9 ᠰᠠᠷ᠎ᠠ ᠶᠢᠨ 13 ᠤ ᠡᠳᠦᠷ᠂ 2023 ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠠᠷᠢᠶᠠᠨ ᠤ | ᠲᠠᠪᠴᠠᠩ ︵ᠪᠠᠶᠠᠨᠨᠠᠭᠤᠷ︶ ᠤᠨ ᠨᠠᠮᠤᠷ ᠤᠨ ᠤᠯᠠᠷᠢᠯ ᠤᠨ ᠲᠦᠷᠦᠭᠦᠴᠦᠳ ᠤᠨ ᠬᠤᠷᠠᠯ ᠵᠢᠴᠢ ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠡᠶᠢᠲᠡᠯᠡᠭᠰᠡᠨ ᠲᠠᠪᠤᠨ ᠵᠢᠯ ᠤᠨ ᠣᠶ ᠶᠢᠨ ᠶᠡᠭᠡ ᠬᠤᠷᠠᠯ ᠤᠨ ᠰᠢᠷᠢᠰ | ᠠᠵᠢᠯᠯᠠᠭ᠎ᠠ ᠪᠠᠶᠢᠭᠠᠯᠢ ᠶᠢᠨ ᠪᠣᠷᠣᠳᠣᠬᠤᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ᠶᠠᠪᠤᠭᠳᠠᠪᠠ᠃ | ᠥᠪᠥᠷ ᠮᠣᠩᠭᠤᠯ ᠤᠨ ᠪᠠᠶᠠᠨ ᠨᠣᠭᠤᠭᠠᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠠᠩ ᠶᠡᠭᠡ | ᠬᠤᠷᠠᠯ ᠳᠡᠭᠡᠷ᠎ᠡ ︽ᠲᠠᠪᠤᠨ ᠵᠢᠯ ᠤᠨ ᠰᠠᠯᠬᠢ ᠪᠣᠷᠣᠭᠠᠨ ᠢ ᠡᠷᠭᠢᠴᠡᠭᠦᠯᠵᠦ ᠤᠭ ᠰᠠᠨᠠᠭ᠎ᠠ ᠪᠠᠨ ᠡᠷᠭᠢᠴᠡᠭᠦᠯᠦᠶ᠎ᠡ︾ ᠭᠡᠬᠦ ᠰᠡᠳᠦᠪ ᠢᠶᠠᠷ ᠭᠤᠣᠯ ᠰᠡᠳᠦᠪᠲᠦ ᠶᠠᠷᠢᠶ᠎ᠠ ᠢᠯᠡᠳᠬᠡᠯ | ᠬᠢᠵᠦ᠂ ᠥᠩᠭᠡᠷᠡᠭᠰᠡᠨ 5 ᠵᠢᠯ ᠢ ᠡᠷᠭᠢᠴᠡᠭᠦᠯᠬᠦ ᠳᠤ᠂ ᠵᠠᠩ ᠸᠠᠩ ᠲᠦᠷᠦᠯ ᠲᠡᠮᠳᠡᠭ ᠤᠨ ᠪᠠᠶᠢᠭᠤᠯᠤᠯᠲᠠ᠂ ᠲᠦᠷᠦᠯ ᠲᠡᠮᠳᠡᠭ ᠤᠨ ᠬᠥᠭᠵᠢᠯᠲᠡ᠂ ᠲᠦᠷᠦᠯ ᠲᠡᠮᠳᠡᠭ ᠤᠨ | ᠬᠠᠮᠢᠶᠠᠷᠤᠯᠲᠠ᠂ ᠲᠦᠷᠦᠯ ᠲᠡᠮᠳᠡᠭ ᠤᠨ ᠤᠬᠠᠭᠤᠯᠭ᠎ᠠ᠂ ᠪᠦᠲᠦᠭᠡᠭᠳᠡᠬᠦᠨ ᠤ ᠡᠵᠡᠩᠨᠡᠯᠲᠡ ᠪᠣᠷᠣᠯᠠᠭᠤᠯᠤᠯᠲᠠ ᠵᠡᠷᠭᠡ ᠲᠠᠪᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | 5 ᠵᠢᠯ ᠤᠨ ᠲᠤᠷᠰᠢᠬᠢ ᠯᠠᠪᠳᠠᠭᠤᠨ ᠪᠠᠲᠤᠲᠠᠢ ᠬᠠᠷᠢᠭᠤᠯᠲᠠ ᠶᠢᠨ ᠬᠠᠭᠤᠳᠠᠰᠤ ᠶᠢ ᠳᠡᠯᠭᠡᠨ ᠦᠵᠡᠭᠦᠯᠵᠡᠢ᠃ | ᠡᠭᠦᠨ ᠳᠤ᠂ ᠥᠪᠥᠷ ᠮᠣᠩᠭᠤᠯ ᠤᠨ ᠲᠢᠶᠠᠨ ᠾᠧᠩ ᠡᠮ ᠤᠨ ᠬᠢᠵᠠᠭᠠᠷᠲᠤ ᠺᠣᠮᠫᠠᠨᠢ ᠬᠡᠭᠡᠷ᠎ᠡ ᠶᠢᠨ ᠭᠦᠷᠭᠦᠮ᠂ ᠬᠤᠨᠴᠢᠷ ᠤᠨ ᠪᠦᠲᠦᠭᠡᠭᠳᠡᠬᠦᠨ ᠢ | ᠳᠠᠭᠤᠷᠢᠶᠠᠵᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠣᠯᠣᠭᠰᠠᠨ ᠤ ᠳᠠᠷᠠᠭ᠎ᠠ᠂ ᠵᠢᠯ ᠤᠨ | ᠪᠣᠷᠤᠯᠠᠭᠤᠯᠭ᠎ᠠ ᠶᠢᠨ ᠬᠡᠮᠵᠢᠶ᠎ᠡ ᠨᠢ ᠤᠤᠯ ᠤᠨ 80 ᠲᠣᠨ ᠪᠠᠶᠢᠭᠰᠠᠨ ᠠᠴᠠ ᠪᠠᠨ 2022 ᠣᠨ ᠳᠤ 90 ᠲᠣᠨ ᠪᠣᠯᠵᠤ ᠨᠡᠮᠡᠭᠳᠡᠨ᠂ ᠪᠣᠷᠤᠯᠠᠭᠤᠯᠭ᠎ᠠ ᠶᠢᠨ ᠦᠨ᠎ᠡ ᠨᠢ | 5% ᠪᠠᠷ ᠥᠰᠪᠡ︔ ᠥᠪᠥᠷ ᠮᠣᠩᠭᠤᠯ ᠤᠨ ᠶᠢᠨ ᠪᠥᠸᠧ ᠯᠢ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ 2018 ᠣᠨ ᠳᠤ ︽ᠲᠡᠭᠷᠢ ᠶᠢᠨ ᠬᠡᠰᠢᠭᠲᠦ | ᠪᠣᠷᠣᠳᠣᠬᠤᠢ︾ ᠶᠢᠨ ᠲᠦᠷᠦᠯ ᠲᠡᠮᠳᠡᠭ ᠤᠨ ᠡᠷᠬᠡ ᠣᠯᠭᠤᠯᠲᠠ ᠶᠢ ᠣᠯᠵᠤ᠂ 2019 ᠣᠨ ᠳᠤ ᠮᠦ ᠪᠦᠷᠢ ᠶᠢᠨ ᠳᠤᠮᠳᠠᠴᠢ ᠦᠢᠯᠡᠳᠬᠦᠨ ᠤ ᠦᠷᠳᠡᠭ ᠨᠢ 2 ᠲᠦᠮᠡᠨ | ᠲᠥᠭᠦᠷᠢᠭ ᠢ ᠳᠠᠪᠠᠵᠤ᠂ 2020 ᠣᠨ ᠳᠤ ᠮᠦ ᠪᠦᠷᠢ ᠶᠢᠨ ᠳᠤᠮᠳᠠᠴᠢ ᠦᠢᠯᠡᠳᠬᠦᠨ ᠤ ᠦᠷᠳᠡᠭ ᠨᠢ ᠳᠠᠬᠢᠭᠠᠳ 35% ᠨᠡᠮᠡᠭᠳᠡᠵᠦ᠂ 2.7 ᠲᠦᠮᠡᠨ ᠲᠥᠭᠦᠷᠢᠭ ᠲᠤ | ᠬᠦᠷᠴᠡᠢ ᠁ | 5 ᠵᠢᠯ ᠤᠨ ᠲᠤᠷᠰᠢ᠂ ᠠᠵᠤ ᠦᠢᠯᠡᠰ᠂ ᠪᠦᠯᠦᠭ ᠤᠳᠠᠭ᠎ᠠ ᠬᠤᠪᠢᠶᠠᠨ ᠨᠡᠶᠢᠲᠡ 5 ᠪᠦᠯᠦᠭ ᠤᠳᠠᠭ᠎ᠠ ᠶᠢᠨ 22 ᠠᠵᠤ ᠠᠬᠤᠶᠢᠯᠠᠯ ᠤᠨ 132 ᠵᠦᠢᠯ ᠤᠨ | ᠦᠢᠯᠡᠳᠬᠦᠨ ᠳᠤ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭᠲᠦ ᠶᠢ ᠬᠡᠷᠡᠭᠯᠡᠬᠦ ᠡᠷᠬᠡ ᠣᠯᠭᠤᠪᠠ︔ ︽ᠲᠡᠭᠷᠢ ᠶᠢᠨ ᠬᠡᠰᠢᠭᠲᠦ ᠪᠣᠷᠣᠳᠣᠬᠤᠢ︾ ᠰᠢᠷᠢᠰ | ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠲᠠᠸᠠᠷ ᠤᠨ ᠲᠡᠮᠳᠡᠭ ᠢ 152 ︵ᠤᠯᠤᠰ ᠤᠨ ᠳᠣᠲᠣᠭᠠᠳᠤ ᠳᠤ ᠳᠠᠩᠰᠠᠯᠠᠭᠤᠯᠤᠭᠰᠠᠨ 41 ᠲᠥᠷᠥᠯ ᠵᠦᠢᠯ ᠤᠨ | 146 ᠲᠠᠸᠠᠷ ᠤᠨ ᠲᠡᠮᠳᠡᠭ᠂ ᠣᠯᠠᠨ ᠤᠯᠤᠰ ᠲᠤ ᠳᠠᠩᠰᠠᠯᠠᠭᠤᠯᠤᠭᠰᠠᠨ 3 ᠲᠥᠷᠥᠯ ᠵᠦᠢᠯ ᠤᠨ 6 ᠲᠠᠸᠠᠷ ᠤᠨ ᠲᠡᠮᠳᠡᠭ᠂ ᠲᠣᠰ ᠲᠣᠰ ᠶᠧᠵᠢᠫᠲ᠂ ᠠᠩᠭ᠍ᠯᠢ᠂ ᠶᠠᠫᠤᠨ᠂ | ᠡᠸᠦ᠋ᠷᠦᠫᠡ ᠶᠢᠨ ᠬᠤᠯᠪᠣᠭ᠎ᠠ᠂ ᠮᠣᠩᠭᠤᠯ᠂ ᠣᠷᠣᠰ︶ ᠠᠮᠵᠢᠯᠲᠠ ᠲᠠᠢ ᠳᠠᠩᠰᠠᠯᠠᠭᠤᠯᠪᠠ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠰᠦᠯᠵᠢᠶᠡᠨ ᠳᠡᠭᠡᠷ᠎ᠡ᠂ | ᠰᠦᠯᠵᠢᠶᠡᠨ ᠭᠠᠳᠠᠨ᠎ᠠ᠂ ᠣᠨᠴᠠ ᠰᠤᠪᠠᠭ᠂ ᠲᠥᠪᠯᠡᠷᠡᠭᠦᠯᠦᠨ ᠮᠠᠯᠲᠠᠵᠤ ᠪᠣᠷᠣᠯᠠᠭᠤᠯᠬᠤ ᠲᠣᠣᠷ ᠰᠦᠯᠵᠢᠶ᠎ᠡ ᠶᠢ ᠪᠠᠶᠢᠭᠤᠯᠵᠤ᠂ ᠪᠠᠶᠠᠨᠨᠠᠭᠤᠷ᠂ ᠬᠥᠬᠡᠬᠤᠲᠠ ᠶᠢᠨ | ᠬᠤᠰᠢᠭᠤᠨ ᠤ ᠬᠥᠯᠭᠡ ᠣᠩᠭᠤᠴᠠᠨ ᠤ ᠳᠡᠯᠭᠡᠭᠦᠷ᠂ ᠨᠢᠰᠬᠡᠯ ᠤᠨ ᠪᠠᠭᠤᠳᠠᠯ ᠤᠨ ᠳᠡᠯᠭᠡᠭᠦᠷ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ︔ ᠵᠢᠩ ᠳ᠋ᠦᠩ · ᠲᠡᠭᠷᠢ ᠶᠢᠨ | ᠬᠡᠰᠢᠭᠲᠦ ᠪᠣᠷᠣᠳᠣᠬᠤᠢ ᠶᠢᠨ ᠣᠨᠴᠠ ᠭᠠᠷᠤᠯᠲᠠ ᠶᠢᠨ ᠣᠷᠳᠣᠨ ᠤ ᠰᠦᠯᠵᠢᠶᠡᠨ ᠳᠡᠭᠡᠷᠡᠬᠢ ᠥᠪᠡᠷᠲᠡᠭᠡᠨ ᠡᠵᠡᠩᠨᠡᠬᠦ ᠳᠡᠯᠭᠡᠭᠦᠷ ᠢ ᠡᠬᠢᠯᠡᠨ ᠠᠵᠢᠯᠯᠠᠭᠤᠯᠤᠨ᠎ᠠ︔ ᠬᠤᠸᠠ ᠷᠦᠨ | ᠲᠦᠮᠡᠨ ᠡᠷᠦᠬᠡ᠂ ᠬᠠᠶᠢᠷᠴᠠᠭᠲᠤ ᠮᠣᠷᠢ ᠰᠢᠶᠠᠨ ᠱᠧᠩ ᠨᠠᠷ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠠᠢ ᠁ | ᠲᠤᠬᠠᠢ ᠶᠢᠨ ᠡᠳᠦᠷ ᠤᠨ ᠲᠠᠪᠤᠨ ᠵᠢᠯ ᠤᠨ ᠣᠶ ᠶᠢᠨ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠰᠡᠳᠬᠦᠯ ᠤᠨ ᠬᠤᠷᠢᠶ᠎ᠠ ᠶᠢᠨ ᠶᠡᠷᠦᠩᠬᠡᠢ | ᠨᠠᠶᠢᠷᠠᠭᠤᠯᠤᠭᠴᠢ ᠸᠠᠨ ᠹᠧᠩ ︽ᠲᠡᠭᠷᠢ ᠶᠢᠨ ᠬᠡᠰᠢᠭᠲᠦ ᠪᠣᠷᠣᠳᠣᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠰᠡᠩᠬᠡᠷᠡᠭᠦᠯᠦᠯ︾ ᠭᠡᠬᠦ ᠰᠡᠳᠦᠪ ᠢᠶᠠᠷ ᠭᠤᠣᠯ ᠰᠡᠳᠦᠪᠲᠦ | ᠶᠠᠷᠢᠶ᠎ᠠ ᠢᠯᠡᠳᠬᠡᠯ ᠬᠢᠵᠦ᠂ 2018 - 2023 ︽ᠲᠡᠭᠷᠢ ᠶᠢᠨ ᠬᠡᠰᠢᠭᠲᠦ ᠪᠣᠷᠣᠳᠣᠬᠤᠢ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠤᠨ ᠬᠥᠭᠵᠢᠯᠲᠡ ᠶᠢᠨ ᠮᠡᠳᠡᠭᠦᠯᠦᠯᠲᠡ ᠳᠤ ᠲᠠᠶᠢᠯᠤᠮᠵᠢ ᠬᠢᠪᠡ᠃ | ᠲᠡᠷᠡ ᠬᠡᠯᠡᠬᠦ ᠳᠡᠭᠡᠨ᠂ ︽ᠡᠷᠬᠡ ᠣᠯᠭᠤᠭᠰᠠᠨ ᠠᠵᠤ ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ︾ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠲᠤᠭ᠎ᠠ | ᠪᠠᠷᠢᠮᠲᠠ᠂ ᠨᠠᠷᠢᠨ ᠵᠦᠢᠯᠡᠰ ᠤᠳ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭᠲᠦ ᠶᠢᠨ ᠴᠢᠳᠠᠪᠤᠷᠢ ᠣᠯᠭᠤᠬᠤ ᠲᠤᠬᠠᠢ ᠲᠠᠨᠢᠯᠲᠠ ᠶᠢ ᠰᠢᠨ᠎ᠡ ᠪᠠᠷ | ᠰᠢᠨᠡᠳᠬᠡᠵᠡᠢ᠃ ︽ᠮᠡᠳᠡᠭᠦᠯᠦᠯᠲᠡ ᠶᠢᠨ ᠡᠬᠡ ᠪᠢᠴᠢᠭ ᠢ ᠲᠠᠰᠤᠯᠬᠤ ᠪᠣᠯᠲᠠᠯ᠎ᠠ᠂ ︿ᠲᠡᠭᠷᠢ ᠶᠢᠨ ᠬᠡᠰᠢᠭᠲᠦ ᠪᠣᠷᠣᠳᠣᠬᠤᠢ﹀ ᠲᠡᠮᠳᠡᠭᠲᠦ ᠲᠦᠷᠭᠡᠨ ᠲᠡᠷᠭᠡᠨ ᠳᠤ ᠰᠠᠭᠤᠭᠰᠠᠨ | 76 ᠵᠦᠢᠯ ᠤᠨ ᠡᠷᠬᠡ ᠣᠯᠭᠤᠭᠰᠠᠨ ᠦᠢᠯᠡᠳᠬᠦᠨ ᠪᠣᠷᠤᠯᠠᠭᠤᠯᠭ᠎ᠠ ᠶᠢᠨ ᠲᠡᠮᠳᠡᠭᠯᠡᠯ ᠢ ᠲᠠᠰᠤᠷᠠᠯᠲᠠ ᠦᠭᠡᠢ ᠰᠢᠨᠡᠳᠬᠡᠵᠦ᠂ ᠪᠦᠬᠦ ᠬᠤᠳᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠲᠠᠪᠤᠨ ᠶᠡᠭᠡ ᠲᠢᠪ ᠤᠨ 100 ᠭᠠᠷᠤᠢ ᠤᠯᠤᠰ ᠪᠠ ᠭᠠᠵᠠᠷ ᠣᠷᠣᠨ ᠳᠤ᠂ ᠪᠣᠷᠣᠳᠣᠬᠤᠢ ᠶᠢᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠳᠡᠯᠡᠬᠡᠢ ᠳ᠋ᠠᠬᠢᠨ ᠳᠤ ᠬᠦᠷᠦᠭᠰᠡᠡ ᠪᠠᠶᠢᠨ᠎ᠠ︾ ᠲᠠᠶᠢᠰᠠᠨ ᠳᠣᠣᠷᠠᠬᠢ | ᠰᠣᠨᠣᠰᠤᠭᠴᠢᠳ ᠴᠥᠮ ᠤᠷᠮᠠᠰᠢᠨ ᠵᠣᠷᠢᠭᠵᠢᠪᠠ᠃ | 2018 ᠣᠨ ᠳᠤ ᠠᠩᠬᠠᠳᠠᠭᠴᠢ ᠪᠦᠯᠦᠭ ᠡᠷᠬᠡ ᠣᠯᠭᠤᠭᠰᠠᠨ ᠠᠵᠤ ᠠᠬᠤᠶᠢᠯᠠᠯ ᠪᠣᠯᠤᠭᠰᠠᠨ ︽ᠰᠢᠦᠢ ᠢ ᠦᠬᠡᠷ ᠤᠨ ᠮᠢᠬ᠎ᠠ︾ ᠨᠢ ᠲᠤᠬᠠᠢ ᠶᠢᠨ ᠵᠢᠯ ᠳᠤ | ᠳᠠᠷᠤᠢ ᠤᠮᠠᠷᠠᠲᠤ ᠲᠠᠩᠭᠢᠰ ᠤᠨ ᠬᠥᠯᠭᠡ ᠣᠩᠭᠤᠴᠠᠲᠤ ᠠᠩᠭᠢ ᠳᠤ ᠠᠮᠵᠢᠯᠲᠠ ᠲᠠᠢ ᠪᠠᠷ ᠭᠠᠷᠴᠤ᠂ ᠣᠷᠳᠣ ᠬᠤᠭᠤᠴᠠᠭᠠᠨ ᠤ ᠪᠠᠷᠠᠭ᠎ᠠ ᠬᠠᠩᠭᠠᠬᠤ ᠭᠡᠷ᠎ᠡ ᠲᠣᠭᠲᠠᠪᠠ︔ | ᠠᠳᠠᠯᠢ ᠨᠢᠭᠡ ᠪᠦᠯᠦᠭ ᠡᠷᠬᠡ ᠣᠯᠣᠭᠰᠠᠨ ︽ ᠰᠠᠨ ᠫᠠᠩ ᠳ᠋ᠠᠨ ᠨᠠᠷᠠᠨ ᠬᠤᠸᠠᠷ ᠤᠨ ᠦᠷ᠎ᠡ︾ ᠨᠢ ᠠᠷᠪᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠠᠯᠲᠠᠨ ᠱᠠᠩᠨᠠᠯ ᠢ ᠠᠪᠴᠤ᠂ 2022 ᠣᠨ ᠤ ᠡᠴᠦᠰ ᠪᠣᠯᠲᠠᠯ᠎ᠠ᠂ ᠭᠤᠷᠪᠠᠨ ᠲᠠᠷᠭᠤᠨ ᠥᠨᠳᠡᠭᠡ ᠶᠢᠨ | ᠤᠤᠯ ᠠᠮᠲᠠ ᠶᠢᠨ ᠭᠤᠸ᠎ᠠ ᠶᠢᠨ ᠦᠷ᠎ᠡ ᠶᠢ ᠳᠠᠬᠢᠨ ᠬᠤᠳᠠᠯᠳᠤᠨ ᠠᠪᠤᠭᠰᠠᠨ ᠨᠣᠷᠮ᠎ᠠ 85% ᠶᠢ ᠳᠠᠪᠠᠵᠤ᠂ ᠰᠠᠶᠢᠨ ᠦᠨᠡᠯᠡᠯᠲᠡ ᠶᠢᠨ ᠨᠣᠷᠮ᠎ᠠ 99% ᠬᠦᠷᠴᠦ᠂ 8 ᠵᠢᠯ | ᠳᠠᠷᠠᠭᠠᠯᠠᠨ ᠳᠤᠮᠳᠠᠳᠤ ᠤᠯᠤᠰ ᠤᠨ ᠤᠤᠯ ᠠᠮᠲᠠ ᠶᠢᠨ ᠭᠤᠸ᠎ᠠ ᠶᠢᠨ ᠦᠷ᠎ᠡ ᠶᠢᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠮᠵᠢᠶ᠎ᠡ ᠪᠠᠷ ᠨᠢᠭᠡᠳᠦᠭᠡᠷ ᠲᠤ ᠣᠷᠣᠪᠠ︔ | ᠾᠧᠩ ᠹᠧᠩ ᠭᠤᠯᠢᠷ᠂ ᠵᠣᠣ ᠹᠧᠩ ᠭᠤᠯᠢᠷ᠂ ︽ᠲᠡᠭᠷᠢ ᠶᠢᠨ ᠬᠡᠰᠢᠭᠲᠦ ᠪᠣᠷᠣᠳᠣᠬᠤᠢ︾ ᠨᠡᠷᠡᠮᠵᠢᠲᠦ ᠲᠦᠷᠭᠡᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠮᠡᠳᠡᠭᠳᠡᠬᠦᠶᠢᠴᠡ | ᠨᠡᠮᠡᠭᠳᠡᠪᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠨᠡᠷᠡᠮᠵᠢᠲᠦ ᠲᠦᠷᠭᠡᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠢᠯᠡᠳᠲᠡ ᠨᠡᠮᠡᠭᠳᠡᠪᠡ︔ ᠪᠣᠷᠣᠳᠣᠬᠤᠢ ᠠᠷᠢᠬᠢᠨ ᠤ | ᠦᠢᠯᠡᠰ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠪᠡ᠃ | ᠪᠦᠷᠢᠳᠬᠡᠯ ᠢ ᠦᠨᠳᠦᠰᠦᠯᠡᠪᠡᠯ᠂ 2022 ᠣᠨ ᠤ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ | ᠦᠢᠯᠡᠳᠬᠦᠨ ᠤ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠡᠶᠢᠲᠡ 4.4 ᠳ᠋ᠦᠩᠰᠢᠭᠤᠷ ᠲᠥᠭᠦᠷᠢᠭ ᠲᠤ ᠬᠦᠷᠴᠡᠢ︔ 2022 ᠣᠨ ᠤ ᠡᠴᠦᠰ ᠪᠣᠯᠲᠠᠯ᠎ᠠ᠂ ᠨᠠᠷᠠᠲᠤ | ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠵᠢᠴᠢ ᠦᠢᠯᠡᠳᠬᠦᠨ ᠤ ᠦᠨ᠎ᠡ ᠨᠢ 30% ᠠᠴᠠ ᠳᠡᠭᠡᠭᠰᠢ ᠥᠰᠴᠦ᠂ ᠪᠥᠬᠦ ᠬᠤᠲᠠ ᠶᠢᠨ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠦᠬᠦᠯᠢ ᠴᠣᠭᠴᠠ ᠶᠢᠨ ᠦᠨ᠎ᠡ ᠨᠢ 15% ᠠᠴᠠ ᠳᠡᠭᠡᠭᠰᠢ ᠥᠰᠴᠦ᠂ ᠨᠠᠷᠠᠲᠤ ᠲᠥᠷᠥᠯ ᠲᠡᠮᠳᠡᠭᠲᠦ ᠶᠢᠨ ᠥᠷᠲᠡᠭ ᠨᠢ | 260 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ | ᠪᠠᠶᠠᠨᠨᠠᠭᠤᠷ ᠠᠴᠠ ᠦᠰᠦᠷᠦᠨ ᠭᠠᠷᠴᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢ ᠥᠩᠭᠡᠶᠢᠵᠦ ᠬᠠᠷᠠᠨ᠎ᠠ᠃ 5 ᠵᠢᠯ ᠤᠨ ᠲᠤᠷᠰᠢ᠂ ︽ᠲᠡᠭᠷᠢ ᠶᠢᠨ ᠬᠡᠰᠢᠭᠲᠦ | ᠪᠣᠷᠣᠳᠣᠬᠤᠢ︾ ᠨᠢ ᠤᠷᠢᠳ ᠬᠤᠵᠢᠳ ︽2020 ᠣᠨ ᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠤ ᠢᠯᠡᠳᠬᠡᠭᠴᠢ ᠶᠢᠨ ᠵᠢᠭᠰᠠᠭᠠᠯᠲᠠ ᠶᠢᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠨᠡᠷᠡᠰ ᠤᠨ | ᠵᠢᠭᠰᠠᠭᠠᠯᠲᠠ ᠶᠢᠨ ᠨᠢᠭᠡᠳᠦᠭᠡᠷ ᠲᠤ ᠣᠷᠣᠵᠤ᠂ 2021 ᠣᠨ ᠤ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠤ ᠢᠯᠡᠳᠬᠡᠭᠴᠢ ᠶᠢᠨ ᠲᠤᠰᠬᠠᠢ ᠣᠷᠣᠨ ᠬᠤᠲᠠ ᠶᠢᠨ ᠲᠠᠰ ᠤᠨ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ | ᠨᠠᠷᠠᠲᠤ ᠲᠥᠷᠥᠯ ᠲᠡᠮᠳᠡᠭᠲᠦ ᠶᠢᠨ ᠠᠷᠪᠠᠨ ᠵᠢᠯ · ᠭᠠᠷᠮᠠᠭᠠᠢ ᠨᠥᠯᠥᠭᠡᠯᠡᠬᠦ ᠬᠦᠴᠦᠨ ᠤ ᠨᠠᠷᠠᠲᠤ ᠲᠥᠷᠥᠯ ᠲᠡᠮᠳᠡᠭᠲᠦ︾ ᠵᠡᠷᠭᠡ 21 ᠵᠦᠢᠯ ᠤᠨ ᠲᠠᠷᠢᠶᠠᠯᠠᠩ ᠤᠨ | ᠬᠦᠷᠢᠶᠡᠨ ᠳᠠᠬᠢ ᠪᠥᠬᠦ ᠤᠯᠤᠰ ᠤᠨ ᠴᠢᠨᠠᠷᠲᠠᠢ ᠲᠣᠮᠣ ᠱᠠᠩᠨᠠᠯ ᠢ ᠭᠥᠷᠳᠡᠵᠦ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠤ ᠵᠢᠭᠠᠯᠲᠠ ᠲᠤᠭ᠎ᠠ 919.45᠂ | ᠨᠠᠷᠠᠲᠤ ᠲᠥᠷᠥᠯ ᠲᠡᠮᠳᠡᠭᠲᠦ ᠶᠢᠨ ᠬᠦᠴᠦᠯᠡᠴᠡ 800᠂ 2022 ᠣᠨ ᠳᠤ ᠨᠠᠷᠠᠲᠤ ᠲᠥᠷᠥᠯ ᠲᠡᠮᠳᠡᠭᠲᠦ ᠶᠢᠨ ᠥᠷᠲᠡᠭ 260.18 ᠳ᠋ᠦᠩᠰᠢᠭᠤᠷ ᠲᠥᠭᠦᠷᠢᠭ ᠲᠤ | ᠬᠥᠷᠪᠡ᠃ | | | | | |