᠡ ᠡᠷᠲᠡ᠂ ᠲᠣᠰᠬᠤᠨ ᠳᠤ ᠥᠩᠭᠡᠲᠦ ᠲᠤᠭ ᠳᠠᠯᠪᠠᠭ᠎ᠠ ᠨᠠᠮᠢᠷᠠᠵᠤ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠵᠢᠴᠢ ᠡᠷᠬᠢᠨ ᠲᠣᠭᠤᠷᠢᠨ ᠤ ᠲᠣᠰᠬᠤᠨ ᠤ ᠠᠷᠠᠳ ︽ᠭᠠᠭ᠋ᠠᠢ ᠶᠢᠨ ᠸᠠᠩ ᠪᠤᠯᠢᠶᠠᠯᠳᠤᠬᠤ ᠤᠷᠤᠯᠳᠤᠭᠠᠨ︾᠎ ᠂ ᠪᠣᠷᠣᠳᠣᠬᠤᠢ ᠶᠢᠨ ᠭᠠᠭ᠋ᠠᠢ ᠠᠯᠠᠬᠤ ᠨᠣᠭᠤᠭ᠎ᠠ ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ᠂ ᠲᠤᠬᠠᠢ ᠶᠢᠨ ᠭᠠᠵᠠᠷ ᠤᠨ ᠡᠯ᠎ᠡ ᠵᠦᠢᠯ ᠤᠨ ᠠᠮᠲᠠᠲᠤ ᠢᠳᠡᠭᠡᠨ ᠢ ᠬᠤᠳᠠᠯᠳᠤᠨ ᠠᠪᠴᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠂ ᠪᠠᠶᠠᠷ ᠪᠠᠶᠠᠰᠬᠤᠯᠠᠩ ᠢᠶᠠᠷ ᠪᠢᠯᠬᠠᠨ᠎ᠠ᠃
1702258936084098300.jpg
      ᠵᠢᠷᠤᠭ ᠪᠣᠯ ᠵᠤᠭᠠᠴᠠᠭᠰᠠᠳ ᠪᠣᠯᠣᠨ ᠲᠣᠰᠬᠤᠨ ᠤ ᠠᠷᠠᠳ  ︽ᠪᠣᠷᠣᠳᠣᠬᠤᠢ ᠶᠢᠨ ᠨᠢᠭᠡᠳᠦᠭᠡᠷ ᠲᠣᠭᠤᠭ᠎ᠠ︾ ᠎ ᠶᠢᠨ ᠬᠠᠵᠠᠭᠤ ᠳᠤ ᠰᠠᠭᠤᠵᠤ᠂ ᠠᠩᠬᠢᠯᠤᠮ᠎ᠠ ᠰᠠᠶᠢᠬᠠᠨ ᠬᠦᠴᠢᠲᠡᠢ ᠨᠣᠭᠤᠭ᠎ᠠ ᠲᠠᠢ ᠭᠠᠭ᠋ᠠᠢ ᠶᠢᠨ ᠮᠢᠬ᠎ᠠ  ᠎ ᠶᠢ ᠠᠮᠲᠠᠯᠠᠬᠤ ᠪᠠᠷ ᠬᠦᠯᠢᠶᠡᠵᠦ ᠪᠠᠶᠢᠭ᠎ᠠ ᠨᠢ᠃
1702258943149096906.jpg
      648 ᠵᠢᠩ ᠤᠨ ︽ᠭᠠᠭ᠋ᠠᠢ ᠶᠢᠨ ᠸᠠᠩ︾ ᠣᠯᠠᠨ ᠤ ᠡᠮᠦᠨ᠎ᠡ ᠢᠯᠡᠷᠡᠪᠡ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ