ᠤᠷᠠᠳ ᠤᠨ ᠳᠤᠮᠳᠠᠳᠤ ᠬᠤᠰᠢᠭᠤ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠤ ᠨᠢᠭᠤᠴᠠ ᠵᠤᠷ ᠢ ᠬᠠᠶᠢᠨ ᠰᠦᠪᠡᠭᠴᠢᠯᠡᠵᠦ ᠪᠤᠢ
ᠨᠡᠶᠢᠲᠡᠯᠡᠭᠰᠡᠨ ᠴᠠᠭ᠄
2023/3/1
      ︽ᠣᠶᠢᠷ᠎ᠠ ᠶᠢᠨ ᠬᠤᠭᠤᠴᠠᠭᠠᠨ ᠳᠤ ᠶᠠᠮᠠᠷ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠬᠤ ᠪᠣᠶ︖ ᠰᠢᠨ᠎ᠡ ᠵᠢᠯ ᠤᠨ ᠳᠠᠷᠠᠭ᠎ᠠ ᠬᠠᠮᠢᠭ᠎ᠠ ᠠᠴᠠ ᠠᠷᠠᠯᠵᠢᠶᠠᠴᠢᠨ ᠤᠷᠢᠬᠤ ᠪᠠᠷ ᠪᠣᠶ︖ ᠁︾ ᠭᠡᠵᠦ ᠴᠠᠭᠠᠨ ᠰᠠᠷ᠎ᠠ ᠶᠢᠨ ᠬᠤᠭᠤᠴᠠᠭᠠᠨ ᠳᠤ᠂ ᠤᠷᠠᠳ ᠤᠨ ᠳᠤᠮᠳᠠᠳᠤ ᠬᠤᠰᠢᠭᠤᠨ ᠤ ᠺᠠᠳ᠋ᠷ ᠠᠵᠢᠯᠳᠠᠳ ᠤᠨ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠶᠠᠪᠤᠳᠠᠯ ᠪᠣᠯ ᠮᠥᠨ ᠯᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠶᠠᠪᠤᠳᠠᠯ ᠪᠣᠯᠬᠤ ᠶᠤᠮ᠃ ᠺᠠᠳ᠋ᠷ ᠠᠵᠢᠯᠳᠠᠳ ᠤᠨ ᠣᠶᠢᠯᠠᠭᠠᠭᠳᠠᠬᠤᠨ᠂ ᠰᠡᠳᠬᠢᠴᠡ᠂ ᠡᠷᠴᠢ ᠵᠣᠷᠢᠭ ᠨᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠭᠡᠯ ᠲᠡᠭᠡᠷ᠎ᠡ ᠰᠢᠭᠤᠳ ᠢᠯᠡᠷᠡᠵᠦ ᠪᠣᠶ᠄ 2022 ᠣᠨ ᠳᠤ᠂ ᠤᠷᠠᠳ ᠤᠨ ᠳᠤᠮᠳᠠᠳᠤ ᠬᠤᠰᠢᠭᠤᠨ ᠤ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ 29.7% ᠪᠠᠷ ᠨᠡᠮᠡᠭᠳᠡᠪᠡ︔ ᠬᠤᠸᠠ ᠴᠢ ᠰᠢᠨ᠎ᠡ ᠡᠨᠧᠷᠭᠢ ᠶᠢᠨ 10 ᠲᠦᠮᠡᠨ ᠲᠣᠨ ᠳ᠋ᠢᠶᠠᠨ ᡂᠢ ᠶᠢᠨ ᠰᠦᠭᠡᠷᠬᠦ ᠲᠦᠢᠯ ᠤᠨ ᠮᠠᠲ᠋ᠧᠷᠢᠶᠠᠯ ᠢ ᠠᠮᠵᠢᠯᠲᠠ ᠲᠠᠢ ᠪᠠᠷ ᠣᠷᠣᠭᠤᠯᠤᠨ᠂ ᠰᠠᠨ ᠢ ᠵᠦᠩ ᠨᠧᠩ ᠤᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠡᠨᠧᠷᠬᠢ᠂ ᠨᠠᠷᠠᠨ ᠤ ᠢᠯᠴᠢ ᠶᠢᠨ ᠡᠨᠧᠷᠬᠢ᠂ ᠤᠰᠤᠲᠥ᠋ᠷᠥᠭᠴᠢ ᠡᠨᠧᠷᠬᠢ᠂ ᠰᠢᠪᠳᠤᠷ ᠡᠨᠧᠷᠬᠢ ᠶᠢ ᠨᠢᠭᠡ ᠴᠣᠭᠴᠠᠵᠢᠭᠤᠯᠬᠤ᠂ ᠵᠥᠩ ᠨᠧᠩ ᠵᠢᠶᠠᠨ 26 ᠲᠦᠮᠡᠨ ᠺᠢᠯᠣᠸᠠᠲ ᠤᠨ ᠤᠰᠤᠲᠥ᠋ᠷᠥᠭᠴᠢ ᠦᠢᠯᠡᠳᠬᠦ᠂ ᠰᠢᠪᠲᠦᠷ ᠦᠢᠯᠡᠳᠬᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ᠂ ᠵᠦᠩ ᠭᠤᠸᠠᠩ ᠾᠧ 12 ᠲᠦᠮᠡᠨ ᠺᠢᠯᠣᠸᠠᠲ ᠤᠨ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ᠂ ᠰᠢᠶᠣᠣ ᠯᠥᠩ ᠦᠨᠳᠦᠷ ᠨᠡᠭᠦᠷᠡᠰᠦᠳᠦ᠋ᠷᠦᠭᠴᠢᠲᠦ ᠾᠷᠤᠮᠳᠤ ᠲᠡᠮᠦᠷ᠂ ᠵᠦᠩ ᠭᠠᠨ ᠪᠠᠷᠠᠭᠠᠨ ᠤ ᠭᠦᠢᠯᠭᠡᠭᠡ ᠶᠢᠨ ᠪᠦᠭᠡᠮ ᠢᠶᠠᠷ ᠬᠠᠶᠢᠷᠴᠠᠭᠯᠠᠬᠤ ᠭᠠᠵᠠᠷ᠂ ᠵᠦᠩ ᠷᠦᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠠᠢ᠂ ᠵᠦᠩ ᠬᠤᠢ AGV ᠶᠢᠨ ᠵᠢᠯᠣᠭᠤᠴᠢ ᠦᠭᠡᠢ ᠣᠶᠤᠨᠲᠤ ᠪᠠᠷ ᠪᠣᠭᠤᠮᠲᠠ ᠥᠩᠭᠡᠷᠡᠬᠦ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠨᠢᠭᠡ ᠪᠦᠯᠦᠭ ᠲᠦᠷᠦᠯ ᠵᠦᠢᠯ ᠢ ᠨᠠᠶᠢᠳᠠᠪᠤᠷᠢᠵᠢᠭᠤᠯᠵᠤ᠂ 140 ᠲᠦᠮᠡᠨ ᠲᠣᠨ ᠤ ᠬᠡᠷᠡᠯ ᠸᠣᠯᠲ ᠤᠨ ᠰᠢᠯ ᠵᠡᠷᠭᠡ ᠨᠢᠭᠡ ᠪᠦᠯᠦᠭ ᠬᠡᠯᠬᠢᠶᠡᠵᠢᠯ ᠤᠨ ᠰᠠᠶᠢᠨ ᠲᠥᠷᠥᠯ ᠵᠦᠢᠯ ᠳᠤ ᠭᠡᠷ᠎ᠡ ᠲᠤᠭᠳᠠᠵᠤ᠂ ᠠᠵᠤ ᠠᠬᠤᠢ ᠶᠢᠨ ᠬᠥᠭᠵᠢᠯᠲᠡ ᠶᠢᠨ ︽ᠲᠣᠭᠲᠠᠭᠤᠨ︾ ᠤ ᠰᠠᠭᠤᠷᠢ ᠨᠡᠩ ᠪᠠᠲᠤ ᠪᠠᠬᠢ ᠪᠣᠯᠵᠤ᠂ ︽ᠤᠷᠤᠭᠰᠢᠯᠠᠬᠤ︾ ᠬᠠᠨᠳᠤᠰᠢ ᠢᠯᠡᠳᠲᠡ ᠴᠢᠩᠭᠠᠷᠠᠪᠠ᠃       ᠵᠠᠭᠤᠨ ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠨᠢᠭᠡ ᠪᠦᠯᠦᠭ ᠲᠦᠷᠦᠯ ᠵᠦᠢᠯ ᠢ ᠤᠷᠢᠨ ᠤᠷᠤᠭᠤᠯᠵᠤ᠂ ᠪᠠᠰᠠ ᠨᠢᠭᠡ ᠪᠦᠯᠦᠭ ᠵᠠᠭᠤᠨ ᠳ᠋ᠦᠩᠰᠢᠭᠤᠷ ᠲᠥᠭᠦᠷᠢᠭ ᠤᠨ ᠲᠦᠷᠦᠯ ᠵᠦᠢᠯ ᠢ ᠪᠠᠴᠢᠮ ᠶᠠᠭᠠᠷᠠᠯᠲᠠᠢ ᠪᠠᠷ ᠲᠦᠯᠬᠢᠨ ᠤᠷᠤᠭᠰᠢᠯᠠᠭᠤᠯᠵᠤ᠂ ᠲᠦᠷᠦᠯ ᠵᠦᠢᠯ ᠰᠢᠷᠦᠬᠦᠨ ᠳᠠᠪᠠᠯᠭᠠᠨ ᠮᠡᠲᠦ ᠢᠷᠡᠵᠤ᠂ ᠺᠠᠳ᠋ᠷ ᠠᠵᠢᠯᠳᠠᠳ ᠤᠯᠠᠮ ᠶᠠᠭᠠᠷᠠᠤ ᠪᠣᠯᠤᠭᠰᠠᠨ ᠪᠣᠯᠪᠠᠴᠤ ᠥᠩᠭᠡᠷᠡᠭᠰᠡᠨ ᠤ ᠬᠢ ᠠᠴᠠ ᠪᠠᠨ ᠨᠡᠩ ᠠᠵᠢᠯᠴᠢ᠂ ᠨᠡᠩ ᠢᠳᠡ ᠬᠦᠴᠦᠨ ᠲᠠᠢ ᠪᠣᠯᠵᠤ᠂ ᠥᠩᠭᠡᠷᠡᠭᠰᠡᠨ ᠤ ᠠᠷᠠᠯᠵᠢᠶᠠᠴᠢᠨ ᠤᠷᠢᠬᠤ ᠳᠤ ᠬᠦᠴᠢᠷᠲᠡᠢ᠂ ᠪᠡᠯᠡ ᠣᠷᠣᠭᠤᠯᠬᠤ ᠳᠤ ᠲᠦᠪᠡᠭ ᠲᠠᠢ ᠪᠠᠶᠢᠭᠰᠠᠨ ᠠᠰᠠᠭᠤᠳᠠᠯ ᠢᠯᠡ ᠲᠣᠳᠣ ᠬᠠᠷᠢᠴᠠᠭᠤᠯᠤᠯ ᠲᠠᠢ ᠪᠣᠯᠤᠭᠰᠠᠨ ᠪᠠᠶᠢᠨ᠎ᠠ᠃ ᠬᠤᠪᠢᠷᠠᠯᠲᠠ ᠬᠠᠮᠢᠭ᠎ᠠ ᠠᠴᠠ ᠢᠷᠡᠳᠡᠭ ᠪᠤᠢ︖ ᠰᠤᠷᠪᠤᠯᠵᠢᠯᠠᠭᠴᠢ ᠣᠶᠢᠷ᠎ᠠ ᠶᠢᠨ ᠡᠳᠦᠷ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠢ ᠲᠤᠰᠬᠠᠶᠢᠯᠠᠨ ᠰᠤᠷᠪᠤᠯᠵᠢᠯᠠᠵᠤ᠂ ᠤᠷᠠᠳ ᠤᠨ ᠳᠤᠮᠳᠠᠳᠤ ᠬᠤᠰᠢᠭᠤᠨ ᠤ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠶᠢᠨ ᠦᠢᠯᠡᠳᠦᠯᠭᠡ ᠠᠴᠠ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠤ ᠨᠢᠭᠤᠴᠠ ᠵᠤᠷ ᠢ ᠬᠠᠶᠢᠨ ᠰᠦᠪᠡᠭᠴᠢᠯᠡᠵᠡᠢ᠃       ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠢ ᠪᠣᠯᠭᠠᠨ᠎ᠠ       ᠼᠦᠢ ᠵᠢᠩ ᠰᠢᠶᠠᠩ ᠬᠡᠯᠡᠬᠦ ᠳᠤ ᠪᠠᠨ᠂ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠶᠢ ᠪᠠᠷᠢᠮᠲᠠᠯᠠᠬᠤ ᠨᠢ ︽ᠬᠡᠷᠬᠢᠨ ᠦᠵᠡᠬᠦ︾ ᠲᠠᠨᠢᠯᠲᠠ ᠶᠢᠨ ᠣᠨᠣᠯ ᠪᠣᠯᠬᠤ ᠮᠥᠷᠲᠡᠭᠡᠨ ᠪᠠᠰᠠ ︽ᠬᠡᠷᠬᠢᠨ ᠬᠢᠬᠦ︾ ᠠᠷᠭ᠎ᠠ ᠶᠢᠨ ᠣᠨᠣᠯ ᠮᠥᠨ᠂ ᠤᠷᠠᠳ ᠤᠨ ᠳᠤᠮᠳᠠᠳᠤ ᠬᠤᠰᠢᠭᠤ ᠪᠠᠷ ᠠᠪᠴᠤ ᠬᠡᠯᠡᠪᠡᠯ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠦᠴᠢᠷᠳᠡᠯ ᠪᠠ ᠺᠠᠳ᠋ᠷ ᠠᠵᠢᠯᠳᠠᠳ ᠤᠨ ᠭᠠᠪᠰᠢᠭᠠᠶᠢᠯᠠᠨ ᠤᠷᠤᠭᠰᠢᠯᠠᠬᠤ ᠵᠣᠷᠢᠭ ᠰᠠᠨᠠᠭ᠎ᠠ ᠬᠦᠷᠦᠯᠴᠡᠬᠦ ᠦᠭᠡᠢ ᠪᠠᠶᠢᠳᠠᠯ ᠤᠨ ᠡᠮᠦᠨ᠎ᠡ᠂ ᠡᠩ ᠲᠡᠷᠢᠭᠦᠨ ᠳᠤ ᠬᠤᠶᠠᠷ ᠠᠰᠠᠭᠤᠳᠠᠯ ᠢ ᠲᠣᠳᠣᠷᠬᠠᠶᠢᠯᠠᠬᠤ ᠬᠡᠷᠡᠭᠲᠡᠢ᠄ ᠪᠢᠳᠡ ᠶᠠᠭᠤ ᠬᠢᠵᠦ ᠳᠡᠶᠢᠯᠬᠦ ᠪᠣᠶ︖ ᠪᠢᠳᠡ ᠶᠠᠭᠠᠬᠢᠵᠤ ᠬᠢᠪᠡᠯ ᠵᠤᠬᠢᠬᠤ ᠪᠤᠢ︖       ᠪᠢᠳᠡ ᠶᠠᠭᠤ ᠬᠢᠵᠦ ᠲᠡᠶᠢᠯᠬᠦ ᠪᠤᠢ︖ ᠡᠭᠦᠨ ᠤ ᠬᠠᠷᠢᠭᠤᠯᠲᠠ ᠨᠢ ᠤᠷᠠᠳ ᠤᠨ ᠳᠤᠮᠳᠠᠳᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠣᠷᠣᠰᠢᠵᠤ ᠪᠤᠢ᠃ ᠣᠷᠣᠨ ᠪᠠᠶᠢᠷᠢ ᠶᠢᠨ ᠲᠠᠯ᠎ᠠ ᠠᠴᠠ ᠠᠪᠴᠤ ᠬᠡᠯᠡᠪᠡᠯ᠂ ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠳᠤᠮᠳᠠᠳᠤ ᠮᠣᠩᠭᠤᠯ ᠤᠨ ᠬᠢᠯᠢ ᠪᠠᠷ ᠦᠩᠭᠡᠷᠡᠬᠦ ᠪᠠᠷᠠᠭᠠᠨ ᠤ ᠬᠡᠮᠵᠢᠶ᠎ᠡ ᠪᠠᠷ ᠬᠠᠮᠤᠭ ᠤᠨ ᠶᠡᠭᠡ ᠪᠤᠯᠬᠤ ᠵᠠᠰᠠᠮᠠᠯ ᠵᠠᠮ ᠤᠨ ᠪᠣᠭᠤᠮᠲᠠ — ᠭᠠᠭᠴᠠᠮᠣᠳᠤ ᠬᠢᠯᠢ ᠶᠢᠨ ᠪᠣᠭᠤᠮᠲᠠ ᠪᠠᠶᠢᠵᠤ᠂ ᠵᠢᠯ ᠤᠨ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ ᠨᠢ 3000 ᠲᠦᠮᠡᠨ ᠲᠣᠨ ᠳᠤ ᠬᠦᠷᠴᠦ᠂ ᠲᠡᠷᠡᠴᠢᠯᠡᠨ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠲᠠ ᠶᠢᠨ ᠲᠣᠭᠤᠷᠢᠭ ᠢ ᠢᠵᠢ ᠪᠦᠷᠢᠳᠦᠭᠦᠯᠪᠡ᠃ ᠡᠬᠢ ᠪᠠᠶᠠᠯᠢᠭ ᠤᠨ ᠲᠠᠯ᠎ᠠ ᠠᠴᠠ ᠠᠪᠴᠤ ᠬᠡᠯᠡᠪᠡᠯ᠂ ᠤᠷᠠᠳ ᠤᠨ ᠳᠤᠮᠳᠠᠳᠤ ᠬᠤᠰᠢᠭᠤ ᠨᠢ ᠡᠬᠢ ᠪᠠᠶᠠᠯᠢᠭ ᠢᠶᠠᠷ ᠡᠯᠪᠡᠭ ᠳᠡᠯᠪᠡᠭ ᠪᠠᠶᠢᠭ᠎ᠠ ᠮᠣᠩᠭᠤᠯ ᠤᠯᠤᠰ ᠲᠠᠢ ᠬᠢᠯᠢᠯᠡᠵᠤ᠂ ᠬᠢᠯᠢ ᠶᠢᠨ ᠲᠤᠳᠤᠷ᠎ᠠ ᠥᠩᠭᠡᠲᠦ ᠲᠡᠮᠦᠷᠯᠢᠭ ᠬᠠᠷ᠎ᠠ ᠲᠡᠮᠦᠷᠯᠢᠭ ᠦᠨᠡᠲᠦ ᠲᠡᠮᠦᠷᠯᠢᠭ ᠤᠨ ᠠᠭᠤᠷᠬᠠᠢ ᠶᠢᠨ ᠬᠠᠳᠠᠭᠠᠯᠠᠭᠳᠠᠴᠠ ᠡᠯᠪᠡᠭ ᠪᠠᠶᠠᠯᠢᠭ᠂ ᠰᠠᠯᠬᠢ ᠭᠡᠷᠡᠯ ᠤᠨ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠬᠠᠲᠤᠨ ᠭᠤᠣᠯ ᠤᠨ ︽ ᠵᠢᠢ︾ ᠥᠰᠥᠭ ᠤᠨ ᠤᠷᠤᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠨᠢᠭᠡ ᠨᠢ ᠪᠣᠯᠣᠨ᠎ᠠ᠃ 180 ᠲᠦᠮᠡᠨ ᠮᠦ ᠲᠠᠷᠢᠶᠠᠨ ᠭᠠᠵᠠᠷ ᠪᠠ 3200 ᠭᠠᠷᠤᠢ ᠲᠦᠮᠡᠨ ᠮᠦ ᠪᠠᠶᠢᠭᠠᠯᠢ ᠶᠢᠨ ᠨᠤᠳᠤᠭ ᠪᠡᠯᠴᠢᠭᠡᠷ ᠲᠠᠢ ᠪᠠᠶᠢᠵᠤ᠂ ᠡᠷᠳᠡᠨᠢ ᠰᠢᠰᠢ᠂ ᠨᠡᠷᠡᠨ ᠬᠤᠸᠠᠷ ᠤᠨ ᠦᠷ᠎ᠡ᠂ ᠬᠠᠭᠤᠷᠠᠢ ᠲᠠᠷᠢᠶᠠᠨ ᠤ ᠪᠤᠭᠤᠳᠠᠢ᠂ ᠰᠠᠭᠠᠭ ᠤᠨ ᠭᠤᠯᠢᠷ᠂ ᠦᠬᠡᠷ ᠬᠤᠨᠢᠨ ᠮᠢᠬ᠎ᠠ ᠵᠡᠷᠭᠡ ᠪᠣᠬᠢᠷᠳᠤᠯ ᠦᠭᠡᠢ ᠣᠷᠭᠠᠨᠢᠭ ᠢᠳᠡᠭᠡᠨ ᠡᠯᠪᠡᠭ ᠭᠠᠷᠳᠠᠭ ᠮᠦᠷᠲᠡᠭᠡᠨ ᠬᠤᠶᠠᠷ ᠪᠤᠭᠳᠠ ᠶᠢᠨ ᠴᠠᠭᠠᠨ ᠨᠣᠯᠤᠥᠷ ᠤᠨ ᠢᠮᠠᠭᠠᠨ ᠤ ᠨᠤᠯᠤᠤᠷ ᠨᠢ ︽ᠵᠥᠭᠡᠯᠡᠨ ᠠᠯᠲᠠ︾ ᠭᠡᠮᠡᠭᠳᠡᠳᠡᠭ᠃ ᠣᠷᠳᠣ ᠴᠠᠭᠠᠨ ᠬᠡᠷᠡᠮ ᠤᠨ ᠪᠠᠭᠤᠷᠢ᠂ ᠮᠤᠨᠢ ᠠᠭᠤᠯᠠ ᠶᠢᠨ ᠬᠠᠲᠠᠨ ᠵᠢᠷᠤᠭ᠂ ᠰᠦᠷᠯᠢᠭ ᠰᠠᠶᠢᠬᠠᠨ ᠲᠠᠯ᠎ᠠ ᠨᠤᠲᠤᠭ᠂ ᠬᠢᠯᠢ ᠬᠢᠵᠠᠭᠠᠷ ᠤᠨ ᠰᠣᠶᠣᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠰᠣᠩᠭᠤᠳᠠᠭ ᠠᠷᠠᠳ ᠤᠨ ᠳᠠᠭᠤᠤ ︽ᠬᠤᠨ ᠭᠠᠯᠠᠭᠤ︾ ᠨᠢ ᠤᠷᠠᠳ ᠤᠨ ᠳᠤᠮᠳᠠᠳᠤ ᠬᠤᠰᠢᠭᠤᠨ ᠤ ᠬᠤᠯᠤᠰᠤᠲᠠᠢ ᠰᠤᠮᠤᠨ ᠠᠴᠠ ᠢᠷᠡᠯᠲᠡᠢ ᠶᠤᠮ᠃ ᠡᠭᠦᠨ ᠤ ᠬᠠᠮᠳᠤ᠂ ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠦᠴᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠲᠡᠭᠦᠯᠳᠡᠷᠵᠢᠪᠡ᠃ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠳᠠᠪᠠᠭᠤᠯᠢᠭ ᠪᠣᠯᠣᠨ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠨᠢ ᠥᠷᠭᠡᠨ ᠤᠯᠠᠨ ᠺᠠᠳ᠋ᠷ ᠠᠵᠢᠯᠳᠠᠳ ᠤᠨ ︽ᠪᠢ ᠪᠤᠰᠤᠳ ᠲᠤ ᠬᠦᠷᠬᠦ ᠦᠭᠡᠢ︾ ᠭᠡᠬᠦ ᠪᠤᠳᠤᠯ ᠢ ᠲᠠᠶᠠᠭᠳᠠᠭᠤᠯᠵᠤ᠂ ᠬᠥᠭᠵᠢᠯᠲᠡ ᠶᠢᠨ ᠢᠲᠡᠭᠡᠯ ᠢ ᠳᠠᠬᠢᠨᠲᠠ ᠪᠤᠢ ᠪᠣᠯᠭᠠᠵᠠᠢ᠄ ᠮᠠᠨ ᠤ ᠤᠷᠠᠳ ᠤᠨ ᠳᠤᠮᠳᠠᠳᠤ ᠬᠤᠰᠢᠭᠤ ᠨᠢ ᠪᠤᠰᠤᠳ ᠠᠴᠠ ᠦᠴᠦᠬᠡᠨ ᠴᠦ ᠳᠣᠣᠷ᠎ᠠ ᠦᠭᠡᠢ ᠮᠥᠷᠲᠡᠭᠡᠨ ᠮᠠᠰᠢ ᠤᠯᠠᠨ ᠪᠤᠰᠤᠳ ᠲᠤ ᠪᠠᠶᠢᠬᠤ ᠦᠭᠡᠢ ᠳᠠᠪᠠᠭᠤᠯᠢᠭ ᠲᠠᠯ᠎ᠠ ᠲᠠᠢ ᠶᠤᠮ᠃       ᠪᠢᠳᠡ ᠶᠠᠭᠠᠬᠢᠵᠤ ᠬᠢᠪᠡᠯ ᠵᠤᠬᠢᠬᠤ ᠪᠤᠢ︖ ᠡᠭᠦᠨ ᠤ ᠬᠠᠷᠢᠭᠤᠯᠲᠠ  ᠨᠢ  ︽ ᠠᠰᠠᠭᠤᠳᠠᠯ  ᠢᠶᠠᠷ  ᠤᠳᠤᠷᠢᠳᠤᠮᠵᠢ  ᠪᠣᠯᠭᠠᠬᠤ  ︾  ᠶᠢ ᠪᠤᠢ  ᠪᠣᠯᠭᠠᠵᠤ  ᠂  ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠶᠢ ᠠᠰᠢᠭᠯᠠᠨ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠬᠦ ᠶᠠᠪᠤᠳᠠᠯ ᠪᠣᠯᠣᠨ᠎ᠠ᠃ ᠡᠭᠦᠨ ᠳᠤ᠂ ᠤᠷᠠᠳ ᠤᠨ ᠳᠤᠮᠳᠠᠳᠤ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠲᠤᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠢᠶᠠᠨ ᠳᠠᠬᠢᠨ ᠴᠡᠭᠴᠡᠯᠡᠭᠰᠡᠨ ᠤ ᠰᠠᠭᠤᠷᠢᠨ ᠳᠡᠭᠡᠷ᠎ᠡ᠂ ᠪᠦᠬᠦ ᠬᠤᠲᠠ᠂ ᠪᠦᠬᠦ ᠣᠷᠣᠨ᠂ ᠪᠦᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠥᠨᠳᠥᠷᠴᠡ ᠳᠡᠭᠡᠷ᠎ᠡ ᠵᠣᠭᠰᠣᠵᠤ᠂ ᠤᠷᠠᠳ ᠤᠨ ᠳᠤᠮᠳᠠᠳᠤ ᠬᠤᠰᠢᠭᠤᠨ ᠤ ᠢᠷᠡᠭᠡᠳᠦᠢ ᠶᠢᠨ ᠬᠥᠭᠵᠢᠯᠲᠡ ᠳᠤ ᠳᠠᠬᠢᠨ ︽ᠲᠥᠯᠥᠪᠵᠢᠭᠦᠯᠭᠡ ᠪᠠᠶᠢᠷᠢᠯᠠᠭᠤᠯᠤᠯᠲᠠ︾ ᠬᠢᠵᠦ᠂ ︽ᠠᠵᠤ ᠦᠢᠯᠡᠰ ᠤᠨ ᠲᠥᠯᠦᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ︾ ᠬᠤᠰᠢᠭᠤᠨ ᠤ ᠬᠡᠪᠴᠢᠶᠡᠨ ᠳᠠᠬᠢ ᠠᠵᠤ ᠠᠬᠤᠢ ᠶᠢᠨ ᠶᠡᠷᠦᠩᠬᠡᠢ ᠰᠡᠳᠬᠢᠴᠡ ᠶᠢ ᠳᠤᠷᠠᠳᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢᠶᠠᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ᠂ ᠢᠷᠠᠭᠤ ᠠᠯᠳᠠᠷ᠂ ᠲᠤᠷᠰᠢᠯᠲᠠ ᠶᠢᠨ ᠴᠡᠭ᠂ ᠪᠡᠯᠡ ᠮᠥᠩᠭᠦ ᠶᠢ ᠲᠡᠮᠡᠴᠡᠨ ᠤᠯᠬᠤ ᠶᠢ ᠪᠡᠶᠡᠯᠡᠭᠦᠯᠬᠦ ᠪᠠᠷ ᠠᠷᠭ᠎ᠠ ᠵᠠᠮ ᠪᠣᠯᠭᠠᠵᠤ᠂ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠢᠴᠢ ᠤᠮᠠᠷᠠᠲᠤ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠡᠬᠡ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠪᠥᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢᠨ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠪᠠᠷ ᠬᠠᠷᠠᠯᠲᠠ ᠶᠢᠨ ᠪᠠᠶᠢᠷᠢ ᠲᠣᠭᠲᠠᠭᠠᠯᠲᠠ ᠪᠣᠯᠭᠠᠭᠰᠠᠨ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠠᠵᠢᠯᠯᠠᠭᠠᠨ ᠤ ᠬᠥᠲᠥᠯᠪᠦᠷᠢ ᠶᠢ ᠪᠦᠷᠢᠯᠳᠦᠭᠦᠯᠪᠡ ᠭᠡᠪᠡ᠃       ᠬᠠᠷᠠᠯᠳᠠᠳᠤ ᠡᠭᠦᠷᠭᠡ ᠶᠢ ᠲᠣᠭᠲᠠᠭᠠᠭᠰᠠᠨ ᠨᠢ᠂ ᠤᠷᠠᠳ ᠤᠨ ᠳᠤᠮᠳᠠᠳᠤ ᠬᠤᠰᠢᠭᠤᠨ ᠤ ᠬᠥᠭᠵᠢᠯᠲᠡ ᠶᠢᠨ ᠠᠶᠠᠨ ᠤ ᠬᠡᠷᠡᠯᠳᠦ ᠴᠠᠮᠬᠠᠭ ᠢ ᠭᠡᠷᠡᠯᠲᠦᠭᠦᠯᠵᠦ᠂ ᠺᠠᠳ᠋ᠷ ᠠᠵᠢᠯᠳᠠᠳ ᠤᠨ ︽ᠭᠠᠪᠰᠢᠭᠠᠶᠢᠯᠠᠬᠤ︾ ᠡᠷᠴᠢ ᠵᠣᠷᠢᠭ ᠢ ᠬᠥᠪᠴᠢᠯᠡᠨ᠂ ︽ᠲᠡᠮᠡᠴᠡᠬᠦ︾ ᠰᠦᠰᠦ ᠵᠣᠷᠢᠭ ᠢ ᠴᠢᠩᠳᠠᠯᠠᠵᠤ᠂ ︽ᠪᠣᠳᠠᠲᠠᠢ ︾ ᠢᠳᠡ ᠵᠣᠷᠢᠭ ᠢ ᠲᠠᠶᠢᠴᠢᠯᠠᠭᠰᠠᠨ ᠪᠠᠶᠢᠨ᠎ᠠ᠃ ᠤᠯᠠᠨ ᠢᠶᠠᠷ ᠢᠶᠠᠨ ᠬᠦᠴᠦ ᠪᠠᠨ ᠬᠠᠮᠲᠤᠳᠬᠠᠪᠠᠰᠤ ᠲᠦᠮᠡᠨ ᠵᠦᠢᠯ ᠪᠡᠶᠡᠯᠡᠭᠳᠡᠮᠦᠢ᠂ ᠲᠦᠮᠡᠨ ᠢᠶᠠᠷ ᠢᠶᠠᠨ ᠤᠶᠤᠨ ᠤᠬᠠᠭᠠᠨ ᠢᠶᠠᠨ ᠭᠠᠷᠭᠠᠪᠠᠰᠤ ᠠᠷᠠᠳ ᠤᠨ ᠠᠮᠢᠳᠤᠷᠠᠯ ᠰᠠᠶᠢᠵᠢᠷᠠᠮᠤᠢ᠂ ᠥᠨᠥᠳᠥᠷ ᠤᠨ ᠤᠷᠠᠳ ᠤᠨ ᠳᠤᠮᠳᠠᠳᠤ ᠬᠤᠰᠢᠭᠤ᠂ ᠠᠯᠢ ᠤᠯᠠᠨ ᠠᠵᠢᠯ ᠤᠨ ᠪᠠᠶᠢᠷᠢᠯᠠᠭᠤᠯᠤᠯᠲᠠ ᠨᠢ ᠨᠠᠷᠢᠨ ᠨᠢᠭᠲᠠ᠂ ᠠᠯᠢ ᠤᠯᠠᠨ ᠠᠷᠭ᠎ᠠ ᠬᠡᠮᠵᠢᠶ᠎ᠡ ᠨᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠪᠠᠶᠢᠵᠤ᠂ ᠰᠠᠭᠤᠷᠢ ᠶᠢ ᠪᠠᠳᠤᠳᠬᠠᠬᠤ᠂ ᠠᠯᠤᠰ ᠬᠡᠳᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠲᠤᠰᠠ ᠲᠠᠢ ᠨᠢᠭᠡ ᠪᠦᠯᠦᠭ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠳᠠᠶᠢᠴᠢᠯᠠᠬᠤ ᠶᠢᠨ ᠬᠠᠮᠲᠤ ᠠᠵᠤ ᠦᠢᠯᠡᠰ ᠤᠨ ᠰᠠᠭᠤᠷᠢ ᠶᠢ ᠲᠠᠬᠢᠨ ᠱᠤᠭᠤᠵᠤ ᠲᠠᠬᠢᠨ ᠪᠦᠲᠦᠭᠡᠬᠦ᠂ ᠠᠵᠤ ᠦᠢᠯᠡᠰ ᠤᠨ ᠬᠡᠯᠬᠢᠶᠡᠵᠢᠯ ᠢ ᠲᠣᠭᠲᠠᠭᠤᠨ ᠢᠶᠠᠷ ᠤᠷᠲᠤᠳᠬᠠᠬᠤ ᠪᠠ ᠠᠵᠤ ᠦᠢᠯᠡᠰ ᠤᠨ ᠰᠢᠰᠲ᠋ᠧᠮ ᠢ ᠲᠠᠬᠢᠨ ᠳᠠᠪᠲᠠᠵᠤ ᠰᠢᠯᠢᠳᠡᠭᠵᠢᠭᠦᠯᠬᠦ ᠶᠢ ᠬᠦᠴᠦᠲᠡᠢ ᠲᠦᠷᠭᠡᠳᠭᠡᠨ ᠠᠬᠢᠭᠤᠯᠤᠭᠰᠠᠨ ᠪᠠᠶᠢᠨ᠎ᠠ᠃ 2022 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 113.15 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠪᠡᠯᠡ ᠮᠥᠩᠭᠦ ᠶᠢ 24.18 ᠳ᠋ᠦᠩᠰᠢᠭᠤᠷ ᠲᠥᠭᠦᠷᠢᠭ ᠲᠡᠮᠡᠴᠡᠨ ᠣᠯᠪᠠ︔ ᠵᠢᠭᠤᠯᠴᠢᠯᠠᠭᠰᠠᠳ ᠢ ᠨᠡᠶᠢᠲᠡ 45.91 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠵᠤᠴᠢᠯᠠᠨ᠂ ᠵᠢᠭᠤᠯᠴᠢᠯᠠᠯ ᠤᠨ ᠣᠷᠣᠯᠭ᠎ᠠ ᠶᠢ 3.63 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠲᠣᠰ ᠲᠣᠰ 39100 ᠲᠥᠭᠦᠷᠢᠭ᠂ 23600 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.6% ᠪᠠ 7.2% ᠢᠶᠠᠷ ᠨᠡᠮᠡᠭᠳᠡᠪᠡ᠃ ︽ᠦᠢᠯᠡᠳᠦᠯᠭᠡ ᠭᠡᠷᠡᠴᠢᠯᠡᠭᠰᠡᠨ ᠨᠢ᠂ ᠪᠢᠳᠡᠨ ᠤ ᠬᠥᠭᠵᠢᠯᠲᠡ ᠶᠢᠨ ᠰᠡᠳᠬᠢᠴᠡ ᠤᠷᠠᠳ ᠤᠨ ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠲᠠᠢ ᠵᠤᠬᠢᠴᠠᠵᠤ ᠪᠠᠶᠢᠨ᠎ᠠ᠂ ᠪᠢᠳᠡ ᠭᠤᠶᠢᠪᠢᠰᠢ ᠦᠭᠡᠢ ᠪᠠᠷ ᠦᠷᠭᠦᠯᠵᠢᠯᠡᠨ ᠴᠢᠷᠮᠠᠶᠢᠨ ᠠᠵᠢᠯᠯᠠᠬᠤ ᠬᠡᠷᠡᠭᠲᠡᠢ︾ ᠭᠡᠵᠦ ᠼᠦᠢ ᠵᠢᠩ ᠰᠢᠶᠠᠩ ᠱᠦᠵᠢ ᠠᠴᠠ ᠴᠢᠬᠤᠯᠠᠴᠢᠯᠠᠪᠠ᠃       ︽ᠰᠢᠢᠳᠪᠦᠷᠢᠯᠡᠵᠤ ᠲᠡᠶᠢᠯᠬᠦ ᠰᠡᠳᠬᠢᠬᠦᠢ︾ ᠪᠠᠷ ᠺᠠᠳ᠋ᠷ ᠠᠵᠢᠯᠳᠠᠳ ᠤᠨ ᠦᠵᠡᠯᠲᠡ ᠰᠤᠷᠲᠠᠯ ᠢ ᠳᠠᠬᠢᠨ ᠪᠤᠶ ᠪᠣᠯᠭᠠᠨ᠎ᠠ       ︽ᠠᠵᠢᠯᠯᠠᠭᠠᠨ ᠤ ᠵᠢᠷᠤᠭ︾ ︽ᠵᠠᠮ ᠱᠤᠭᠤᠮ ᠤᠨ ᠵᠢᠷᠤᠭ︾ ᠢ ᠲᠣᠭᠲᠠᠭᠠᠭᠰᠠᠨ ᠤ ᠳᠠᠷᠠᠭ᠎ᠠ᠂ ᠺᠠᠳ᠋ᠷ ᠠᠵᠢᠯᠳᠠᠳ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠦᠴᠦᠨ ᠪᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠦᠷᠦᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠶ︖ ᠡᠭᠦᠨ ᠤ ᠵᠠᠩᠭᠢᠯᠠᠭ᠎ᠠ ᠨᠢ ᠤᠷᠢᠶᠠᠯᠠᠨ ᠲᠠᠶᠢᠴᠢᠯᠠᠮᠠᠭᠴᠠ ᠪᠤᠰᠤᠯᠴᠠᠨ ᠬᠦᠳᠡᠯᠦᠯᠴᠡᠵᠦ᠂ ᠬᠦᠳᠡᠯᠦᠯᠴᠡᠪᠡᠯ ᠠᠵᠢᠯᠯᠠᠵᠤ ᠴᠢᠳᠠᠬᠤ᠂ ᠠᠵᠢᠯᠯᠠᠪᠠᠯ ᠢᠯᠠᠯᠲᠠ ᠤᠯᠬᠤ ᠺᠠᠳ᠋ᠷ ᠤᠨ ᠡᠩᠨᠡᠭᠡ ᠶᠢ ᠵᠤᠬᠢᠶᠠᠨ ᠪᠠᠶᠢᠭᠤᠯᠬᠤ ᠶᠠᠪᠤᠳᠠᠯ ᠪᠣᠯᠣᠨ᠎ᠠ᠃       ︽ᠪᠢ ᠤᠷᠠᠳ ᠤᠨ ᠳᠤᠮᠳᠠᠳᠤ ᠬᠤᠰᠢᠭᠤᠨ ᠳᠤ ᠠᠩᠬ᠎ᠠ ᠢᠷᠡᠬᠦ ᠦᠶ᠎ᠡ ᠳᠤ᠂ ᠺᠠᠳ᠋ᠷᠴᠤᠳ ᠲᠤ ᠪᠡᠷᠬᠡᠰᠢᠶᠡᠬᠦ ᠰᠡᠳᠬᠢᠯᠭᠡ᠂ ᠠᠵᠢᠯᠯᠠᠬᠤ ᠦᠭᠡᠢ ᠵᠦᠭᠡᠷ ᠰᠠᠭᠤᠬᠤ ᠦᠵᠡᠯ ᠰᠠᠨᠠᠭ᠎ᠠ ᠨᠡᠯᠢᠶᠡᠳ ᠲᠦᠭᠡᠮᠡᠯ ᠣᠷᠣᠰᠢᠵᠤ᠂ ᠠᠵᠢᠯ ᠤᠨ ᠠᠬᠢᠴᠠ ᠪᠠᠷ ᠤᠳᠠᠭᠠᠨ᠂ ᠰᠢᠨ᠎ᠡ ᠶᠢ ᠡᠭᠦᠳᠬᠦ ᠳᠤ ᠬᠦᠴᠢᠷ ᠲᠠᠢ ᠪᠠᠶᠢᠳᠠᠯ ᠲᠠᠢ ᠪᠠᠶᠢᠵᠤ᠂ ᠰᠢᠯᠳᠠᠭᠠᠨ ᠢ ᠨᠢ ᠡᠷᠢᠪᠡᠯ᠂ ᠨᠢᠭᠡ ᠲᠠᠯ᠎ᠠ ᠪᠠᠷ ᠺᠠᠳ᠋ᠷᠴᠤᠳ ᠲᠤᠰ ᠪᠡᠶ᠎ᠡ ᠳᠤ ᠪᠠᠨ ᠢᠳᠡᠭᠡᠯ ᠲᠠᠨᠢᠯᠲᠠ ᠪᠠᠷ ᠳᠤᠲᠠᠮᠠᠭ ᠪᠠᠶᠢᠵᠤ᠂ ᠨᠥᠭᠦᠭᠡ ᠲᠠᠯ᠎ᠠ ᠪᠠᠷ ᠺᠠᠳ᠋ᠷᠴᠤᠳ ᠤᠨ ᠠᠵᠢᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠢᠶᠠᠷ ᠬᠦᠷᠦᠯᠴᠡᠬᠦ ᠦᠭᠡᠢ ᠪᠠᠶᠢᠭᠰᠠᠨ ᠠᠴᠠ ᠪᠣᠯᠵᠠᠢ᠃ ᠪᠢᠳᠡ ᠭᠤᠣᠯᠳᠠᠭᠤ ᠭᠤᠷᠪᠠᠨ ᠲᠠᠯ᠎ᠠ  ᠠᠴᠠ ᠺᠠᠳ᠋ᠷᠴᠤᠳ ᠢ ᠬᠠᠪᠰᠤᠷᠴᠤ ︿ᠰᠢᠢᠳᠪᠦᠷᠢᠯᠡᠵᠤ ᠲᠡᠶᠢᠯᠬᠦ ᠰᠡᠳᠬᠢᠬᠦᠢ﹀ ᠶᠢ ᠪᠤᠢ ᠪᠣᠯᠭᠠᠵᠤ᠂ ᠺᠠᠳ᠋ᠷᠴᠤᠳ ᠢ ᠬᠦᠴᠢᠷ ᠪᠡᠷᠬᠡᠰᠢᠶᠡᠯ ᠳᠤ ᠰᠢᠯᠲᠠᠭ ᠡᠷᠢᠬᠦ ᠦᠭᠡᠢ᠂ ᠵᠥᠪᠬᠡᠨ ᠠᠮᠵᠢᠯᠲᠠ ᠳᠤ ᠬᠦᠷᠬᠦ ᠶᠢᠨ ᠲᠥᠯᠥᠭᠡ ᠠᠷᠭ᠎ᠠ ᠰᠦᠪᠡᠭᠴᠢᠯᠡᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠬᠥᠭᠵᠢᠯᠲᠡ ᠶᠢᠨ ᠭᠤᠣᠯ ᠰᠡᠳᠦᠪ ᠳᠡᠭᠡᠷ᠎ᠡ ᠲᠥᠪᠯᠡᠷᠡᠭᠦᠯᠦᠭᠰᠡᠨ ᠪᠠᠶᠢᠨ᠎ᠠ︾ ᠭᠡᠵᠦ ᠼᠦᠢ ᠵᠢᠩ ᠰᠢᠶᠠᠩ ᠬᠡᠯᠡᠪᠡ᠃       ︽ᠡᠩ ᠲᠡᠷᠢᠭᠦᠨ ᠳᠤ ︿ᠤᠴᠢᠷ ᠶᠠᠪᠤᠳᠠᠯ ᠪᠦᠬᠦᠨ ᠢ ᠴᠥᠮ ᠰᠢᠢᠳᠪᠦᠷᠢᠯᠡᠬᠦ ᠠᠷᠭ᠎ᠠ ᠲᠠᠢ﹀ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠺᠠᠳ᠋ᠷᠴᠤᠳ ᠤᠨ ᠬᠥᠭᠵᠢᠯᠲᠡ ᠶᠢᠨ ᠤᠬᠠᠮᠰᠠᠷ ᠢ ᠬᠥᠭᠵᠢᠭᠡᠪᠡ᠃ ᠬᠥᠭᠵᠢᠯᠲᠡ ᠶᠢ ᠡᠷᠢᠯᠬᠢᠯᠡᠬᠦ ᠳᠤ ᠡᠭᠦᠳᠡ ᠪᠠᠨ ᠲᠦᠭᠵᠢᠵᠦ ᠲᠤᠭᠤᠢ ᠰᠠᠭᠤᠵᠤ ᠪᠣᠯᠬᠤ ᠦᠭᠡᠢ᠂ ᠵᠠᠪᠠᠯ ᠭᠠᠳᠠᠭᠰᠢ ᠭᠠᠷᠴᠤ᠂ ᠢᠯᠡᠭᠦᠦ ᠦᠵᠡᠵᠦ᠂ ᠢᠯᠡᠭᠦᠦ ᠰᠤᠷᠤᠯᠴᠠᠵᠤ᠂ ᠢᠯᠡᠭᠦᠦ ᠤᠶᠢᠯᠠᠭᠠᠨ ᠮᠡᠳᠡᠬᠦ ᠬᠡᠷᠡᠭᠲᠡᠢ᠃ ᠪᠢᠳᠡ ᠺᠠᠳ᠋ᠷᠴᠤᠳ ᠢ ᠵᠣᠬᠢᠶᠠᠨ ᠪᠠᠶᠢᠭᠤᠯᠵᠤ ᠬᠠᠩᠭᠢᠨ ᠬᠤᠶᠢᠲᠤ ᠬᠤᠰᠢᠭᠤ᠂ ᠦᠶᠤᠸᠠᠨ᠂  ᠯᠢᠨ ᠾᠧ ᠪᠣᠯᠣᠨ ᠨᠢᠩᠰᠢᠶᠠ ᠵᠡᠷᠭᠡ ᠭᠠᠵᠠᠷ ᠲᠤ ᠣᠴᠢᠭᠤᠯᠵᠤ᠂ ᠲᠡᠷᠢᠭᠦᠨ ᠤ ᠲᠠᠷᠢᠶᠠᠯᠠᠩ ᠤᠨ ᠬᠥᠭᠵᠢᠯᠲᠡ ᠶᠢᠨ ᠬᠡᠪ ᠵᠠᠭᠪᠤᠷ ᠢ ᠰᠤᠷᠤᠯᠴᠠᠨ ᠪᠠᠶᠢᠴᠠᠭᠠᠨ ᠦᠵᠡᠪᠡ᠂ ᠮᠠᠨ ᠤ ᠺᠠᠳ᠋ᠷᠴᠤᠳ ᠪᠠᠶᠢᠴᠠᠭᠠᠨ ᠦᠵᠡᠭᠰᠡᠨ ᠤ ᠲᠠᠷᠠᠭ᠎ᠠ ︿ᠪᠢᠳᠡ ᠪᠤᠰᠤᠳ ᠲᠠᠢ ᠠᠳᠠᠯᠢᠳᠬᠠᠪᠠᠯ ᠪᠠᠰᠠ ᠤᠯᠠᠮᠵᠢᠯᠠᠯᠲᠤ ᠦᠢᠯᠡᠳᠪᠦᠷᠢᠯᠡᠯ ᠡᠵᠡᠩᠨᠡᠯᠲᠡ ᠶᠢᠨ ᠬᠡᠪ ᠵᠠᠭᠪᠤᠷ ᠤᠨ ᠪᠠᠶᠢᠳᠠᠯ ᠳᠤ ᠣᠷᠣᠰᠢᠵᠤ᠂ ᠰᠤᠷᠴᠤ ᠮᠡᠳᠡᠬᠦ ᠶᠤᠰᠤᠲᠠᠢ ᠵᠦᠢᠯ ᠪᠠᠰᠠ ᠡᠳᠦᠢ ᠲᠡᠳᠦᠢ ᠪᠠᠶᠢᠨ᠎ᠠ﹀ ᠭᠡᠵᠦ ᠶᠠᠷᠢᠵᠤ ᠪᠠᠶᠢᠯ᠎ᠠ︾ ᠬᠡᠵᠤ ᠼᠦᠢ ᠵᠢᠩ ᠰᠢᠶᠠᠩ ᠬᠡᠯᠡᠨ᠎ᠡ᠃ ᠭᠠᠳᠠᠭᠰᠢ ᠭᠠᠷᠴᠤ ᠰᠤᠷᠤᠯᠴᠠᠨ ᠰᠢᠨᠵᠢᠯᠡᠨ ᠪᠠᠶᠢᠴᠠᠭᠠᠬᠤ ᠪᠠᠷ ᠲᠠᠮᠵᠢᠨ᠂ ᠤᠷᠠᠳ ᠤᠨ ᠲᠤᠮᠳᠠᠳᠤ ᠬᠤᠰᠢᠭᠤᠨ ᠤ ᠺᠠᠳ᠋ᠷᠴᠤᠳ ᠲᠤᠰ ᠪᠡᠶ᠎ᠡ ᠶᠢᠨ ᠵᠥᠷᠢᠶ᠎ᠡ ᠪᠠᠨ ᠤᠯᠵᠤ ᠬᠠᠷᠠᠨ᠂ ᠬᠥᠭᠵᠢᠯᠲᠡ ᠶᠢᠨ ᠪᠠᠴᠢᠮ ᠲᠤᠯᠭᠠᠮ᠎ᠠ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ  ᠶᠢ ᠨᠡᠮᠡᠭᠳᠡᠭᠦᠯᠦᠨ᠂ ︽ᠬᠡᠲᠦᠷᠬᠡᠢ ᠶᠠᠭᠠᠷᠠᠤ ᠪᠠᠷ ᠬᠦᠭᠵᠢᠬᠦᠯᠬᠦ ᠴᠢᠬᠤᠯᠠ ᠦᠭᠡᠢ︾ ︽ᠨᠢᠳᠦᠨ ᠡᠮᠦᠨᠡᠬᠢ ᠪᠠᠨ ᠬᠠᠷᠠᠭᠠᠳ ᠠᠯᠤᠰ ᠢᠷᠡᠭᠡᠳᠦᠢ ᠪᠠᠨ ᠪᠤᠳᠤᠯᠬᠢᠯᠠᠬᠤ ᠦᠭᠡᠢ︾ ᠵᠡᠷᠭᠡ ᠬᠤᠴᠤᠷᠤᠩᠭᠤᠢ ᠰᠡᠳᠬᠢᠬᠦᠢ ᠶᠢᠨ ᠬᠡᠪ ᠵᠠᠭᠪᠤᠷ ᠢ ᠲᠠᠶᠠᠭᠳᠠᠵᠤ᠂ ᠲᠡᠷᠢᠭᠦᠨ ᠤ ᠬᠢ ᠲᠠᠢ ᠬᠠᠷᠢᠴᠠᠭᠤᠯᠬᠤ᠂ ᠲᠡᠷᠢᠭᠦᠨ ᠤ ᠬᠢ ᠶᠢ ᠲᠡᠮᠡᠴᠡᠨ ᠣᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃       ᠳᠠᠷᠠᠭ᠎ᠠ ᠳᠤ ᠨᠢ᠂ ︽ᠰᠢᠢᠳᠪᠦᠷᠢᠯᠡᠵᠤ ᠲᠡᠶᠢᠯᠬᠦ ᠳᠤ ᠵᠠᠪᠠᠯ ᠠᠷᠭ᠎ᠠ ᠠᠪᠴᠠᠯ ᠲᠠᠢ ᠪᠠᠶᠢᠬᠤ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠴᠢᠷᠮᠠᠶᠢᠬᠤ ᠰᠤᠷᠤᠯᠴᠠᠬᠤ ᠠᠳᠠᠯᠢᠳᠬᠠᠬᠤ ᠭᠦᠢᠴᠡᠨ ᠲᠠᠪᠠᠭ᠋ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ︽ᠺᠠᠳ᠋ᠷᠴᠤᠳ ᠤᠨ ᠰᠤᠷᠲᠠᠯ ᠨᠢ ᠮᠠᠨ ᠤ ᠬᠠᠷᠠᠯᠲᠠ ᠡᠭᠦᠷᠭᠡ ᠪᠠᠨ ᠪᠦᠲᠦᠮᠵᠢᠲᠡᠶ ᠪᠡᠶᠡᠯᠡᠭᠦᠯᠵᠦ ᠴᠢᠳᠠᠬᠤ ᠡᠰᠡᠬᠦ ᠶᠢ ᠲᠣᠭᠲᠠᠭᠠᠵᠤ᠂ ᠠᠯᠵᠠᠭᠤ ᠵᠠᠯᠬᠠᠭᠤ ᠰᠤᠯᠠ ᠵᠠᠳᠠᠭᠠᠢ ᠠᠰᠠᠭᠤᠳᠠᠯ ᠢ ᠰᠢᠢᠳᠪᠦᠷᠢᠯᠡᠬᠦ ᠳᠤ ᠬᠠᠨᠳᠤᠭᠤᠯᠤᠨ᠂ ᠺᠠᠳ᠋ᠷᠴᠤᠳ ᠢ ᠵᠠᠪᠠᠯ ᠬᠥᠳᠡᠯᠭᠡᠵᠤ ᠠᠵᠢᠯᠯᠠᠭᠤᠯᠬᠤ ᠬᠡᠷᠡᠭᠲᠡᠢ︾ ᠭᠡᠵᠦ ᠼᠦᠢ ᠵᠢᠩ ᠰᠢᠶᠠᠩ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠪᠢᠳᠡ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠬᠤ ᠺᠠᠳ᠋ᠷᠴᠤᠳ ᠢ ᠰᠠᠷ᠎ᠠ ᠪᠦᠷᠢ ᠠᠳᠠᠭ ᠲᠤ ᠪᠠᠨ ᠬᠤᠶᠠᠷ ᠤᠳᠠᠭ᠎ᠠ ᠭᠠᠳᠠᠭᠰᠢ ᠭᠠᠷᠴᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠵᠢᠯ ᠢᠶᠠᠨ ᠵᠣᠯᠭᠠᠭᠤᠯᠵᠤ᠂ ᠲᠡᠷᠢᠭᠦᠨ ᠤ ᠭᠠᠵᠠᠷ ᠣᠷᠣᠨ ᠤ ᠲᠣᠮᠣ ᠠᠵᠤ ᠠᠬᠤᠶᠢᠯᠠᠯ ᠢᠶᠠᠷ ᠬᠦᠷᠴᠦ᠂ ᠪᠡᠯᠡ ᠮᠥᠩᠭᠦ ᠲᠥᠷᠥᠯ ᠵᠦᠢᠯ ᠢ ᠲᠡᠮᠡᠴᠡᠨ ᠤᠯᠬᠤ ᠶᠢ ᠱᠠᠭᠠᠷᠳᠠᠭᠰᠠᠨ ᠪᠠᠶᠢᠨ᠎ᠠ︾ ᠭᠡᠵᠡᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠲᠦᠷᠦᠭᠦᠯᠡᠵᠦ᠂ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤᠨ ᠤ ᠬᠢᠨ ᠴᠥᠮ ᠠᠷᠠᠯᠵᠢᠶᠠᠴᠢᠨ ᠤᠷᠢᠬᠤ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠱᠠᠨᠳᠦ᠋ᠩ ᠢᠶᠠᠷ ᠶᠠᠪᠤᠵᠤ᠂ ᠵᠢᠶᠠᠩᠰᠤ ᠵᠧᠵᠢᠶᠠᠩ ᠳᠤ ᠬᠦᠷᠴᠦ᠂ ᠲᠥᠷᠥᠯ ᠵᠦᠢᠯ ᠤᠨ ᠲᠤᠬᠠᠢ ᠶᠠᠷᠢᠯᠴᠠᠭ᠎ᠠ ᠬᠢᠬᠦ᠂ ᠬᠡᠯᠡᠯᠴᠡᠭᠡᠷ ᠲᠤᠭᠲᠠᠬᠤ ᠵᠡᠷᠭᠡ ᠰᠢᠨ᠎ᠡ ᠨᠢᠭᠡ ᠡᠭᠡᠯᠵᠢ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠯᠠᠭᠤᠨ ᠥᠷᠨᠢᠯᠲᠡ ᠶᠢ ᠪᠤᠢ ᠪᠤᠯᠭᠠᠵᠤ᠂ ᠥᠩᠭᠡᠷᠡᠭᠰᠡᠨ ᠤ ᠺᠠᠳ᠋ᠷᠴᠤᠳ ᠤᠨ ᠬᠢᠬᠦ ᠠᠵᠢᠯ ᠦᠭᠡᠢ᠂ ᠭᠠᠵᠠᠷ ᠣᠷᠣᠨ ᠳᠤ ᠨᠢ ᠲᠥᠷᠥᠯ ᠵᠦᠢᠯ ᠦᠭᠡᠢ ᠪᠠᠶᠢᠳᠠᠯ ᠢ ᠲᠦᠢᠯᠪᠤᠷᠢᠲᠠᠢ ᠬᠤᠪᠢᠷᠠᠭᠤᠯᠵᠤ᠂ ᠰᠤᠷᠲᠠᠯ ᠢ ᠠᠳᠬᠤᠬᠤ ᠪᠠ ᠬᠥᠭᠵᠢᠯᠲᠡ ᠶᠢ ᠠᠬᠢᠭᠤᠯᠬᠤ ᠶᠢ ᠴᠢᠩᠭᠠᠳᠬᠠᠬᠤ ᠰᠠᠶᠢᠨ ᠣᠷᠴᠢᠯ ᠢ ᠪᠣᠶ ᠪᠣᠯᠭᠠᠵᠠᠢ᠃ 2022 ᠣᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ᠂ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡ 33 ᠵᠤᠷᠪᠤᠰ ᠨᠡᠶᠢᠲᠡᠯᠡᠪᠡ︔ 5 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ︔ 317 ᠪᠦᠯᠦᠭ ᠤᠳᠠᠭ᠎ᠠ ᠶᠢᠨ ︽ᠭᠠᠳᠠᠭᠰᠢ ᠭᠠᠷᠴᠤ᠂ ᠤᠷᠢᠨ ᠤᠷᠤᠭᠤᠯᠬᠤ︾ ᠶᠢ ᠶᠠᠪᠤᠭᠳᠠᠭᠤᠯᠵᠤ᠂ 332 ᠠᠵᠤ ᠠᠬᠤᠶᠢᠯᠠᠯ ᠲᠠᠢ ᠠᠵᠢᠯ ᠢᠶᠠᠨ ᠵᠣᠯᠭᠠᠭᠤᠯᠵᠤ᠂ 98 ᠬᠠᠮᠲᠤᠷᠠᠯᠴᠠᠭᠠᠨ ᠤ ᠰᠠᠨᠠᠮᠵᠢ ᠶᠢ ᠬᠡᠯᠡᠯᠴᠡᠨ ᠲᠣᠬᠢᠷᠠᠵᠤ᠂ 63 ᠲᠦᠷᠦᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠡᠯᠡᠯᠴᠡᠭᠡᠷ ᠤᠨ ᠵᠣᠭᠤᠰ ᠤᠨ ᠲᠤᠭ᠎ᠠ 1953.62 ᠳ᠋ᠦᠩᠰᠢᠭᠤᠷ ᠲᠥᠭᠦᠷᠢᠭ ᠲᠤ ᠬᠦᠷᠴᠦ᠂ 9 ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 10 ᠲᠦᠷᠦᠯ ᠵᠦᠢᠯ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ᠂ ᠪᠥᠬᠦ  ᠵᠢᠯ  ᠳᠤ  ᠠᠷᠠᠯᠵᠢᠶᠠᠴᠢᠨ ᠤᠷᠢᠵᠤ  ᠪᠡᠯᠡ  ᠣᠷᠣᠭᠤᠯᠤᠭᠰᠠᠨ  ᠪᠡᠯᠡ  ᠮᠥᠩᠭᠦ  ᠶᠢ  27.84 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 97.7% ᠪᠠᠷ ᠨᠡᠮᠡᠭᠳᠡᠪᠡ᠃       ︽ᠨᠢᠳᠤᠨᠤᠨ ᠤ ᠬᠢᠵᠢᠭ ᠤᠨ ᠪᠠᠶᠢᠳᠠᠯ ᠤᠨ ᠨᠥᠯᠥᠭᠡ ᠶᠢ ᠭᠠᠷᠭᠠᠪᠠᠯ᠂ ᠪᠢᠳᠡᠨ ᠤ ᠭᠠᠳᠠᠷ ᠣᠷᠣᠨ ᠳᠤ ᠪᠡᠯᠡ ᠮᠥᠩᠭᠦ ᠲᠡᠮᠡᠴᠡᠨ ᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠴᠠᠭ ᠨᠢ ᠠᠯᠪᠠᠨ ᠭᠡᠷ ᠲᠤ ᠠᠵᠢᠯᠯᠠᠬᠤ ᠴᠠᠭ ᠠᠴᠠ ᠪᠠᠨ ᠬᠤᠯᠠ ᠢᠯᠡᠭᠦᠦ ᠪᠠᠶᠢᠵᠤ᠂ ᠪᠥᠬᠦ ᠵᠢᠯ ᠳᠤ ᠵᠥᠪᠬᠡᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠨᠢ ᠳᠡᠭᠡᠳᠦ ᠱᠠᠲᠤᠨ ᠤ ᠪᠡᠯᠡ ᠮᠥᠩᠭᠦ ᠶᠢ 2.9 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠪᠡᠯᠡ ᠮᠥᠩᠭᠦ ᠶᠢ 14.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ 2023 ᠣᠨ ᠤ 6 ᠲᠥᠷᠥᠯ ᠵᠦᠢᠯ ᠢ ᠲᠡᠮᠡᠴᠡᠨ ᠣᠯᠵᠤ᠂ ᠶᠡᠷᠦᠩᠬᠡᠢ ᠪᠡᠯᠡ ᠣᠷᠣᠭᠤᠯᠤᠯᠲᠠ ᠨᠢ 75.5 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ︾ ᠭᠡᠵᠦ ᠤᠷᠠᠳ ᠤᠨ ᠳᠤᠮᠳᠠᠳᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠭᠢᠯᠡᠭᠴᠢ ᠯᠢ ᠵᠢᠶᠦ᠋ᠨ ᠢᠲᠡᠭᠡᠯ ᠳᠦᠭᠦᠷᠡᠩ ᠬᠡᠯᠡᠬᠦ ᠳᠤ ᠪᠠᠨ᠂ ︽ᠪᠢᠳᠡ ᠣᠲᠣ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠬᠡᠷᠡᠭᠯᠡᠬᠦ ᠵᠦᠢᠯᠡᠰ ᠢᠶᠠᠨ ᠴᠥᠮ ᠪᠡᠯᠡᠬᠡᠨ ᠪᠤᠯᠭᠠᠵᠤ᠂ ᠴᠠᠭᠠᠨ ᠰᠠᠷ᠎ᠠ ᠶᠢᠨ ᠳᠠᠷᠠᠭ᠎ᠠ ᠳᠠᠷᠦ᠋ᠢᠬᠠᠨ ᠬᠤᠨᠠᠨ ᠵᠡᠷᠭᠡ ᠭᠠᠵᠠᠷ ᠤᠷᠤᠨ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠪᠠᠶᠢᠨ᠎ᠠ︾ ᠭᠡᠵᠡᠢ᠃       ᠲᠠᠷᠠᠭ᠎ᠠ ᠳᠤ ᠨᠢ᠂ ︽ᠠᠷᠭ᠎ᠠ ᠲᠠᠢ ᠪᠣᠯ ᠵᠠᠪᠠᠯ ᠠᠵᠢᠯᠯᠠᠵᠤ ᠴᠢᠳᠠᠬᠤ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠰᠢᠯᠢᠳᠡᠭ ᠰᠤᠷᠲᠠᠯ ᠲᠠᠢ᠂ ᠬᠠᠲᠠᠭᠤ ᠲᠠᠶᠢᠯᠠᠯᠳᠤᠭᠠᠨ ᠳᠤ ᠤᠷᠤᠯᠴᠠᠬᠤ ᠡᠷᠴᠢ ᠵᠤᠷᠢᠭ ᠲᠠᠢ᠂ ᠠᠮᠵᠢᠯᠲᠠ ᠤᠯᠵᠤ ᠴᠢᠳᠠᠬᠤ ᠺᠠᠳ᠋ᠷ ᠤᠨ ᠡᠩᠨᠡᠭᠡ ᠶᠢ ᠬᠥᠮᠥᠵᠢᠭᠦᠯᠦᠨ ᠪᠣᠯᠪᠠᠰᠤᠷᠠᠭᠤᠯᠪᠠ᠃ ᠤᠷᠠᠳ ᠤᠨ ᠳᠤᠮᠳᠠᠳᠤ ᠬᠤᠰᠢᠭᠤ ᠺᠠᠳ᠋ᠷ ᠢ ᠬᠡᠷᠡᠭᠯᠡᠬᠦ᠂ ᠰᠤᠷᠤᠯᠴᠠᠭᠤᠯᠤᠨ ᠪᠣᠯᠪᠠᠰᠤᠷᠠᠭᠤᠯᠬᠤ᠂ ᠴᠢᠳᠠᠪᠤᠷᠢᠲᠠᠨ ᠢ ᠤᠷᠢᠨ ᠣᠷᠣᠭᠤᠯᠬᠤ ᠭᠤᠷᠪᠠᠨ ᠲᠠᠯ᠎ᠠ ᠠᠴᠠ ᠭᠠᠷᠳᠠᠵᠤ᠂ ᠺᠠᠳ᠋ᠷ  ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠴᠢᠳᠠᠪᠤᠷᠢᠲᠠᠨ ᠢ ᠳᠡᠪᠰᠢᠭᠦᠯᠵᠦ᠂ ᠴᠢᠳᠠᠪᠤᠷᠢ ᠦᠭᠡᠢ ᠶᠢ ᠨᠢ ᠪᠠᠭᠤᠯᠭᠠᠵᠤ᠂ ᠪᠠᠭᠤᠷᠠᠢ ᠶᠢ ᠨᠢ ᠰᠢᠭᠰᠢᠭᠳᠡᠭᠦᠯᠬᠦ ᠬᠥᠮᠥᠨ ᠬᠡᠷᠡᠭᠯᠡᠬᠦ ᠤᠳᠤᠷᠢᠳᠤᠮᠵᠢ ᠶᠢ ᠲᠣᠳᠣᠷᠬᠠᠢ ᠪᠤᠯᠭᠠᠵᠤ᠂ ᠠᠵᠢᠯᠯᠠᠬᠤ ᠤᠷᠮ᠎ᠠ ᠲᠠᠢ᠂ ᠠᠵᠢᠯᠯᠠᠵᠤ ᠴᠢᠳᠠᠳᠠᠭ᠂ ᠠᠵᠢᠯ ᠦᠢᠯᠡᠰ ᠪᠦᠲᠦᠭᠡᠳᠡᠭ ᠺᠠᠳ᠋ᠷ ᠢ ᠬᠠᠮᠤᠭ ᠤᠨ ᠲᠣᠬᠢᠷᠠᠮᠵᠢᠲᠠᠢ ᠠᠵᠢᠯ ᠤᠨ ᠪᠠᠶᠢᠷᠢᠨ ᠳᠤ ᠰᠣᠩᠭᠤᠨ ᠲᠤᠬᠢᠷᠠᠭᠤᠯᠪᠠ᠃ ︽ᠭᠠᠳᠠᠭᠰᠢ ᠭᠠᠷᠴᠤ᠂ ᠤᠷᠢᠨ ᠤᠷᠤᠭᠤᠯᠬᠤ︾ ᠠᠷᠭ᠎ᠠ ᠶᠢ ᠠᠪᠴᠤ᠂ ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠭᠠᠳᠠᠭᠰᠢ ᠭᠠᠷᠭᠠᠵᠤ ᠰᠢᠨᠵᠢᠯᠡᠨ ᠰᠤᠷᠤᠯᠴᠠᠭᠤᠯᠬᠤ ᠶᠢᠨ ᠬᠠᠮᠲᠤ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠡᠷᠭᠡ ᠲᠤᠰᠬᠠᠢ ᠮᠡᠷᠭᠡᠵᠢᠯᠲᠡᠨ ᠢ ᠤᠷᠢᠨ ᠠᠪᠴᠢᠷᠠᠵᠤ ᠺᠠᠳ᠋ᠷᠴᠤᠳ ᠲᠤ ᠬᠢᠴᠢᠶᠡᠯ ᠪᠣᠯᠪᠠᠰᠤᠷᠠᠯ ᠬᠦᠷᠲᠡᠭᠡᠵᠦ᠂ ᠺᠠᠳ᠋ᠷᠴᠤᠳ ᠤᠨ ᠤᠨᠤᠯ ᠤᠨ ᠬᠡᠪ ᠪᠣᠯᠪᠠᠰᠤᠷᠠᠯ ᠪᠠ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠷᠣᠨ ᠲᠤᠭ᠎ᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠨ᠂ ᠴᠢᠳᠠᠪᠤᠷᠢᠲᠠᠨ ᠢ ᠤᠷᠢᠨ ᠬᠡᠷᠡᠭᠯᠡᠬᠦ᠂ ᠣᠷᠣᠨ ᠲᠣᠭᠠᠨ ᠠᠴᠠ ᠭᠠᠳᠠᠨᠠᠬᠢ ᠬᠥᠮᠥᠰ ᠢ ᠤᠷᠢᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠠᠵᠢᠯ ᠤᠨ ᠹᠷᠣᠨᠲ ᠲᠤ ᠴᠠᠭ ᠲᠤᠬᠠᠢ ᠳᠤ ᠨᠢ ︽ᠰᠢᠨ᠎ᠡ ᠬᠦᠴᠦᠨ︾ ᠢ ᠨᠥᠬᠦᠪᠦᠷᠢᠯᠡᠪᠡ᠃ ᠨᠢᠭᠡ ᠪᠦᠯᠦᠭ ᠢᠳᠡᠷ ᠵᠠᠯᠠᠭᠤ᠂ ᠤᠷᠤᠭᠰᠢᠯᠠᠨ ᠳᠠᠪᠰᠢᠬᠤ ᠡᠷᠴᠢ ᠵᠣᠷᠢᠭᠲᠠᠢ ᠰᠢᠯᠢᠳᠡᠭ ᠺᠠᠳ᠋ᠷ ᠢ ᠴᠢᠬᠤᠯᠠ ᠠᠵᠢᠯ ᠤᠨ ᠪᠠᠶᠢᠷᠢᠨ ᠳᠤ ᠲᠤᠬᠢᠷᠠᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠭᠰᠠᠨ ᠪᠠᠶᠢᠨ᠎ᠠ᠃       ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠪᠡ       ︽ᠰᠢᠢᠳᠪᠦᠷᠢᠯᠡᠵᠦ ᠲᠡᠶᠢᠯᠬᠦ ᠰᠡᠳᠬᠢᠬᠦᠢ ︾ ᠪᠣᠯ ︽ᠬᠦᠴᠢᠷ ᠪᠡᠷᠬᠡᠰᠢᠶᠡᠯ ᠤᠨ ᠡᠮᠦᠨ᠎ᠡ ᠰᠢᠯᠲᠠᠭ ᠡᠷᠢᠬᠦ ᠦᠭᠡᠢ᠂ ᠵᠥᠪᠬᠡᠨ ᠠᠮᠵᠢᠯᠲᠠ ᠤᠯᠬᠤ ᠪᠠᠷ ᠠᠷᠭ᠎ᠠ ᠪᠤᠳᠤᠬᠤ︾ ᠠᠵᠢᠯ ᠤᠨ ᠣᠪᠣᠷ ᠢ ᠵᠢᠭᠠᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠠᠰᠠᠭᠤᠳᠠᠯ ᠢ ᠢᠯᠡᠷᠡᠭᠦᠯᠬᠦ᠂ ᠬᠡᠮ ᠰᠣᠭᠤᠭ ᠢ ᠣᠨᠣᠪᠴᠢᠲᠠᠶ ᠡᠷᠢᠬᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠶᠢ ᠴᠢᠳᠠᠮᠠᠭᠠᠢ ᠬᠡᠷᠡᠭᠵᠢᠭᠦᠯᠬᠦ ᠠᠷᠭ᠎ᠠ ᠠᠪᠴᠠᠯ ᠢ ᠵᠢᠭᠠᠵᠤ᠂ ᠬᠦᠴᠢᠷ ᠪᠡᠷᠭᠡᠰᠢᠶᠡᠯ ᠲᠤᠯᠭᠠᠷᠠᠬᠤ ᠲᠤᠲᠤᠮ ᠤᠯᠠᠮ ᠰᠦᠷᠦᠨ ᠤᠷᠤᠭᠰᠢᠯᠠᠵᠤ᠂ ᠡᠴᠦᠰ ᠲᠤ ᠨᠢ ᠲᠤᠯᠳᠠᠯ᠎ᠠ ᠲᠡᠮᠡᠴᠡᠬᠦ ᠢᠳᠡᠭᠡᠯ ᠵᠤᠷᠢᠭ ᠪᠠ ᠪᠠᠲᠤ ᠴᠢᠩᠭ᠎ᠠ ᠡᠷᠴᠢ ᠬᠦᠴᠦ ᠶᠢ ᠬᠡᠯᠡᠨ᠎ᠡ᠃ ᠡᠭᠦᠨ ᠤ ᠲᠤᠯᠠᠳᠠ᠂ ᠤᠷᠠᠳ ᠤᠨ ᠳᠤᠮᠳᠠᠳᠤ ᠬᠤᠰᠢᠭᠤ ᠠᠵᠢᠯ ᠤᠨ ᠲᠣᠭᠲᠠᠴᠠ ᠪᠠᠨ ᠰᠢᠨᠡᠴᠢᠯᠡᠨ ᠰᠢᠯᠢᠳᠡᠭᠵᠢᠭᠦᠯᠬᠦ ᠠᠴᠠ ᠭᠠᠷᠳᠠᠵᠤ᠂ ︽ᠰᠢᠢᠳᠪᠦᠷᠢᠯᠡᠵᠦ ᠲᠡᠶᠢᠯᠬᠦ︾ ᠬᠠᠷᠠᠴᠠ ᠪᠠᠷ᠂ ︽ᠰᠢᠢᠳᠪᠦᠷᠢᠯᠡᠵᠦ ᠲᠡᠶᠢᠯᠬᠦ︾ ᠠᠷᠭ᠎ᠠ ᠪᠠᠷᠢᠯ ᠢᠶᠠᠷ᠂ ᠠᠵᠢᠯ ᠦᠢᠯᠡᠰ ᠴᠣᠭᠴᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠭᠰᠠᠨ ᠪᠠᠶᠢᠨ᠎ᠠ᠃       ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠲᠣᠭᠲᠠᠴᠠ ᠶᠢ ᠰᠢᠯᠢᠳᠡᠭᠵᠢᠭᠦᠯᠵᠦ᠂  ︽ᠥᠨᠳᠥᠷ︾  ᠪᠠᠷᠢᠮᠵᠢᠶ᠎ᠠ  ᠪᠠᠷ  ᠰᠢᠨ᠎ᠡ  ᠠᠮᠵᠢᠯᠲᠠ ᠪᠦᠲᠦᠮᠵᠢ  ᠶᠢ  ᠡᠭᠦᠳᠪᠡ  ᠃  ᠼᠦᠢ ᠵᠢᠩ ᠰᠢᠶᠠᠩ ᠰᠤᠷᠪᠤᠯᠵᠢᠯᠠᠭᠴᠢ ᠳᠤ᠄ ︽ᠪᠢᠳᠡ ︿ᠶᠠᠪᠤᠳᠠᠯ ᠪᠣᠯᠭᠠᠨ ᠳᠤ ᠲᠡᠷᠢᠬᠦᠨ ᠢ ᠲᠡᠮᠡᠴᠡᠬᠦ᠂ ᠴᠤᠷ ᠤᠨ ᠭᠠᠭᠴᠠ ᠶᠢ ᠡᠭᠦᠳᠬᠦ﹀ ᠤᠷᠢᠶ᠎ᠠ ᠶᠢ ᠳᠤᠷᠠᠳᠤᠨ ᠭᠠᠷᠭᠠᠪᠠ᠂ ᠡᠨᠡ ᠨᠢ ᠨᠢᠭᠡᠨ ᠵᠣᠷᠢᠭᠵᠢᠭᠤᠯᠤᠯ ᠤᠨ ᠴᠢᠨᠠᠷᠲᠠᠢ ᠬᠠᠷᠠᠯᠲᠠ ᠮᠥᠨ᠂ ᠳᠠᠷᠤᠢ ᠮᠠᠨ ᠤ ᠡᠯ᠎ᠡ ᠠᠵᠢᠯ ᠲᠥᠷᠥᠯ ᠡᠯ᠎ᠡ ᠵᠦᠢᠯ ᠤᠨ ᠠᠵᠢᠯ ᠢᠶᠠᠨ ᠴᠥᠮ ᠲᠡᠷᠢᠭᠦᠨ ᠲᠠᠰ ᠤᠨ ᠪᠠᠷᠢᠮᠵᠢᠶ᠎ᠠ ᠳᠤ ᠬᠦᠷᠭᠡᠬᠦ ᠶᠢᠨ ᠲᠥᠯᠥᠭᠡ ᠶᠤᠮ︾ ᠭᠡᠵᠡᠢ᠃ ᠡᠭᠦᠨ ᠤ ᠲᠤᠯᠠᠳᠠ᠂ 2022 ᠣᠨ ᠳᠤ᠂ ᠤᠷᠠᠳ ᠤᠨ ᠳᠤᠮᠳᠠᠳᠤ ᠬᠤᠰᠢᠭᠤ ᠵᠢᠯ ᠪᠦᠷᠢ 1000 ᠲᠦᠮᠡᠨ ᠲᠥᠭᠦᠷᠢᠭ ᠤᠨ ᠱᠠᠩᠨᠠᠯ ᠤᠨ ᠮᠦᠩᠭᠦ ᠭᠠᠷᠭᠠᠵᠤ᠂ ᠪᠥᠬᠦ ᠬᠤᠰᠢᠭᠤᠨ ᠤ 12 ᠰᠤᠮᠤ ᠪᠠᠯᠭᠠᠰᠤ᠂ 96 ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ︽ᠲᠡᠷᠢᠬᠦᠨ ᠢ ᠲᠡᠮᠡᠴᠡᠬᠦ᠂ ᠴᠤᠷ ᠤᠨ ᠭᠠᠭᠴᠠ ᠶᠢ ᠡᠭᠦᠳᠬᠦ ᠤᠯᠠᠷᠢᠯ ᠪᠦᠷᠢ ᠦᠨᠡᠯᠡᠬᠦ︾ ᠠᠵᠢᠯ ᠢ ᠰᠢᠨ᠎ᠡ ᠪᠠᠷ ᠥᠷᠨᠢᠭᠦᠯᠵᠦ᠂ ᠠᠵᠢᠯ ᠤᠨ ᠰᠡᠳᠬᠢᠴᠡ ᠶᠢ ᠨᠢ ᠰᠣᠨᠣᠰᠴᠤ᠂ ᠨᠡᠭᠡᠭᠡᠯᠲᠡ ᠶᠢᠨ ᠪᠠᠶᠢᠳᠠᠯ ᠢ ᠨᠢ ᠠᠵᠢᠵᠤ᠂ ᠣᠪᠣᠷ ᠰᠤᠷᠳᠠᠯ ᠢ ᠨᠢ ᠰᠢᠨᠵᠢᠵᠦ᠂ ᠠᠷᠭ᠎ᠠ ᠬᠡᠮᠵᠢᠶ᠎ᠡ ᠶᠢ ᠨᠢ ᠪᠠᠶᠢᠴᠠᠭᠠᠵᠤ᠂ ᠦᠷ᠎ᠡ ᠳ᠋ᠦᠩ ᠢ ᠨᠢ ᠰᠢᠯᠭᠠᠪᠠ᠃ ᠠᠵᠢᠯ ᠤᠨ ᠪᠣᠳᠠᠲᠤ ᠠᠮᠵᠢᠯᠲᠠ ᠪᠠᠷ ᠲᠣᠪᠤᠶᠢᠮ᠎ᠠ ᠪᠠᠶᠢᠭᠤᠯᠭ᠎ᠠ ᠨᠢᠭᠡᠴᠢ ᠳᠤ᠂ ᠴᠢᠨᠠᠷ ᠰᠠᠶᠢᠲᠠᠢ ᠬᠥᠭᠵᠢᠯᠲᠡ ᠶᠢᠨ ᠤᠯᠠᠭᠠᠨ ᠲᠤᠭ᠂ ᠪᠣᠭᠤᠮᠲᠠ ᠰᠢᠪᠲᠤᠯᠤᠭᠰᠠᠨ ᠤᠯᠠᠭᠠᠨ ᠲᠤᠭ᠂ ᠦᠨᠡᠨᠬᠦ ᠠᠳᠬᠤᠵᠤ ᠪᠣᠳᠠᠲᠠᠢ ᠠᠵᠢᠯᠯᠠᠭᠰᠠᠨ ᠤᠯᠠᠭᠠᠨ ᠲᠤᠭ᠂ ︽ᠳᠥᠷᠪᠡ ᠶᠢ ᠲᠡᠮᠡᠴᠡᠨ ᠣᠯᠬᠤ︾ ᠲᠡᠷᠢᠭᠦᠨ ᠤ ᠬᠠᠮᠲᠤ ᠶᠢᠨ ᠤᠯᠠᠭᠠᠨ ᠲᠤᠭ ᠵᠡᠷᠭᠡ ᠲᠦᠷᠪᠡᠨ ᠵᠦᠢᠯ ᠤᠨ ᠵᠣᠷᠢᠭᠵᠢᠭᠤᠯᠤᠯ ᠤᠨ ᠬᠡᠮᠡᠷᠯᠢᠭ ᠲᠤᠭ ᠢ ᠣᠯᠭᠤᠨ᠎ᠠ︔ ᠠᠵᠢᠯ ᠳᠤ ᠪᠠᠨ ᠬᠦᠴᠦ ᠲᠠᠯᠪᠢᠬᠤ ᠦᠭᠡᠢ ᠰᠤᠯᠠ ᠵᠠᠳᠠᠭᠠᠢ ᠪᠠᠶᠢᠭᠤᠯᠭ᠎ᠠ ᠨᠢᠭᠡᠴᠢ ᠳᠤ ᠰᠠᠨᠠᠭᠤᠯᠭ᠎ᠠ ᠦᠭᠬᠦ᠂ ᠱᠠᠭᠠᠷᠳᠠᠨ ᠱᠠᠯᠠᠪᠳᠠᠬᠤ ᠬᠠᠭᠤᠳᠠᠰᠤ ᠲᠠᠷᠬᠠᠭᠠᠬᠤ᠂ ᠰᠡᠷᠡᠮᠵᠢ ᠶᠢᠨ ᠬᠠᠭᠤᠳᠠᠰᠤ ᠪᠠᠭᠤᠯᠭᠠᠬᠤ᠂ ᠪᠦᠷᠢᠶ᠎ᠡ ᠬᠤᠷᠣᠬᠠᠢ ᠶᠢᠨ ᠰᠡᠷᠡᠮᠵᠢ ᠶᠢᠨ ᠫᠠᠶᠢᠰᠠ ᠤᠯᠭᠤᠬᠤ ᠶᠢ ᠬᠡᠷᠡᠭᠵᠢᠬᠦᠯᠵᠦ᠂ ᠦᠨᠡᠨ ᠬᠦ ᠠᠮᠵᠢᠯᠲᠠ ᠪᠦᠳᠦᠮᠵᠢ ᠶᠢ ᠲᠤᠳᠤᠷᠬᠠᠢ ᠪᠤᠯᠭᠠᠵᠤ᠂ ᠵᠥᠷᠢᠶ᠎ᠡ ᠲᠤᠳᠠᠭᠳᠠᠯ ᠢ ᠢᠯᠡ ᠪᠤᠯᠭᠠᠨ᠂ ᠰᠠᠨᠠᠯ ᠱᠠᠭᠠᠷᠳᠠᠯᠭ᠎ᠠ ᠪᠠᠨ ᠳᠤᠷᠠᠳᠤᠨ ᠭᠠᠷᠭᠠᠪᠠ︾ ᠭᠡᠪᠡ᠃      ︽ᠲᠡᠷᠢᠬᠦᠨ ᠢ ᠲᠡᠮᠡᠴᠡᠬᠦ ᠴᠤᠷ ᠤᠨ ᠭᠠᠭᠴᠠ ᠶᠢ ᠡᠭᠦᠳᠬᠦ ᠤᠯᠠᠷᠢᠯ ᠪᠦᠷᠢ ᠦᠨᠡᠯᠡᠬᠦ︾ ᠤᠯᠠᠷᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠲᠤᠬᠠᠢ ᠶᠢᠨ ᠲᠠᠯᠠᠪᠤᠷ ᠲᠤ ᠬᠢᠨᠠᠨ ᠦᠨᠡᠯᠡᠯᠲᠡ ᠶᠢᠨ ᠦᠷ᠎ᠡ ᠳ᠋ᠦᠩ ᠢ ᠤᠩᠰᠢᠨ ᠨᠡᠶᠢᠲᠡᠯᠡᠵᠦ᠂ ᠰᠠᠶᠢᠰᠢᠶᠠᠨ ᠬᠥᠬᠢᠭᠦᠯᠦᠯ ᠢ ᠭᠥᠷᠳᠡᠭᠰᠡᠨ ᠰᠠᠯᠠᠭ᠎ᠠ ᠮᠥᠴᠢᠷ ᠪᠣᠯᠣᠨ ᠬᠤᠪᠢ ᠬᠦᠮᠦᠨ ᠤ ᠤᠷᠮ᠎ᠠ ᠰᠡᠳᠬᠢᠯᠭᠡ ᠪᠠᠳᠠᠷᠠᠩᠭᠤᠢ᠂ ᠡᠷᠴᠢ ᠵᠣᠷᠢᠭ ᠲᠡᠭᠦᠯᠳᠡᠷ ᠪᠠᠶᠢᠵᠤ᠂ ᠰᠡᠷᠡᠮᠵᠢᠯᠡᠭᠦᠯᠦᠯ ᠢ ᠬᠦᠯᠢᠶᠡᠨ ᠠᠪᠤᠭᠰᠠᠨ ᠰᠠᠯᠠᠭ᠎ᠠ ᠮᠥᠴᠢᠷ ᠪᠣᠯᠣᠨ ᠬᠤᠪᠢ ᠬᠦᠮᠦᠨ ᠠᠯᠳᠠᠭ᠎ᠠ ᠲᠤᠳᠠᠭᠳᠠᠯ ᠢᠶᠠᠨ ᠨᠦᠬᠦᠪᠦᠷᠢᠯᠡᠨ ᠠᠮᠵᠢᠯᠲᠠ ᠭᠠᠷᠭᠠᠬᠤ ᠪᠠᠷ ᠵᠤᠷᠢᠭ ᠰᠢᠭᠤᠳᠤᠨ᠎ᠠ᠃ ︽ᠡᠶᠢᠮᠦᠷᠬᠦ ᠰᠢᠨ᠎ᠡ ᠬᠢᠨᠠᠨ ᠦᠨᠡᠯᠡᠯᠲᠡ ᠶᠢᠨ ᠠᠷᠭ᠎ᠠ ᠨᠢ ᠪᠢᠳᠡᠨ ᠳᠤ ᠦᠨᠡᠬᠡᠷ ᠮᠠᠰᠢ ᠶᠡᠭᠡ ᠠᠵᠢᠯ ᠤᠨ ᠲᠠᠷᠤᠭᠠᠰᠤ ᠲᠠᠢ ᠪᠤᠯᠭᠠᠭᠰᠠᠨ ᠪᠤᠯᠪᠠᠴᠤ ᠠᠵᠢᠯ ᠦᠢᠯᠡᠰ ᠪᠣᠰᠬᠠᠬᠤ ᠶᠢᠨ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ︾ ᠭᠡᠵᠦ ᠲᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠴᠧᠨ ᠾᠧ ᠫᠢᠩ ᠬᠡᠯᠡᠬᠦ ᠳᠤ ᠪᠠᠨ᠂ ︽ᠰᠢᠪᠠᠳᠠᠨ ᠪᠠᠶᠢᠴᠠᠭᠠᠵᠤ ᠬᠢᠨᠠᠨ ᠦᠨᠡᠯᠡᠬᠦ ᠠᠵᠢᠯ ᠨᠢ ᠰᠢᠶᠠᠩ ᠪᠠᠯᠭᠠᠰᠤᠨ ᠤ ᠠᠵᠢᠯ ᠢ ᠮᠡᠳᠡᠷᠡᠵᠦ᠂ ᠰᠢᠶᠠᠩ ᠪᠠᠯᠭᠠᠰᠤᠨ ᠤ ᠺᠠᠳ᠋ᠷ ᠠᠵᠢᠯᠳᠠᠳ ᠤᠨ ᠬᠦᠷᠲᠡᠮᠵᠢ ᠶᠢᠨ ᠲᠥᠷᠥᠭᠳᠡᠯ ᠪᠠ ᠮᠡᠳᠡᠷᠡᠮᠵᠢ ᠶᠢᠨ ᠲᠥᠷᠥᠭᠳᠡᠯ ᠢ ᠨᠡᠮᠡᠭᠳᠡᠭᠦᠯᠦᠭᠰᠡᠨ ᠪᠥᠭᠡᠳ ᠪᠦᠬᠦ ᠪᠠᠯᠭᠠᠰᠤᠨ ᠤ ᠺᠠᠳ᠋ᠷ ᠤᠯᠠᠨ ᠲᠦᠮᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠬᠥᠭᠵᠢᠯ ᠮᠠᠨᠳᠤᠯ ᠢ ᠠᠬᠢᠭᠤᠯᠬᠤ ᠢᠲᠡᠭᠡᠯ ᠵᠣᠷᠢᠭ ᠢ ᠪᠠᠲᠤᠳᠬᠠᠪᠠ︾ ᠭᠡᠪᠡ᠃       ᠭᠤᠣᠯᠳᠠᠯᠭ᠎ᠠ ᠲᠠᠢ ᠪᠠᠷ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ︽ᠲᠡᠮᠡᠴᠡᠯ︾ ᠤᠨ ᠡᠷᠴᠢ ᠵᠣᠷᠢᠭ ᠢᠶᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠶᠠᠪᠤᠳᠠᠯ ᠳᠤ ᠴᠢᠭᠯᠡᠭᠦᠯᠦᠨ᠂ ᠤᠷᠠᠳ ᠤᠨ ᠳᠤᠮᠳᠠᠳᠤ ᠬᠤᠰᠢᠭᠤ ᠶᠡᠷᠦ ᠪᠤᠰᠤ ᠶᠢᠨ ᠠᠷᠭ᠎ᠠ ᠬᠡᠮᠵᠢᠶ᠎ᠡ ᠠᠪᠴᠤ᠂ ᠶᠡᠷᠦ ᠪᠤᠰᠤ ᠶᠢᠨ ᠬᠦᠴᠦᠨ ᠢᠶᠠᠷ ᠥᠩᠭᠡᠷᠡᠭᠰᠡᠨ ᠤ ᠤᠯᠠᠮᠵᠢᠯᠠᠯᠲᠤ ᠵᠠᠰᠠᠭ ᠵᠠᠬᠢᠷᠭᠠᠨ ᠤ ᠳᠡᠰ ᠳᠠᠪᠬᠤᠷᠭ᠎ᠠ ᠶᠢᠨ ︽ᠳᠣᠣᠷ᠎ᠠ ᠠᠴᠠ ᠳᠡᠭᠡᠭᠰᠢ︾ ᠱᠠᠲᠤ ᠳᠠᠷᠠᠭᠠᠯᠠᠨ ᠵᠣᠬᠢᠴᠠᠭᠤᠯᠤᠨ ᠠᠬᠢᠭᠤᠯᠵᠤ ᠪᠠᠶᠢᠭᠰᠠᠨ ᠠᠵᠢᠯ ᠤᠨ ᠳᠡᠰ ᠳᠠᠷᠠᠭᠠᠯᠠᠯ ᠢ ᠬᠤᠪᠢᠷᠠᠭᠤᠯᠵᠤ᠂ ︽ᠳᠡᠭᠡᠷ᠎ᠡ ᠠᠴᠠ ᠳᠣᠷᠣᠭᠰᠢ ︾ ᠪᠠᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠩᠭᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠰᠬᠠᠢ ᠠᠩᠭᠢ᠂ ᠪᠦᠬᠦ ᠤᠯᠤᠰ ᠤᠨ ᠬᠤᠰᠢᠭᠤ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠰᠬᠠᠢ ᠠᠩᠭᠢ ᠵᠡᠷᠭᠡ 14 ᠭᠤᠣᠯᠳᠠᠯᠭ᠎ᠠ ᠲᠠᠢ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ︽ᠲᠠᠪᠤᠨ ᠶᠡᠭᠡ ᠡᠭᠦᠳᠦᠨ ᠪᠠᠶᠢᠭᠤᠯᠤᠯᠲᠠ︾᠂ ᠠᠵᠤ ᠦᠢᠯᠡᠳᠪᠦᠷᠢ ᠶᠢᠨ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠂ ᠴᠢᠳᠠᠪᠤᠷᠢᠲᠠᠨ ᠤ ᠠᠵᠢᠯ ᠵᠡᠷᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢ ᠬᠠᠮᠤᠷᠪᠠ᠃ ︽ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠨᠢ ᠲᠦᠷᠦᠭᠦᠯᠡᠨ ᠲᠤᠰᠪᠤᠷᠢ ᠨᠢᠭᠡ ᠲᠤᠰᠬᠠᠢ ᠠᠩᠭᠢ ᠶᠢ ᠬᠠᠷᠢᠭᠤᠴᠠᠵᠤ᠂ ᠬᠥᠭᠵᠢᠯᠲᠡ ᠶᠢ ᠠᠳᠬᠤᠬᠤ ᠲᠠᠯ᠎ᠠ ᠪᠠᠷ ᠪᠦᠭᠦᠳᠡᠭᠡᠷ ᠢᠶᠠᠨ ᠡᠭᠦᠷᠭᠡ ᠬᠠᠷᠢᠭᠤᠴᠠᠯᠭ᠎ᠠ᠂ ᠬᠦᠴᠦᠨ ᠴᠢᠳᠠᠯ ᠢᠶᠠᠨ ᠭᠠᠷᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠ ᠲᠥᠷᠥᠯ ᠵᠦᠢᠯ  ᠢᠶᠠᠷ ᠭᠤᠣᠯᠯᠠᠭᠤᠯᠤᠨ ᠪᠠᠶᠢᠭᠤᠯᠤᠭᠰᠠᠨ ᠠᠵᠢᠯ ᠤᠨ ᠲᠤᠰᠬᠠᠢ ᠠᠩᠭᠢ ᠨᠢ ᠰᠠᠯᠠᠭ᠎ᠠ ᠮᠥᠴᠢᠷ ᠤᠨ ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠥᠩᠭᠡᠷᠡᠭᠰᠡᠨ ᠤ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠷᠢᠯᠴᠠᠨ ᠲᠦᠯᠬᠢᠯᠴᠡᠬᠦ ᠠᠴᠠ ᠵᠠᠶᠢᠯᠠᠰᠬᠢᠵᠦ᠂ ᠪᠥᠬᠦ ᠬᠤᠰᠢᠭᠤᠨ ᠤ ᠠᠯᠬᠤᠭ᠎ᠠ ᠪᠠᠨ ᠨᠢᠭᠡᠳᠬᠡᠵᠦ᠂ ᠪᠡᠷᠬᠡ ᠰᠡᠳᠦᠪ ᠢ ᠰᠢᠢᠳᠪᠦᠷᠢᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃︾ ᠭᠡᠵᠦ ᠼᠦᠢ ᠵᠢᠩ ᠰᠢᠶᠠᠩ ᠬᠡᠯᠡᠬᠦ ᠳᠤ ᠪᠠᠨ᠂ ︽ᠲᠠ ᠨᠠᠷ ᠦᠵᠡ᠂ ᠬᠦᠬᠡᠬᠡ ᠰᠠᠷ᠎ᠠ ᠶᠢᠨ ᠬᠤᠷᠢᠨ ᠨᠠᠢᠮᠠᠨ ᠤ ᠡᠳᠦᠷ ᠪᠣᠯᠴᠢᠬᠠᠯ᠎ᠠ᠂ ᠮᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠣᠬᠢᠷᠠᠭᠤᠯᠤᠯᠲᠠ ᠶᠢᠨ ᠳᠤᠭᠤᠶᠢᠯᠠᠩ ᠤᠨ ᠠᠵᠢᠯ ᠤᠨ ᠪᠦᠯᠬᠦᠮ ᠪᠠᠰᠠ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠳᠠᠯ ᠤᠴᠢᠷ ᠢ ᠵᠣᠯᠭᠠᠭᠤᠯᠵᠤ ᠪᠠᠶᠢᠨ᠎ᠠ᠂ ᠡᠲᠡᠭᠡᠷ ᠨᠢ ᠴᠥᠮ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠭᠰᠠᠨ ᠵᠦᠢᠯ ᠪᠢᠰᠢ᠂ ᠴᠥᠮ ᠡᠯ᠎ᠡ ᠲᠤᠰᠬᠠᠢ ᠠᠵᠢᠯ ᠤᠨ ᠠᠩᠭᠢ ᠶᠢᠨ ᠬᠢᠨ ᠥᠪᠡᠷ ᠢᠶᠠᠨ ᠵᠣᠬᠢᠶᠠᠨ ᠪᠠᠶᠢᠭᠤᠯᠤᠭᠰᠠᠨ ᠶᠤᠮ᠃ ᠡᠶᠢᠮᠦᠷᠬᠦ ᠪᠠᠶᠢᠳᠠᠯ ᠢ ᠬᠠᠷᠠᠭᠠᠳ᠂ ᠮᠢᠨᠦ ᠰᠠᠳᠬᠢᠯ ᠶᠡᠭᠡ ᠬᠠᠨᠤᠮᠵᠢ  ᠲᠠᠢ ᠪᠠᠶᠢᠨ᠎ᠠ᠂ ᠡᠨᠡ ᠨᠢ ᠮᠠᠨ ᠤ ᠭᠤᠣᠯᠳᠠᠯᠭ᠎ᠠ ᠲᠠᠢ ᠪᠠᠷ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠮᠠᠰᠢ ᠰᠠᠶᠢᠨ ᠦᠢᠯᠡᠳᠦᠯ ᠪᠠᠳᠠᠷᠠᠭᠤᠯᠵᠤ ᠪᠠᠶᠢᠬᠤ ᠶᠢ ᠬᠠᠷᠠᠭᠤᠯᠵᠤ ᠪᠠᠶᠢᠨ᠎ᠠ︾ ᠭᠡᠵᠡᠢ᠃       ᠺᠠᠳ᠋ᠷ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂  ︽ ᠪᠣᠳᠠᠲᠠᠢ ︾ ᠪᠠᠶᠢᠬᠤ ᠰᠤᠷᠲᠠᠯ ᠢᠶᠠᠷ ᠰᠢᠨ᠎ᠡ  ᠲᠤᠯᠭᠠᠭᠤᠷᠢᠯᠠᠯ  ᠢ  ᠪᠤᠢ  ᠪᠣᠯᠭᠠᠪᠠ ᠃  ︽ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢᠲᠠᠨ ᠤ ᠳᠤᠲᠠᠭᠤᠳᠠᠯ ᠮᠥᠨ ᠬᠦ ᠪᠠᠭ᠎ᠠ ᠪᠤᠰᠤ ᠪᠠᠶᠢᠵᠤ᠂ ᠳᠡᠭᠡᠳᠦ ᠲᠠᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠡᠯᠢᠶᠡᠳ ᠲᠤᠲᠠᠭᠳᠠᠵᠤ ᠪᠠᠶᠢᠨ᠎ᠠ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠴᠢᠳᠠᠪᠤᠷᠢ ᠨᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠨ᠎ᠠ᠂ ᠬᠡᠷᠪᠡ ᠬᠥᠮᠥᠨ ᠤ ᠠᠰᠠᠭᠤᠳᠠᠯ ᠢ ᠰᠢᠢᠳᠪᠦᠷᠢᠯᠡᠵᠦ ᠲᠡᠶᠢᠯᠬᠦ ᠦᠭᠡᠢ ᠪᠣᠯ ᠴᠢᠨᠠᠷ ᠰᠠᠶᠢᠲᠠᠢ ᠬᠥᠭᠵᠢᠯᠲᠡ ᠨᠢ ᠬᠤᠭᠤᠰᠤᠨ ᠦᠭᠡ ᠪᠤᠯᠬᠤ ᠪᠣᠯᠣᠨ᠎ᠠ᠃︾ ᠭᠡᠵᠦ ᠼᠦᠢ ᠵᠢᠩ ᠰᠢᠶᠠᠩ ᠰᠤᠷᠪᠤᠯᠵᠢᠯᠠᠭᠴᠢ ᠳᠤ ᠬᠡᠯᠡᠪᠡ᠃ ᠰᠢᠯᠭᠠᠷᠠᠭᠰᠠᠨ ᠰᠢᠯᠢᠳᠡᠭ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤ ᠰᠢᠨ᠎ᠡ ᠴᠠᠭ ᠦᠶ᠎ᠡ ᠶᠢᠨ ᠰᠢᠯᠢᠳᠡᠭ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠨᠢᠭᠡᠳᠦᠭᠡᠷ ᠹᠷᠣᠨᠲ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠂ ᠪᠠᠴᠢᠮ ᠬᠦᠴᠢᠷᠲᠡᠯ ᠲᠠᠢ ᠠᠶᠤᠯ ᠲᠦᠭᠰᠢᠬᠦᠷᠢ ᠲᠠᠢ ᠨᠢᠭᠡᠳᠦᠭᠡᠷ ᠹᠷᠣᠨᠲ ᠲᠤ ᠺᠠᠳ᠋ᠷ ᠢ ᠳᠠᠪᠲᠠᠨ ᠪᠤᠯᠪᠠᠰᠤᠷᠠᠭᠤᠯᠤᠨ ᠬᠥᠮᠥᠵᠢᠭᠦᠯᠬᠦ ᠶᠢ ᠴᠢᠬᠤᠯᠠᠴᠢᠯᠠᠵᠤ᠂ ᠵᠠᠭᠤᠨ ᠺᠠᠳ᠋ᠷ ᠠᠵᠢᠯᠳᠠᠳ ᠢ ᠨᠢᠭᠡᠳᠦᠭᠡᠷ ᠹᠷᠣᠨᠲ ᠲᠤ ᠣᠴᠢᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 136 ᠨᠡᠷᠡᠰ ᠢᠳᠡᠷ ᠵᠠᠯᠠᠭᠤ ᠺᠠᠳ᠋ᠷᠴᠤᠳ ᠢ ᠭᠤᠣᠯᠳᠠᠯᠭ᠎ᠠ ᠲᠠᠢ ᠠᠵᠢᠯ ᠤᠨ ᠲᠤᠰᠬᠠᠢ ᠠᠩᠭᠢ᠂ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ ᠲᠤ ᠰᠣᠩᠭᠤᠨ ᠳᠠᠪᠲᠠᠨ ᠪᠣᠯᠪᠠᠰᠤᠷᠠᠭᠤᠯᠵᠤ ᠪᠠᠶᠢᠨ᠎ᠠ᠃ ᠢᠳᠡᠷ ᠵᠠᠯᠠᠭᠤ ᠺᠠᠳ᠋ᠷᠴᠤᠳ ᠤᠨ ︽ᠶᠡᠬᠡᠪᠡᠷ ᠰᠤᠷᠤᠯᠴᠠᠬᠤ᠂ ᠶᠡᠬᠡᠪᠡᠷ ᠳᠡᠭᠡᠭᠰᠢᠯᠡᠬᠦ᠂ ᠶᠡᠬᠡᠪᠡᠷ ᠮᠥᠷᠦ᠋ᠢᠴᠡᠬᠦ︾ ᠶᠢ ᠬᠡᠪ ᠤᠨ ᠪᠠᠶᠢᠳᠠᠯ ᠢᠶᠠᠷ ᠲᠦᠯᠬᠢᠨ ᠠᠬᠢᠭᠤᠯᠵᠤ᠂ 400 ᠭᠠᠷᠤᠢ ᠨᠡᠷᠡᠰ ᠢᠳᠡᠷ ᠵᠠᠯᠠᠭᠤ ᠺᠠᠳ᠋ᠷᠴᠤᠳ ᠢ ᠰᠢᠯᠢᠳᠡᠭᠴᠢᠯᠡᠨ ᠰᠣᠩᠭᠤᠵᠤ᠂ ᠨᠠᠮ ᠤᠨ ᠰᠤᠷᠭᠠᠭᠤᠯᠢ ᠳᠤ ᠰᠤᠷᠤᠯᠴᠠᠭᠤᠯᠵᠤ᠂ ᠲᠤᠭᠳᠠᠭᠰᠠᠨ ᠴᠡᠭ  ᠲᠤ  ᠪᠠᠶᠢᠴᠠᠭᠠᠨ  ᠰᠤᠳᠤᠯᠤᠯᠲᠠ  ᠬᠢᠬᠦ ᠂  ᠲᠤᠭᠤᠷᠢᠨ  ᠪᠠᠶᠢᠴᠠᠭᠠᠯᠲᠠ  ᠬᠢᠬᠦ ᠂  ︽ᠲᠦᠷᠪᠡᠨ ᠲᠠᠯ᠎ᠠ ᠶᠢᠨ ᠪᠣᠯᠪᠠᠰᠤᠷᠠᠯ︾ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ ︵ᠰᠠᠷ᠎ᠠ ᠶᠢᠨ ᠤᠩᠰᠢᠯᠭ᠎ᠠ᠂ ᠰᠠᠷ᠎ᠠ ᠶᠢᠨ ᠪᠢᠴᠢᠯᠭᠡ᠂ ᠰᠠᠷ᠎ᠠ ᠶᠢᠨ ᠬᠢᠴᠢᠶᠡᠯᠯᠡᠭᠡ᠂ ᠰᠠᠷ᠎ᠠ ᠶᠢᠨ ᠰᠢᠯᠭᠠᠯᠲᠠ︶᠂ ᠲᠠᠶᠢᠰᠠᠨ ᠤ ᠬᠡᠯᠪᠡᠷᠢ ᠶᠢᠨ ᠤᠷᠤᠯᠳᠤᠭᠠᠨ ᠮᠥᠷᠦ᠋ᠢᠴᠡᠭᠡᠨ ᠬᠢᠬᠦ ᠵᠡᠷᠭᠡ ᠠᠷᠭ᠎ᠠ ᠶᠢ ᠠᠪᠴᠤ᠂ ᠨᠢᠭᠡ ᠪᠦᠯᠦᠭ ᠥᠨᠳᠥᠷ ᠬᠡᠪ ᠴᠢᠨᠠᠷ ᠲᠠᠢ᠂ ᠲᠤᠰᠬᠠᠶᠢᠵᠢᠭᠰᠠᠨ᠂ ᠬᠠᠮ ᠬᠡᠯᠪᠡᠷᠢ ᠶᠢᠨ ᠰᠢᠯᠢᠳᠡᠭ ᠺᠠᠳ᠋ᠷᠴᠤᠳ ᠢ ᠬᠥᠮᠥᠵᠢᠭᠦᠯᠪᠡ᠃       ︽ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠭᠦ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠡᠯᠡᠳᠬᠡᠨ ᠥᠷᠨᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ︽ᠶᠡᠷᠦᠮᠳᠡᠭ ᠪᠤᠶᠢᠳᠤᠭᠤ᠂ ᠠᠯᠵᠠᠭᠤ ᠵᠠᠯᠬᠠᠭᠤ᠂ ᠰᠤᠯᠠ ᠵᠠᠳᠠᠭᠠᠢ᠂ ᠵᠠᠶᠢᠳᠠᠬᠤ᠂ ᠤᠳᠠᠭᠠᠰᠢᠷᠠᠭᠤᠯᠬᠤ᠂ ᠬᠦᠪᠰᠦᠷᠳᠡᠬᠦ᠂ ᠡᠮᠬᠢ ᠵᠢᠷᠤᠮ ᠢᠶᠠᠨ ᠠᠯᠳᠠᠬᠤ︾ ᠵᠡᠷᠭᠡ ᠰᠤᠷᠲᠠᠯ ᠤᠨ ᠠᠷᠬᠠᠭ ᠭᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠠᠳᠠᠯ ᠦᠢᠯᠡᠰ ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠪᠠᠳᠠᠷᠠᠭᠤᠯᠪᠠ᠃ ︽ᠦᠨᠳᠦᠷ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠵᠢᠯ ᠦᠢᠯᠡᠰ ᠪᠤᠰᠬᠠᠬᠤ ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠰᠤᠳᠤᠯᠤᠨ ᠲᠣᠭᠲᠠᠭᠠᠵᠤ᠂ ︽ᠴᠢᠳᠠᠪᠤᠷᠢᠲᠠᠨ + ᠲᠥᠷᠥᠯ ᠵᠦᠢᠯ + ᠲᠠᠪᠴᠠᠩ︾ ᠤᠨ ᠵᠠᠭᠪᠤᠷ ᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ 105 ᠨᠡᠷᠡᠰ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠬᠦᠮᠦᠵᠢᠬᠦᠯᠵᠦ᠂ 45 ᠨᠡᠷᠡᠰ ᠦᠨᠳᠦᠷ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠣᠷᠣᠭᠤᠯᠵᠤ᠂ ᠴᠢᠳᠠᠪᠤᠷᠢᠲᠠᠨ ᠤ ︽ᠬᠦᠮᠦᠷᠭᠡ︾ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠨ ᠲᠤᠯᠭᠠᠭᠤᠷᠢᠯᠠᠪᠠ᠃       ᠬᠦᠴᠢᠷ ᠢ ᠲᠤᠭᠤᠯᠵᠤ ᠭᠠᠷᠬᠤ ᠠᠴᠠ ᠪᠢᠰᠢ ᠲᠤᠭᠤᠷᠢᠵᠤ ᠭᠠᠷᠬᠤ ᠦᠭᠡᠢ ᠭᠡᠳᠡᠭ ᠶᠤᠮ᠃  ᠥᠨᠥᠳᠥᠷ  ᠤᠨ  ᠤᠷᠠᠳ  ᠤᠨ  ᠳᠤᠮᠳᠠᠳᠤ ᠬᠤᠰᠢᠭᠤ ᠂  ᠨᠢᠭᠡᠨᠲᠡ  ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠬᠦᠴᠦᠨ ᠤ ᠨᠢᠭᠤᠴᠠ ᠵᠤᠷ ᠢ ᠬᠠᠶᠢᠨ ᠰᠦᠪᠡᠭᠴᠢᠯᠡᠵᠦ ᠢᠯᠡᠳᠲᠡ ᠦᠷ᠎ᠡ ᠪᠦᠳᠦᠮᠵᠢ ᠤᠯᠪᠠ᠃ ᠮᠠᠷᠭᠠᠰᠢ ᠶᠢᠨ ᠤᠷᠠᠳ ᠤᠨ ᠳᠤᠮᠳᠠᠳᠤ ᠬᠤᠰᠢᠭᠤ ᠦᠷᠭᠦᠯᠵᠢᠯᠡᠨ ︽ᠰᠢᠢᠳᠪᠦᠷᠢᠯᠡᠵᠦ ᠲᠡᠶᠢᠯᠬᠦ ᠰᠡᠳᠬᠢᠬᠦᠢ︾ ᠪᠠᠷ ᠪᠡᠷᠬᠡ ᠰᠡᠳᠦᠪ ᠢ ᠵᠠᠳᠠᠯᠵᠤ᠂ ᠬᠦᠴᠦᠯᠡᠨ ᠴᠢᠷᠮᠠᠶᠢᠵᠤ᠂ ᠰᠢᠨ᠎ᠡ ᠪᠠᠶᠢᠳᠠᠯ ᠢ ᠪᠤᠢ ᠪᠤᠯᠭᠠᠨ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠷᠠᠳ ᠤᠨ ᠳᠤᠮᠳᠠᠳᠤ ᠬᠤᠰᠢᠭᠤᠨ ᠤ ᠬᠦᠴᠦᠨ ᠴᠢᠳᠠᠯ ᠢᠶᠠᠨ ᠡᠷᠭᠦᠨ᠎ᠡ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ