ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠷᠢᠶᠠᠯᠠᠩ ᠤᠨ ᠲᠠᠷᠢᠮᠠᠯ ᠤᠨ ᠨᠥᠬᠦᠪᠦᠷᠢ ᠣᠯᠭᠤᠬᠤ ᠠᠵᠢᠯ ᠢ | ᠲᠠᠰᠤᠷᠠᠯᠲᠠ ᠦᠭᠡᠢ ᠴᠢᠩᠭᠠᠳᠬᠠᠵᠤ᠂ 11 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠪᠠᠷ ᠢᠶᠠᠨ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠦᠢᠯᠡᠳᠪᠦᠷᠢᠯᠡᠭᠴᠢᠳ ᠲᠤ 28498 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠠᠰᠢᠭ ᠣᠷᠣᠯᠭ᠎ᠠ ᠶᠢ | ᠪᠠᠲᠤᠯᠠᠬᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠤᠷᠮᠠᠰᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | | ᠡᠭᠦᠨ ᠳᠤ᠄ ᠡᠷᠳᠡᠨᠢ ᠰᠢᠰᠢ ᠶᠢᠨ ᠨᠥᠬᠦᠪᠦᠷᠢ 21409.44 ᠲᠦᠮᠡᠨ ᠲᠥᠭᠦᠷᠢᠭ ᠲᠠᠷᠬᠠᠭᠠᠵᠤ᠂ ᠲᠠᠷᠬᠠᠭᠠᠭᠰᠠᠨ ᠲᠠᠯᠠᠪᠠᠶ 552.04 ᠲᠦᠮᠡᠨ ᠮᠦ ᠳᠤ | ᠬᠦᠷᠴᠦ᠂ 154011 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ︔ ᠰᠢᠷ᠎ᠠ ᠪᠤᠷᠴᠠᠭ ᠳᠠᠷᠢᠬᠤ ᠨᠥᠬᠦᠪᠦᠷᠢ ᠶᠢ 6778.77 ᠲᠦᠮᠡᠨ ᠲᠥᠭᠦᠷᠢᠭ | ᠲᠠᠷᠬᠠᠭᠠᠵᠤ᠂ 12.69 ᠲᠦᠮᠡᠨ ᠮᠦ ᠲᠠᠷᠬᠠᠭᠠᠵᠤ᠂ 5879 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ︔ ᠲᠥᠮᠥᠰᠥ ᠳᠠᠷᠢᠬᠤ ᠨᠥᠬᠦᠪᠦᠷᠢ ᠶᠢ 309.79 | ᠲᠦᠮᠡᠨ ᠲᠥᠭᠦᠷᠢᠭ ᠲᠠᠷᠬᠠᠭᠠᠵᠤ᠂ 4.82 ᠲᠦᠮᠡᠨ ᠮᠦ ᠲᠠᠷᠬᠠᠭᠠᠵᠤ᠂ 939 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃ | | | |