ᠮᠠᠨ ᠤ ᠬᠤᠲᠠ 42586 ᠡᠷᠦᠬᠡ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠶᠢᠨ ᠤᠭᠰᠠᠷᠠᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/12/20
      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠬᠤᠲᠠ ᠶᠢᠨ 42586 ᠡᠷᠦᠬᠡ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠶᠢ ᠤᠭᠰᠠᠷᠠᠬᠤ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠪᠡ᠃       ᠡᠨᠡ ᠵᠢᠯ᠂ ᠮᠠᠨ ᠤ ᠬᠤᠲᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠢᠳᠡᠪᠬᠢᠲᠡᠢ ᠠᠬᠢᠭᠤᠯᠵᠤ᠂ ᠠᠷᠠᠳ ᠣᠯᠠᠨ ᠤ ᠰᠡᠳᠬᠢᠯ ᠢ ᠳᠤᠯᠠᠭᠠᠴᠠᠭᠤᠯᠤᠨ᠎ᠠ᠃ ︽ᠳᠤᠯᠠᠭᠠᠨ ᠨᠡᠭᠦᠷᠡᠰᠦ︾ ᠲᠠᠷᠬᠠᠭᠠᠬᠤ ᠲᠠᠯ᠎ᠠ ᠪᠠᠷ᠂ ᠮᠠᠨ ᠤ ᠬᠤᠲᠠ ᠣᠯᠠᠨ ᠲᠦᠮᠡᠨ ᠤ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠰᠡᠨ ᠰᠠᠭᠤᠷᠢᠨ ᠳᠡᠭᠡᠷ᠎ᠡ᠂ ᠣᠷᠳᠣᠰ ᠬᠤᠲᠠ ᠶᠢᠨ 7 ᠨᠡᠭᠦᠷᠡᠰᠦᠨ ᠠᠭᠤᠷᠬᠠᠢ ᠲᠠᠢ ᠨᠡᠭᠦᠷᠡᠰᠦ ᠬᠠᠩᠭᠠᠬᠤ ᠶᠢ ᠪᠠᠲᠤᠯᠠᠬᠤ ᠭᠡᠷ᠎ᠡ ᠲᠣᠭᠲᠠᠪᠠ᠃ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ 10.16 ᠲᠦᠮᠡᠨ ᠡᠷᠦᠬᠡ᠂ 20.33 ᠲᠦᠮᠡᠨ ᠲᠣᠨ ᠤ ︽ᠬᠠᠩᠭᠠᠯᠭ᠎ᠠ ᠶᠢ ᠪᠠᠲᠤᠯᠠᠬᠤ ᠨᠡᠭᠦᠷᠡᠰᠦ︾ ᠶᠢ ᠵᠥᠭᠡᠭᠡᠪᠦᠷᠢᠯᠡᠬᠦ ᠪᠠ ᠲᠣᠮᠢᠯᠠᠨ ᠬᠦᠷᠭᠡᠬᠦ ᠠᠵᠢᠯ ᠢ ᠪᠡᠶᠡᠯᠡᠭᠦᠯᠪᠡ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠠᠯ᠎ᠠ ᠪᠠᠷ᠂ ᠡᠨᠡ ᠵᠢᠯ ᠪᠥᠬᠦ ᠬᠤᠲᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠡᠭᠦᠷᠭᠡ ᠨᠡᠶᠢᠲᠡ 42586 ᠡᠷᠦᠬᠡ ᠪᠠᠶᠢᠵᠤ᠂ ᠣᠲᠣ ᠪᠣᠯᠲᠠᠯ᠎ᠠ᠂ ᠲᠣᠨᠤᠭ ᠲᠥᠬᠦᠭᠡᠷᠦᠮᠵᠢ ᠤᠭᠰᠠᠷᠠᠬᠤ ᠡᠭᠦᠷᠭᠡ ᠶᠢ ᠨᠢᠭᠡᠨᠲᠡ ᠪᠦᠬᠦᠨ ᠢ ᠪᠡᠶᠡᠯᠡᠭᠦᠯᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ