ᠡᠨᠡ ᠵᠢᠯ ᠮᠠᠨ ᠤ ᠬᠤᠲᠠ ᠨᠤᠷᠠᠬᠤ ᠠᠶᠤᠯᠲᠠᠢ 348 ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2023/12/20
      ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠬᠤᠲᠠ ᠶᠢᠨ ᠡᠨᠡ ᠵᠢᠯ ᠤᠨ 348 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠨᠢᠭᠡᠨᠲᠡ ᠪᠦᠬᠦᠨ ᠢ ᠳᠠᠭᠤᠰᠬᠠᠪᠠ᠃       ᠣᠶᠢᠯᠠᠭᠠᠭᠰᠠᠨ ᠢᠶᠠᠷ᠂ 2023 ᠣᠨ ᠳᠤ ᠪᠥᠬᠦ ᠬᠤᠲᠠ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠡᠭᠦᠷᠭᠡ 348 ᠡᠷᠦᠬᠡ ᠪᠠᠶᠢᠵᠤ᠂ ᠡᠭᠦᠨ ᠳᠤ ᠯᠢᠨ ᠾᠧ ᠲᠣᠭᠤᠷᠢᠭ ᠤᠨ 67 ᠡᠷᠦᠬᠡ᠂ ᠦᠶᠤᠸᠠᠨ ᠰᠢᠶᠠᠨ ᠤ 128 ᠡᠷᠦᠬᠡ᠂ ᠳ᠋ᠧᠩᠺᠸᠤ ᠰᠢᠶᠠᠨ ᠤ 32 ᠡᠷᠦᠬᠡ᠂ ᠬᠠᠩᠭᠢᠨ ᠬᠤᠶᠢᠲᠤ ᠬᠤᠰᠢᠭᠤᠨ ᠤ 32 ᠡᠷᠦᠬᠡ᠂ ᠤᠷᠠᠳ ᠤᠨ ᠡᠮᠦᠨᠡᠲᠦ ᠬᠤᠰᠢᠭᠤᠨ ᠤ 56 ᠡᠷᠦᠬᠡ᠂ ᠤᠷᠠᠳ ᠤᠨ ᠳᠤᠮᠳᠠᠳᠤ ᠬᠤᠰᠢᠭᠤᠨ ᠤ 29 ᠡᠷᠦᠬᠡ᠂ ᠤᠷᠠᠳ ᠤᠨ ᠬᠤᠶᠢᠲᠤ ᠬᠤᠰᠢᠭᠤᠨ ᠤ 4 ᠡᠷᠦᠬᠡ ᠪᠠᠶᠢᠵᠤ᠂ ᠣᠲᠣ ᠨᠢᠭᠡᠨᠲᠡ ᠪᠥᠬᠦ ᠲᠠᠯ᠎ᠠ ᠪᠠᠷ ᠠᠵᠢᠯ ᠢᠶᠠᠨ ᠳᠠᠭᠤᠰᠬᠠᠵᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ