ᠮᠠᠨ ᠤ ᠬᠤᠲᠠ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ 28498 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ
ᠨᠡᠶᠢᠲᠡᠯᠡᠭᠰᠡᠨ ᠴᠠᠭ᠄
2023/12/20
      ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠷᠢᠶᠠᠯᠠᠩ ᠤᠨ ᠲᠠᠷᠢᠮᠠᠯ ᠤᠨ ᠨᠥᠬᠦᠪᠦᠷᠢ ᠣᠯᠭᠤᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ 11 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠪᠠᠷ ᠢᠶᠠᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠲᠤ 28498 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠠᠰᠢᠭ ᠣᠷᠣᠯᠭ᠎ᠠ ᠶᠢ ᠪᠠᠲᠤᠯᠠᠬᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠤᠷᠮᠠᠰᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃       ᠡᠭᠦᠨ ᠳᠤ᠄ ᠡᠷᠳᠡᠨᠢ ᠰᠢᠰᠢ ᠶᠢᠨ ᠨᠥᠬᠦᠪᠦᠷᠢ 21409.44 ᠲᠦᠮᠡᠨ ᠲᠥᠭᠦᠷᠢᠭ ᠲᠠᠷᠬᠠᠭᠠᠵᠤ᠂ ᠲᠠᠷᠬᠠᠭᠠᠭᠰᠠᠨ ᠲᠠᠯᠠᠪᠠᠶ 552.04 ᠲᠦᠮᠡᠨ ᠮᠦ ᠳᠤ ᠬᠦᠷᠴᠦ᠂ 154011 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ︔ ᠰᠢᠷ᠎ᠠ  ᠪᠤᠷᠴᠠᠭ  ᠳᠠᠷᠢᠬᠤ  ᠨᠥᠬᠦᠪᠦᠷᠢ  ᠶᠢ 6778.77  ᠲᠦᠮᠡᠨ  ᠲᠥᠭᠦᠷᠢᠭ  ᠲᠠᠷᠬᠠᠭᠠᠵᠤ᠂ 12.69 ᠲᠦᠮᠡᠨ ᠮᠦ ᠲᠠᠷᠬᠠᠭᠠᠵᠤ᠂ 5879 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ︔ ᠲᠥᠮᠥᠰᠥ ᠳᠠᠷᠢᠬᠤ ᠨᠥᠬᠦᠪᠦᠷᠢ ᠶᠢ 309.79 ᠲᠦᠮᠡᠨ ᠲᠥᠭᠦᠷᠢᠭ ᠲᠠᠷᠬᠠᠭᠠᠵᠤ᠂ 4.82 ᠲᠦᠮᠡᠨ ᠮᠦ ᠲᠠᠷᠬᠠᠭᠠᠵᠤ᠂ 939 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ