ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠢᠷᠡᠭᠡᠳᠦᠢ  ᠬᠦᠰᠡᠯ ᠡᠷᠡᠮᠡᠯᠵᠡᠯ ᠲᠠᠢ
ᠨᠡᠶᠢᠲᠡᠯᠡᠭᠰᠡᠨ ᠴᠠᠭ᠄
2023/12/20
      ᠵᠠᠩ ᠸᠠᠩ ᠪᠣᠯᠣᠨ ᠸᠠᠨ ᠹᠧᠩ ᠤᠨ ᠬᠤᠪᠢᠶᠠᠯᠴᠠᠭᠰᠠᠨ ᠠᠴᠠ ᠦᠵᠡᠬᠦ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠬᠥᠭᠵᠢᠭᠡᠳ ᠥᠨᠥᠳᠥᠷ ᠪᠣᠯᠬᠤ ᠳᠤ᠂ ᠡᠨᠡ 5 ᠵᠢᠯ ᠤᠨ ᠲᠤᠷᠰᠢ ᠣᠯᠣᠭᠰᠠᠨ ᠠᠮᠵᠢᠯᠲᠠ ᠪᠦᠲᠦᠮᠵᠢ ᠪᠣᠯ ᠨᠠᠷᠠᠲᠤ ᠲᠡᠮᠳᠡᠭ ᠤᠨ ᠬᠦᠴᠦᠨ ᠴᠢᠳᠠᠯ ᠮᠥᠨ᠂ ᠨᠠᠩ ᠴᠤ ᠪᠠᠶᠠᠨᠨᠠᠭᠤᠷᠴᠤᠳ ᠤᠨ ᠣᠮᠣᠭᠰᠢᠯ ᠮᠥᠨ︕ ᠭᠡᠳᠡᠭ ᠪᠣᠯ ᠵᠠᠩ ᠸᠠᠩ ᠪᠣᠯᠣᠨ ᠸᠠᠨ ᠹᠧᠩ ᠤᠨ ᠬᠤᠪᠢᠶᠠᠯᠴᠠᠨ ᠡᠳ᠋ᠯᠡᠭᠰᠡᠨ ᠠᠴᠠ ᠦᠵᠡᠬᠦ ᠳᠤ ᠪᠡᠷᠬᠡ ᠶᠠᠪᠤᠳᠠᠯ ᠪᠢᠰᠢ᠂ ᠡᠨᠡ  ᠨᠢ ᠨᠠᠷᠠᠲᠤ ᠲᠡᠮᠳᠡᠭ ᠤᠨ ᠬᠦᠴᠦᠨ ᠴᠢᠳᠠᠯ ᠮᠥᠨ᠂ ᠨᠠᠩ ᠴᠤ ᠪᠠᠶᠠᠨᠨᠠᠭᠤᠷᠴᠤᠳ ᠤᠨ ᠣᠮᠣᠭᠰᠢᠯ ᠮᠥᠨ᠃       ᠵᠠᠩ ᠸᠠᠩ ᠶᠠᠷᠢᠶᠠᠨ ᠤ ᠪᠠᠨ ᠡᠴᠦᠰ ᠲᠤ ᠬᠡᠯᠡᠭᠰᠡᠨ ᠨᠢ᠄ ︽ᠢᠷᠡᠭᠡᠳᠦᠢ  ᠪᠠᠨ  ᠪᠠᠷᠠᠯᠠᠬᠤᠶ᠎ᠠ᠂  ᠥᠪᠥᠷ  ᠮᠣᠩᠭᠤᠯ  ᠤᠨ  ᠪᠠᠶᠠᠨ  ᠨᠣᠭᠤᠭᠠᠨ  ᠠᠵᠤ  ᠦᠢᠯᠡᠰ  ᠤᠨ ︵ᠪᠦᠯᠦᠭᠯᠡᠯ︶ ᠬᠢᠵᠠᠭᠠᠷᠲᠤ ᠺᠣᠮᠫᠠᠨᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︿ᠲᠡᠭᠷᠢ ᠶᠢᠨ ᠬᠡᠰᠢᠭᠲᠦ ᠪᠣᠷᠣᠳᠣᠬᠤᠢ ﹀ ᠶᠢᠨ ᠨᠠᠷᠠᠲᠤ ᠲᠥᠷᠥᠯ ᠲᠡᠮᠳᠡᠭᠲᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ︿ᠶᠢᠰᠦᠨ ᠶᠡᠭᠡ ᠢᠨᠵᠧᠨᠧᠷᠢᠩ﹀ ᠢ ᠪᠦᠲᠦᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ︾ ᠭᠡᠵᠡᠢ᠃       ᠸᠠᠨ ᠹᠧᠩ ᠪᠠᠰᠠ ᠶᠠᠷᠢᠶᠠᠨ ᠤ ᠪᠠᠨ ᠡᠴᠦᠰ ᠲᠤ ᠶᠠᠷᠢᠬᠤ ᠳᠠᠭᠠᠨ᠄ ︽︿ᠲᠡᠭᠷᠢ ᠶᠢᠨ ᠬᠡᠰᠢᠭᠲᠦ ᠪᠣᠷᠣᠳᠣᠬᠤᠢ﹀ ᠶᠢᠨ ᠲᠦᠷᠦᠯ ᠲᠡᠮᠳᠡᠭ ᠢ ᠠᠮᠵᠢᠯᠲᠠ ᠲᠠᠢ ᠡᠭᠦᠳᠦᠭᠰᠡᠨ ᠨᠢ ᠪᠠᠶᠠᠨᠨᠠᠭᠤᠷᠴᠤᠳ ᠤᠨ ᠤᠶᠤᠨ ᠤᠬᠠᠭᠠᠨ ᠢ ᠰᠢᠩᠭᠡᠭᠡᠭᠰᠡᠨ ᠢᠶᠠᠷ ᠪᠠᠷᠠᠬᠤ ᠦᠭᠡᠢ᠂ ᠨᠡᠩ ᠴᠤ ᠪᠠᠶᠠᠨᠨᠠᠭᠤᠷᠴᠤᠳ ᠤᠨ ᠭᠦᠨ ᠵᠤᠵᠠᠭᠠᠨ ᠨᠤᠲᠤᠭ ᠤᠨ ᠰᠡᠳᠬᠢᠯᠭᠡ ᠪᠠ ᠣᠮᠤᠭ ᠪᠠᠭ᠋ᠠᠳᠤᠯᠲᠤ ᠳᠠᠭᠤᠤ ᠶᠢ ᠳᠠᠭᠤᠯᠠᠭᠰᠠᠨ ᠪᠠᠶᠢᠨ᠎ᠠ᠃ ᠪᠠᠶᠠᠨᠨᠠᠭᠤᠷ ᠤᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠡᠭᠦᠷᠭᠡ ᠶᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ  ᠠᠶᠠᠨ  ᠵᠠᠮ  ᠳᠤ᠂ ᠥᠪᠡᠷᠮᠢᠴᠡ  ᠵᠠᠩ  ᠠᠪᠤᠷᠢ  ᠪᠣᠯᠣᠨ  ᠦᠢᠯᠡᠳᠦᠯ  ᠢᠶᠠᠨ  ᠪᠠᠳᠠᠷᠠᠭᠤᠯᠵᠤ᠂ ᠡᠷᠲᠡᠨ ᠤ ᠪᠣᠷᠣᠳᠣᠬᠤᠢ ᠶᠢᠨ ᠡᠬᠡ ᠭᠠᠵᠠᠷ ᠢ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠵᠠᠢ︾ ᠭᠡᠵᠦ ᠬᠡᠯᠡᠪᠡ᠃       ︽ᠠᠷᠪᠠᠨ ᠵᠢᠯ ᠳᠤ ᠠᠵᠤ ᠠᠬᠤᠶᠢᠯᠠᠯ ᠢ ᠪᠣᠶ ᠪᠣᠯᠭᠠᠵᠤ᠂ ᠵᠠᠭᠤᠨ ᠵᠢᠯ ᠳᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ︾ ᠨᠠᠷᠠᠲᠤ ᠲᠡᠮᠳᠡᠭ ᠪᠣᠯ ᠲᠠᠷᠢᠶᠠᠯᠠᠩ ᠤᠨ ᠥᠷᠢᠰᠦᠯᠳᠦᠬᠦ ᠬᠦᠴᠦᠨ ᠤ ᠭᠤᠣᠯ ᠪᠡᠯᠭᠡ ᠲᠡᠮᠳᠡᠭ ᠮᠥᠨ᠂ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠴᠢᠬᠤᠯᠠ ᠬᠥᠳᠡᠯᠭᠡᠭᠦᠷ ᠮᠥᠨ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠶᠢᠨ ᠲᠦᠰᠢᠭ ᠲᠤᠯᠭᠠᠭᠤᠷᠢ ᠮᠥᠨ᠃       ︽ᠬᠠᠭᠠᠰ ᠠᠯᠬᠤᠮ  ᠢ ᠬᠤᠷᠠᠮᠳᠤᠭᠤᠯᠬᠤ ᠦᠭᠡᠢ ᠪᠣᠯ ᠮᠢᠩᠭᠠᠨ ᠭᠠᠵᠠᠷ ᠬᠦᠷᠴᠦ ᠴᠢᠳᠠᠬᠤ ᠦᠭᠡᠢ ︔ ᠵᠢᠵᠢᠭ ᠤᠷᠤᠰᠬᠠᠯ  ᠢ ᠬᠤᠷᠠᠮᠳᠤᠭᠤᠯᠬᠤ ᠦᠭᠡᠢ ᠪᠣᠯ ᠮᠥᠷᠡᠨ ᠲᠠᠩᠭᠢᠰ ᠪᠣᠯᠵᠤ ᠴᠢᠳᠠᠬᠤ ᠦᠭᠡᠢ᠃ ᠠᠵᠢᠨᠠᠢ ᠬᠦᠯᠦᠭ ᠨᠢᠭᠡ ᠦᠰᠦᠷᠬᠦ ᠳᠤ ᠠᠷᠪᠠᠨ ᠠᠯᠬᠤᠮ ᠴᠤ ᠪᠠᠶᠢᠵᠤ ᠴᠢᠳᠠᠬᠤ ᠦᠭᠡᠢ︔ ᠬᠠᠱᠠᠩ ᠮᠣᠷᠢ ᠠᠷᠪᠠᠨ ᠳᠠᠪᠬᠢᠬᠤ   ᠶᠢᠨ ᠭᠠᠪᠢᠶ᠎ᠠ ᠵᠢᠳᠬᠦᠯ ᠨᠢ ᠴᠥᠬᠦᠷᠡᠯ ᠦᠭᠡᠢ᠃ ᠴᠥᠬᠦᠷᠡᠯ ᠦᠭᠡᠢ ᠤᠷᠬᠢᠪᠠᠯ ᠢᠯᠵᠢᠷᠡᠭᠰᠡᠨ ᠮᠣᠳᠣ  ᠶᠢ ᠬᠤᠭᠤᠯᠬᠤ ᠦᠭᠡᠢ︔  ᠴᠥᠬᠦᠷᠡᠯ ᠦᠭᠡᠢ ᠴᠢᠷᠮᠠᠶᠢᠪᠠᠯ ᠠᠯᠲᠠ ᠴᠢᠯᠠᠭᠤ  ᠶᠢ ᠰᠡᠶᠢᠯᠵᠦ ᠲᠠᠶᠢᠯᠤᠨ᠎ᠠ︾  ︽ᠲᠡᠭᠷᠢ ᠶᠢᠨ ᠬᠡᠰᠢᠭᠲᠦ ᠪᠣᠷᠣᠳᠣᠬᠤᠢ ︾ ᠶᠢᠨ ᠳᠦᠷᠢᠮ ᠤᠨ ᠰᠢᠰᠲ᠋ᠧᠮ᠂ ᠬᠠᠮᠢᠶᠠᠷᠤᠯᠲᠠ ᠶᠢᠨ ᠲᠣᠭᠲᠠᠴᠠ ᠵᠡᠷᠭᠡ ᠲᠠᠯ᠎ᠠ ᠶᠢᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ᠂ ᠨᠠᠷᠠᠲᠤ ᠲᠥᠷᠥᠯ ᠲᠡᠮᠳᠡᠭᠲᠦ ᠶᠢᠨ ᠨᠡᠷ᠎ᠡ ᠠᠯᠳᠠᠷ ᠤᠨ ᠬᠡᠮᠵᠢᠶ᠎ᠡ ᠪᠠ ᠥᠷᠢᠰᠦᠯᠳᠦᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠨᠠᠩ ᠣᠯᠠᠨ ᠠᠵᠤ ᠠᠬᠤᠶᠢᠯᠠᠯ ᠪᠠ ᠦᠢᠯᠡᠳᠬᠦᠨ ᠤ ᠭᠠᠳᠠᠭᠰᠢ ᠭᠠᠷᠬᠤ ᠶᠢ ᠳᠠᠶᠢᠴᠢᠯᠠᠨ᠂ ᠲᠣᠮᠣ ᠵᠠᠬ᠎ᠠ ᠳᠡᠯᠭᠡᠭᠦᠷ ᠢ ᠡᠵᠡᠯᠡᠬᠦ ᠨᠢ ᠯᠠᠪᠲᠠᠢ ᠶᠤᠮ ᠭᠡᠳᠡᠭ ᠢ ᠢᠲᠡᠭᠡᠵᠦ ᠪᠠᠶᠢᠨ᠎ᠠ᠃ ᠭᠡᠬᠦ ᠳᠡᠭᠡᠨ ︽ᠲᠡᠭᠷᠢ ᠶᠢᠨ ᠬᠡᠰᠢᠭᠲᠦ ᠪᠣᠷᠣᠳᠣᠬᠤᠢ ︾ ᠶᠢᠨ ᠨᠠᠷᠠᠲᠤ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠵᠠᠮ ᠨᠢ ᠴᠦ ᠯᠠᠪᠲᠠᠢ ᠦᠷᠭᠦᠯᠵᠢᠯᠡᠨ ᠤᠷᠤᠭᠰᠢᠯᠠᠵᠤ᠂ ᠥᠨᠢ ᠡᠭᠦᠷᠢᠳᠡ ᠦᠰᠦᠨ ᠪᠣᠶᠢᠵᠢᠵᠤ᠂ ᠳᠡᠯᠡᠬᠡᠢ ᠨᠡᠶᠢᠲᠡ ᠪᠠᠷ ᠢᠶᠠᠨ ᠬᠠᠮᠲᠤ ᠪᠠᠷ ᠡᠳ᠋ᠯᠡᠬᠦ ᠪᠣᠯᠣᠨ᠎ᠠ︕ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ