ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠢᠷᠡᠭᠡᠳᠦᠢ  ᠬᠦᠰᠡᠯ ᠡᠷᠡᠮᠡᠯᠵᠡᠯ ᠲᠠᠢ
ᠨᠡᠶᠢᠲᠡᠯᠡᠭᠰᠡᠨ ᠴᠠᠭ᠄
2023/12/20
      -- ︽  ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ  ᠲᠡᠮᠳᠡᠭ ᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠷᠦᠩᠬᠡᠢ ᠲᠣᠭᠠᠴᠢᠯ       2018 ᠣᠨ ᠤ 9 ᠰᠠᠷ᠎ᠠ ᠶᠢᠨ 7 ᠤ ᠡᠳᠦᠷ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠡᠬᠢ ᠪᠠᠶᠠᠯᠢᠭ ᠤᠨ ᠳᠠᠪᠠᠭᠤᠯᠢᠭ ᠪᠠ ᠳᠠᠪᠠᠭᠤᠯᠢᠭ ᠲᠤ ᠰᠠᠭᠤᠷᠢᠯᠠᠭᠰᠠᠨ ᠣᠨᠴᠠᠯᠢᠭᠲᠤ ᠠᠵᠤ ᠦᠢᠯᠡᠰ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠠᠮᠵᠢᠯᠲᠠ ᠲᠠᠢ ᠡᠭᠦᠳᠦᠭᠰᠡᠨ ᠪᠥᠭᠡᠳ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠪᠠ᠃       5 ᠵᠢᠯ ᠤᠨ ᠡᠮᠦᠨ᠎ᠡ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠢ ᠨᠢᠭᠡ ᠰᠠᠭᠤᠷᠢ ᠨᠢᠯᠬ᠎ᠠ ᠨᠠᠬᠢᠶ᠎ᠠ ᠮᠡᠲᠦ ᠴᠤᠬᠤᠶᠢᠵᠤ᠂ 5 ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠢ ᠨᠢᠭᠡᠨᠲᠡ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠪᠣᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠬᠦᠴᠦᠲᠡᠢ ᠳᠠᠭᠠᠭᠤᠯᠭ᠎ᠠ ᠳᠣᠣᠷ᠎ᠠ᠂ ᠪᠠᠶᠠᠨᠨᠠᠭᠤᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠳᠦ ᠲᠡᠰ ᠤᠨ ᠵᠠᠬ᠎ᠠ ᠳᠡᠯᠭᠡᠭᠦᠷ ᠲᠡᠰᠢ ᠲᠣᠮᠣ ᠠᠯᠬᠤᠮ ᠢᠶᠠᠷ ᠤᠷᠤᠭᠰᠢᠯᠠᠵᠤ᠂ ᠮᠠᠯᠴᠢᠨ ᠲᠠᠷᠢᠶᠠᠴᠢᠨ ᠳᠤ ᠪᠣᠳᠠᠲᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠢ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠲᠦᠯᠬᠢᠴᠡ ᠬᠦᠴᠦᠨ ᠪᠣᠯᠤᠭᠰᠠᠨ ᠪᠠᠶᠢᠨ᠎ᠠ᠃       ᠥᠩᠭᠡᠷᠡᠭᠰᠡᠨ 5 ᠵᠢᠯ ᠢᠶᠠᠨ ᠡᠷᠭᠢᠴᠡᠭᠦᠯᠬᠦᠶ᠎ᠡ᠂ ᠬᠠᠶᠢᠨ ᠰᠦᠪᠡᠭᠴᠢᠯᠡᠯᠲᠡ ᠪᠠ ᠡᠷᠡᠮᠡᠬᠡᠶᠢᠯᠡᠨ ᠲᠠᠪᠰᠢᠬᠰᠠᠨ ᠠᠵᠢᠯ ᠨᠢᠭᠡ ᠡᠳᠦᠷ ᠴᠦ ᠵᠡᠷᠭᠡ ᠪᠠᠷ ᠶᠠᠪᠤᠭᠳᠠᠬᠤ ᠦᠭᠡᠢ ᠶᠤᠮ᠃ 5 ᠵᠢᠯ ᠤᠨ ᠲᠤᠷᠰᠢ᠂ ᠪᠠᠶᠠᠨᠨᠠᠭᠤᠷ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠳᠡᠮᠵᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠠᠷᠠᠲᠤ  ᠲᠡᠮᠳᠡᠭ ᠢ ᠡᠭᠦᠳᠦᠨ ᠪᠠᠶᠢᠭᠤᠯᠬᠤ ᠶᠢᠨ ᠣᠨᠴᠠᠯᠢᠭ ᠵᠢᠴᠢ ᠲᠡᠭᠦᠨ ᠤ ᠪᠦᠲᠦᠮᠵᠢᠲᠦ ᠴᠢᠨᠠᠷ ᠢ ᠳᠡᠯᠡᠬᠡᠢ ᠳ᠋ᠠᠬᠢᠨ ᠳᠤ ᠭᠡᠷᠡᠴᠢᠯᠡᠵᠦ᠂ ᠨᠠᠷᠠᠲᠤ ᠲᠥᠷᠥᠯ ᠲᠡᠮᠳᠡᠭᠲᠦ ᠪᠠᠷ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠦᠨ᠎ᠡ ᠥᠷᠲᠡᠭ ᠢ ᠢᠯᠡᠷᠡᠭᠦᠯᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ