ᠪᠠᠶᠠᠨᠨᠠᠭᠤᠷ ᠪᠣᠯ ︽ᠲᠠᠩᠰᠤᠭ ᠰᠠᠶᠢᠬᠠᠨ ᠨᠠᠭᠤᠷ︾ ᠭᠡᠰᠡᠨ ᠤᠳᠬ᠎ᠠ ᠲᠠᠢ ᠮᠣᠩᠭᠤᠯ ᠬᠡᠯᠡ ᠲᠠᠢ᠂ ᠬᠠᠲᠤᠨ ᠭᠤᠣᠯ ᠤᠨ ᠳᠡᠭᠡᠳᠦ ᠤᠷᠤᠰᠬᠠᠯ ᠤᠨ ︽ ᠵᠢᠢ | ᠥᠰᠥᠭ ᠤᠨ ᠮᠤᠷᠤᠶᠢᠯᠲᠠ︾ ᠶᠢᠨ ᠣᠷᠣᠢ ᠳᠤ ᠪᠠᠶᠢᠷᠢᠯᠠᠵᠤ᠂ 345 ᠺᠢᠯᠣᠮᠧᠲᠷ ᠢᠶᠠᠷ ᠬᠠᠲᠤᠨ ᠭᠤᠣᠯ ᠤᠷᠤᠰᠤᠨ ᠥᠩᠭᠡᠷᠡᠨ᠎ᠡ᠃ 6.5 ᠲᠦᠮᠡᠨ ᠲᠡᠭᠰᠢ ᠳᠥᠷᠪᠡᠯᠵᠢᠨ | ᠺᠢᠯᠣᠮᠧᠲᠷ ᠨᠤᠲᠤᠭ ᠳᠡᠪᠢᠰᠬᠡᠷ ᠳᠡᠭᠡᠷ᠎ᠡ᠂ ᠥᠩ ᠰᠢᠮᠡᠯᠢᠭ ᠪᠣᠷᠣᠳᠣᠬᠤᠢ ᠶᠢᠨ ᠲᠠᠯ᠎ᠠ ᠭᠠᠵᠠᠷ᠂ ᠰᠦᠷᠯᠢᠭ ᠰᠠᠶᠢᠬᠠᠨ ᠤᠷᠠᠳ ᠤᠨ ᠲᠠᠯ᠎ᠠ ᠨᠤᠲᠤᠭ᠂ ᠨᠡᠯᠦᠭᠡᠷ ᠠᠭᠤᠳᠠᠮ | ᠤᠯᠠᠭᠠᠨᠪᠤᠬ᠎ᠠ ᠶᠢᠨ ᠡᠯᠡᠰᠦ᠂ ᠰᠦᠷᠯᠢᠭ ᠮᠤᠨᠢ ᠠᠭᠤᠯᠠ ᠨᠢᠷᠤᠭᠤ ᠵᠢᠴᠢ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠤᠯᠠᠭᠠᠨᠰᠤᠬᠠᠢ ᠵᠡᠷᠭᠡ 300 ᠭᠠᠷᠤᠢ ᠶᠡᠭᠡ | ᠪᠠᠭ᠎ᠠ ᠨᠠᠭᠤᠷ ᠴᠥᠭᠦᠷᠥᠮ ᠲᠠᠢ ᠪᠠᠶᠢᠵᠤ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦᠨ ᠤ ᠠᠮᠢ ᠨᠠᠰᠤᠨ ᠤ ᠬᠠᠮᠲᠤ ᠶᠢᠨ ᠴᠣᠭᠴᠠ ᠶᠢᠨ ᠰᠦᠷᠯᠢᠭ ᠰᠠᠶᠢᠬᠠᠨ | ᠵᠢᠷᠤᠭ ᠳᠦᠷᠰᠦ ᠶᠢ ᠪᠦᠷᠢᠯᠳᠦᠭᠦᠯᠵᠡᠢ᠃ | ᠠᠳᠡᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ ᠤᠯᠠᠨ ᠠᠴᠠ ᠣᠨᠴᠠᠭᠠᠢ ᠪᠠᠶᠢᠵᠤ᠂ ᠤᠮᠠᠷᠠᠲᠤ ᠥᠷᠭᠡᠷᠢᠭ ᠤᠨ 40 ᠭᠷᠡᠳᠦ᠋ᠰ ᠤᠨ | ᠲᠠᠷᠢᠮᠠᠯ ᠤᠨ ᠰᠢᠵᠢᠷ ᠠᠯᠳᠠᠨ ᠲᠠᠷᠢᠮᠠᠯ ᠤᠨ ᠪᠦᠰᠡ ᠳᠤ ᠪᠠᠶᠢᠷᠢᠯᠠᠵᠤ᠂ ᠭᠡᠷᠡᠯ ᠤᠨ ᠲᠤᠰᠤᠯᠲᠠ ᠶᠢᠨ ᠴᠠᠭ ᠨᠢ ᠤᠷᠳᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ | ᠲᠦᠷᠪᠡᠨ ᠤᠯᠠᠷᠢᠯ ᠲᠣᠳᠣᠷᠬᠠᠢ᠂ ᠤᠰᠤ ᠬᠥᠷᠥᠰᠥᠨ ᠤ ᠭᠡᠷᠡᠯ ᠢᠯᠴᠢ ᠶᠢᠨ ᠨᠡᠶᠢᠯᠡᠯᠲᠡ ᠶᠢᠨ ᠨᠥᠬᠦᠴᠡᠯ ᠰᠠᠶᠢᠨ᠂ ᠵᠢᠯ ᠳᠤ ᠬᠠᠲᠤᠨ ᠭᠤᠣᠯ ᠤᠨ ᠤᠰᠤ ᠶᠢ 50 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠠᠲᠠᠵᠤ᠂ 1100 ᠭᠠᠷᠤᠢ ᠲᠦᠮᠡᠨ ᠮᠦ ᠲᠠᠷᠢᠶᠠᠨ ᠭᠠᠵᠠᠷ ᠲᠠᠢ᠂ ᠠᠽᠢᠶ᠎ᠠ ᠲᠢᠪ ᠤᠨ ᠬᠠᠮᠤᠭ ᠤᠨ ᠲᠣᠮᠣ ᠴᠢᠯᠦᠭᠡᠲᠦ | ᠤᠰᠤᠯᠠᠯᠲᠠ ᠶᠢᠨ ᠣᠷᠣᠨ᠂ ᠤᠯᠤᠰ ᠤᠨ ᠴᠢᠬᠤᠯᠠ ᠲᠠᠸᠠᠷ ᠤᠨ ᠠᠮᠤ ᠳᠤᠰᠤᠨ ᠤ ᠦᠢᠯᠡᠳᠪᠦᠷᠢᠯᠡᠯ ᠤᠨ ᠰᠠᠭᠤᠷᠢᠨ ᠪᠣᠯᠣᠨ᠎ᠠ᠃ ᠦᠨᠡᠨ ᠳᠡᠭᠡᠨ ︽ᠪᠣᠷᠣᠳᠣᠬᠤᠢ︾ ᠨᠢ | ᠲᠡᠷᠡ ᠴᠢᠭ ᠢᠶᠠᠷ ᠢᠶᠠᠨ ᠨᠠᠷᠠᠲᠠᠢ ᠨᠠᠷᠠᠲᠤ ᠲᠡᠮᠳᠡᠭ ᠪᠣᠯᠬᠤ ᠶᠤᠮ᠃ ᠭᠡᠪᠡᠴᠦ ᠣᠯᠠᠨ ᠵᠢᠯ ᠤᠨ ᠲᠤᠷᠰᠢ᠂ ᠲᠠᠷᠢᠶᠠᠯᠠᠩ ᠮᠠᠯ ᠠᠵᠤ ᠠᠬᠤᠢ ᠶᠢᠨ ᠠᠩᠬᠠᠨ ᠤ ᠪᠦᠲᠦᠭᠡᠭᠳᠡᠬᠦᠨ | ᠣᠯᠠᠨ᠂ ᠨᠠᠷᠠᠲᠤ ᠲᠡᠮᠳᠡᠭ ᠨᠢ ᠪᠠᠭ᠎ᠠ ᠪᠥᠭᠡᠳ ᠡᠮᠬᠢ ᠵᠠᠮᠪᠠᠷᠠᠭ᠎ᠠ ᠦᠭᠡᠢ ᠪᠠᠶᠢᠵᠤ᠂ ᠮᠠᠰᠢ ᠣᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ︽ᠬᠥᠮᠥᠨ ᠳᠤ | ᠲᠠᠨᠢᠭᠳᠠᠬᠤ ᠦᠭᠡᠢ︾ ︽ᠠᠷᠢᠬᠢᠨ ᠤ ᠦᠨᠦᠷ ᠬᠠᠩᠬᠤᠯᠤᠭᠰᠠᠨ ᠴᠤ ᠭᠤᠳᠤᠮᠵᠢᠨ ᠤ ᠭᠦᠨ ᠠᠴᠠ ᠠᠶᠤᠨ᠎ᠠ︾᠃ | ᠶᠡᠷᠦᠩᠬᠡᠢ ᠱᠦᠵᠢ ᠰᠢ ᠶᠢᠨ ᠫᠢᠩ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠲᠣᠳᠣᠷᠬᠠᠢ ᠵᠢᠭᠠᠪᠤᠷᠢᠯᠠᠭᠰᠠᠨ ᠶᠤᠮ᠃ ᠡᠭᠦᠨ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠲᠤᠷ | ᠨᠠᠶᠢᠳᠠᠪᠤᠷᠢᠵᠢᠭᠤᠯᠬᠤ ᠳᠤ ᠡᠷᠬᠡᠪᠰᠢ ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠳᠡᠭ ᠢ ᠪᠠᠶᠠᠨᠨᠠᠭᠤᠷ ᠲᠤ ᠭᠦᠨᠵᠡᠭᠡᠢ | ᠲᠠᠨᠢᠭᠤᠯᠵᠠᠢ᠃ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠬᠦ ᠳᠤ᠂ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠴᠢᠶᠠᠯᠠᠬᠤ ︽ᠨᠢᠰᠬᠡᠯ ᠤᠨ ᠰᠠᠭᠤᠷᠢ ᠣᠩᠭᠤᠴᠠ︾ ᠪᠣᠯᠭᠠᠵᠤ᠂ ᠳᠡᠭᠡᠳᠦ ᠲᠡᠰ ᠤᠨ ᠵᠠᠬ᠎ᠠ ᠳᠡᠯᠭᠡᠭᠦᠷ ᠲᠤ ᠣᠷᠣᠵᠤ | ᠪᠣᠯᠬᠤ ᠪᠥᠭᠡᠳ ᠲᠦᠷᠦᠯ ᠲᠡᠮᠳᠡᠭ ᠤᠨ ᠦᠢᠯᠡᠳᠦᠯ ᠢᠶᠠᠷ ᠳᠠᠮᠵᠢᠨ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠪᠣᠬᠢᠷᠲᠤᠯ ᠦᠭᠡᠢ | ᠦᠢᠯᠡᠳᠪᠦᠷᠢᠯᠡᠬᠦ ᠶᠢ ᠭᠡᠳᠡᠷᠭᠦ ᠰᠢᠬᠠᠮᠳᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ ᠪᠣᠯᠣᠨ᠎ᠠ᠃ | ᠡᠭᠦᠨ ᠤ ᠤᠯᠠᠮ ᠠᠴᠠ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ | ᠪᠣᠶ ᠪᠣᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃ | 2018 ᠣᠨ ᠳᠤ ᠨᠡᠶᠢᠲᠡᠯᠡᠭᠳᠡᠭᠰᠡᠨ ᠠᠴᠠ ᠤᠳᠤ ᠪᠣᠯᠲᠠᠯ᠎ᠠ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠦᠷᠦᠯ ᠲᠡᠮᠳᠡᠭ ᠨᠢ ᠪᠦᠬᠦ ᠬᠤᠳᠠ ᠶᠢᠨ ᠴᠢᠨᠠᠷ | ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠠᠶᠢᠴᠢᠯᠠᠨ ᠴᠢᠨᠠᠷ ᠰᠠᠶᠢᠲᠠᠢ ᠰᠠᠶᠢᠨ ᠦᠨ᠎ᠡ ᠬᠠᠩᠰᠢ ᠶᠢ ᠪᠡᠶᠡᠯᠡᠭᠦᠯᠵᠦ᠂ ᠮᠠᠨ ᠤ ᠬᠤᠳᠠ ᠶᠢᠨ | ᠬᠠᠳᠤᠨ ᠭᠤᠣᠯ ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ ᠤᠨ | ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ ︽ᠲᠡᠭᠷᠢ ᠶᠢᠨ ᠬᠡᠰᠢᠭᠲᠦ ᠪᠣᠷᠣᠳᠣᠬᠤᠢ ︾ | ᠶᠢᠨ ᠲᠦᠷᠦᠯ ᠲᠡᠮᠳᠡᠭ ᠨᠢ ᠭᠠᠷᠤᠯᠲᠠ ᠶᠢᠨ ᠣᠷᠣᠨ ᠤ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠤᠲᠤᠭ ᠤᠨ ᠢᠶᠠᠨ | ᠣᠨᠴᠠᠯᠢᠭ ᠢ ︽ᠬᠤᠳᠠ ᠶᠢᠨ ᠨᠡᠷ᠎ᠡ ᠶᠢᠨ ᠬᠠᠭᠤᠳᠠᠰᠤ︾ ᠪᠣᠯᠭᠠᠨ ᠬᠤᠪᠢᠷᠠᠭᠤᠯᠵᠤ ᠪᠤᠢ᠃ | | | |