︽ᠣᠶᠢᠷ᠎ᠠ ᠶᠢᠨ ᠬᠤᠭᠤᠴᠠᠭᠠᠨ ᠳᠤ ᠶᠠᠮᠠᠷ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠬᠤ ᠪᠣᠶ︖ ᠰᠢᠨ᠎ᠡ ᠵᠢᠯ ᠤᠨ ᠳᠠᠷᠠᠭ᠎ᠠ ᠬᠠᠮᠢᠭ᠎ᠠ ᠠᠴᠠ | ᠠᠷᠠᠯᠵᠢᠶᠠᠴᠢᠨ ᠤᠷᠢᠬᠤ ᠪᠠᠷ ᠪᠣᠶ︖ ᠁︾ ᠭᠡᠵᠦ ᠴᠠᠭᠠᠨ ᠰᠠᠷ᠎ᠠ ᠶᠢᠨ ᠬᠤᠭᠤᠴᠠᠭᠠᠨ ᠳᠤ᠂ ᠤᠷᠠᠳ ᠤᠨ ᠳᠤᠮᠳᠠᠳᠤ ᠬᠤᠰᠢᠭᠤᠨ ᠤ ᠺᠠᠳ᠋ᠷ ᠠᠵᠢᠯᠳᠠᠳ ᠤᠨ | ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠶᠠᠪᠤᠳᠠᠯ ᠪᠣᠯ ᠮᠥᠨ ᠯᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠬᠢᠬᠦ ᠶᠠᠪᠤᠳᠠᠯ ᠪᠣᠯᠬᠤ ᠶᠤᠮ᠃ ᠺᠠᠳ᠋ᠷ ᠠᠵᠢᠯᠳᠠᠳ ᠤᠨ ᠣᠶᠢᠯᠠᠭᠠᠭᠳᠠᠬᠤᠨ᠂ ᠰᠡᠳᠬᠢᠴᠡ᠂ ᠡᠷᠴᠢ ᠵᠣᠷᠢᠭ ᠨᠢ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠦᠷ᠎ᠡ ᠪᠦᠲᠦᠭᠡᠯ ᠲᠡᠭᠡᠷ᠎ᠡ ᠰᠢᠭᠤᠳ ᠢᠯᠡᠷᠡᠵᠦ ᠪᠣᠶ᠄ 2022 ᠣᠨ ᠳᠤ᠂ ᠤᠷᠠᠳ ᠤᠨ ᠳᠤᠮᠳᠠᠳᠤ ᠬᠤᠰᠢᠭᠤᠨ ᠤ ᠪᠥᠬᠦ ᠵᠢᠯ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠨᠢ 38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ 29.7% ᠪᠠᠷ ᠨᠡᠮᠡᠭᠳᠡᠪᠡ︔ | ᠬᠤᠸᠠ ᠴᠢ ᠰᠢᠨ᠎ᠡ ᠡᠨᠧᠷᠭᠢ ᠶᠢᠨ 10 ᠲᠦᠮᠡᠨ ᠲᠣᠨ ᠳ᠋ᠢᠶᠠᠨ ᡂᠢ ᠶᠢᠨ ᠰᠦᠭᠡᠷᠬᠦ ᠲᠦᠢᠯ ᠤᠨ ᠮᠠᠲ᠋ᠧᠷᠢᠶᠠᠯ ᠢ ᠠᠮᠵᠢᠯᠲᠠ ᠲᠠᠢ ᠪᠠᠷ ᠣᠷᠣᠭᠤᠯᠤᠨ᠂ ᠰᠠᠨ ᠢ | ᠵᠦᠩ ᠨᠧᠩ ᠤᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠡᠨᠧᠷᠬᠢ᠂ ᠨᠠᠷᠠᠨ ᠤ ᠢᠯᠴᠢ ᠶᠢᠨ ᠡᠨᠧᠷᠬᠢ᠂ ᠤᠰᠤᠲᠥ᠋ᠷᠥᠭᠴᠢ ᠡᠨᠧᠷᠬᠢ᠂ ᠰᠢᠪᠳᠤᠷ | ᠡᠨᠧᠷᠬᠢ ᠶᠢ ᠨᠢᠭᠡ ᠴᠣᠭᠴᠠᠵᠢᠭᠤᠯᠬᠤ᠂ ᠵᠥᠩ ᠨᠧᠩ ᠵᠢᠶᠠᠨ 26 ᠲᠦᠮᠡᠨ ᠺᠢᠯᠣᠸᠠᠲ ᠤᠨ ᠤᠰᠤᠲᠥ᠋ᠷᠥᠭᠴᠢ ᠦᠢᠯᠡᠳᠬᠦ᠂ ᠰᠢᠪᠲᠦᠷ ᠦᠢᠯᠡᠳᠬᠦ ᠶᠢᠨ | ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ᠂ ᠵᠦᠩ ᠭᠤᠸᠠᠩ ᠾᠧ 12 ᠲᠦᠮᠡᠨ ᠺᠢᠯᠣᠸᠠᠲ ᠤᠨ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠪᠣᠬᠢᠷᠳᠤᠯ ᠦᠭᠡᠢ | ᠴᠠᠬᠢᠯᠭᠠᠨ ᠬᠠᠩᠭᠠᠬᠤ᠂ ᠰᠢᠶᠣᠣ ᠯᠥᠩ ᠦᠨᠳᠦᠷ ᠨᠡᠭᠦᠷᠡᠰᠦᠳᠦ᠋ᠷᠦᠭᠴᠢᠲᠦ ᠾᠷᠤᠮᠳᠤ ᠲᠡᠮᠦᠷ᠂ ᠵᠦᠩ ᠭᠠᠨ ᠪᠠᠷᠠᠭᠠᠨ ᠤ ᠭᠦᠢᠯᠭᠡᠭᠡ ᠶᠢᠨ ᠪᠦᠭᠡᠮ ᠢᠶᠠᠷ | ᠬᠠᠶᠢᠷᠴᠠᠭᠯᠠᠬᠤ ᠭᠠᠵᠠᠷ᠂ ᠵᠦᠩ ᠷᠦᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠠᠢ᠂ ᠵᠦᠩ ᠬᠤᠢ AGV ᠶᠢᠨ ᠵᠢᠯᠣᠭᠤᠴᠢ ᠦᠭᠡᠢ ᠣᠶᠤᠨᠲᠤ ᠪᠠᠷ | ᠪᠣᠭᠤᠮᠲᠠ ᠥᠩᠭᠡᠷᠡᠬᠦ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠵᠤ᠂ | 140 ᠲᠦᠮᠡᠨ ᠲᠣᠨ ᠤ ᠬᠡᠷᠡᠯ ᠸᠣᠯᠲ ᠤᠨ ᠰᠢᠯ ᠵᠡᠷᠭᠡ ᠨᠢᠭᠡ ᠪᠦᠯᠦᠭ ᠬᠡᠯᠬᠢᠶᠡᠵᠢᠯ ᠤᠨ ᠰᠠᠶᠢᠨ ᠲᠥᠷᠥᠯ ᠵᠦᠢᠯ ᠳᠤ ᠭᠡᠷ᠎ᠡ ᠲᠤᠭᠳᠠᠵᠤ᠂ ᠠᠵᠤ ᠠᠬᠤᠢ ᠶᠢᠨ | ᠬᠥᠭᠵᠢᠯᠲᠡ ᠶᠢᠨ ︽ᠲᠣᠭᠲᠠᠭᠤᠨ︾ ᠤ ᠰᠠᠭᠤᠷᠢ ᠨᠡᠩ ᠪᠠᠲᠤ ᠪᠠᠬᠢ ᠪᠣᠯᠵᠤ᠂ ︽ᠤᠷᠤᠭᠰᠢᠯᠠᠬᠤ︾ ᠬᠠᠨᠳᠤᠰᠢ ᠢᠯᠡᠳᠲᠡ ᠴᠢᠩᠭᠠᠷᠠᠪᠠ᠃ | ᠵᠠᠭᠤᠨ ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠨᠢᠭᠡ ᠪᠦᠯᠦᠭ ᠲᠦᠷᠦᠯ ᠵᠦᠢᠯ ᠢ ᠤᠷᠢᠨ ᠤᠷᠤᠭᠤᠯᠵᠤ᠂ ᠪᠠᠰᠠ ᠨᠢᠭᠡ | ᠪᠦᠯᠦᠭ ᠵᠠᠭᠤᠨ ᠳ᠋ᠦᠩᠰᠢᠭᠤᠷ ᠲᠥᠭᠦᠷᠢᠭ ᠤᠨ ᠲᠦᠷᠦᠯ ᠵᠦᠢᠯ ᠢ ᠪᠠᠴᠢᠮ ᠶᠠᠭᠠᠷᠠᠯᠲᠠᠢ ᠪᠠᠷ ᠲᠦᠯᠬᠢᠨ ᠤᠷᠤᠭᠰᠢᠯᠠᠭᠤᠯᠵᠤ᠂ ᠲᠦᠷᠦᠯ ᠵᠦᠢᠯ ᠰᠢᠷᠦᠬᠦᠨ ᠳᠠᠪᠠᠯᠭᠠᠨ | ᠮᠡᠲᠦ ᠢᠷᠡᠵᠤ᠂ ᠺᠠᠳ᠋ᠷ ᠠᠵᠢᠯᠳᠠᠳ ᠤᠯᠠᠮ ᠶᠠᠭᠠᠷᠠᠤ ᠪᠣᠯᠤᠭᠰᠠᠨ ᠪᠣᠯᠪᠠᠴᠤ ᠥᠩᠭᠡᠷᠡᠭᠰᠡᠨ ᠤ ᠬᠢ ᠠᠴᠠ ᠪᠠᠨ ᠨᠡᠩ ᠠᠵᠢᠯᠴᠢ᠂ ᠨᠡᠩ ᠢᠳᠡ ᠬᠦᠴᠦᠨ ᠲᠠᠢ ᠪᠣᠯᠵᠤ᠂ | ᠥᠩᠭᠡᠷᠡᠭᠰᠡᠨ ᠤ ᠠᠷᠠᠯᠵᠢᠶᠠᠴᠢᠨ ᠤᠷᠢᠬᠤ ᠳᠤ ᠬᠦᠴᠢᠷᠲᠡᠢ᠂ ᠪᠡᠯᠡ ᠣᠷᠣᠭᠤᠯᠬᠤ ᠳᠤ ᠲᠦᠪᠡᠭ ᠲᠠᠢ ᠪᠠᠶᠢᠭᠰᠠᠨ ᠠᠰᠠᠭᠤᠳᠠᠯ ᠢᠯᠡ ᠲᠣᠳᠣ ᠬᠠᠷᠢᠴᠠᠭᠤᠯᠤᠯ ᠲᠠᠢ | ᠪᠣᠯᠤᠭᠰᠠᠨ ᠪᠠᠶᠢᠨ᠎ᠠ᠃ ᠬᠤᠪᠢᠷᠠᠯᠲᠠ ᠬᠠᠮᠢᠭ᠎ᠠ ᠠᠴᠠ ᠢᠷᠡᠳᠡᠭ ᠪᠤᠢ︖ ᠰᠤᠷᠪᠤᠯᠵᠢᠯᠠᠭᠴᠢ ᠣᠶᠢᠷ᠎ᠠ ᠶᠢᠨ ᠡᠳᠦᠷ ᠤᠷᠠᠳ ᠤᠨ ᠳᠤᠮᠳᠠᠳᠤ ᠬᠤᠰᠢᠭᠤᠨ ᠤ ᠨᠠᠮ ᠤᠨ | ᠬᠤᠷᠢᠶᠠᠨ ᠤ ᠱᠦᠵᠢ ᠼᠦᠢ ᠵᠢᠩ ᠰᠢᠶᠠᠩ ᠢ ᠲᠤᠰᠬᠠᠶᠢᠯᠠᠨ ᠰᠤᠷᠪᠤᠯᠵᠢᠯᠠᠵᠤ᠂ ᠤᠷᠠᠳ ᠤᠨ ᠳᠤᠮᠳᠠᠳᠤ ᠬᠤᠰᠢᠭᠤᠨ ᠤ ︽ᠰᠢᠢᠳᠪᠦᠷᠢᠯᠡᠵᠦ ᠲᠡᠶᠢᠯᠬᠦ ᠰᠡᠳᠬᠢᠬᠦᠢ︾ | ᠶᠢᠨ ᠦᠢᠯᠡᠳᠦᠯᠭᠡ ᠠᠴᠠ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠤ ᠨᠢᠭᠤᠴᠠ ᠵᠤᠷ ᠢ ᠬᠠᠶᠢᠨ ᠰᠦᠪᠡᠭᠴᠢᠯᠡᠵᠡᠢ᠃ | ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠢ ᠪᠣᠯᠭᠠᠨ᠎ᠠ | ᠼᠦᠢ ᠵᠢᠩ ᠰᠢᠶᠠᠩ ᠬᠡᠯᠡᠬᠦ ᠳᠤ ᠪᠠᠨ᠂ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠶᠢ ᠪᠠᠷᠢᠮᠲᠠᠯᠠᠬᠤ ᠨᠢ ︽ᠬᠡᠷᠬᠢᠨ ᠦᠵᠡᠬᠦ︾ ᠲᠠᠨᠢᠯᠲᠠ ᠶᠢᠨ ᠣᠨᠣᠯ | ᠪᠣᠯᠬᠤ ᠮᠥᠷᠲᠡᠭᠡᠨ ᠪᠠᠰᠠ ︽ᠬᠡᠷᠬᠢᠨ ᠬᠢᠬᠦ︾ ᠠᠷᠭ᠎ᠠ ᠶᠢᠨ ᠣᠨᠣᠯ ᠮᠥᠨ᠂ ᠤᠷᠠᠳ ᠤᠨ ᠳᠤᠮᠳᠠᠳᠤ ᠬᠤᠰᠢᠭᠤ ᠪᠠᠷ ᠠᠪᠴᠤ ᠬᠡᠯᠡᠪᠡᠯ᠂ ᠤᠯᠠᠮᠵᠢᠯᠠᠯᠲᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠦᠴᠢᠷᠳᠡᠯ ᠪᠠ ᠺᠠᠳ᠋ᠷ ᠠᠵᠢᠯᠳᠠᠳ ᠤᠨ ᠭᠠᠪᠰᠢᠭᠠᠶᠢᠯᠠᠨ ᠤᠷᠤᠭᠰᠢᠯᠠᠬᠤ ᠵᠣᠷᠢᠭ ᠰᠠᠨᠠᠭ᠎ᠠ ᠬᠦᠷᠦᠯᠴᠡᠬᠦ ᠦᠭᠡᠢ | ᠪᠠᠶᠢᠳᠠᠯ ᠤᠨ ᠡᠮᠦᠨ᠎ᠡ᠂ ᠡᠩ ᠲᠡᠷᠢᠭᠦᠨ ᠳᠤ ᠬᠤᠶᠠᠷ ᠠᠰᠠᠭᠤᠳᠠᠯ ᠢ ᠲᠣᠳᠣᠷᠬᠠᠶᠢᠯᠠᠬᠤ ᠬᠡᠷᠡᠭᠲᠡᠢ᠄ ᠪᠢᠳᠡ ᠶᠠᠭᠤ ᠬᠢᠵᠦ ᠳᠡᠶᠢᠯᠬᠦ ᠪᠣᠶ︖ ᠪᠢᠳᠡ ᠶᠠᠭᠠᠬᠢᠵᠤ ᠬᠢᠪᠡᠯ | ᠵᠤᠬᠢᠬᠤ ᠪᠤᠢ︖ | ᠪᠢᠳᠡ ᠶᠠᠭᠤ ᠬᠢᠵᠦ ᠲᠡᠶᠢᠯᠬᠦ ᠪᠤᠢ︖ ᠡᠭᠦᠨ ᠤ ᠬᠠᠷᠢᠭᠤᠯᠲᠠ ᠨᠢ ᠤᠷᠠᠳ ᠤᠨ ᠳᠤᠮᠳᠠᠳᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠣᠯᠣᠨ ᠡᠬᠢ | ᠪᠠᠶᠠᠯᠢᠭ ᠤᠨ ᠳᠠᠪᠠᠭᠤᠯᠢᠭ ᠲᠤ ᠣᠷᠣᠰᠢᠵᠤ ᠪᠤᠢ᠃ ᠣᠷᠣᠨ ᠪᠠᠶᠢᠷᠢ ᠶᠢᠨ ᠲᠠᠯ᠎ᠠ ᠠᠴᠠ ᠠᠪᠴᠤ ᠬᠡᠯᠡᠪᠡᠯ᠂ ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ | ᠳᠤᠮᠳᠠᠳᠤ ᠮᠣᠩᠭᠤᠯ ᠤᠨ ᠬᠢᠯᠢ ᠪᠠᠷ ᠦᠩᠭᠡᠷᠡᠬᠦ ᠪᠠᠷᠠᠭᠠᠨ ᠤ ᠬᠡᠮᠵᠢᠶ᠎ᠡ ᠪᠠᠷ ᠬᠠᠮᠤᠭ ᠤᠨ ᠶᠡᠭᠡ ᠪᠤᠯᠬᠤ ᠵᠠᠰᠠᠮᠠᠯ ᠵᠠᠮ ᠤᠨ ᠪᠣᠭᠤᠮᠲᠠ — ᠭᠠᠭᠴᠠᠮᠣᠳᠤ ᠬᠢᠯᠢ ᠶᠢᠨ | ᠪᠣᠭᠤᠮᠲᠠ ᠪᠠᠶᠢᠵᠤ᠂ ᠵᠢᠯ ᠤᠨ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ ᠨᠢ 3000 ᠲᠦᠮᠡᠨ ᠲᠣᠨ ᠳᠤ ᠬᠦᠷᠴᠦ᠂ ᠲᠡᠷᠡᠴᠢᠯᠡᠨ ᠬᠢᠯᠢ ᠶᠢᠨ | ᠪᠣᠭᠤᠮᠲᠠ ᠶᠢᠨ ᠪᠣᠯᠪᠠᠰᠤᠷᠠᠭᠤᠯᠤᠯᠲᠠ ᠶᠢᠨ ᠲᠣᠭᠤᠷᠢᠭ ᠢ ᠢᠵᠢ ᠪᠦᠷᠢᠳᠦᠭᠦᠯᠪᠡ᠃ ᠡᠬᠢ ᠪᠠᠶᠠᠯᠢᠭ ᠤᠨ ᠲᠠᠯ᠎ᠠ ᠠᠴᠠ ᠠᠪᠴᠤ ᠬᠡᠯᠡᠪᠡᠯ᠂ ᠤᠷᠠᠳ ᠤᠨ ᠳᠤᠮᠳᠠᠳᠤ | ᠬᠤᠰᠢᠭᠤ ᠨᠢ ᠡᠬᠢ ᠪᠠᠶᠠᠯᠢᠭ ᠢᠶᠠᠷ ᠡᠯᠪᠡᠭ ᠳᠡᠯᠪᠡᠭ ᠪᠠᠶᠢᠭ᠎ᠠ ᠮᠣᠩᠭᠤᠯ ᠤᠯᠤᠰ ᠲᠠᠢ ᠬᠢᠯᠢᠯᠡᠵᠤ᠂ ᠬᠢᠯᠢ ᠶᠢᠨ ᠲᠤᠳᠤᠷ᠎ᠠ ᠥᠩᠭᠡᠲᠦ ᠲᠡᠮᠦᠷᠯᠢᠭ ᠬᠠᠷ᠎ᠠ ᠲᠡᠮᠦᠷᠯᠢᠭ | ᠦᠨᠡᠲᠦ ᠲᠡᠮᠦᠷᠯᠢᠭ ᠤᠨ ᠠᠭᠤᠷᠬᠠᠢ ᠶᠢᠨ ᠬᠠᠳᠠᠭᠠᠯᠠᠭᠳᠠᠴᠠ ᠡᠯᠪᠡᠭ ᠪᠠᠶᠠᠯᠢᠭ᠂ ᠰᠠᠯᠬᠢ ᠭᠡᠷᠡᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠬᠠᠲᠤᠨ | ᠭᠤᠣᠯ ᠤᠨ ︽ ᠵᠢᠢ︾ ᠥᠰᠥᠭ ᠤᠨ ᠤᠷᠤᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠨᠢᠭᠡ ᠨᠢ ᠪᠣᠯᠣᠨ᠎ᠠ᠃ 180 ᠲᠦᠮᠡᠨ ᠮᠦ ᠲᠠᠷᠢᠶᠠᠨ ᠭᠠᠵᠠᠷ ᠪᠠ | 3200 ᠭᠠᠷᠤᠢ ᠲᠦᠮᠡᠨ ᠮᠦ ᠪᠠᠶᠢᠭᠠᠯᠢ ᠶᠢᠨ ᠨᠤᠳᠤᠭ ᠪᠡᠯᠴᠢᠭᠡᠷ ᠲᠠᠢ ᠪᠠᠶᠢᠵᠤ᠂ ᠡᠷᠳᠡᠨᠢ ᠰᠢᠰᠢ᠂ ᠨᠡᠷᠡᠨ ᠬᠤᠸᠠᠷ ᠤᠨ ᠦᠷ᠎ᠡ᠂ ᠬᠠᠭᠤᠷᠠᠢ ᠲᠠᠷᠢᠶᠠᠨ ᠤ ᠪᠤᠭᠤᠳᠠᠢ᠂ | ᠰᠠᠭᠠᠭ ᠤᠨ ᠭᠤᠯᠢᠷ᠂ ᠦᠬᠡᠷ ᠬᠤᠨᠢᠨ ᠮᠢᠬ᠎ᠠ ᠵᠡᠷᠭᠡ ᠪᠣᠬᠢᠷᠳᠤᠯ ᠦᠭᠡᠢ ᠣᠷᠭᠠᠨᠢᠭ ᠢᠳᠡᠭᠡᠨ ᠡᠯᠪᠡᠭ ᠭᠠᠷᠳᠠᠭ ᠮᠦᠷᠲᠡᠭᠡᠨ ᠬᠤᠶᠠᠷ ᠪᠤᠭᠳᠠ ᠶᠢᠨ ᠴᠠᠭᠠᠨ | ᠨᠣᠯᠤᠥᠷ ᠤᠨ ᠢᠮᠠᠭᠠᠨ ᠤ ᠨᠤᠯᠤᠤᠷ ᠨᠢ ︽ᠵᠥᠭᠡᠯᠡᠨ ᠠᠯᠲᠠ︾ ᠭᠡᠮᠡᠭᠳᠡᠳᠡᠭ᠃ ᠣᠷᠳᠣ ᠴᠠᠭᠠᠨ ᠬᠡᠷᠡᠮ ᠤᠨ ᠪᠠᠭᠤᠷᠢ᠂ ᠮᠤᠨᠢ ᠠᠭᠤᠯᠠ ᠶᠢᠨ ᠬᠠᠲᠠᠨ ᠵᠢᠷᠤᠭ᠂ | ᠰᠦᠷᠯᠢᠭ ᠰᠠᠶᠢᠬᠠᠨ ᠲᠠᠯ᠎ᠠ ᠨᠤᠲᠤᠭ᠂ ᠬᠢᠯᠢ ᠬᠢᠵᠠᠭᠠᠷ ᠤᠨ ᠰᠣᠶᠣᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠰᠣᠩᠭᠤᠳᠠᠭ | ᠠᠷᠠᠳ ᠤᠨ ᠳᠠᠭᠤᠤ ︽ᠬᠤᠨ ᠭᠠᠯᠠᠭᠤ︾ ᠨᠢ ᠤᠷᠠᠳ ᠤᠨ ᠳᠤᠮᠳᠠᠳᠤ ᠬᠤᠰᠢᠭᠤᠨ ᠤ ᠬᠤᠯᠤᠰᠤᠲᠠᠢ ᠰᠤᠮᠤᠨ ᠠᠴᠠ ᠢᠷᠡᠯᠲᠡᠢ ᠶᠤᠮ᠃ ᠡᠭᠦᠨ ᠤ ᠬᠠᠮᠳᠤ᠂ ᠵᠠᠰᠠᠮᠠᠯ | ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠦᠴᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠲᠡᠭᠦᠯᠳᠡᠷᠵᠢᠪᠡ᠃ ᠥᠪᠡᠷᠮᠢᠴᠡ | ᠣᠨᠴᠠᠯᠢᠭ ᠲᠠᠢ ᠣᠷᠣᠨ ᠪᠠᠶᠢᠷᠢ ᠶᠢᠨ ᠳᠠᠪᠠᠭᠤᠯᠢᠭ ᠪᠣᠯᠣᠨ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠨᠢ ᠥᠷᠭᠡᠨ ᠤᠯᠠᠨ ᠺᠠᠳ᠋ᠷ ᠠᠵᠢᠯᠳᠠᠳ ᠤᠨ ︽ᠪᠢ | ᠪᠤᠰᠤᠳ ᠲᠤ ᠬᠦᠷᠬᠦ ᠦᠭᠡᠢ︾ ᠭᠡᠬᠦ ᠪᠤᠳᠤᠯ ᠢ ᠲᠠᠶᠠᠭᠳᠠᠭᠤᠯᠵᠤ᠂ ᠬᠥᠭᠵᠢᠯᠲᠡ ᠶᠢᠨ ᠢᠲᠡᠭᠡᠯ ᠢ ᠳᠠᠬᠢᠨᠲᠠ ᠪᠤᠢ ᠪᠣᠯᠭᠠᠵᠠᠢ᠄ ᠮᠠᠨ ᠤ ᠤᠷᠠᠳ ᠤᠨ ᠳᠤᠮᠳᠠᠳᠤ | ᠬᠤᠰᠢᠭᠤ ᠨᠢ ᠪᠤᠰᠤᠳ ᠠᠴᠠ ᠦᠴᠦᠬᠡᠨ ᠴᠦ ᠳᠣᠣᠷ᠎ᠠ ᠦᠭᠡᠢ ᠮᠥᠷᠲᠡᠭᠡᠨ ᠮᠠᠰᠢ ᠤᠯᠠᠨ ᠪᠤᠰᠤᠳ ᠲᠤ ᠪᠠᠶᠢᠬᠤ ᠦᠭᠡᠢ ᠳᠠᠪᠠᠭᠤᠯᠢᠭ ᠲᠠᠯ᠎ᠠ ᠲᠠᠢ ᠶᠤᠮ᠃ | ᠪᠢᠳᠡ ᠶᠠᠭᠠᠬᠢᠵᠤ ᠬᠢᠪᠡᠯ ᠵᠤᠬᠢᠬᠤ ᠪᠤᠢ︖ ᠡᠭᠦᠨ ᠤ ᠬᠠᠷᠢᠭᠤᠯᠲᠠ ᠨᠢ ︽ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ︾ ᠶᠢ ᠪᠤᠢ ᠪᠣᠯᠭᠠᠵᠤ ᠂ | ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠶᠢ ᠠᠰᠢᠭᠯᠠᠨ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠬᠦ ᠶᠠᠪᠤᠳᠠᠯ ᠪᠣᠯᠣᠨ᠎ᠠ᠃ ᠡᠭᠦᠨ ᠳᠤ᠂ | ᠤᠷᠠᠳ ᠤᠨ ᠳᠤᠮᠳᠠᠳᠤ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠲᠤᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠢᠶᠠᠨ ᠳᠠᠬᠢᠨ | ᠴᠡᠭᠴᠡᠯᠡᠭᠰᠡᠨ ᠤ ᠰᠠᠭᠤᠷᠢᠨ ᠳᠡᠭᠡᠷ᠎ᠡ᠂ ᠪᠦᠬᠦ ᠬᠤᠲᠠ᠂ ᠪᠦᠬᠦ ᠣᠷᠣᠨ᠂ ᠪᠦᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢᠨ ᠥᠨᠳᠥᠷᠴᠡ ᠳᠡᠭᠡᠷ᠎ᠡ ᠵᠣᠭᠰᠣᠵᠤ᠂ ᠤᠷᠠᠳ ᠤᠨ ᠳᠤᠮᠳᠠᠳᠤ ᠬᠤᠰᠢᠭᠤᠨ ᠤ ᠢᠷᠡᠭᠡᠳᠦᠢ ᠶᠢᠨ ᠬᠥᠭᠵᠢᠯᠲᠡ ᠳᠤ ᠳᠠᠬᠢᠨ ︽ᠲᠥᠯᠥᠪᠵᠢᠭᠦᠯᠭᠡ | ᠪᠠᠶᠢᠷᠢᠯᠠᠭᠤᠯᠤᠯᠲᠠ︾ ᠬᠢᠵᠦ᠂ ︽ᠠᠵᠤ ᠦᠢᠯᠡᠰ ᠤᠨ ᠲᠥᠯᠦᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ︾ ᠬᠤᠰᠢᠭᠤᠨ ᠤ ᠬᠡᠪᠴᠢᠶᠡᠨ ᠳᠠᠬᠢ ᠠᠵᠤ ᠠᠬᠤᠢ ᠶᠢᠨ ᠶᠡᠷᠦᠩᠬᠡᠢ ᠰᠡᠳᠬᠢᠴᠡ ᠶᠢ ᠳᠤᠷᠠᠳᠴᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾ ᠢᠶᠠᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ᠂ ᠢᠷᠠᠭᠤ ᠠᠯᠳᠠᠷ᠂ ᠲᠤᠷᠰᠢᠯᠲᠠ ᠶᠢᠨ ᠴᠡᠭ᠂ ᠪᠡᠯᠡ ᠮᠥᠩᠭᠦ ᠶᠢ | ᠲᠡᠮᠡᠴᠡᠨ ᠤᠯᠬᠤ ᠶᠢ ᠪᠡᠶᠡᠯᠡᠭᠦᠯᠬᠦ ᠪᠠᠷ ᠠᠷᠭ᠎ᠠ ᠵᠠᠮ ᠪᠣᠯᠭᠠᠵᠤ᠂ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ | ᠣᠷᠣᠨ᠂ ᠤᠯᠤᠰ ᠤᠨ ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠰᠣᠶᠣᠯ ᠪᠠ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠢᠴᠢ ᠤᠮᠠᠷᠠᠲᠤ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ᠂ ᠡᠬᠡ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠪᠥᠬᠦ ᠤᠯᠤᠰ ᠤᠨ | ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢᠨ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠪᠠᠷ ᠬᠠᠷᠠᠯᠲᠠ ᠶᠢᠨ ᠪᠠᠶᠢᠷᠢ ᠲᠣᠭᠲᠠᠭᠠᠯᠲᠠ ᠪᠣᠯᠭᠠᠭᠰᠠᠨ | ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠥᠲᠥᠯᠥᠨ ᠳᠠᠭᠠᠭᠤᠯᠬᠤ ᠠᠵᠢᠯᠯᠠᠭᠠᠨ ᠤ ᠬᠥᠲᠥᠯᠪᠦᠷᠢ ᠶᠢ ᠪᠦᠷᠢᠯᠳᠦᠭᠦᠯᠪᠡ ᠭᠡᠪᠡ᠃ | ᠬᠠᠷᠠᠯᠳᠠᠳᠤ ᠡᠭᠦᠷᠭᠡ ᠶᠢ ᠲᠣᠭᠲᠠᠭᠠᠭᠰᠠᠨ ᠨᠢ᠂ ᠤᠷᠠᠳ ᠤᠨ ᠳᠤᠮᠳᠠᠳᠤ ᠬᠤᠰᠢᠭᠤᠨ ᠤ ᠬᠥᠭᠵᠢᠯᠲᠡ ᠶᠢᠨ ᠠᠶᠠᠨ ᠤ ᠬᠡᠷᠡᠯᠳᠦ ᠴᠠᠮᠬᠠᠭ ᠢ ᠭᠡᠷᠡᠯᠲᠦᠭᠦᠯᠵᠦ᠂ | ᠺᠠᠳ᠋ᠷ ᠠᠵᠢᠯᠳᠠᠳ ᠤᠨ ︽ᠭᠠᠪᠰᠢᠭᠠᠶᠢᠯᠠᠬᠤ︾ ᠡᠷᠴᠢ ᠵᠣᠷᠢᠭ ᠢ ᠬᠥᠪᠴᠢᠯᠡᠨ᠂ ︽ᠲᠡᠮᠡᠴᠡᠬᠦ︾ ᠰᠦᠰᠦ ᠵᠣᠷᠢᠭ ᠢ ᠴᠢᠩᠳᠠᠯᠠᠵᠤ᠂ ︽ᠪᠣᠳᠠᠲᠠᠢ ︾ ᠢᠳᠡ ᠵᠣᠷᠢᠭ ᠢ | ᠲᠠᠶᠢᠴᠢᠯᠠᠭᠰᠠᠨ ᠪᠠᠶᠢᠨ᠎ᠠ᠃ ᠤᠯᠠᠨ ᠢᠶᠠᠷ ᠢᠶᠠᠨ ᠬᠦᠴᠦ ᠪᠠᠨ ᠬᠠᠮᠲᠤᠳᠬᠠᠪᠠᠰᠤ ᠲᠦᠮᠡᠨ ᠵᠦᠢᠯ ᠪᠡᠶᠡᠯᠡᠭᠳᠡᠮᠦᠢ᠂ ᠲᠦᠮᠡᠨ ᠢᠶᠠᠷ ᠢᠶᠠᠨ ᠤᠶᠤᠨ ᠤᠬᠠᠭᠠᠨ ᠢᠶᠠᠨ | ᠭᠠᠷᠭᠠᠪᠠᠰᠤ ᠠᠷᠠᠳ ᠤᠨ ᠠᠮᠢᠳᠤᠷᠠᠯ ᠰᠠᠶᠢᠵᠢᠷᠠᠮᠤᠢ᠂ ᠥᠨᠥᠳᠥᠷ ᠤᠨ ᠤᠷᠠᠳ ᠤᠨ ᠳᠤᠮᠳᠠᠳᠤ ᠬᠤᠰᠢᠭᠤ᠂ ᠠᠯᠢ ᠤᠯᠠᠨ ᠠᠵᠢᠯ ᠤᠨ ᠪᠠᠶᠢᠷᠢᠯᠠᠭᠤᠯᠤᠯᠲᠠ ᠨᠢ ᠨᠠᠷᠢᠨ | ᠨᠢᠭᠲᠠ᠂ ᠠᠯᠢ ᠤᠯᠠᠨ ᠠᠷᠭ᠎ᠠ ᠬᠡᠮᠵᠢᠶ᠎ᠡ ᠨᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠪᠠᠶᠢᠵᠤ᠂ ᠰᠠᠭᠤᠷᠢ ᠶᠢ ᠪᠠᠳᠤᠳᠬᠠᠬᠤ᠂ ᠠᠯᠤᠰ ᠬᠡᠳᠦ ᠳᠤ ᠠᠰᠢᠭᠲᠠᠢ᠂ | ᠠᠷᠠᠳ ᠤᠨ ᠠᠮᠢᠳᠤᠷᠠᠯ ᠳᠤ ᠲᠤᠰᠠ ᠲᠠᠢ ᠨᠢᠭᠡ ᠪᠦᠯᠦᠭ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠪᠦᠲᠦᠮᠵᠢᠲᠡᠢ ᠪᠡᠯᠡ | ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠳᠠᠶᠢᠴᠢᠯᠠᠬᠤ ᠶᠢᠨ ᠬᠠᠮᠲᠤ ᠠᠵᠤ ᠦᠢᠯᠡᠰ ᠤᠨ ᠰᠠᠭᠤᠷᠢ ᠶᠢ ᠲᠠᠬᠢᠨ ᠱᠤᠭᠤᠵᠤ ᠲᠠᠬᠢᠨ ᠪᠦᠲᠦᠭᠡᠬᠦ᠂ ᠠᠵᠤ | ᠦᠢᠯᠡᠰ ᠤᠨ ᠬᠡᠯᠬᠢᠶᠡᠵᠢᠯ ᠢ ᠲᠣᠭᠲᠠᠭᠤᠨ ᠢᠶᠠᠷ ᠤᠷᠲᠤᠳᠬᠠᠬᠤ ᠪᠠ ᠠᠵᠤ ᠦᠢᠯᠡᠰ ᠤᠨ ᠰᠢᠰᠲ᠋ᠧᠮ ᠢ ᠲᠠᠬᠢᠨ ᠳᠠᠪᠲᠠᠵᠤ ᠰᠢᠯᠢᠳᠡᠭᠵᠢᠭᠦᠯᠬᠦ ᠶᠢ ᠬᠦᠴᠦᠲᠡᠢ | ᠲᠦᠷᠭᠡᠳᠭᠡᠨ ᠠᠬᠢᠭᠤᠯᠤᠭᠰᠠᠨ ᠪᠠᠶᠢᠨ᠎ᠠ᠃ 2022 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 113.15 | ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠪᠡᠯᠡ ᠮᠥᠩᠭᠦ ᠶᠢ 24.18 ᠳ᠋ᠦᠩᠰᠢᠭᠤᠷ ᠲᠥᠭᠦᠷᠢᠭ ᠲᠡᠮᠡᠴᠡᠨ | ᠣᠯᠪᠠ︔ ᠵᠢᠭᠤᠯᠴᠢᠯᠠᠭᠰᠠᠳ ᠢ ᠨᠡᠶᠢᠲᠡ 45.91 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠵᠤᠴᠢᠯᠠᠨ᠂ ᠵᠢᠭᠤᠯᠴᠢᠯᠠᠯ ᠤᠨ ᠣᠷᠣᠯᠭ᠎ᠠ ᠶᠢ 3.63 | ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠣᠰ | ᠲᠣᠰ 39100 ᠲᠥᠭᠦᠷᠢᠭ᠂ 23600 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.6% ᠪᠠ 7.2% ᠢᠶᠠᠷ ᠨᠡᠮᠡᠭᠳᠡᠪᠡ᠃ | ︽ᠦᠢᠯᠡᠳᠦᠯᠭᠡ ᠭᠡᠷᠡᠴᠢᠯᠡᠭᠰᠡᠨ ᠨᠢ᠂ ᠪᠢᠳᠡᠨ ᠤ ᠬᠥᠭᠵᠢᠯᠲᠡ ᠶᠢᠨ ᠰᠡᠳᠬᠢᠴᠡ ᠤᠷᠠᠳ ᠤᠨ ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠴᠢᠨᠠᠷ | ᠰᠠᠶᠢᠲᠠᠢ ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠲᠠᠢ ᠵᠤᠬᠢᠴᠠᠵᠤ ᠪᠠᠶᠢᠨ᠎ᠠ᠂ ᠪᠢᠳᠡ ᠭᠤᠶᠢᠪᠢᠰᠢ ᠦᠭᠡᠢ ᠪᠠᠷ ᠦᠷᠭᠦᠯᠵᠢᠯᠡᠨ ᠴᠢᠷᠮᠠᠶᠢᠨ ᠠᠵᠢᠯᠯᠠᠬᠤ ᠬᠡᠷᠡᠭᠲᠡᠢ︾ | ᠭᠡᠵᠦ ᠼᠦᠢ ᠵᠢᠩ ᠰᠢᠶᠠᠩ ᠱᠦᠵᠢ ᠠᠴᠠ ᠴᠢᠬᠤᠯᠠᠴᠢᠯᠠᠪᠠ᠃ | ︽ᠰᠢᠢᠳᠪᠦᠷᠢᠯᠡᠵᠤ ᠲᠡᠶᠢᠯᠬᠦ ᠰᠡᠳᠬᠢᠬᠦᠢ︾ ᠪᠠᠷ ᠺᠠᠳ᠋ᠷ ᠠᠵᠢᠯᠳᠠᠳ ᠤᠨ ᠦᠵᠡᠯᠲᠡ ᠰᠤᠷᠲᠠᠯ ᠢ ᠳᠠᠬᠢᠨ ᠪᠤᠶ ᠪᠣᠯᠭᠠᠨ᠎ᠠ | ︽ᠠᠵᠢᠯᠯᠠᠭᠠᠨ ᠤ ᠵᠢᠷᠤᠭ︾ ︽ᠵᠠᠮ ᠱᠤᠭᠤᠮ ᠤᠨ ᠵᠢᠷᠤᠭ︾ ᠢ ᠲᠣᠭᠲᠠᠭᠠᠭᠰᠠᠨ ᠤ ᠳᠠᠷᠠᠭ᠎ᠠ᠂ ᠺᠠᠳ᠋ᠷ ᠠᠵᠢᠯᠳᠠᠳ ᠪᠣᠯ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠵᠠᠩᠭᠢᠯᠠᠭ᠎ᠠ ᠶᠢᠨ ᠬᠦᠴᠦᠨ ᠪᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠦᠷᠦᠯ ᠤᠨ ᠠᠵᠢᠯ ᠤᠨ ᠪᠠᠶᠢᠷᠢᠯᠠᠭᠤᠯᠤᠯᠲᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠶ︖ ᠡᠭᠦᠨ ᠤ ᠵᠠᠩᠭᠢᠯᠠᠭ᠎ᠠ ᠨᠢ ᠤᠷᠢᠶᠠᠯᠠᠨ ᠲᠠᠶᠢᠴᠢᠯᠠᠮᠠᠭᠴᠠ ᠪᠤᠰᠤᠯᠴᠠᠨ ᠬᠦᠳᠡᠯᠦᠯᠴᠡᠵᠦ᠂ | ᠬᠦᠳᠡᠯᠦᠯᠴᠡᠪᠡᠯ ᠠᠵᠢᠯᠯᠠᠵᠤ ᠴᠢᠳᠠᠬᠤ᠂ ᠠᠵᠢᠯᠯᠠᠪᠠᠯ ᠢᠯᠠᠯᠲᠠ ᠤᠯᠬᠤ ᠺᠠᠳ᠋ᠷ ᠤᠨ ᠡᠩᠨᠡᠭᠡ ᠶᠢ ᠵᠤᠬᠢᠶᠠᠨ ᠪᠠᠶᠢᠭᠤᠯᠬᠤ ᠶᠠᠪᠤᠳᠠᠯ ᠪᠣᠯᠣᠨ᠎ᠠ᠃ | ︽ᠪᠢ ᠤᠷᠠᠳ ᠤᠨ ᠳᠤᠮᠳᠠᠳᠤ ᠬᠤᠰᠢᠭᠤᠨ ᠳᠤ ᠠᠩᠬ᠎ᠠ ᠢᠷᠡᠬᠦ ᠦᠶ᠎ᠡ ᠳᠤ᠂ ᠺᠠᠳ᠋ᠷᠴᠤᠳ ᠲᠤ ᠪᠡᠷᠬᠡᠰᠢᠶᠡᠬᠦ ᠰᠡᠳᠬᠢᠯᠭᠡ᠂ ᠠᠵᠢᠯᠯᠠᠬᠤ ᠦᠭᠡᠢ ᠵᠦᠭᠡᠷ | ᠰᠠᠭᠤᠬᠤ ᠦᠵᠡᠯ ᠰᠠᠨᠠᠭ᠎ᠠ ᠨᠡᠯᠢᠶᠡᠳ ᠲᠦᠭᠡᠮᠡᠯ ᠣᠷᠣᠰᠢᠵᠤ᠂ ᠠᠵᠢᠯ ᠤᠨ ᠠᠬᠢᠴᠠ ᠪᠠᠷ ᠤᠳᠠᠭᠠᠨ᠂ ᠰᠢᠨ᠎ᠡ ᠶᠢ ᠡᠭᠦᠳᠬᠦ ᠳᠤ ᠬᠦᠴᠢᠷ ᠲᠠᠢ ᠪᠠᠶᠢᠳᠠᠯ ᠲᠠᠢ ᠪᠠᠶᠢᠵᠤ᠂ | ᠰᠢᠯᠳᠠᠭᠠᠨ ᠢ ᠨᠢ ᠡᠷᠢᠪᠡᠯ᠂ ᠨᠢᠭᠡ ᠲᠠᠯ᠎ᠠ ᠪᠠᠷ ᠺᠠᠳ᠋ᠷᠴᠤᠳ ᠲᠤᠰ ᠪᠡᠶ᠎ᠡ ᠳᠤ ᠪᠠᠨ ᠢᠳᠡᠭᠡᠯ ᠲᠠᠨᠢᠯᠲᠠ ᠪᠠᠷ ᠳᠤᠲᠠᠮᠠᠭ ᠪᠠᠶᠢᠵᠤ᠂ ᠨᠥᠭᠦᠭᠡ ᠲᠠᠯ᠎ᠠ ᠪᠠᠷ ᠺᠠᠳ᠋ᠷᠴᠤᠳ ᠤᠨ | ᠠᠵᠢᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠢᠶᠠᠷ ᠬᠦᠷᠦᠯᠴᠡᠬᠦ ᠦᠭᠡᠢ ᠪᠠᠶᠢᠭᠰᠠᠨ ᠠᠴᠠ ᠪᠣᠯᠵᠠᠢ᠃ ᠪᠢᠳᠡ ᠭᠤᠣᠯᠳᠠᠭᠤ ᠭᠤᠷᠪᠠᠨ ᠲᠠᠯ᠎ᠠ ᠠᠴᠠ | ᠺᠠᠳ᠋ᠷᠴᠤᠳ ᠢ ᠬᠠᠪᠰᠤᠷᠴᠤ ︿ᠰᠢᠢᠳᠪᠦᠷᠢᠯᠡᠵᠤ ᠲᠡᠶᠢᠯᠬᠦ ᠰᠡᠳᠬᠢᠬᠦᠢ﹀ ᠶᠢ ᠪᠤᠢ ᠪᠣᠯᠭᠠᠵᠤ᠂ ᠺᠠᠳ᠋ᠷᠴᠤᠳ ᠢ ᠬᠦᠴᠢᠷ ᠪᠡᠷᠬᠡᠰᠢᠶᠡᠯ ᠳᠤ ᠰᠢᠯᠲᠠᠭ ᠡᠷᠢᠬᠦ ᠦᠭᠡᠢ᠂ | ᠵᠥᠪᠬᠡᠨ ᠠᠮᠵᠢᠯᠲᠠ ᠳᠤ ᠬᠦᠷᠬᠦ ᠶᠢᠨ ᠲᠥᠯᠥᠭᠡ ᠠᠷᠭ᠎ᠠ ᠰᠦᠪᠡᠭᠴᠢᠯᠡᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠬᠥᠭᠵᠢᠯᠲᠡ ᠶᠢᠨ ᠭᠤᠣᠯ | ᠰᠡᠳᠦᠪ ᠳᠡᠭᠡᠷ᠎ᠡ ᠲᠥᠪᠯᠡᠷᠡᠭᠦᠯᠦᠭᠰᠡᠨ ᠪᠠᠶᠢᠨ᠎ᠠ︾ ᠭᠡᠵᠦ ᠼᠦᠢ ᠵᠢᠩ ᠰᠢᠶᠠᠩ ᠬᠡᠯᠡᠪᠡ᠃ | ︽ᠡᠩ ᠲᠡᠷᠢᠭᠦᠨ ᠳᠤ ︿ᠤᠴᠢᠷ ᠶᠠᠪᠤᠳᠠᠯ ᠪᠦᠬᠦᠨ ᠢ ᠴᠥᠮ ᠰᠢᠢᠳᠪᠦᠷᠢᠯᠡᠬᠦ ᠠᠷᠭ᠎ᠠ ᠲᠠᠢ﹀ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠺᠠᠳ᠋ᠷᠴᠤᠳ ᠤᠨ | ᠬᠥᠭᠵᠢᠯᠲᠡ ᠶᠢᠨ ᠤᠬᠠᠮᠰᠠᠷ ᠢ ᠬᠥᠭᠵᠢᠭᠡᠪᠡ᠃ ᠬᠥᠭᠵᠢᠯᠲᠡ ᠶᠢ ᠡᠷᠢᠯᠬᠢᠯᠡᠬᠦ ᠳᠤ ᠡᠭᠦᠳᠡ ᠪᠠᠨ ᠲᠦᠭᠵᠢᠵᠦ ᠲᠤᠭᠤᠢ ᠰᠠᠭᠤᠵᠤ ᠪᠣᠯᠬᠤ ᠦᠭᠡᠢ᠂ ᠵᠠᠪᠠᠯ ᠭᠠᠳᠠᠭᠰᠢ | ᠭᠠᠷᠴᠤ᠂ ᠢᠯᠡᠭᠦᠦ ᠦᠵᠡᠵᠦ᠂ ᠢᠯᠡᠭᠦᠦ ᠰᠤᠷᠤᠯᠴᠠᠵᠤ᠂ ᠢᠯᠡᠭᠦᠦ ᠤᠶᠢᠯᠠᠭᠠᠨ ᠮᠡᠳᠡᠬᠦ ᠬᠡᠷᠡᠭᠲᠡᠢ᠃ ᠪᠢᠳᠡ ᠺᠠᠳ᠋ᠷᠴᠤᠳ ᠢ ᠵᠣᠬᠢᠶᠠᠨ ᠪᠠᠶᠢᠭᠤᠯᠵᠤ ᠬᠠᠩᠭᠢᠨ | ᠬᠤᠶᠢᠲᠤ ᠬᠤᠰᠢᠭᠤ᠂ ᠦᠶᠤᠸᠠᠨ᠂ ᠯᠢᠨ ᠾᠧ ᠪᠣᠯᠣᠨ ᠨᠢᠩᠰᠢᠶᠠ ᠵᠡᠷᠭᠡ ᠭᠠᠵᠠᠷ ᠲᠤ ᠣᠴᠢᠭᠤᠯᠵᠤ᠂ ᠲᠡᠷᠢᠭᠦᠨ ᠤ ᠲᠠᠷᠢᠶᠠᠯᠠᠩ ᠤᠨ ᠬᠥᠭᠵᠢᠯᠲᠡ ᠶᠢᠨ ᠬᠡᠪ | ᠵᠠᠭᠪᠤᠷ ᠢ ᠰᠤᠷᠤᠯᠴᠠᠨ ᠪᠠᠶᠢᠴᠠᠭᠠᠨ ᠦᠵᠡᠪᠡ᠂ ᠮᠠᠨ ᠤ ᠺᠠᠳ᠋ᠷᠴᠤᠳ ᠪᠠᠶᠢᠴᠠᠭᠠᠨ ᠦᠵᠡᠭᠰᠡᠨ ᠤ ᠲᠠᠷᠠᠭ᠎ᠠ ︿ᠪᠢᠳᠡ ᠪᠤᠰᠤᠳ ᠲᠠᠢ ᠠᠳᠠᠯᠢᠳᠬᠠᠪᠠᠯ ᠪᠠᠰᠠ | ᠤᠯᠠᠮᠵᠢᠯᠠᠯᠲᠤ ᠦᠢᠯᠡᠳᠪᠦᠷᠢᠯᠡᠯ ᠡᠵᠡᠩᠨᠡᠯᠲᠡ ᠶᠢᠨ ᠬᠡᠪ ᠵᠠᠭᠪᠤᠷ ᠤᠨ ᠪᠠᠶᠢᠳᠠᠯ ᠳᠤ ᠣᠷᠣᠰᠢᠵᠤ᠂ ᠰᠤᠷᠴᠤ ᠮᠡᠳᠡᠬᠦ ᠶᠤᠰᠤᠲᠠᠢ ᠵᠦᠢᠯ ᠪᠠᠰᠠ ᠡᠳᠦᠢ ᠲᠡᠳᠦᠢ ᠪᠠᠶᠢᠨ᠎ᠠ﹀ | ᠭᠡᠵᠦ ᠶᠠᠷᠢᠵᠤ ᠪᠠᠶᠢᠯ᠎ᠠ︾ ᠬᠡᠵᠤ ᠼᠦᠢ ᠵᠢᠩ ᠰᠢᠶᠠᠩ ᠬᠡᠯᠡᠨ᠎ᠡ᠃ ᠭᠠᠳᠠᠭᠰᠢ ᠭᠠᠷᠴᠤ ᠰᠤᠷᠤᠯᠴᠠᠨ ᠰᠢᠨᠵᠢᠯᠡᠨ ᠪᠠᠶᠢᠴᠠᠭᠠᠬᠤ ᠪᠠᠷ ᠲᠠᠮᠵᠢᠨ᠂ ᠤᠷᠠᠳ ᠤᠨ | ᠲᠤᠮᠳᠠᠳᠤ ᠬᠤᠰᠢᠭᠤᠨ ᠤ ᠺᠠᠳ᠋ᠷᠴᠤᠳ ᠲᠤᠰ ᠪᠡᠶ᠎ᠡ ᠶᠢᠨ ᠵᠥᠷᠢᠶ᠎ᠡ ᠪᠠᠨ ᠤᠯᠵᠤ ᠬᠠᠷᠠᠨ᠂ ᠬᠥᠭᠵᠢᠯᠲᠡ ᠶᠢᠨ ᠪᠠᠴᠢᠮ ᠲᠤᠯᠭᠠᠮ᠎ᠠ ᠰᠡᠳᠬᠢᠯᠭᠡ ᠪᠠ ᠲᠦᠭᠰᠢᠭᠦᠷᠢᠲᠦ | ᠰᠡᠳᠬᠢᠯᠭᠡ ᠶᠢ ᠨᠡᠮᠡᠭᠳᠡᠭᠦᠯᠦᠨ᠂ ︽ᠬᠡᠲᠦᠷᠬᠡᠢ ᠶᠠᠭᠠᠷᠠᠤ ᠪᠠᠷ ᠬᠦᠭᠵᠢᠬᠦᠯᠬᠦ ᠴᠢᠬᠤᠯᠠ ᠦᠭᠡᠢ︾ ︽ᠨᠢᠳᠦᠨ ᠡᠮᠦᠨᠡᠬᠢ ᠪᠠᠨ ᠬᠠᠷᠠᠭᠠᠳ ᠠᠯᠤᠰ ᠢᠷᠡᠭᠡᠳᠦᠢ ᠪᠠᠨ | ᠪᠤᠳᠤᠯᠬᠢᠯᠠᠬᠤ ᠦᠭᠡᠢ︾ ᠵᠡᠷᠭᠡ ᠬᠤᠴᠤᠷᠤᠩᠭᠤᠢ ᠰᠡᠳᠬᠢᠬᠦᠢ ᠶᠢᠨ ᠬᠡᠪ ᠵᠠᠭᠪᠤᠷ ᠢ ᠲᠠᠶᠠᠭᠳᠠᠵᠤ᠂ ᠲᠡᠷᠢᠭᠦᠨ ᠤ ᠬᠢ ᠲᠠᠢ ᠬᠠᠷᠢᠴᠠᠭᠤᠯᠬᠤ᠂ ᠲᠡᠷᠢᠭᠦᠨ ᠤ ᠬᠢ ᠶᠢ | ᠲᠡᠮᠡᠴᠡᠨ ᠣᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ | ᠳᠠᠷᠠᠭ᠎ᠠ ᠳᠤ ᠨᠢ᠂ ︽ᠰᠢᠢᠳᠪᠦᠷᠢᠯᠡᠵᠤ ᠲᠡᠶᠢᠯᠬᠦ ᠳᠤ ᠵᠠᠪᠠᠯ ᠠᠷᠭ᠎ᠠ ᠠᠪᠴᠠᠯ ᠲᠠᠢ ᠪᠠᠶᠢᠬᠤ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠴᠢᠷᠮᠠᠶᠢᠬᠤ | ᠰᠤᠷᠤᠯᠴᠠᠬᠤ ᠠᠳᠠᠯᠢᠳᠬᠠᠬᠤ ᠭᠦᠢᠴᠡᠨ ᠲᠠᠪᠠᠭ᠋ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ︽ᠺᠠᠳ᠋ᠷᠴᠤᠳ ᠤᠨ ᠰᠤᠷᠲᠠᠯ ᠨᠢ ᠮᠠᠨ ᠤ ᠬᠠᠷᠠᠯᠲᠠ | ᠡᠭᠦᠷᠭᠡ ᠪᠠᠨ ᠪᠦᠲᠦᠮᠵᠢᠲᠡᠶ ᠪᠡᠶᠡᠯᠡᠭᠦᠯᠵᠦ ᠴᠢᠳᠠᠬᠤ ᠡᠰᠡᠬᠦ ᠶᠢ ᠲᠣᠭᠲᠠᠭᠠᠵᠤ᠂ ᠠᠯᠵᠠᠭᠤ ᠵᠠᠯᠬᠠᠭᠤ ᠰᠤᠯᠠ ᠵᠠᠳᠠᠭᠠᠢ ᠠᠰᠠᠭᠤᠳᠠᠯ ᠢ ᠰᠢᠢᠳᠪᠦᠷᠢᠯᠡᠬᠦ ᠳᠤ | ᠬᠠᠨᠳᠤᠭᠤᠯᠤᠨ᠂ ᠺᠠᠳ᠋ᠷᠴᠤᠳ ᠢ ᠵᠠᠪᠠᠯ ᠬᠥᠳᠡᠯᠭᠡᠵᠤ ᠠᠵᠢᠯᠯᠠᠭᠤᠯᠬᠤ ᠬᠡᠷᠡᠭᠲᠡᠢ︾ ᠭᠡᠵᠦ ᠼᠦᠢ ᠵᠢᠩ ᠰᠢᠶᠠᠩ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠪᠢᠳᠡ | ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷᠴᠤᠳ ᠢ ᠰᠠᠷ᠎ᠠ ᠪᠦᠷᠢ ᠠᠳᠠᠭ ᠲᠤ ᠪᠠᠨ ᠬᠤᠶᠠᠷ ᠤᠳᠠᠭ᠎ᠠ ᠭᠠᠳᠠᠭᠰᠢ ᠭᠠᠷᠴᠤ᠂ | ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠵᠢᠯ ᠢᠶᠠᠨ ᠵᠣᠯᠭᠠᠭᠤᠯᠵᠤ᠂ ᠲᠡᠷᠢᠭᠦᠨ ᠤ ᠭᠠᠵᠠᠷ ᠣᠷᠣᠨ ᠤ ᠲᠣᠮᠣ | ᠠᠵᠤ ᠠᠬᠤᠶᠢᠯᠠᠯ ᠢᠶᠠᠷ ᠬᠦᠷᠴᠦ᠂ ᠪᠡᠯᠡ ᠮᠥᠩᠭᠦ ᠲᠥᠷᠥᠯ ᠵᠦᠢᠯ ᠢ ᠲᠡᠮᠡᠴᠡᠨ ᠤᠯᠬᠤ ᠶᠢ ᠱᠠᠭᠠᠷᠳᠠᠭᠰᠠᠨ ᠪᠠᠶᠢᠨ᠎ᠠ︾ ᠭᠡᠵᠡᠢ᠃ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠳᠤᠷᠢᠳᠤᠯᠭ᠎ᠠ ᠲᠦᠷᠦᠭᠦᠯᠡᠵᠦ᠂ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤᠨ ᠤ ᠬᠢᠨ ᠴᠥᠮ ᠠᠷᠠᠯᠵᠢᠶᠠᠴᠢᠨ ᠤᠷᠢᠬᠤ ᠪᠠᠭ᠎ᠠ ᠠᠩᠭᠢ ᠶᠢ | ᠵᠣᠬᠢᠶᠠᠨ ᠪᠠᠶᠢᠭᠤᠯᠵᠤ᠂ ᠱᠠᠨᠳᠦ᠋ᠩ ᠢᠶᠠᠷ ᠶᠠᠪᠤᠵᠤ᠂ ᠵᠢᠶᠠᠩᠰᠤ ᠵᠧᠵᠢᠶᠠᠩ ᠳᠤ ᠬᠦᠷᠴᠦ᠂ ᠲᠥᠷᠥᠯ ᠵᠦᠢᠯ ᠤᠨ ᠲᠤᠬᠠᠢ ᠶᠠᠷᠢᠯᠴᠠᠭ᠎ᠠ ᠬᠢᠬᠦ᠂ ᠬᠡᠯᠡᠯᠴᠡᠭᠡᠷ ᠲᠤᠭᠲᠠᠬᠤ | ᠵᠡᠷᠭᠡ ᠰᠢᠨ᠎ᠡ ᠨᠢᠭᠡ ᠡᠭᠡᠯᠵᠢ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠯᠠᠭᠤᠨ ᠥᠷᠨᠢᠯᠲᠡ ᠶᠢ ᠪᠤᠢ ᠪᠤᠯᠭᠠᠵᠤ᠂ ᠥᠩᠭᠡᠷᠡᠭᠰᠡᠨ ᠤ ᠺᠠᠳ᠋ᠷᠴᠤᠳ ᠤᠨ ᠬᠢᠬᠦ | ᠠᠵᠢᠯ ᠦᠭᠡᠢ᠂ ᠭᠠᠵᠠᠷ ᠣᠷᠣᠨ ᠳᠤ ᠨᠢ ᠲᠥᠷᠥᠯ ᠵᠦᠢᠯ ᠦᠭᠡᠢ ᠪᠠᠶᠢᠳᠠᠯ ᠢ ᠲᠦᠢᠯᠪᠤᠷᠢᠲᠠᠢ ᠬᠤᠪᠢᠷᠠᠭᠤᠯᠵᠤ᠂ ᠰᠤᠷᠲᠠᠯ ᠢ ᠠᠳᠬᠤᠬᠤ ᠪᠠ ᠬᠥᠭᠵᠢᠯᠲᠡ ᠶᠢ | ᠠᠬᠢᠭᠤᠯᠬᠤ ᠶᠢ ᠴᠢᠩᠭᠠᠳᠬᠠᠬᠤ ᠰᠠᠶᠢᠨ ᠣᠷᠴᠢᠯ ᠢ ᠪᠣᠶ ᠪᠣᠯᠭᠠᠵᠠᠢ᠃ 2022 ᠣᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ᠂ ᠱᠠᠩᠨᠠᠨ | ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡ 33 ᠵᠤᠷᠪᠤᠰ ᠨᠡᠶᠢᠲᠡᠯᠡᠪᠡ︔ 5 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠰᠢᠨ᠎ᠡ ᠪᠠᠷ | ᠨᠡᠮᠡᠭᠳᠡᠪᠡ︔ 317 ᠪᠦᠯᠦᠭ ᠤᠳᠠᠭ᠎ᠠ ᠶᠢᠨ ︽ᠭᠠᠳᠠᠭᠰᠢ ᠭᠠᠷᠴᠤ᠂ ᠤᠷᠢᠨ ᠤᠷᠤᠭᠤᠯᠬᠤ︾ ᠶᠢ ᠶᠠᠪᠤᠭᠳᠠᠭᠤᠯᠵᠤ᠂ 332 ᠠᠵᠤ ᠠᠬᠤᠶᠢᠯᠠᠯ ᠲᠠᠢ ᠠᠵᠢᠯ ᠢᠶᠠᠨ | ᠵᠣᠯᠭᠠᠭᠤᠯᠵᠤ᠂ 98 ᠬᠠᠮᠲᠤᠷᠠᠯᠴᠠᠭᠠᠨ ᠤ ᠰᠠᠨᠠᠮᠵᠢ ᠶᠢ ᠬᠡᠯᠡᠯᠴᠡᠨ ᠲᠣᠬᠢᠷᠠᠵᠤ᠂ 63 ᠲᠦᠷᠦᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ | ᠵᠣᠭᠤᠰ ᠤᠨ ᠲᠤᠭ᠎ᠠ 1953.62 ᠳ᠋ᠦᠩᠰᠢᠭᠤᠷ ᠲᠥᠭᠦᠷᠢᠭ ᠲᠤ ᠬᠦᠷᠴᠦ᠂ 9 ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ | 10 ᠲᠦᠷᠦᠯ ᠵᠦᠢᠯ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ᠂ ᠪᠥᠬᠦ ᠵᠢᠯ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠪᠡᠯᠡ | ᠮᠥᠩᠭᠦ ᠶᠢ 27.84 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 97.7% ᠪᠠᠷ ᠨᠡᠮᠡᠭᠳᠡᠪᠡ᠃ | ︽ᠨᠢᠳᠤᠨᠤᠨ ᠤ ᠬᠢᠵᠢᠭ ᠤᠨ ᠪᠠᠶᠢᠳᠠᠯ ᠤᠨ ᠨᠥᠯᠥᠭᠡ ᠶᠢ ᠭᠠᠷᠭᠠᠪᠠᠯ᠂ ᠪᠢᠳᠡᠨ ᠤ ᠭᠠᠳᠠᠷ ᠣᠷᠣᠨ ᠳᠤ ᠪᠡᠯᠡ ᠮᠥᠩᠭᠦ ᠲᠡᠮᠡᠴᠡᠨ ᠤᠯᠬᠤ᠂ ᠠᠷᠠᠯᠵᠢᠶᠠᠴᠢᠨ | ᠤᠷᠢᠵᠤ ᠪᠡᠯᠡ ᠮᠥᠩᠭᠦ ᠤᠷᠤᠭᠤᠯᠬᠤ ᠴᠠᠭ ᠨᠢ ᠠᠯᠪᠠᠨ ᠭᠡᠷ ᠲᠤ ᠠᠵᠢᠯᠯᠠᠬᠤ ᠴᠠᠭ ᠠᠴᠠ ᠪᠠᠨ ᠬᠤᠯᠠ ᠢᠯᠡᠭᠦᠦ ᠪᠠᠶᠢᠵᠤ᠂ ᠪᠥᠬᠦ ᠵᠢᠯ ᠳᠤ ᠵᠥᠪᠬᠡᠨ | ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠨᠢ ᠳᠡᠭᠡᠳᠦ ᠱᠠᠲᠤᠨ ᠤ ᠪᠡᠯᠡ ᠮᠥᠩᠭᠦ ᠶᠢ 2.9 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ | ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠪᠡᠯᠡ ᠮᠥᠩᠭᠦ ᠶᠢ 14.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 2023 ᠣᠨ ᠤ 6 ᠲᠥᠷᠥᠯ | ᠵᠦᠢᠯ ᠢ ᠲᠡᠮᠡᠴᠡᠨ ᠣᠯᠵᠤ᠂ ᠶᠡᠷᠦᠩᠬᠡᠢ ᠪᠡᠯᠡ ᠣᠷᠣᠭᠤᠯᠤᠯᠲᠠ ᠨᠢ 75.5 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ︾ ᠭᠡᠵᠦ ᠤᠷᠠᠳ ᠤᠨ ᠳᠤᠮᠳᠠᠳᠤ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠭᠢᠯᠡᠭᠴᠢ ᠯᠢ ᠵᠢᠶᠦ᠋ᠨ ᠢᠲᠡᠭᠡᠯ ᠳᠦᠭᠦᠷᠡᠩ ᠬᠡᠯᠡᠬᠦ ᠳᠤ ᠪᠠᠨ᠂ ︽ᠪᠢᠳᠡ ᠣᠲᠣ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠬᠡᠷᠡᠭᠯᠡᠬᠦ ᠵᠦᠢᠯᠡᠰ ᠢᠶᠠᠨ ᠴᠥᠮ ᠪᠡᠯᠡᠬᠡᠨ ᠪᠤᠯᠭᠠᠵᠤ᠂ ᠴᠠᠭᠠᠨ ᠰᠠᠷ᠎ᠠ ᠶᠢᠨ ᠳᠠᠷᠠᠭ᠎ᠠ ᠳᠠᠷᠦ᠋ᠢᠬᠠᠨ ᠬᠤᠨᠠᠨ ᠵᠡᠷᠭᠡ | ᠭᠠᠵᠠᠷ ᠤᠷᠤᠨ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠪᠠᠶᠢᠨ᠎ᠠ︾ ᠭᠡᠵᠡᠢ᠃ | ᠲᠠᠷᠠᠭ᠎ᠠ ᠳᠤ ᠨᠢ᠂ ︽ᠠᠷᠭ᠎ᠠ ᠲᠠᠢ ᠪᠣᠯ ᠵᠠᠪᠠᠯ ᠠᠵᠢᠯᠯᠠᠵᠤ ᠴᠢᠳᠠᠬᠤ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠰᠢᠯᠢᠳᠡᠭ ᠰᠤᠷᠲᠠᠯ ᠲᠠᠢ᠂ ᠬᠠᠲᠠᠭᠤ | ᠲᠠᠶᠢᠯᠠᠯᠳᠤᠭᠠᠨ ᠳᠤ ᠤᠷᠤᠯᠴᠠᠬᠤ ᠡᠷᠴᠢ ᠵᠤᠷᠢᠭ ᠲᠠᠢ᠂ ᠠᠮᠵᠢᠯᠲᠠ ᠤᠯᠵᠤ ᠴᠢᠳᠠᠬᠤ ᠺᠠᠳ᠋ᠷ ᠤᠨ ᠡᠩᠨᠡᠭᠡ ᠶᠢ ᠬᠥᠮᠥᠵᠢᠭᠦᠯᠦᠨ ᠪᠣᠯᠪᠠᠰᠤᠷᠠᠭᠤᠯᠪᠠ᠃ ᠤᠷᠠᠳ ᠤᠨ | ᠳᠤᠮᠳᠠᠳᠤ ᠬᠤᠰᠢᠭᠤ ᠺᠠᠳ᠋ᠷ ᠢ ᠬᠡᠷᠡᠭᠯᠡᠬᠦ᠂ ᠰᠤᠷᠤᠯᠴᠠᠭᠤᠯᠤᠨ ᠪᠣᠯᠪᠠᠰᠤᠷᠠᠭᠤᠯᠬᠤ᠂ ᠴᠢᠳᠠᠪᠤᠷᠢᠲᠠᠨ ᠢ ᠤᠷᠢᠨ ᠣᠷᠣᠭᠤᠯᠬᠤ ᠭᠤᠷᠪᠠᠨ ᠲᠠᠯ᠎ᠠ ᠠᠴᠠ ᠭᠠᠷᠳᠠᠵᠤ᠂ ᠺᠠᠳ᠋ᠷ | ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠴᠢᠳᠠᠪᠤᠷᠢᠲᠠᠨ ᠢ ᠳᠡᠪᠰᠢᠭᠦᠯᠵᠦ᠂ ᠴᠢᠳᠠᠪᠤᠷᠢ ᠦᠭᠡᠢ ᠶᠢ ᠨᠢ ᠪᠠᠭᠤᠯᠭᠠᠵᠤ᠂ ᠪᠠᠭᠤᠷᠠᠢ ᠶᠢ ᠨᠢ | ᠰᠢᠭᠰᠢᠭᠳᠡᠭᠦᠯᠬᠦ ᠬᠥᠮᠥᠨ ᠬᠡᠷᠡᠭᠯᠡᠬᠦ ᠤᠳᠤᠷᠢᠳᠤᠮᠵᠢ ᠶᠢ ᠲᠣᠳᠣᠷᠬᠠᠢ ᠪᠤᠯᠭᠠᠵᠤ᠂ ᠠᠵᠢᠯᠯᠠᠬᠤ ᠤᠷᠮ᠎ᠠ ᠲᠠᠢ᠂ ᠠᠵᠢᠯᠯᠠᠵᠤ ᠴᠢᠳᠠᠳᠠᠭ᠂ ᠠᠵᠢᠯ ᠦᠢᠯᠡᠰ ᠪᠦᠲᠦᠭᠡᠳᠡᠭ | ᠺᠠᠳ᠋ᠷ ᠢ ᠬᠠᠮᠤᠭ ᠤᠨ ᠲᠣᠬᠢᠷᠠᠮᠵᠢᠲᠠᠢ ᠠᠵᠢᠯ ᠤᠨ ᠪᠠᠶᠢᠷᠢᠨ ᠳᠤ ᠰᠣᠩᠭᠤᠨ ᠲᠤᠬᠢᠷᠠᠭᠤᠯᠪᠠ᠃ ︽ᠭᠠᠳᠠᠭᠰᠢ ᠭᠠᠷᠴᠤ᠂ ᠤᠷᠢᠨ ᠤᠷᠤᠭᠤᠯᠬᠤ︾ ᠠᠷᠭ᠎ᠠ ᠶᠢ ᠠᠪᠴᠤ᠂ | ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠭᠠᠳᠠᠭᠰᠢ ᠭᠠᠷᠭᠠᠵᠤ ᠰᠢᠨᠵᠢᠯᠡᠨ ᠰᠤᠷᠤᠯᠴᠠᠭᠤᠯᠬᠤ ᠶᠢᠨ ᠬᠠᠮᠲᠤ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ | ᠵᠡᠷᠭᠡ ᠲᠤᠰᠬᠠᠢ ᠮᠡᠷᠭᠡᠵᠢᠯᠲᠡᠨ ᠢ ᠤᠷᠢᠨ ᠠᠪᠴᠢᠷᠠᠵᠤ ᠺᠠᠳ᠋ᠷᠴᠤᠳ ᠲᠤ ᠬᠢᠴᠢᠶᠡᠯ ᠪᠣᠯᠪᠠᠰᠤᠷᠠᠯ ᠬᠦᠷᠲᠡᠭᠡᠵᠦ᠂ ᠺᠠᠳ᠋ᠷᠴᠤᠳ ᠤᠨ ᠤᠨᠤᠯ ᠤᠨ ᠬᠡᠪ ᠪᠣᠯᠪᠠᠰᠤᠷᠠᠯ ᠪᠠ | ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠷᠣᠨ ᠲᠤᠭ᠎ᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠨ᠂ ᠴᠢᠳᠠᠪᠤᠷᠢᠲᠠᠨ ᠢ | ᠤᠷᠢᠨ ᠬᠡᠷᠡᠭᠯᠡᠬᠦ᠂ ᠣᠷᠣᠨ ᠲᠣᠭᠠᠨ ᠠᠴᠠ ᠭᠠᠳᠠᠨᠠᠬᠢ ᠬᠥᠮᠥᠰ ᠢ ᠤᠷᠢᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠠᠵᠢᠯ ᠤᠨ ᠹᠷᠣᠨᠲ ᠲᠤ ᠴᠠᠭ | ᠲᠤᠬᠠᠢ ᠳᠤ ᠨᠢ ︽ᠰᠢᠨ᠎ᠡ ᠬᠦᠴᠦᠨ︾ ᠢ ᠨᠥᠬᠦᠪᠦᠷᠢᠯᠡᠪᠡ᠃ ᠨᠢᠭᠡ ᠪᠦᠯᠦᠭ ᠢᠳᠡᠷ ᠵᠠᠯᠠᠭᠤ᠂ ᠤᠷᠤᠭᠰᠢᠯᠠᠨ ᠳᠠᠪᠰᠢᠬᠤ ᠡᠷᠴᠢ ᠵᠣᠷᠢᠭᠲᠠᠢ ᠰᠢᠯᠢᠳᠡᠭ ᠺᠠᠳ᠋ᠷ ᠢ | ᠴᠢᠬᠤᠯᠠ ᠠᠵᠢᠯ ᠤᠨ ᠪᠠᠶᠢᠷᠢᠨ ᠳᠤ ᠲᠤᠬᠢᠷᠠᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠭᠰᠠᠨ ᠪᠠᠶᠢᠨ᠎ᠠ᠃ | ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠪᠡ | ︽ᠰᠢᠢᠳᠪᠦᠷᠢᠯᠡᠵᠦ ᠲᠡᠶᠢᠯᠬᠦ ᠰᠡᠳᠬᠢᠬᠦᠢ ︾ ᠪᠣᠯ ︽ᠬᠦᠴᠢᠷ ᠪᠡᠷᠬᠡᠰᠢᠶᠡᠯ ᠤᠨ ᠡᠮᠦᠨ᠎ᠡ ᠰᠢᠯᠲᠠᠭ ᠡᠷᠢᠬᠦ ᠦᠭᠡᠢ᠂ ᠵᠥᠪᠬᠡᠨ ᠠᠮᠵᠢᠯᠲᠠ ᠤᠯᠬᠤ ᠪᠠᠷ ᠠᠷᠭ᠎ᠠ | ᠪᠤᠳᠤᠬᠤ︾ ᠠᠵᠢᠯ ᠤᠨ ᠣᠪᠣᠷ ᠢ ᠵᠢᠭᠠᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠠᠰᠠᠭᠤᠳᠠᠯ ᠢ ᠢᠯᠡᠷᠡᠭᠦᠯᠬᠦ᠂ ᠬᠡᠮ ᠰᠣᠭᠤᠭ ᠢ ᠣᠨᠣᠪᠴᠢᠲᠠᠶ ᠡᠷᠢᠬᠦ᠂ | ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠶᠢ ᠴᠢᠳᠠᠮᠠᠭᠠᠢ ᠬᠡᠷᠡᠭᠵᠢᠭᠦᠯᠬᠦ ᠠᠷᠭ᠎ᠠ ᠠᠪᠴᠠᠯ ᠢ ᠵᠢᠭᠠᠵᠤ᠂ ᠬᠦᠴᠢᠷ ᠪᠡᠷᠭᠡᠰᠢᠶᠡᠯ ᠲᠤᠯᠭᠠᠷᠠᠬᠤ ᠲᠤᠲᠤᠮ ᠤᠯᠠᠮ | ᠰᠦᠷᠦᠨ ᠤᠷᠤᠭᠰᠢᠯᠠᠵᠤ᠂ ᠡᠴᠦᠰ ᠲᠤ ᠨᠢ ᠲᠤᠯᠳᠠᠯ᠎ᠠ ᠲᠡᠮᠡᠴᠡᠬᠦ ᠢᠳᠡᠭᠡᠯ ᠵᠤᠷᠢᠭ ᠪᠠ ᠪᠠᠲᠤ ᠴᠢᠩᠭ᠎ᠠ ᠡᠷᠴᠢ ᠬᠦᠴᠦ ᠶᠢ ᠬᠡᠯᠡᠨ᠎ᠡ᠃ ᠡᠭᠦᠨ ᠤ ᠲᠤᠯᠠᠳᠠ᠂ | ᠤᠷᠠᠳ ᠤᠨ ᠳᠤᠮᠳᠠᠳᠤ ᠬᠤᠰᠢᠭᠤ ᠠᠵᠢᠯ ᠤᠨ ᠲᠣᠭᠲᠠᠴᠠ ᠪᠠᠨ ᠰᠢᠨᠡᠴᠢᠯᠡᠨ ᠰᠢᠯᠢᠳᠡᠭᠵᠢᠭᠦᠯᠬᠦ ᠠᠴᠠ ᠭᠠᠷᠳᠠᠵᠤ᠂ ︽ᠰᠢᠢᠳᠪᠦᠷᠢᠯᠡᠵᠦ ᠲᠡᠶᠢᠯᠬᠦ︾ ᠬᠠᠷᠠᠴᠠ ᠪᠠᠷ᠂ | ︽ᠰᠢᠢᠳᠪᠦᠷᠢᠯᠡᠵᠦ ᠲᠡᠶᠢᠯᠬᠦ︾ ᠠᠷᠭ᠎ᠠ ᠪᠠᠷᠢᠯ ᠢᠶᠠᠷ᠂ ᠠᠵᠢᠯ ᠦᠢᠯᠡᠰ ᠴᠣᠭᠴᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ | ᠨᠢᠭᠲᠠᠷᠠᠭᠤᠯᠤᠭᠰᠠᠨ ᠪᠠᠶᠢᠨ᠎ᠠ᠃ | ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠰᠢᠯᠢᠳᠡᠭᠵᠢᠭᠦᠯᠵᠦ᠂ ︽ᠥᠨᠳᠥᠷ︾ ᠪᠠᠷᠢᠮᠵᠢᠶ᠎ᠠ ᠪᠠᠷ ᠰᠢᠨ᠎ᠡ ᠠᠮᠵᠢᠯᠲᠠ ᠪᠦᠲᠦᠮᠵᠢ ᠶᠢ | ᠡᠭᠦᠳᠪᠡ ᠃ ᠼᠦᠢ ᠵᠢᠩ ᠰᠢᠶᠠᠩ ᠰᠤᠷᠪᠤᠯᠵᠢᠯᠠᠭᠴᠢ ᠳᠤ᠄ ︽ᠪᠢᠳᠡ ︿ᠶᠠᠪᠤᠳᠠᠯ ᠪᠣᠯᠭᠠᠨ ᠳᠤ ᠲᠡᠷᠢᠬᠦᠨ ᠢ ᠲᠡᠮᠡᠴᠡᠬᠦ᠂ ᠴᠤᠷ ᠤᠨ ᠭᠠᠭᠴᠠ ᠶᠢ ᠡᠭᠦᠳᠬᠦ﹀ | ᠤᠷᠢᠶ᠎ᠠ ᠶᠢ ᠳᠤᠷᠠᠳᠤᠨ ᠭᠠᠷᠭᠠᠪᠠ᠂ ᠡᠨᠡ ᠨᠢ ᠨᠢᠭᠡᠨ ᠵᠣᠷᠢᠭᠵᠢᠭᠤᠯᠤᠯ ᠤᠨ ᠴᠢᠨᠠᠷᠲᠠᠢ ᠬᠠᠷᠠᠯᠲᠠ ᠮᠥᠨ᠂ ᠳᠠᠷᠤᠢ ᠮᠠᠨ ᠤ ᠡᠯ᠎ᠡ ᠠᠵᠢᠯ ᠲᠥᠷᠥᠯ ᠡᠯ᠎ᠡ ᠵᠦᠢᠯ ᠤᠨ | ᠠᠵᠢᠯ ᠢᠶᠠᠨ ᠴᠥᠮ ᠲᠡᠷᠢᠭᠦᠨ ᠲᠠᠰ ᠤᠨ ᠪᠠᠷᠢᠮᠵᠢᠶ᠎ᠠ ᠳᠤ ᠬᠦᠷᠭᠡᠬᠦ ᠶᠢᠨ ᠲᠥᠯᠥᠭᠡ ᠶᠤᠮ︾ ᠭᠡᠵᠡᠢ᠃ ᠡᠭᠦᠨ ᠤ ᠲᠤᠯᠠᠳᠠ᠂ 2022 ᠣᠨ ᠳᠤ᠂ ᠤᠷᠠᠳ ᠤᠨ | ᠳᠤᠮᠳᠠᠳᠤ ᠬᠤᠰᠢᠭᠤ ᠵᠢᠯ ᠪᠦᠷᠢ 1000 ᠲᠦᠮᠡᠨ ᠲᠥᠭᠦᠷᠢᠭ ᠤᠨ ᠱᠠᠩᠨᠠᠯ ᠤᠨ ᠮᠦᠩᠭᠦ ᠭᠠᠷᠭᠠᠵᠤ᠂ ᠪᠥᠬᠦ ᠬᠤᠰᠢᠭᠤᠨ ᠤ 12 ᠰᠤᠮᠤ ᠪᠠᠯᠭᠠᠰᠤ᠂ 96 | ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ︽ᠲᠡᠷᠢᠬᠦᠨ ᠢ ᠲᠡᠮᠡᠴᠡᠬᠦ᠂ | ᠴᠤᠷ ᠤᠨ ᠭᠠᠭᠴᠠ ᠶᠢ ᠡᠭᠦᠳᠬᠦ ᠤᠯᠠᠷᠢᠯ ᠪᠦᠷᠢ ᠦᠨᠡᠯᠡᠬᠦ︾ ᠠᠵᠢᠯ ᠢ ᠰᠢᠨ᠎ᠡ ᠪᠠᠷ ᠥᠷᠨᠢᠭᠦᠯᠵᠦ᠂ ᠠᠵᠢᠯ ᠤᠨ ᠰᠡᠳᠬᠢᠴᠡ ᠶᠢ ᠨᠢ ᠰᠣᠨᠣᠰᠴᠤ᠂ ᠨᠡᠭᠡᠭᠡᠯᠲᠡ ᠶᠢᠨ | ᠪᠠᠶᠢᠳᠠᠯ ᠢ ᠨᠢ ᠠᠵᠢᠵᠤ᠂ ᠣᠪᠣᠷ ᠰᠤᠷᠳᠠᠯ ᠢ ᠨᠢ ᠰᠢᠨᠵᠢᠵᠦ᠂ ᠠᠷᠭ᠎ᠠ ᠬᠡᠮᠵᠢᠶ᠎ᠡ ᠶᠢ ᠨᠢ ᠪᠠᠶᠢᠴᠠᠭᠠᠵᠤ᠂ ᠦᠷ᠎ᠡ ᠳ᠋ᠦᠩ ᠢ ᠨᠢ ᠰᠢᠯᠭᠠᠪᠠ᠃ ᠠᠵᠢᠯ ᠤᠨ ᠪᠣᠳᠠᠲᠤ | ᠠᠮᠵᠢᠯᠲᠠ ᠪᠠᠷ ᠲᠣᠪᠤᠶᠢᠮ᠎ᠠ ᠪᠠᠶᠢᠭᠤᠯᠭ᠎ᠠ ᠨᠢᠭᠡᠴᠢ ᠳᠤ᠂ ᠴᠢᠨᠠᠷ ᠰᠠᠶᠢᠲᠠᠢ ᠬᠥᠭᠵᠢᠯᠲᠡ ᠶᠢᠨ ᠤᠯᠠᠭᠠᠨ ᠲᠤᠭ᠂ ᠪᠣᠭᠤᠮᠲᠠ ᠰᠢᠪᠲᠤᠯᠤᠭᠰᠠᠨ ᠤᠯᠠᠭᠠᠨ ᠲᠤᠭ᠂ | ᠦᠨᠡᠨᠬᠦ ᠠᠳᠬᠤᠵᠤ ᠪᠣᠳᠠᠲᠠᠢ ᠠᠵᠢᠯᠯᠠᠭᠰᠠᠨ ᠤᠯᠠᠭᠠᠨ ᠲᠤᠭ᠂ ︽ᠳᠥᠷᠪᠡ ᠶᠢ ᠲᠡᠮᠡᠴᠡᠨ ᠣᠯᠬᠤ︾ ᠲᠡᠷᠢᠭᠦᠨ ᠤ ᠬᠠᠮᠲᠤ ᠶᠢᠨ ᠤᠯᠠᠭᠠᠨ ᠲᠤᠭ ᠵᠡᠷᠭᠡ ᠲᠦᠷᠪᠡᠨ | ᠵᠦᠢᠯ ᠤᠨ ᠵᠣᠷᠢᠭᠵᠢᠭᠤᠯᠤᠯ ᠤᠨ ᠬᠡᠮᠡᠷᠯᠢᠭ ᠲᠤᠭ ᠢ ᠣᠯᠭᠤᠨ᠎ᠠ︔ ᠠᠵᠢᠯ ᠳᠤ ᠪᠠᠨ ᠬᠦᠴᠦ ᠲᠠᠯᠪᠢᠬᠤ ᠦᠭᠡᠢ ᠰᠤᠯᠠ ᠵᠠᠳᠠᠭᠠᠢ ᠪᠠᠶᠢᠭᠤᠯᠭ᠎ᠠ ᠨᠢᠭᠡᠴᠢ ᠳᠤ | ᠰᠠᠨᠠᠭᠤᠯᠭ᠎ᠠ ᠦᠭᠬᠦ᠂ ᠱᠠᠭᠠᠷᠳᠠᠨ ᠱᠠᠯᠠᠪᠳᠠᠬᠤ ᠬᠠᠭᠤᠳᠠᠰᠤ ᠲᠠᠷᠬᠠᠭᠠᠬᠤ᠂ ᠰᠡᠷᠡᠮᠵᠢ ᠶᠢᠨ ᠬᠠᠭᠤᠳᠠᠰᠤ ᠪᠠᠭᠤᠯᠭᠠᠬᠤ᠂ ᠪᠦᠷᠢᠶ᠎ᠡ ᠬᠤᠷᠣᠬᠠᠢ ᠶᠢᠨ ᠰᠡᠷᠡᠮᠵᠢ ᠶᠢᠨ | ᠫᠠᠶᠢᠰᠠ ᠤᠯᠭᠤᠬᠤ ᠶᠢ ᠬᠡᠷᠡᠭᠵᠢᠬᠦᠯᠵᠦ᠂ ᠦᠨᠡᠨ ᠬᠦ ᠠᠮᠵᠢᠯᠲᠠ ᠪᠦᠳᠦᠮᠵᠢ ᠶᠢ ᠲᠤᠳᠤᠷᠬᠠᠢ ᠪᠤᠯᠭᠠᠵᠤ᠂ ᠵᠥᠷᠢᠶ᠎ᠡ ᠲᠤᠳᠠᠭᠳᠠᠯ ᠢ ᠢᠯᠡ ᠪᠤᠯᠭᠠᠨ᠂ ᠰᠠᠨᠠᠯ | ᠱᠠᠭᠠᠷᠳᠠᠯᠭ᠎ᠠ ᠪᠠᠨ ᠳᠤᠷᠠᠳᠤᠨ ᠭᠠᠷᠭᠠᠪᠠ︾ ᠭᠡᠪᠡ᠃ | ︽ᠲᠡᠷᠢᠬᠦᠨ ᠢ ᠲᠡᠮᠡᠴᠡᠬᠦ ᠴᠤᠷ ᠤᠨ ᠭᠠᠭᠴᠠ ᠶᠢ ᠡᠭᠦᠳᠬᠦ ᠤᠯᠠᠷᠢᠯ ᠪᠦᠷᠢ ᠦᠨᠡᠯᠡᠬᠦ︾ ᠤᠯᠠᠷᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷ᠎ᠡ᠂ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠲᠤᠬᠠᠢ ᠶᠢᠨ ᠲᠠᠯᠠᠪᠤᠷ ᠲᠤ ᠬᠢᠨᠠᠨ ᠦᠨᠡᠯᠡᠯᠲᠡ ᠶᠢᠨ ᠦᠷ᠎ᠡ ᠳ᠋ᠦᠩ ᠢ ᠤᠩᠰᠢᠨ | ᠨᠡᠶᠢᠲᠡᠯᠡᠵᠦ᠂ ᠰᠠᠶᠢᠰᠢᠶᠠᠨ ᠬᠥᠬᠢᠭᠦᠯᠦᠯ ᠢ ᠭᠥᠷᠳᠡᠭᠰᠡᠨ ᠰᠠᠯᠠᠭ᠎ᠠ ᠮᠥᠴᠢᠷ ᠪᠣᠯᠣᠨ ᠬᠤᠪᠢ ᠬᠦᠮᠦᠨ ᠤ ᠤᠷᠮ᠎ᠠ ᠰᠡᠳᠬᠢᠯᠭᠡ ᠪᠠᠳᠠᠷᠠᠩᠭᠤᠢ᠂ ᠡᠷᠴᠢ ᠵᠣᠷᠢᠭ | ᠲᠡᠭᠦᠯᠳᠡᠷ ᠪᠠᠶᠢᠵᠤ᠂ ᠰᠡᠷᠡᠮᠵᠢᠯᠡᠭᠦᠯᠦᠯ ᠢ ᠬᠦᠯᠢᠶᠡᠨ ᠠᠪᠤᠭᠰᠠᠨ ᠰᠠᠯᠠᠭ᠎ᠠ ᠮᠥᠴᠢᠷ ᠪᠣᠯᠣᠨ ᠬᠤᠪᠢ ᠬᠦᠮᠦᠨ ᠠᠯᠳᠠᠭ᠎ᠠ ᠲᠤᠳᠠᠭᠳᠠᠯ ᠢᠶᠠᠨ ᠨᠦᠬᠦᠪᠦᠷᠢᠯᠡᠨ ᠠᠮᠵᠢᠯᠲᠠ | ᠭᠠᠷᠭᠠᠬᠤ ᠪᠠᠷ ᠵᠤᠷᠢᠭ ᠰᠢᠭᠤᠳᠤᠨ᠎ᠠ᠃ ︽ᠡᠶᠢᠮᠦᠷᠬᠦ ᠰᠢᠨ᠎ᠡ ᠬᠢᠨᠠᠨ ᠦᠨᠡᠯᠡᠯᠲᠡ ᠶᠢᠨ ᠠᠷᠭ᠎ᠠ ᠨᠢ ᠪᠢᠳᠡᠨ ᠳᠤ ᠦᠨᠡᠬᠡᠷ ᠮᠠᠰᠢ ᠶᠡᠭᠡ ᠠᠵᠢᠯ ᠤᠨ ᠲᠠᠷᠤᠭᠠᠰᠤ ᠲᠠᠢ | ᠪᠤᠯᠭᠠᠭᠰᠠᠨ ᠪᠤᠯᠪᠠᠴᠤ ᠠᠵᠢᠯ ᠦᠢᠯᠡᠰ ᠪᠣᠰᠬᠠᠬᠤ ᠶᠢᠨ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ︾ ᠭᠡᠵᠦ ᠲᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠶᠢᠨ | ᠱᠦᠵᠢ ᠴᠧᠨ ᠾᠧ ᠫᠢᠩ ᠬᠡᠯᠡᠬᠦ ᠳᠤ ᠪᠠᠨ᠂ ︽ᠰᠢᠪᠠᠳᠠᠨ ᠪᠠᠶᠢᠴᠠᠭᠠᠵᠤ ᠬᠢᠨᠠᠨ ᠦᠨᠡᠯᠡᠬᠦ ᠠᠵᠢᠯ ᠨᠢ ᠰᠢᠶᠠᠩ ᠪᠠᠯᠭᠠᠰᠤᠨ ᠤ ᠠᠵᠢᠯ ᠢ ᠮᠡᠳᠡᠷᠡᠵᠦ᠂ ᠰᠢᠶᠠᠩ | ᠪᠠᠯᠭᠠᠰᠤᠨ ᠤ ᠺᠠᠳ᠋ᠷ ᠠᠵᠢᠯᠳᠠᠳ ᠤᠨ ᠬᠦᠷᠲᠡᠮᠵᠢ ᠶᠢᠨ ᠲᠥᠷᠥᠭᠳᠡᠯ ᠪᠠ ᠮᠡᠳᠡᠷᠡᠮᠵᠢ ᠶᠢᠨ ᠲᠥᠷᠥᠭᠳᠡᠯ ᠢ ᠨᠡᠮᠡᠭᠳᠡᠭᠦᠯᠦᠭᠰᠡᠨ ᠪᠥᠭᠡᠳ ᠪᠦᠬᠦ ᠪᠠᠯᠭᠠᠰᠤᠨ ᠤ ᠺᠠᠳ᠋ᠷ ᠤᠯᠠᠨ | ᠲᠦᠮᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠬᠥᠭᠵᠢᠯ ᠮᠠᠨᠳᠤᠯ ᠢ ᠠᠬᠢᠭᠤᠯᠬᠤ ᠢᠲᠡᠭᠡᠯ ᠵᠣᠷᠢᠭ ᠢ ᠪᠠᠲᠤᠳᠬᠠᠪᠠ︾ | ᠭᠡᠪᠡ᠃ | ᠭᠤᠣᠯᠳᠠᠯᠭ᠎ᠠ ᠲᠠᠢ ᠪᠠᠷ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ︽ᠲᠡᠮᠡᠴᠡᠯ︾ ᠤᠨ ᠡᠷᠴᠢ ᠵᠣᠷᠢᠭ ᠢᠶᠠᠷ ᠰᠢᠨ᠎ᠡ | ᠰᠢᠪᠲᠤᠯᠤᠯᠲᠠ ᠶᠢ ᠪᠡᠶᠡᠯᠡᠭᠦᠯᠪᠡ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠶᠠᠪᠤᠳᠠᠯ ᠳᠤ ᠴᠢᠭᠯᠡᠭᠦᠯᠦᠨ᠂ | ᠤᠷᠠᠳ ᠤᠨ ᠳᠤᠮᠳᠠᠳᠤ ᠬᠤᠰᠢᠭᠤ ᠶᠡᠷᠦ ᠪᠤᠰᠤ ᠶᠢᠨ ᠠᠷᠭ᠎ᠠ ᠬᠡᠮᠵᠢᠶ᠎ᠡ ᠠᠪᠴᠤ᠂ ᠶᠡᠷᠦ ᠪᠤᠰᠤ ᠶᠢᠨ ᠬᠦᠴᠦᠨ ᠢᠶᠠᠷ ᠥᠩᠭᠡᠷᠡᠭᠰᠡᠨ ᠤ ᠤᠯᠠᠮᠵᠢᠯᠠᠯᠲᠤ ᠵᠠᠰᠠᠭ | ᠵᠠᠬᠢᠷᠭᠠᠨ ᠤ ᠳᠡᠰ ᠳᠠᠪᠬᠤᠷᠭ᠎ᠠ ᠶᠢᠨ ︽ᠳᠣᠣᠷ᠎ᠠ ᠠᠴᠠ ᠳᠡᠭᠡᠭᠰᠢ︾ ᠱᠠᠲᠤ ᠳᠠᠷᠠᠭᠠᠯᠠᠨ ᠵᠣᠬᠢᠴᠠᠭᠤᠯᠤᠨ ᠠᠬᠢᠭᠤᠯᠵᠤ ᠪᠠᠶᠢᠭᠰᠠᠨ ᠠᠵᠢᠯ ᠤᠨ ᠳᠡᠰ ᠳᠠᠷᠠᠭᠠᠯᠠᠯ ᠢ | ᠬᠤᠪᠢᠷᠠᠭᠤᠯᠵᠤ᠂ ︽ᠳᠡᠭᠡᠷ᠎ᠡ ᠠᠴᠠ ᠳᠣᠷᠣᠭᠰᠢ ︾ ᠪᠠᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠤᠯᠤᠰ ᠤᠨ ᠲᠠᠷᠢᠶᠠᠯᠠᠩ | ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ᠂ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠰᠬᠠᠢ ᠠᠩᠭᠢ᠂ ᠪᠦᠬᠦ ᠤᠯᠤᠰ ᠤᠨ ᠬᠤᠰᠢᠭᠤ | ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠰᠬᠠᠢ ᠠᠩᠭᠢ ᠵᠡᠷᠭᠡ 14 ᠭᠤᠣᠯᠳᠠᠯᠭ᠎ᠠ ᠲᠠᠢ ᠠᠵᠢᠯ ᠤᠨ ᠲᠤᠰᠬᠠᠢ ᠠᠩᠭᠢ ᠶᠢ ᠵᠣᠬᠢᠶᠠᠨ | ᠪᠠᠶᠢᠭᠤᠯᠵᠤ᠂ ︽ᠲᠠᠪᠤᠨ ᠶᠡᠭᠡ ᠡᠭᠦᠳᠦᠨ ᠪᠠᠶᠢᠭᠤᠯᠤᠯᠲᠠ︾᠂ ᠠᠵᠤ ᠦᠢᠯᠡᠳᠪᠦᠷᠢ ᠶᠢᠨ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠴᠢᠳᠠᠪᠤᠷᠢᠲᠠᠨ ᠤ ᠠᠵᠢᠯ ᠵᠡᠷᠭᠡ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢ ᠬᠠᠮᠤᠷᠪᠠ᠃ ︽ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠨᠢ ᠲᠦᠷᠦᠭᠦᠯᠡᠨ ᠲᠤᠰᠪᠤᠷᠢ ᠨᠢᠭᠡ ᠲᠤᠰᠬᠠᠢ ᠠᠩᠭᠢ ᠶᠢ ᠬᠠᠷᠢᠭᠤᠴᠠᠵᠤ᠂ ᠬᠥᠭᠵᠢᠯᠲᠡ ᠶᠢ | ᠠᠳᠬᠤᠬᠤ ᠲᠠᠯ᠎ᠠ ᠪᠠᠷ ᠪᠦᠭᠦᠳᠡᠭᠡᠷ ᠢᠶᠠᠨ ᠡᠭᠦᠷᠭᠡ ᠬᠠᠷᠢᠭᠤᠴᠠᠯᠭ᠎ᠠ᠂ ᠬᠦᠴᠦᠨ ᠴᠢᠳᠠᠯ ᠢᠶᠠᠨ ᠭᠠᠷᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠ ᠲᠥᠷᠥᠯ ᠵᠦᠢᠯ | ᠢᠶᠠᠷ ᠭᠤᠣᠯᠯᠠᠭᠤᠯᠤᠨ ᠪᠠᠶᠢᠭᠤᠯᠤᠭᠰᠠᠨ ᠠᠵᠢᠯ ᠤᠨ ᠲᠤᠰᠬᠠᠢ ᠠᠩᠭᠢ ᠨᠢ ᠰᠠᠯᠠᠭ᠎ᠠ ᠮᠥᠴᠢᠷ ᠤᠨ ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠥᠩᠭᠡᠷᠡᠭᠰᠡᠨ ᠤ | ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠷᠢᠯᠴᠠᠨ ᠲᠦᠯᠬᠢᠯᠴᠡᠬᠦ ᠠᠴᠠ ᠵᠠᠶᠢᠯᠠᠰᠬᠢᠵᠦ᠂ ᠪᠥᠬᠦ ᠬᠤᠰᠢᠭᠤᠨ ᠤ ᠠᠯᠬᠤᠭ᠎ᠠ ᠪᠠᠨ ᠨᠢᠭᠡᠳᠬᠡᠵᠦ᠂ ᠪᠡᠷᠬᠡ ᠰᠡᠳᠦᠪ ᠢ | ᠰᠢᠢᠳᠪᠦᠷᠢᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃︾ ᠭᠡᠵᠦ ᠼᠦᠢ ᠵᠢᠩ ᠰᠢᠶᠠᠩ ᠬᠡᠯᠡᠬᠦ ᠳᠤ ᠪᠠᠨ᠂ ︽ᠲᠠ ᠨᠠᠷ ᠦᠵᠡ᠂ ᠬᠦᠬᠡᠬᠡ | ᠰᠠᠷ᠎ᠠ ᠶᠢᠨ ᠬᠤᠷᠢᠨ ᠨᠠᠢᠮᠠᠨ ᠤ ᠡᠳᠦᠷ ᠪᠣᠯᠴᠢᠬᠠᠯ᠎ᠠ᠂ ᠮᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠣᠬᠢᠷᠠᠭᠤᠯᠤᠯᠲᠠ ᠶᠢᠨ | ᠳᠤᠭᠤᠶᠢᠯᠠᠩ ᠤᠨ ᠠᠵᠢᠯ ᠤᠨ ᠪᠦᠯᠬᠦᠮ ᠪᠠᠰᠠ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠳᠠᠯ | ᠤᠴᠢᠷ ᠢ ᠵᠣᠯᠭᠠᠭᠤᠯᠵᠤ ᠪᠠᠶᠢᠨ᠎ᠠ᠂ ᠡᠲᠡᠭᠡᠷ ᠨᠢ ᠴᠥᠮ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠭᠰᠠᠨ ᠵᠦᠢᠯ ᠪᠢᠰᠢ᠂ ᠴᠥᠮ | ᠡᠯ᠎ᠡ ᠲᠤᠰᠬᠠᠢ ᠠᠵᠢᠯ ᠤᠨ ᠠᠩᠭᠢ ᠶᠢᠨ ᠬᠢᠨ ᠥᠪᠡᠷ ᠢᠶᠠᠨ ᠵᠣᠬᠢᠶᠠᠨ ᠪᠠᠶᠢᠭᠤᠯᠤᠭᠰᠠᠨ ᠶᠤᠮ᠃ ᠡᠶᠢᠮᠦᠷᠬᠦ ᠪᠠᠶᠢᠳᠠᠯ ᠢ ᠬᠠᠷᠠᠭᠠᠳ᠂ ᠮᠢᠨᠦ ᠰᠠᠳᠬᠢᠯ ᠶᠡᠭᠡ ᠬᠠᠨᠤᠮᠵᠢ | ᠲᠠᠢ ᠪᠠᠶᠢᠨ᠎ᠠ᠂ ᠡᠨᠡ ᠨᠢ ᠮᠠᠨ ᠤ ᠭᠤᠣᠯᠳᠠᠯᠭ᠎ᠠ ᠲᠠᠢ ᠪᠠᠷ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠮᠠᠰᠢ ᠰᠠᠶᠢᠨ ᠦᠢᠯᠡᠳᠦᠯ ᠪᠠᠳᠠᠷᠠᠭᠤᠯᠵᠤ ᠪᠠᠶᠢᠬᠤ ᠶᠢ | ᠬᠠᠷᠠᠭᠤᠯᠵᠤ ᠪᠠᠶᠢᠨ᠎ᠠ︾ ᠭᠡᠵᠡᠢ᠃ | ᠺᠠᠳ᠋ᠷ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ︽ ᠪᠣᠳᠠᠲᠠᠢ ︾ ᠪᠠᠶᠢᠬᠤ ᠰᠤᠷᠲᠠᠯ ᠢᠶᠠᠷ ᠰᠢᠨ᠎ᠡ ᠲᠤᠯᠭᠠᠭᠤᠷᠢᠯᠠᠯ ᠢ ᠪᠤᠢ ᠪᠣᠯᠭᠠᠪᠠ ᠃ | ︽ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢᠲᠠᠨ ᠤ ᠳᠤᠲᠠᠭᠤᠳᠠᠯ ᠮᠥᠨ ᠬᠦ ᠪᠠᠭ᠎ᠠ ᠪᠤᠰᠤ ᠪᠠᠶᠢᠵᠤ᠂ | ᠳᠡᠭᠡᠳᠦ ᠲᠠᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠡᠯᠢᠶᠡᠳ ᠲᠤᠲᠠᠭᠳᠠᠵᠤ ᠪᠠᠶᠢᠨ᠎ᠠ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ | ᠴᠢᠳᠠᠪᠤᠷᠢ ᠨᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠨ᠎ᠠ᠂ ᠬᠡᠷᠪᠡ ᠬᠥᠮᠥᠨ ᠤ ᠠᠰᠠᠭᠤᠳᠠᠯ ᠢ ᠰᠢᠢᠳᠪᠦᠷᠢᠯᠡᠵᠦ | ᠲᠡᠶᠢᠯᠬᠦ ᠦᠭᠡᠢ ᠪᠣᠯ ᠴᠢᠨᠠᠷ ᠰᠠᠶᠢᠲᠠᠢ ᠬᠥᠭᠵᠢᠯᠲᠡ ᠨᠢ ᠬᠤᠭᠤᠰᠤᠨ ᠦᠭᠡ ᠪᠤᠯᠬᠤ ᠪᠣᠯᠣᠨ᠎ᠠ᠃︾ ᠭᠡᠵᠦ ᠼᠦᠢ ᠵᠢᠩ ᠰᠢᠶᠠᠩ ᠰᠤᠷᠪᠤᠯᠵᠢᠯᠠᠭᠴᠢ ᠳᠤ ᠬᠡᠯᠡᠪᠡ᠃ | ᠰᠢᠯᠭᠠᠷᠠᠭᠰᠠᠨ ᠰᠢᠯᠢᠳᠡᠭ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤ ᠰᠢᠨ᠎ᠡ ᠴᠠᠭ ᠦᠶ᠎ᠡ ᠶᠢᠨ ᠰᠢᠯᠢᠳᠡᠭ | ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠨᠢᠭᠡᠳᠦᠭᠡᠷ ᠹᠷᠣᠨᠲ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠂ ᠪᠠᠴᠢᠮ ᠬᠦᠴᠢᠷᠲᠡᠯ ᠲᠠᠢ ᠠᠶᠤᠯ ᠲᠦᠭᠰᠢᠬᠦᠷᠢ ᠲᠠᠢ ᠨᠢᠭᠡᠳᠦᠭᠡᠷ | ᠹᠷᠣᠨᠲ ᠲᠤ ᠺᠠᠳ᠋ᠷ ᠢ ᠳᠠᠪᠲᠠᠨ ᠪᠤᠯᠪᠠᠰᠤᠷᠠᠭᠤᠯᠤᠨ ᠬᠥᠮᠥᠵᠢᠭᠦᠯᠬᠦ ᠶᠢ ᠴᠢᠬᠤᠯᠠᠴᠢᠯᠠᠵᠤ᠂ ᠵᠠᠭᠤᠨ ᠺᠠᠳ᠋ᠷ ᠠᠵᠢᠯᠳᠠᠳ ᠢ ᠨᠢᠭᠡᠳᠦᠭᠡᠷ ᠹᠷᠣᠨᠲ ᠲᠤ ᠣᠴᠢᠭᠤᠯᠬᠤ | ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 136 ᠨᠡᠷᠡᠰ ᠢᠳᠡᠷ ᠵᠠᠯᠠᠭᠤ ᠺᠠᠳ᠋ᠷᠴᠤᠳ ᠢ ᠭᠤᠣᠯᠳᠠᠯᠭ᠎ᠠ ᠲᠠᠢ ᠠᠵᠢᠯ ᠤᠨ ᠲᠤᠰᠬᠠᠢ ᠠᠩᠭᠢ᠂ ᠶᠡᠷᠦᠩᠬᠡᠶᠢᠯᠡᠭᠰᠡᠨ | ᠠᠵᠤ ᠠᠬᠤᠢ ᠶᠢᠨ ᠰᠠᠯᠠᠭ᠎ᠠ ᠮᠥᠴᠢᠷ ᠲᠤ ᠰᠣᠩᠭᠤᠨ ᠳᠠᠪᠲᠠᠨ ᠪᠣᠯᠪᠠᠰᠤᠷᠠᠭᠤᠯᠵᠤ ᠪᠠᠶᠢᠨ᠎ᠠ᠃ ᠢᠳᠡᠷ ᠵᠠᠯᠠᠭᠤ ᠺᠠᠳ᠋ᠷᠴᠤᠳ ᠤᠨ ︽ᠶᠡᠬᠡᠪᠡᠷ ᠰᠤᠷᠤᠯᠴᠠᠬᠤ᠂ ᠶᠡᠬᠡᠪᠡᠷ | ᠳᠡᠭᠡᠭᠰᠢᠯᠡᠬᠦ᠂ ᠶᠡᠬᠡᠪᠡᠷ ᠮᠥᠷᠦ᠋ᠢᠴᠡᠬᠦ︾ ᠶᠢ ᠬᠡᠪ ᠤᠨ ᠪᠠᠶᠢᠳᠠᠯ ᠢᠶᠠᠷ ᠲᠦᠯᠬᠢᠨ ᠠᠬᠢᠭᠤᠯᠵᠤ᠂ 400 ᠭᠠᠷᠤᠢ ᠨᠡᠷᠡᠰ ᠢᠳᠡᠷ ᠵᠠᠯᠠᠭᠤ ᠺᠠᠳ᠋ᠷᠴᠤᠳ ᠢ ᠰᠢᠯᠢᠳᠡᠭᠴᠢᠯᠡᠨ | ᠰᠣᠩᠭᠤᠵᠤ᠂ ᠨᠠᠮ ᠤᠨ ᠰᠤᠷᠭᠠᠭᠤᠯᠢ ᠳᠤ ᠰᠤᠷᠤᠯᠴᠠᠭᠤᠯᠵᠤ᠂ ᠲᠤᠭᠳᠠᠭᠰᠠᠨ ᠴᠡᠭ ᠲᠤ ᠪᠠᠶᠢᠴᠠᠭᠠᠨ ᠰᠤᠳᠤᠯᠤᠯᠲᠠ ᠬᠢᠬᠦ ᠂ ᠲᠤᠭᠤᠷᠢᠨ ᠪᠠᠶᠢᠴᠠᠭᠠᠯᠲᠠ | ᠬᠢᠬᠦ ᠂ ︽ᠲᠦᠷᠪᠡᠨ ᠲᠠᠯ᠎ᠠ ᠶᠢᠨ ᠪᠣᠯᠪᠠᠰᠤᠷᠠᠯ︾ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ ︵ᠰᠠᠷ᠎ᠠ ᠶᠢᠨ ᠤᠩᠰᠢᠯᠭ᠎ᠠ᠂ ᠰᠠᠷ᠎ᠠ ᠶᠢᠨ ᠪᠢᠴᠢᠯᠭᠡ᠂ ᠰᠠᠷ᠎ᠠ ᠶᠢᠨ | ᠬᠢᠴᠢᠶᠡᠯᠯᠡᠭᠡ᠂ ᠰᠠᠷ᠎ᠠ ᠶᠢᠨ ᠰᠢᠯᠭᠠᠯᠲᠠ︶᠂ ᠲᠠᠶᠢᠰᠠᠨ ᠤ ᠬᠡᠯᠪᠡᠷᠢ ᠶᠢᠨ ᠤᠷᠤᠯᠳᠤᠭᠠᠨ ᠮᠥᠷᠦ᠋ᠢᠴᠡᠭᠡᠨ ᠬᠢᠬᠦ ᠵᠡᠷᠭᠡ ᠠᠷᠭ᠎ᠠ ᠶᠢ ᠠᠪᠴᠤ᠂ ᠨᠢᠭᠡ ᠪᠦᠯᠦᠭ ᠥᠨᠳᠥᠷ | ᠬᠡᠪ ᠴᠢᠨᠠᠷ ᠲᠠᠢ᠂ ᠲᠤᠰᠬᠠᠶᠢᠵᠢᠭᠰᠠᠨ᠂ ᠬᠠᠮ ᠬᠡᠯᠪᠡᠷᠢ ᠶᠢᠨ ᠰᠢᠯᠢᠳᠡᠭ ᠺᠠᠳ᠋ᠷᠴᠤᠳ ᠢ ᠬᠥᠮᠥᠵᠢᠭᠦᠯᠪᠡ᠃ | ︽ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠭᠦ᠂ ᠬᠤᠪᠢ ᠨᠡᠮᠡᠷᠢ ᠦᠵᠡᠭᠦᠯᠬᠦ︾ | ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠡᠯᠡᠳᠬᠡᠨ ᠥᠷᠨᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ | ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ︽ᠶᠡᠷᠦᠮᠳᠡᠭ ᠪᠤᠶᠢᠳᠤᠭᠤ᠂ ᠠᠯᠵᠠᠭᠤ ᠵᠠᠯᠬᠠᠭᠤ᠂ ᠰᠤᠯᠠ ᠵᠠᠳᠠᠭᠠᠢ᠂ ᠵᠠᠶᠢᠳᠠᠬᠤ᠂ ᠤᠳᠠᠭᠠᠰᠢᠷᠠᠭᠤᠯᠬᠤ᠂ | ᠬᠦᠪᠰᠦᠷᠳᠡᠬᠦ᠂ ᠡᠮᠬᠢ ᠵᠢᠷᠤᠮ ᠢᠶᠠᠨ ᠠᠯᠳᠠᠬᠤ︾ ᠵᠡᠷᠭᠡ ᠰᠤᠷᠲᠠᠯ ᠤᠨ ᠠᠷᠬᠠᠭ ᠭᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ | ᠬᠢᠬᠦ᠂ ᠠᠳᠠᠯ ᠦᠢᠯᠡᠰ ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠪᠠᠳᠠᠷᠠᠭᠤᠯᠪᠠ᠃ ︽ᠦᠨᠳᠦᠷ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠵᠢᠯ | ᠦᠢᠯᠡᠰ ᠪᠤᠰᠬᠠᠬᠤ ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ | ᠰᠤᠳᠤᠯᠤᠨ ᠲᠣᠭᠲᠠᠭᠠᠵᠤ᠂ ︽ᠴᠢᠳᠠᠪᠤᠷᠢᠲᠠᠨ + ᠲᠥᠷᠥᠯ ᠵᠦᠢᠯ + ᠲᠠᠪᠴᠠᠩ︾ ᠤᠨ ᠵᠠᠭᠪᠤᠷ ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ 105 | ᠨᠡᠷᠡᠰ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠬᠦᠮᠦᠵᠢᠬᠦᠯᠵᠦ᠂ 45 ᠨᠡᠷᠡᠰ ᠦᠨᠳᠦᠷ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠣᠷᠣᠭᠤᠯᠵᠤ᠂ | ᠴᠢᠳᠠᠪᠤᠷᠢᠲᠠᠨ ᠤ ︽ᠬᠦᠮᠦᠷᠭᠡ︾ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠨ ᠲᠤᠯᠭᠠᠭᠤᠷᠢᠯᠠᠪᠠ᠃ | ᠬᠦᠴᠢᠷ ᠢ ᠲᠤᠭᠤᠯᠵᠤ ᠭᠠᠷᠬᠤ ᠠᠴᠠ ᠪᠢᠰᠢ ᠲᠤᠭᠤᠷᠢᠵᠤ ᠭᠠᠷᠬᠤ ᠦᠭᠡᠢ ᠭᠡᠳᠡᠭ ᠶᠤᠮ᠃ ᠥᠨᠥᠳᠥᠷ ᠤᠨ ᠤᠷᠠᠳ ᠤᠨ ᠳᠤᠮᠳᠠᠳᠤ ᠬᠤᠰᠢᠭᠤ ᠂ | ᠨᠢᠭᠡᠨᠲᠡ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠤ ᠨᠢᠭᠤᠴᠠ ᠵᠤᠷ ᠢ ᠬᠠᠶᠢᠨ ᠰᠦᠪᠡᠭᠴᠢᠯᠡᠵᠦ | ᠢᠯᠡᠳᠲᠡ ᠦᠷ᠎ᠡ ᠪᠦᠳᠦᠮᠵᠢ ᠤᠯᠪᠠ᠃ ᠮᠠᠷᠭᠠᠰᠢ ᠶᠢᠨ ᠤᠷᠠᠳ ᠤᠨ ᠳᠤᠮᠳᠠᠳᠤ ᠬᠤᠰᠢᠭᠤ ᠦᠷᠭᠦᠯᠵᠢᠯᠡᠨ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠪᠡᠷᠬᠡ | ᠰᠡᠳᠦᠪ ᠢ ᠵᠠᠳᠠᠯᠵᠤ᠂ ᠬᠦᠴᠦᠯᠡᠨ ᠴᠢᠷᠮᠠᠶᠢᠵᠤ᠂ ᠰᠢᠨ᠎ᠡ ᠪᠠᠶᠢᠳᠠᠯ ᠢ ᠪᠤᠢ ᠪᠤᠯᠭᠠᠨ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠤᠷᠠᠳ ᠤᠨ ᠳᠤᠮᠳᠠᠳᠤ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ᠃ |