ᠵᠢᠯ ᠤᠨ ᠡᠴᠦᠰ ᠣᠶᠢᠷᠠᠳᠴᠤ ᠪᠠᠶᠢᠭ᠎ᠠ ᠦᠶ᠎ᠡ ᠳᠤ᠂ ᠬᠡᠷᠡᠭᠯᠡᠭᠴᠢᠳ ᠢ ᠤᠷᠮᠠᠰᠢᠭᠤᠯᠤᠨ ᠲᠠᠲᠠᠬᠤ ᠶᠢᠨ ᠲᠥᠯᠥᠭᠡ᠂ ᠬᠡᠰᠡᠭ ᠮᠠᠰᠢᠨ ᠲᠡᠷᠭᠡᠨ ᠤ ᠨᠠᠷᠠᠲᠤ | ᠲᠡᠮᠳᠡᠭᠲᠦ ᠳᠤ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ᠂ ᠬᠤᠭᠤᠴᠠᠭ᠎ᠠ ᠬᠢᠵᠠᠭᠠᠷᠯᠠᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠠᠶ᠃ | ᠱᠠᠩᠬᠠᠶ ᠶᠢᠨ ᠨᠢᠭᠡᠨ ᠮᠠᠰᠢᠨ ᠲᠡᠷᠭᠡᠨ ᠤ 4S ᠳᠡᠯᠭᠡᠭᠦᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 12 ᠰᠠᠷ᠎ᠠ ᠠᠴᠠ ᠨᠠᠭᠠᠰᠢ ᠵᠠᠬ᠎ᠠ | ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠨᠠᠷᠠᠲᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠥᠭᠡᠨ | ᠪᠤᠰᠤ ᠬᠢᠪᠡ᠂ ᠨᠢᠭᠡᠨ ᠴᠤᠯᠤ ᠴᠠᠬᠢᠯᠭᠠᠨ ᠲᠡᠷᠭᠡ ᠶᠢᠨ ᠬᠠᠷᠠᠭᠠᠯᠵᠠᠯ ᠤᠨ ᠡᠷᠴᠢᠮ ᠨᠢ ᠨᠢᠭᠡᠨᠲᠡ ᠬᠤᠶᠠᠷ ᠲᠦᠮᠡᠨ ᠲᠥᠭᠦᠷᠢᠭ ᠲᠤ ᠬᠦᠷᠴᠦ᠂ ᠣᠲᠣ | ᠳᠡᠯᠭᠡᠭᠦᠷ ᠤᠨ ᠡᠳᠦᠷ ᠪᠦᠷᠢ ᠶᠢᠨ ᠳᠤᠮᠳᠠᠴᠢ ᠪᠠᠷ ᠲᠤᠰᠢᠶᠠᠨ ᠦᠭᠭᠦ ᠬᠡᠮᠵᠢᠶ᠎ᠡ ᠨᠢ 20 ᠰᠢᠬᠠᠮ ᠪᠤᠯᠵᠠᠢ᠃ ᠡᠭᠦᠨ ᠠᠴᠠ ᠭᠠᠳᠠᠨ᠎ᠠ᠂ ᠵᠢᠯ ᠤᠨ ᠡᠴᠦᠰ ᠲᠤ ᠡᠯ᠎ᠡ | ᠲᠣᠮᠣ ᠮᠠᠰᠢᠨ ᠲᠡᠷᠭᠡᠨ ᠤ ᠠᠵᠤ ᠠᠬᠤᠶᠢᠯᠠᠯ ᠨᠢ ︽ᠲᠣᠰᠣ ᠰᠢᠲᠠᠭᠠᠬᠤ ᠮᠠᠰᠢᠨ ᠲᠡᠷᠭᠡ ᠶᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠪᠤᠯᠭᠠᠨ︾ ᠰᠣᠯᠢᠬᠤ | ᠲᠠᠯ᠎ᠠ ᠪᠠᠷ ᠴᠤ ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠡᠶ ᠭᠡᠪᠡ᠃ ᠰᠦᠵᠧᠦ ᠶᠢᠨ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ 4S | ᠳᠡᠯᠭᠡᠭᠦᠷ ᠲᠤ᠂ ᠲᠡᠷᠭᠡᠨ ᠤ ᠡᠵᠡᠨ ᠪᠦᠦ ᠠᠪᠤᠭᠠᠶ 6 ᠵᠢᠯ ᠪᠠᠷᠢᠬᠰᠠᠨ ᠲᠣᠰᠣ ᠰᠢᠲᠠᠭᠠᠬᠤ ᠮᠠᠰᠢᠨ ᠲᠡᠷᠭᠡ ᠪᠠᠷ ᠢᠶᠠᠨ ᠰᠢᠨ᠎ᠡ ᠡᠨᠧᠷᠭᠢ ᠶᠢᠨ ᠮᠠᠰᠢᠨᠲ᠋ᠡᠷᠭᠡ ᠰᠤᠯᠢᠬᠤ | ᠭᠡᠵᠦ ᠪᠠᠶᠢᠪᠠ᠂ ᠲᠡᠷᠡ 5000 ᠲᠥᠭᠦᠷᠢᠭ ᠤᠨ ᠨᠥᠬᠦᠪᠥᠷᠢ ᠭᠥᠷᠳᠡᠬᠦ ᠪᠣᠯᠤᠨ᠎ᠠ᠃ ᠬᠠᠷᠢᠭᠤᠴᠠᠯᠭᠠᠲᠠᠨ ᠰᠤᠷᠪᠤᠯᠵᠢᠯᠠᠭᠴᠢ ᠳᠤ᠂ ᠡᠨᠡ ᠵᠢᠯ ᠤᠨ ᠲᠤᠤᠷᠠᠳᠤ | ᠬᠠᠭᠠᠰ ᠵᠢᠯ ᠠᠴᠠ ᠡᠬᠢᠯᠡᠨ᠂ ᠬᠡᠷᠡᠭᠯᠡᠭᠴᠢ ᠶᠢᠨ ᠮᠠᠰᠢᠨ ᠲᠡᠷᠭᠡ ᠪᠠᠨ ᠰᠣᠯᠢᠬᠤ ᠬᠡᠷᠡᠭᠴᠡᠭᠡ ᠮᠠᠰᠢ ᠶᠡᠭᠡ ᠪᠤᠯᠵᠤ᠂ ᠡᠭᠦᠳᠡᠨ ᠳᠡᠯᠭᠡᠭᠦᠷ ᠤᠨ ᠪᠣᠷᠣᠯᠠᠭᠤᠯᠤᠭᠰᠠᠨ | 70% ᠶᠢᠨ ᠮᠠᠰᠢᠨ ᠲᠡᠷᠭᠡ ᠨᠢ ᠴᠥᠮ ᠲᠣᠰᠣ ᠰᠢᠲᠠᠭᠠᠬᠤ ᠮᠠᠰᠢᠨ ᠲᠡᠷᠭᠡ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠰᠠᠨ ᠪᠠᠶᠢᠨ᠎ᠠ ᠭᠡᠵᠦ ᠬᠡᠯᠡᠪᠡ᠃ | | ᠮᠠᠰᠢᠨ ᠲᠡᠷᠭᠡᠨ ᠤ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠠᠴᠠ ᠭᠠᠳᠠᠨ᠎ᠠ᠂ | ᠣᠯᠠᠨ ᠭᠠᠵᠠᠷ ᠤᠨ ᠵᠠᠰᠠᠭ ᠤᠨ ᠣᠷᠳᠣᠨ ᠨᠢ ᠪᠠᠰᠠ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ ᠵᠡᠷᠭᠡ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠵᠠᠯᠭᠠᠭ᠎ᠠ ᠪᠠᠷ ᠭᠠᠷᠭᠠᠵᠠᠢ᠃ 11 ᠰᠠᠷ᠎ᠠ ᠵᠢᠨᠰᠡᠭᠦᠯᠴᠢ ᠠᠴᠠ ᠨᠠᠭᠠᠰᠢ᠂ ᠰᠦᠵᠧᠦ ᠬᠤᠲᠠ ᠨᠢ ᠮᠠᠰᠢᠨ ᠲᠡᠷᠭᠡ ᠬᠤᠳᠠᠯᠳᠤᠨ ᠠᠪᠬᠤ ᠳᠤ | ᠪᠠᠷᠢᠮᠵᠢᠶ᠎ᠠ ᠥᠬᠡᠶ ᠲᠣᠭᠠᠴᠢᠯᠠᠭᠰᠠᠨ ᠠᠷᠠᠳ ᠤᠨ ᠵᠣᠭᠤᠰ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠭᠠᠷᠭᠠᠪᠠ᠂ ᠮᠠᠰᠢᠨ ᠲᠡᠷᠭᠡ ᠬᠤᠳᠠᠯᠳᠤᠨ ᠠᠪᠬᠤ | ᠦᠨ᠎ᠡ ᠨᠢ 20 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠪᠠᠶᠢᠪᠠᠯ 4000 ᠲᠥᠭᠦᠷᠢᠭ ᠤᠨ ᠤᠯᠠᠭᠠᠨ ᠪᠠᠭᠯᠠᠭ᠎ᠠ ᠠᠪᠴᠤ ᠪᠣᠯᠤᠨ᠎ᠠ᠂ 30 | ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 6000 ᠲᠥᠭᠦᠷᠢᠭ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠠᠪᠴᠤ ᠪᠣᠯᠤᠨ᠎ᠠ᠃ 4S ᠳᠡᠯᠭᠡᠭᠦᠷ ᠤᠨ ᠨᠢᠭᠡ | ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠠᠰᠠᠭ ᠤᠨ ᠣᠷᠳᠣᠨ ᠤ ᠨᠥᠬᠦᠪᠥᠷᠢ ᠳᠡᠭᠡᠷ᠎ᠡ ᠨᠠᠷᠠᠲᠤ ᠲᠡᠮᠳᠡᠭᠲᠦ ᠶᠢᠨ ᠬᠠᠷᠠᠭᠠᠯᠵᠠᠯ ᠢ | ᠨᠡᠮᠡᠭᠰᠡᠨ ᠢᠶᠠᠷ ᠴᠥᠭᠡᠨ ᠪᠤᠰᠤ ᠬᠡᠷᠡᠭᠯᠡᠭᠴᠢᠳ ᠤᠷᠮᠠᠰᠢᠵᠤ ᠲᠡᠷᠭᠡ ᠵᠠᠬᠢᠶᠠᠯᠠᠪᠠ᠃ ᠡᠭᠦᠨ ᠳᠤ 20 ᠲᠦᠮᠡᠨ ᠲᠥᠭᠦᠷᠢᠭ ᠠᠴᠠ ᠳᠡᠭᠡᠭᠰᠢᠬᠢ ᠲᠣᠰᠣ | ᠰᠢᠲᠠᠭᠠᠳᠠᠭ ᠮᠠᠰᠢᠨ ᠲᠡᠷᠭᠡᠨ ᠳᠤ 4000 ᠲᠥᠭᠦᠷᠢᠭ ᠤᠨ ᠨᠥᠬᠦᠪᠥᠷᠢ ᠥᠭᠴᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ 5000ᠲᠥᠭᠦᠷᠢᠭ ᠤᠨ | ᠨᠥᠬᠦᠪᠥᠷᠢ ᠦᠭᠴᠦ ᠪᠤᠢ᠃ ᠱᠧᠨᠵᠧᠨ᠂ ᠵᠢᠨᠠᠨ᠂ ᠴᠠᠩᠱᠠ᠂ ᠵᠢᠶᠠ ᠰᠢᠩ ᠵᠡᠷᠭᠡ ᠭᠠᠵᠠᠷ ᠤᠨ ᠬᠢᠨ ᠴᠤ ᠣᠶᠢᠷ᠎ᠠ ᠳᠤ ᠮᠠᠰᠢᠨ ᠲᠡᠷᠭᠡ ᠬᠤᠳᠠᠯᠳᠤᠨ | ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠭᠠᠷᠭᠠᠵᠠᠶ ᠭᠡᠪᠡ᠃ |