ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠬᠤᠲᠠ 9854 ᠬᠤᠲᠠ ᠶᠢᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ ᠳᠤ 474.65 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ ᠣᠯᠭᠤᠪᠠ᠃ | ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠮᠤᠷ ᠲᠦᠪᠰᠢᠨ ᠳᠤᠯᠠᠭᠠᠨ ᠡᠪᠦᠯ ᠢ ᠥᠩᠭᠡᠷᠡᠭᠦᠯᠬᠦ ᠶᠢ ᠪᠠᠲᠤᠯᠠᠬᠤ ᠶᠢᠨ | ᠲᠥᠯᠥᠭᠡ ᠬᠤᠲᠠ ᠶᠢᠨ ᠵᠠᠰᠠᠭ ᠤᠨ ᠣᠷᠳᠣᠨ ᠤ ︽ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠳᠤᠯᠠᠭᠠᠯᠠᠭ᠎ᠠ ᠶᠢᠨ | ᠨᠥᠬᠦᠪᠦᠷᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠮᠡᠳᠡᠭᠳᠡᠯ︾ ᠳᠠᠬᠢ ︽A ᠲᠥᠷᠥᠯ ᠤᠨ ᠬᠤᠲᠠ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ ᠵᠢᠯ ᠪᠦᠷᠢ 630 ᠲᠥᠭᠦᠷᠢᠭ ᠨᠥᠬᠦᠪᠦᠷᠢᠯᠡᠵᠦ᠂ B ᠲᠥᠷᠥᠯ ᠤᠨ ᠬᠤᠲᠠ ᠶᠢᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ ᠵᠢᠯ ᠪᠦᠷᠢ 500 ᠲᠥᠭᠦᠷᠢᠭ ᠨᠥᠬᠦᠪᠦᠷᠢᠯᠡᠵᠦ᠂ C ᠲᠥᠷᠥᠯ ᠤᠨ ᠬᠤᠲᠠ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠷᠦᠬᠡ ᠪᠦᠷᠢ ᠳᠤ ᠵᠢᠯ ᠪᠦᠷᠢ 370 ᠲᠥᠭᠦᠷᠢᠭ ᠨᠥᠬᠦᠪᠦᠷᠢᠯᠡᠨ᠎ᠡ︾ ᠭᠡᠰᠡᠨ | ᠨᠥᠬᠦᠪᠦᠷᠢ ᠶᠢᠨ ᠪᠠᠷᠢᠮᠵᠢᠶ᠎ᠠ ᠶᠢ ᠦᠨᠳᠦᠰᠦᠯᠡᠪᠡᠯ᠂ ᠮᠠᠨ ᠤ ᠬᠤᠲᠠ 9854 ᠡᠷᠦᠬᠡ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ | ᠪᠦᠯᠢ ᠳᠤ ᠴᠠᠭ ᠲᠤᠬᠠᠢ ᠳᠤᠨᠢ 474.65 ᠲᠦᠮᠡᠨ ᠲᠥᠭᠦᠷᠢᠭ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠥᠬᠦᠪᠦᠷᠢ ᠣᠯᠭᠤᠵᠤ᠂ ᠪᠡᠯᠡ ᠮᠥᠩᠭᠦ ᠶᠢ | ᠡᠳ᠋ ᠤᠨ ᠵᠠᠰᠠᠭ ᠤᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠨᠢᠭᠡᠨᠲᠡ ᠪᠦᠬᠦᠨ ᠢ ᠨᠥᠬᠦᠪᠦᠷᠢ ᠣᠯᠬᠤ ᠡᠲᠡᠭᠡᠳ ᠲᠤ ᠭᠠᠷᠳᠠᠭᠤᠯᠪᠠ᠃ | | | |