ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2023 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠲᠥᠯᠥᠭᠡᠯᠡᠭᠴᠢᠳ ᠠ᠋᠄ | ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ ᠳᠠᠭᠤᠰᠬᠤ ᠭᠡᠵᠦ ᠪᠠᠶᠢᠨ᠎ᠠ᠃ ᠤᠳᠤ ᠪᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ | ᠢᠯᠠᠯᠲᠠ ᠲᠠᠢ ᠪᠠᠷ ᠬᠤᠷᠠᠯᠳᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ | ᠵᠢᠷᠤᠭᠯᠠᠪᠠ᠃ ᠰᠠᠯᠬᠢ ᠳᠠᠪᠠᠯᠭᠠᠨ ᠶᠡᠬᠡᠲᠡᠢ ᠣᠯᠠᠨ ᠤᠯᠤᠰ ᠤᠨ ᠣᠷᠴᠢᠨ ᠨᠥᠬᠦᠴᠡᠯ ᠪᠣᠯᠣᠨ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ | ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠢ ᠰᠡᠷᠭᠡᠶᠢᠯᠡᠵᠦ ᠴᠢᠳᠠᠬᠤ᠂ ᠠᠵᠤ | ᠠᠬᠤᠢ ᠶᠢ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠶᠠᠪᠤᠭᠳᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ | ᠯᠠᠪᠳᠠᠭᠤᠨ ᠢᠶᠠᠷ ᠳᠡᠭᠡᠭᠰᠢᠯᠡᠭᠦᠯᠭᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ ᠪᠡᠶᠡᠯᠡᠭᠦᠯᠦᠭᠡᠳ᠂ ᠮᠠᠨ ᠤ ᠤᠯᠤᠰ ᠤᠨ ᠬᠥᠭᠵᠢᠯᠲᠡ | ᠲᠤᠶᠢᠯ ᠤᠨ ᠭᠢᠯᠪᠠᠷ ᠪᠤᠰᠤ ᠰᠢᠨ᠎ᠡ ᠠᠮᠵᠢᠯᠲᠠ ᠪᠦᠲᠦᠮᠵᠢ ᠶᠢ ᠣᠯᠪᠠ᠃ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠢᠵᠢᠭ ᠤᠨ ᠪᠠᠶᠢᠳᠠᠯ ᠵᠡᠷᠭᠡ ᠤᠯᠤᠰ ᠤᠨ ᠳᠣᠲᠣᠭᠠᠳᠤ | ᠭᠠᠳᠠᠭᠠᠳᠤ ᠶᠢᠨ ᠤᠯᠠᠨ ᠳᠠᠪᠬᠤᠷ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ ᠤᠴᠠᠷᠠᠪᠠ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠢᠳᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ | ᠲᠥᠯᠥᠪᠯᠡᠵᠦ᠂ ᠸᠢᠷᠦ᠋ᠰ ᠤᠨ ᠬᠤᠪᠢᠷᠠᠯᠲᠠ ᠪᠣᠯᠣᠨ ᠬᠢᠵᠢᠭ ᠢ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠦᠨ ᠲᠣᠬᠢᠷᠠᠭᠤᠯᠪᠠ᠃ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠡᠷᠡᠰ ᠰᠢᠭᠤᠷᠬᠠᠢ ᠪᠠᠷ ᠠᠷᠭᠠᠴᠠᠭᠠᠨ᠂ ᠴᠠᠭ ᠲᠤᠬᠠᠢ | ᠳᠤᠨᠢ ᠲᠣᠬᠢᠷᠠᠭᠤᠯᠤᠨ ᠡᠵᠡᠮᠳᠡᠵᠦ᠂ ᠣᠷᠴᠢᠮ ᠤᠨ ᠵᠢᠯ ᠳᠤ ᠨᠥᠭᠡᠴᠡᠯᠡᠭᠰᠡᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠨᠢᠭᠡᠨᠲᠡ ᠲᠣᠭᠲᠠᠭᠰᠠᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠤᠶᠢᠪᠢᠰᠢ ᠦᠭᠡᠢ ᠠᠬᠢᠭᠤᠯᠤᠨ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠪᠣᠯᠣᠨ ᠵᠠᠯᠭᠠᠮᠵᠢ ᠠᠷᠭ᠎ᠠ ᠬᠡᠮᠵᠢᠶ᠎ᠡ ᠶᠢ ᠨᠡᠶᠢᠲᠡᠯᠡᠨ | ᠬᠡᠷᠡᠭᠵᠢᠭᠦᠯᠵᠦ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠤᠨ᠂ ᠣᠷᠣᠨ ᠨᠤᠲᠤᠭ ᠤᠨ ᠬᠢᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠤ ᠲᠥᠷᠥ ᠶᠢᠨ | ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠪᠠᠷ ᠳᠡᠮᠵᠢᠨ᠂ ᠠᠵᠤ ᠠᠬᠤᠢ ᠶᠢᠨ ᠲᠣᠮᠣ ᠮᠤᠵᠢ ᠶᠢᠨ ᠵᠣᠷᠢᠭᠲᠠᠢ ᠪᠠᠷ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ | ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠢ ᠲᠣᠪᠤᠶᠢᠯᠭᠠᠨ᠂ | ᠠᠵᠤ ᠠᠬᠤᠢ ᠶᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠶᠢ ᠠᠬᠢᠭᠤᠯᠪᠠ᠃ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ | 3% ᠪᠠᠷ ᠨᠡᠮᠡᠭᠳᠡᠵᠦ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ ᠪᠠᠷ ᠨᠡᠮᠡᠭᠳᠡᠵᠦ᠂ ᠵᠢᠯ ᠤᠨ ᠡᠴᠦᠰ ᠤᠨ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.5% ᠪᠤᠯᠲᠠᠯ᠎ᠠ ᠪᠠᠭᠤᠷᠠᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 2% ᠢᠶᠠᠷ | ᠥᠰᠪᠡ᠃ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 7.7% ᠪᠠᠷ ᠨᠡᠮᠡᠭᠳᠡᠪᠡ᠃ ᠡᠳ᠋ ᠤᠨ ᠵᠠᠰᠠᠭ ᠤᠨ | ᠤᠯᠠᠭᠠᠨ ᠲᠤᠭ᠎ᠠ ᠶᠢᠨ ᠨᠤᠷᠮ᠎ᠠ ᠶᠢ 2.8% ᠪᠠᠷ ᠬᠢᠵᠠᠭᠠᠷᠯᠠᠵᠤ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠥᠰᠥᠪ ᠲᠤ ᠨᠡᠶᠢᠴᠡᠵᠦ᠂ ᠵᠠᠷᠤᠯᠭ᠎ᠠ | ᠵᠢᠭᠠᠬᠠᠨ ᠦᠯᠡᠳᠡᠪᠦᠷᠢ ᠲᠠᠢ ᠪᠣᠯᠪᠠ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠵᠤ᠂ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠪᠦᠭᠦ ᠪᠥᠮᠪᠥᠷᠴᠡᠭ ᠤᠨ ᠭᠤᠣᠯ ᠭᠤᠣᠯ ᠵᠣᠭᠤᠰᠤᠨ ᠤ ᠳᠣᠲᠣᠷ᠎ᠠ ᠬᠠᠷᠢᠴᠠᠩᠭᠤᠢ ᠪᠠᠷ ᠲᠣᠭᠲᠠᠭᠤᠨ ᠪᠠᠶᠢᠨ᠎ᠠ᠃ ᠠᠮᠤ ᠪᠤᠳᠠᠭᠠᠨ ᠤ | ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ 74 ᠳ᠋ᠦᠩᠰᠢᠭᠤᠷ ᠵᠢᠩ ᠨᠡᠮᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ | ᠦᠷᠭᠦᠯᠵᠢᠯᠡᠨ ᠰᠠᠶᠢᠵᠢᠷᠠᠪᠠ᠃ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠂ ᠨᠠᠷᠢᠨ | ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠦᠴᠡᠯ ᠳᠤ ᠪᠦᠭᠦ ᠵᠢᠯ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠵᠦ᠂ ᠮᠠᠨ ᠤ ᠤᠯᠤᠰ ᠤᠨ ᠠᠵᠤ ᠠᠬᠤᠢ ᠡᠷᠡᠰ ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠰᠢᠷᠦᠭᠦᠰᠦᠭᠰᠡᠨ ᠪᠠᠶᠢᠳᠠᠯ ᠳᠤ ᠴᠢᠭᠯᠡᠭᠦᠯᠦᠨ᠂ ᠬᠦᠴᠢᠷᠳᠡᠯ ᠢ ᠨᠢ ᠰᠢᠢᠳᠪᠦᠷᠢᠯᠡᠨ | ᠳᠡᠮᠵᠢᠭᠦ ᠡᠷᠴᠢᠮ ᠢᠶᠠᠨ ᠴᠢᠩᠭᠠᠷᠠᠭᠤᠯᠪᠠ᠃ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠳᠠᠭᠠᠷᠢᠯᠲᠠ ᠠᠴᠠ ᠪᠣᠯᠵᠤ᠂ ᠴᠥᠭᠡᠨ ᠪᠤᠰᠤ ᠠᠵᠤ ᠠᠬᠤᠶᠢᠯᠠᠯ | ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠣᠨᠴᠠᠭᠠᠶ ᠬᠦᠴᠢᠷᠳᠡᠯ ᠳᠤ ᠲᠤᠯᠭᠠᠷᠠᠪᠠ᠃ ᠪᠦᠭᠦ ᠵᠢᠯ ᠳᠤ ᠦᠷᠳᠡᠭ ᠨᠡᠮᠡᠭᠳᠡᠯ ᠤᠨ ᠭᠠᠶᠢᠯᠢ ᠶᠢᠨ | ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠲᠤᠭ᠎ᠠ 2.4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠤᠭᠰᠠᠨ ᠲᠤᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠰᠦᠢᠳᠬᠡᠯ ᠢ ᠬᠤᠶᠢᠰᠢᠯᠠᠭᠤᠯᠤᠭᠰᠠᠨ ᠲᠤᠭ᠎ᠠ 7500 ᠭᠠᠷᠤᠢ | ᠳ᠋ᠦᠩᠰᠢᠭᠤᠷ ᠲᠥᠭᠦᠷᠢᠭ ᠲᠤ ᠭᠦᠷᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ | ᠳᠡᠮᠵᠢᠭᠦ ᠶᠢᠨ ᠲᠥᠯᠥᠭᠡ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠᠨ ᠶᠡᠭᠡ ᠪᠠᠷ ᠨᠡᠮᠡᠭᠳᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠨᠢ ᠨᠡᠮᠡᠭᠳᠡᠭᠦᠯᠦᠨ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ | ᠰᠢᠨ᠎ᠡ ᠪᠠᠷ ᠲᠠᠯᠪᠢᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ ᠪᠦᠷᠢᠳᠬᠡᠯ ᠲᠠᠢ ᠪᠣᠯᠤᠭᠰᠠᠨ ᠠᠴᠠ ᠨᠠᠭᠠᠰᠢᠬᠢ | ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠤᠨ᠂ ᠬᠢᠵᠢᠭ ᠲᠤ ᠬᠦᠨᠳᠦ ᠨᠣᠴᠢᠲᠠᠢ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠ ᠢᠳᠡᠭᠡᠨ ᠤᠮᠳᠠᠭᠠᠨ᠂ ᠵᠢᠭᠤᠯᠴᠢᠯᠠᠯ᠂ ᠪᠠᠷᠠᠭ᠎ᠠ ᠲᠡᠭᠡᠭᠡᠪᠦᠷᠢ ᠵᠡᠷᠭᠡ ᠳᠤ ᠵᠢᠭᠡᠯᠡᠯᠭᠡ ᠶᠢᠨ ᠡᠬᠡ ᠬᠦᠦ ᠶᠢ | ᠬᠤᠶᠢᠰᠢᠯᠠᠭᠤᠯᠤᠨ ᠲᠦᠯᠦᠭᠦ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠬᠦᠦ ᠮᠥᠩᠭᠦ ᠶᠢ | ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ ᠥᠭᠡᠷᠡᠴᠢᠯᠡᠯᠲᠡ ᠶᠢᠨ ᠠᠷᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠶᠢᠳᠡᠮ ᠳᠡᠭᠡᠨ | ᠠᠰᠢᠭ ᠭᠦᠷᠲᠡᠪᠡ᠃ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ | ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠪᠠ᠃ ᠨᠢᠳᠤᠨᠤᠨ ᠡᠴᠦᠰ ᠤᠨ ᠬᠡᠷᠡᠭᠯᠡᠭᠡ ᠰᠢᠭᠤᠳ | ᠳᠠᠭᠠᠷᠢᠯᠲᠠ ᠳᠤ ᠤᠴᠠᠷᠠᠵᠤ᠂ ᠪᠡᠯᠡ ᠣᠷᠣᠭᠤᠯᠤᠯᠲᠠ ᠴᠤ ᠨᠥᠯᠥᠭᠡᠯᠡᠭᠳᠡᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠡᠰᠡᠭ ᠴᠢᠬᠤᠯᠠ | ᠶᠡᠭᠡ ᠢᠨᠵᠧᠨᠧᠷᠢᠩ ᠤᠨ ᠲᠥᠰᠥᠯ ᠢ ᠤᠷᠢᠳᠴᠢᠯᠠᠨ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠂ ᠲᠤᠰᠬᠠᠢ ᠵᠦᠢᠯ ᠤᠨ ᠥᠭᠴᠡᠭᠡ ᠶᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭᠠᠷ ᠲᠤᠭ᠎ᠠ ᠶᠢ ᠬᠠᠤᠯᠢ | ᠶᠣᠰᠣᠭᠠᠷ ᠠᠮᠢᠳᠤᠯᠢᠭ ᠪᠣᠯᠭᠠᠨ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ | ᠪᠠᠭᠠᠵᠢ ᠶᠢ ᠬᠤᠶᠠᠷ ᠬᠤᠭᠤᠴᠠᠭ᠎ᠠ ᠬᠤᠪᠢᠶᠠᠨ 7400 ᠳ᠋ᠦᠩᠰᠢᠭᠤᠷ ᠲᠥᠭᠦᠷᠢᠭ ᠲᠠᠯᠪᠢᠨ᠂ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ | ᠬᠥᠷᠥᠩᠭᠡ ᠮᠥᠩᠭᠦ ᠨᠥᠬᠦᠪᠦᠷᠢᠯᠡᠪᠡ᠃ ᠲᠤᠰᠬᠠᠢ ᠵᠦᠢᠯ ᠤᠨ ᠳᠠᠭᠢᠨ ᠵᠢᠭᠡᠯᠡᠯᠭᠡ ᠥᠭᠬᠦ᠂ ᠡᠳ᠋ ᠤᠨ ᠵᠠᠰᠠᠭ ᠠᠴᠠ ᠳᠡᠮ ᠬᠦᠦ ᠮᠥᠩᠭᠦ ᠥᠭᠬᠦ ᠵᠡᠷᠭᠡ ᠲᠥᠷᠥ ᠶᠢᠨ | ᠪᠣᠳᠣᠯᠭ᠎ᠠ ᠶᠢ ᠬᠡᠷᠡᠭᠯᠡᠨ᠂ ᠭᠤᠣᠯᠳᠠᠯᠭ᠎ᠠ ᠲᠠᠢ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠳᠠᠮᠵᠢᠪᠡ᠃ ᠬᠠᠮᠲᠤᠷᠠᠨ ᠠᠵᠢᠯᠯᠠᠬᠤ᠂ | ᠣᠷᠣᠨ ᠨᠤᠲᠤᠭ ᠠᠴᠠ ᠠᠮᠠᠯᠠᠬᠤ ᠵᠡᠷᠭᠡ ᠠᠷᠭ᠎ᠠ ᠶᠢ ᠠᠪᠴᠤ᠂ ᠲᠥᠰᠥᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠦᠭᠦ ᠵᠢᠯ ᠳᠤ | ᠰᠠᠭᠤᠷᠢ ᠲᠥᠬᠦᠭᠡᠷᠦᠮᠵᠢ᠂ ᠦᠢᠯᠡᠳᠭᠦ ᠦᠢᠯᠡᠰ ᠤᠨ ᠪᠡᠯᠡ ᠣᠷᠣᠭᠤᠯᠤᠯᠲᠠ ᠲᠣᠰ ᠲᠣᠰ 9.4%᠂ 9.1% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠳᠠᠶᠢᠴᠢᠯᠠᠨ 5.1% ᠪᠠᠷ ᠨᠡᠮᠡᠭᠳᠡᠭᠦᠯᠵᠦ᠂ ᠬᠡᠷᠡᠭᠯᠡᠭᠡ ᠪᠠᠭᠠᠰᠤᠭᠰᠠᠨ ᠳᠤᠲᠠᠭᠤᠳᠠᠯ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡ᠃ ᠬᠡᠷᠡᠭᠯᠡᠭᠡᠨ ᠤ | ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠬᠥᠭᠵᠢᠭᠦᠯᠵᠦ᠂ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠵᠡᠷᠭᠡ | ᠠᠷᠭ᠎ᠠ ᠬᠡᠮᠵᠢᠶ᠎ᠡ ᠶᠢ ᠠᠪᠴᠤ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠂ ᠰᠢᠨ᠎ᠡ ᠡᠨᠧᠷᠭᠢ ᠶᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ 93. | 4% ᠪᠠᠷ ᠨᠡᠮᠡᠭᠳᠡᠵᠦ᠂ ᠨᠣᠭᠤᠭᠠᠨ ᠣᠶᠤᠨᠯᠢᠭ ᠭᠡᠷ ᠤᠨ ᠴᠠᠭᠢᠯᠭᠠᠨ ᠬᠡᠷᠡᠭᠰᠡᠯ᠂ ᠨᠣᠭᠤᠭᠠᠨ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ | ᠥᠷᠨᠢᠭᠦᠯᠦᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ | ᠮᠥᠩᠭᠦᠨ ᠭᠦᠢᠯᠭᠡᠭᠡ ᠪᠠᠷ ᠳᠡᠮᠵᠢᠭᠦ ᠠᠷᠭ᠎ᠠ ᠬᠡᠮᠵᠢᠶ᠎ᠡ ᠶᠢ ᠨᠡᠶᠢᠲᠡᠯᠡᠨ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠶᠢᠵᠢᠷᠠᠭᠤᠯᠬᠤ | ᠴᠢᠨᠠᠷᠲᠠᠢ ᠬᠡᠷᠡᠭᠴᠡᠭᠡ ᠶᠢ ᠳᠡᠮᠵᠢᠵᠦ᠂ ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ ᠶᠣᠰᠣᠭᠠᠷ ᠲᠤᠰᠢᠶᠠᠨ ᠥᠭᠴᠦ ᠠᠷᠠᠳ ᠤᠨ ᠠᠮᠢᠳᠤᠷᠠᠯ ᠢ ᠲᠣᠭᠲᠠᠭᠤᠨ | ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ᠂ ᠠᠵᠢᠯᠴᠢᠨ | ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤᠯᠲᠠ ᠥᠭᠴᠦ ᠰᠢᠢᠳᠪᠦᠷᠢᠯᠡᠨ᠂ ᠡᠳ᠋ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠵᠢᠱᠢᠯᠲᠡ ᠠᠴᠠ ᠰᠠᠶᠢᠨ ᠪᠠᠶᠢᠵᠤ᠂ ᠪᠣᠳᠠᠲᠠᠢ | ᠬᠡᠷᠡᠭᠯᠡᠭᠰᠡᠨ ᠭᠠᠳᠠᠭᠠᠳᠤ ᠪᠡᠯᠡ ᠲᠣᠭᠲᠠᠭᠤᠨ ᠢᠶᠠᠷ ᠨᠡᠮᠡᠭᠳᠡᠪᠡ᠃ | ᠠᠵᠢᠯ ᠣᠯᠭᠤᠯᠲᠠ ᠶᠢᠨ ᠳᠠᠷᠤᠯᠲᠠ ᠲᠣᠪᠣᠶᠢᠮ᠎ᠠ ᠪᠣᠯᠤᠭᠰᠠᠨ ᠪᠠᠶᠢᠳᠠᠯ ᠳᠤ ᠴᠢᠭᠯᠡᠭᠦᠯᠦᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠯᠲᠠ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠪᠠ᠃ ᠨᠢᠳᠤᠨᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠣᠷᠮ᠎ᠠ ᠨᠢᠭᠡ ᠦᠶ᠎ᠡ ᠢᠯᠡᠳᠲᠡ ᠳᠡᠭᠡᠭᠰᠢᠯᠡᠪᠡ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠵᠡᠷᠭᠡ ᠲᠦᠷᠦ ᠶᠢᠨ | ᠪᠣᠳᠣᠯᠭ᠎ᠠ ᠶᠢᠨ ᠲᠠᠯ᠎ᠠ ᠪᠠᠷ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠴᠢᠬᠤᠯᠠᠴᠢᠯᠠᠪᠠ᠃ ᠬᠦᠴᠢᠷᠳᠡᠯ ᠲᠠᠢ ᠠᠵᠢᠯ ᠲᠥᠷᠥᠯ ᠤᠨ ᠠᠵᠤ | ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠵᠤ ᠪᠤᠯᠬᠤ ᠶᠢ ᠬᠡᠷᠡᠭᠵᠢᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢ ᠨᠡᠮᠡᠭᠳᠡᠭᠦᠯᠪᠡ᠃ ᠲᠠᠭᠠᠭᠠᠯᠲᠠᠲᠤ ᠵᠢᠭᠡᠯᠡᠯᠭᠡ᠂ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠬᠦ ᠵᠡᠷᠭᠡ ᠠᠳᠠᠯ ᠦᠢᠯᠡᠰ ᠴᠣᠭᠴᠠᠯᠠᠬᠤ ᠶᠢ ᠳᠡᠮᠵᠢᠭᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠠᠵᠢᠯ ᠣᠯᠬᠤ ᠳᠤ ᠬᠦᠴᠢᠷᠲᠡᠢ ᠬᠥᠮᠥᠰ ᠢ ᠲᠤᠰᠬᠠᠢ ᠵᠦᠢᠯ ᠢᠶᠠᠷ ᠬᠠᠪᠰᠤᠷᠤᠨ | ᠲᠡᠳᠭᠦᠭᠦ ᠶᠢ ᠥᠷᠨᠢᠭᠦᠯᠪᠡ᠃ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ | ᠳᠡᠯᠭᠡᠷᠡᠭᠦᠯᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3200 ᠲᠦᠮᠡᠨ ᠬᠥᠮᠥᠨ ᠢ ᠳᠠᠪᠠᠵᠤ᠂ ᠲᠣᠭᠲᠠᠭᠤᠨ | ᠪᠠᠶᠢᠬᠤ ᠶᠢᠨ ᠵᠡᠷᠭᠡ ᠳᠤ ᠨᠡᠮᠡᠭᠳᠡᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ ᠬᠡᠴᠡᠭᠦᠳᠡᠭᠰᠡᠨ ᠠᠴᠠ ᠪᠣᠯᠤᠭᠰᠠᠨ ᠨᠥᠯᠥᠭᠡ ᠳᠤ ᠴᠢᠭᠯᠡᠭᠦᠯᠦᠨ᠂ ᠠᠮᠤ ᠪᠤᠳᠠᠭ᠎ᠠ ᠪᠠ ᠡᠨᠧᠷᠭᠢ ᠶᠢᠨ | ᠰᠤᠷᠪᠤᠯᠵᠢ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡ᠃ ᠨᠢᠳᠤᠨᠤᠨ ᠪᠦᠭᠦ | ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷᠴᠡ ᠳᠤ ᠬᠦᠷᠴᠦ᠂ ᠤᠯᠤᠰ ᠤᠨ ᠳᠣᠲᠣᠭᠠᠳᠤ ᠶᠢᠨ ᠦᠨ᠎ᠡ | ᠬᠠᠩᠰᠢ ᠶᠢ ᠲᠣᠭᠲᠠᠭᠤᠨ ᠪᠠᠶᠢᠯᠭᠠᠬᠤ ᠳᠤ ᠨᠡᠯᠢᠶᠡᠳ ᠶᠡᠭᠡ ᠳᠠᠷᠤᠯᠲᠠ ᠤᠴᠠᠷᠠᠭᠤᠯᠪᠠ᠃ ᠪᠢᠳᠡ ᠦᠶᠡᠷ ᠤᠰᠤᠲᠤᠯ᠂ ᠭᠠᠩ ᠬᠠᠭᠰᠠᠷᠠᠭᠠᠨ ᠵᠡᠷᠭᠡ ᠬᠦᠨᠳᠦ ᠨᠣᠴᠢᠲᠠᠢ | ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠵᠤ᠂ ᠲᠠᠷᠢᠶᠠᠯᠠᠬᠤ ᠴᠠᠭ ᠢ ᠰᠠᠭᠠᠲᠠᠭᠠᠯ ᠦᠭᠡᠢ ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠶᠢ ᠰᠢᠮᠳᠠᠭᠤᠯᠤᠨ | ᠠᠳᠬᠤᠵᠤ᠂ ᠲᠠᠷᠢᠶᠠᠯᠠᠩ ᠤᠨ ᠮᠠᠰᠢᠨ ᠤ ᠨᠡᠪᠲᠡᠷᠡᠯᠲᠡ ᠶᠢ ᠰᠢᠪᠠᠳᠠᠨ ᠵᠣᠬᠢᠴᠠᠭᠤᠯᠵᠤ᠂ ᠲᠠᠷᠢᠶᠠᠯᠠᠩ ᠤᠨ ᠶᠠᠪᠤᠳᠠᠯ ᠤᠨ ᠠᠵᠢᠯᠯᠠᠭᠠᠨ ᠤ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠨᠥᠬᠦᠪᠦᠷᠢ ᠣᠯᠭᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠪᠠ᠃ | ᠨᠡᠭᠦᠷᠡᠰᠦᠨ ᠤ ᠭᠤᠣᠯ ᠴᠣᠭᠴᠠ ᠡᠨᠧᠷᠭᠢ ᠶᠢᠨ ᠰᠤᠷᠪᠤᠯᠵᠢ ᠪᠤᠯᠬᠤ ᠦᠢᠯᠡᠳᠦᠯ ᠢ ᠪᠠᠳᠠᠷᠠᠭᠤᠯᠤᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠨᠡᠮᠡᠭᠳᠡᠭᠦᠯᠵᠦ᠂ ᠴᠠᠭᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠢ ᠳᠡᠮᠵᠢᠭᠦ ᠡᠷᠴᠢᠮ ᠢ ᠴᠢᠩᠭᠠᠷᠠᠭᠤᠯᠤᠨ᠂ ᠡᠨᠧᠷᠭᠢ ᠶᠢᠨ ᠰᠤᠷᠪᠤᠯᠵᠢ ᠶᠢᠨ ᠬᠡᠪ ᠤᠨ | ᠬᠠᠩᠭᠠᠯᠭ᠎ᠠ ᠶᠢ ᠪᠠᠲᠤᠯᠠᠪᠠ᠃ ᠪᠦᠭᠦ ᠪᠥᠮᠪᠥᠷᠴᠡᠭ ᠤᠨ ᠵᠣᠭᠤᠰ ᠶᠡᠭᠡ ᠪᠠᠷ ᠮᠠᠭᠤᠳᠠᠭᠰᠠᠨ ᠠᠬᠤᠢ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ ᠦᠨ᠎ᠡ | ᠨᠡᠯᠢᠶᠡᠳ ᠳᠣᠣᠷ᠎ᠠ ᠲᠦᠪᠰᠢᠨ ᠢᠶᠠᠨ ᠪᠠᠲᠤᠯᠠᠵᠤ ᠴᠢᠳᠠᠭᠰᠠᠨ ᠨᠢ ᠨᠡᠩ ᠴᠦ ᠠᠮᠠᠷ ᠦᠭᠡᠢ ᠶᠠᠪᠤᠳᠠᠯ ᠶᠤᠮ᠃ | ᠬᠡᠰᠡᠭ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ | ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠨᠠᠩ ᠣᠯᠠᠨ ᠬᠦᠴᠢᠷᠳᠡᠯ ᠲᠠᠢ ᠬᠠᠮᠲᠤᠯᠢᠭ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠠᠵᠢᠯ | ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ | 1000 ᠭᠠᠷᠤᠢ ᠲᠦᠮᠡᠨ ᠠᠵᠢᠯ ᠠᠯᠳᠠᠭᠰᠠᠨ ᠬᠥᠮᠥᠰ ᠲᠤ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠣᠯᠭᠤᠪᠠ᠃ ᠨᠠᠩ ᠣᠯᠠᠨ ᠣᠷᠣᠯᠭ᠎ᠠ ᠪᠠᠭᠠᠲᠠᠢ | ᠣᠯᠠᠨ ᠲᠦᠮᠡᠨ ᠳᠤ ᠦᠨ᠎ᠡ ᠬᠠᠩᠰᠢ ᠶᠢᠨ ᠨᠥᠬᠦᠪᠦᠷᠢ ᠣᠯᠭᠤᠵᠤ᠂ ᠪᠠᠷᠤᠭ 6700 ᠲᠦᠮᠡᠨ ᠬᠥᠮᠥᠨ ᠳᠤ ᠠᠰᠢᠭ ᠬᠦᠷᠲᠡᠭᠡᠪᠡ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠠᠮᠢᠳᠤᠷᠠᠯ ᠨᠢ ᠬᠦᠴᠢᠷᠲᠡᠢ ᠰᠤᠷᠤᠬᠴᠢᠳ ᠤᠨ 2022 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ | ᠬᠡᠯᠲᠦᠷᠢᠭᠦᠯᠦᠭᠰᠡᠨ ᠤ ᠬᠠᠮᠲᠤ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠵᠤ ᠪᠤᠯᠬᠤ ᠶᠢ ᠵᠥᠪᠰᠢᠶᠡᠷᠡᠪᠡ᠃ ᠬᠢᠵᠢᠭ ᠪᠠ ᠭᠠᠮᠰᠢᠭ ᠠᠴᠠ ᠪᠣᠯᠵᠤ | ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ | ᠱᠤᠭᠤᠮ ᠢ ᠦᠨᠡᠨ ᠬᠦ ᠪᠠᠲᠤ ᠰᠠᠬᠢᠪᠠ᠃ | ᠡᠭᠦᠨ ᠤ ᠬᠠᠮᠲᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠵᠥᠪᠰᠢᠶᠡᠷᠡᠭᠰᠡᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠪᠠ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠬᠡᠷᠡᠭᠯᠡᠭᠡ ᠶᠢᠨ ᠬᠡᠷᠡᠭᠴᠡᠭᠡ᠂ ᠵᠠᠬ᠎ᠠ ᠳᠡᠯᠭᠡᠭᠦᠷ ᠤᠨ ᠭᠦᠢᠯᠭᠡᠭᠡ᠂ ᠠᠵᠤ | ᠦᠢᠯᠡᠳᠪᠦᠷᠢ ᠶᠢᠨ ᠦᠢᠯᠡᠳᠪᠦᠷᠢᠯᠡᠯ᠂ ᠠᠵᠤ ᠠᠬᠤᠶᠢᠯᠠᠯ ᠤᠨ ᠵᠢᠱᠢᠯᠲᠡ ᠵᠡᠷᠭᠡ ᠢᠯᠡᠳᠲᠡ ᠰᠠᠶᠢᠵᠢᠷᠠᠨ᠂ ᠠᠵᠤ ᠠᠬᠤᠢ ᠶᠢᠨ ᠨᠡᠮᠡᠭᠳᠡᠯ ᠶᠠᠭ ᠲᠣᠭᠲᠠᠪᠤᠷᠢᠵᠢᠨ | ᠳᠡᠭᠡᠭᠰᠢᠯᠡᠵᠦ ᠪᠠᠶᠢᠭ᠎ᠠ ᠪᠥᠭᠡᠳ ᠮᠠᠨ ᠤ ᠤᠯᠤᠰ ᠤᠨ ᠠᠵᠤ ᠠᠬᠤᠢ ᠳᠤ ᠯᠤᠲᠤ ᠶᠡᠭᠡ ᠳᠠᠯᠳᠠ ᠬᠦᠴᠦᠨ ᠪᠠ ᠬᠥᠭᠵᠢᠯᠲᠡ ᠶᠢᠨ ᠬᠥᠳᠡᠯᠭᠡᠭᠴᠢ ᠬᠦᠴᠦᠨ ᠲᠠᠢ ᠪᠠᠶᠢᠨ᠎ᠠ | ᠃ | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ᠂ ᠲᠤᠶᠢᠯ ᠤᠨ ᠡᠭᠡᠯ ᠪᠤᠰᠤ ᠶᠢᠨ ᠲᠠᠪᠤᠨ ᠵᠢᠯ ᠶᠤᠮ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠡᠯᠡᠬᠡᠢ ᠶᠢᠨ ᠬᠤᠪᠢᠰᠤᠯᠲᠠ ᠶᠢᠨ ᠲᠦᠷᠭᠡᠰᠦᠭᠰᠡᠨ | ᠤᠯᠠᠷᠢᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠵᠡᠷᠭᠡ | ᠤᠯᠠᠨ ᠳᠠᠪᠬᠤᠷ ᠰᠢᠯᠭᠠᠯᠲᠠ ᠶᠢ ᠳᠠᠭᠠᠭᠠᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠬᠤᠭᠤᠴᠠᠭ᠎ᠠ ᠶᠣᠰᠣᠭᠠᠷ ᠢᠯᠠᠯᠲᠠ | ᠣᠯᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠪᠠ᠃ | — ᠠᠵᠤ ᠠᠬᠤᠢ ᠶᠢᠨ ᠬᠥᠭᠵᠢᠯᠲᠡ ᠲᠠᠭᠢᠨ ᠰᠢᠨ᠎ᠡ ᠳᠡᠭᠲᠡᠷ ᠲᠤ ᠭᠠᠷᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 121 | ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠲᠠᠪᠤᠨ ᠵᠢᠯ ᠳᠤ ᠵᠢᠯ ᠳᠤᠮᠳᠠᠴᠢ ᠪᠠᠷ 5.2% ᠢᠶᠠᠷ ᠨᠡᠮᠡᠭᠳᠡᠵᠦ᠂ ᠠᠷᠪᠠᠨ ᠵᠢᠯ ᠳᠤ 70 ᠲᠦᠮᠡᠨ | ᠳ᠋ᠦᠩᠰᠢᠭᠤᠷ ᠲᠥᠭᠦᠷᠢᠭ ᠰᠢᠬᠠᠮ ᠨᠡᠮᠡᠭᠳᠡᠨ᠂ ᠵᠢᠯ ᠳᠤᠮᠳᠠᠴᠢ ᠪᠠᠷ 6.2% ᠢᠶᠠᠷ ᠨᠡᠮᠡᠭᠳᠡᠵᠦ᠂ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷ᠎ᠡ ᠳᠤᠮᠳᠠ | ᠳᠡᠭᠡᠳᠦ ᠬᠤᠷᠳᠤᠴᠠ ᠪᠠᠷ ᠨᠡᠮᠡᠭᠳᠡᠭᠡᠳ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠪᠰᠢᠪᠠ᠃ ᠡᠳ᠋ ᠤᠨ ᠵᠠᠰᠠᠭ ᠤᠨ ᠣᠷᠣᠯᠭ᠎ᠠ 20.4 ᠲᠦᠮᠡᠨ ᠳ᠋ᠦᠩᠰᠢᠭᠤᠷ | ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠤᠨᠠᠯᠲᠠ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 40 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠵᠢᠯ | ᠳᠤᠮᠳᠠᠴᠢ ᠪᠠᠷ 1270 ᠭᠠᠷᠤᠢ ᠲᠦᠮᠡ ᠰᠢᠨ᠎ᠡ ᠪᠠᠷ ᠨᠡᠮᠡᠭᠳᠡᠪᠡ᠃ ᠭᠠᠳᠠᠭᠠᠳᠤ ᠭᠤᠪᠢᠭᠤᠯᠭ᠎ᠠ ᠶᠢᠨ ᠨᠥᠭᠡᠴᠡ 3 ᠲᠦᠮᠡᠨ ᠳ᠋ᠦᠩᠰᠢᠭᠤᠷ ᠳ᠋ᠣᠯᠯᠠᠷ ᠠᠴᠠ | ᠳᠡᠭᠡᠭᠰᠢ ᠳᠤ ᠲᠣᠭᠲᠠᠪᠤᠷᠢᠵᠢᠪᠠ᠃ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ | — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠪᠡ᠃ ᠨᠠᠢᠮᠠᠨ ᠵᠢᠯ ᠤᠨ | ᠦᠷᠭᠦᠯᠵᠢᠯᠡᠭᠰᠡᠨ ᠴᠢᠷᠮᠠᠶᠢᠯᠭ᠎ᠠ ᠪᠠᠷ ᠬᠥᠳᠡᠭᠡ ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ | ᠪᠦᠭᠦ ᠤᠯᠤᠰ ᠤᠨ 832 ᠶᠠᠳᠠᠭᠤ ᠬᠦᠴᠢᠷᠳᠡᠯ ᠲᠠᠢ ᠰᠢᠶᠠᠨ ᠢ ᠴᠥᠮ ᠶᠠᠳᠠᠭᠤ ᠠᠴᠠ ᠠᠩᠭᠢᠵᠢᠷᠠᠭᠤᠯᠤᠨ᠂ 960 ᠭᠠᠷᠤᠢ ᠲᠦᠮᠡᠨ ᠶᠠᠳᠠᠭᠤ ᠬᠦᠴᠢᠷᠳᠡᠯ ᠲᠠᠢ | ᠬᠥᠮᠥᠨ ᠠᠮᠠ ᠶᠢ ᠣᠨᠳᠣᠣ ᠭᠠᠵᠠᠷ ᠨᠡᠭᠦᠯᠭᠡᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠪᠠᠶᠢᠭᠰᠠᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ | ᠪᠠᠶᠢᠭᠤᠯᠤᠯ ᠢ ᠪᠠᠶᠢᠭᠤᠯᠤᠨ᠂ ᠤᠯᠤᠰ ᠤᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ᠂ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠢ ᠲᠠᠭᠢᠨ ᠵᠣᠬᠢᠶᠠᠨ ᠪᠠᠶᠢᠭᠤᠯᠬᠤ ᠠᠵᠢᠯ ᠢ ᠪᠦᠯᠦᠭ ᠬᠤᠪᠢᠶᠠᠨ ᠠᠬᠢᠭᠤᠯᠪᠠ᠃ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠭᠠᠯ ᠭᠠᠷᠠᠭ ᠢ ᠬᠠᠶᠢᠨ | ᠰᠢᠨᠵᠢᠯᠡᠬᠦ᠂ ᠭᠦᠨ ᠳᠠᠯᠠᠢ ᠭᠦᠨ ᠭᠠᠵᠠᠷ ᠢ ᠬᠠᠶᠢᠨ ᠭᠡᠮᠵᠢᠭᠦ᠂ ᠭᠡᠳᠦ ᠺᠤᠮᠫᠢᠦ᠋ᠲ᠋ᠧᠷ᠂ ᠳᠠᠭᠠᠭᠤᠯᠢ ᠤᠳᠤ ᠪᠠᠷ ᠠᠶᠠᠯᠠᠯ ᠵᠠᠮᠴᠢᠯᠠᠬᠤ᠂ ᠺᠸᠠᠨ᠋ᠲ ᠤᠨ ᠮᠡᠳᠡᠭᠡ ᠵᠠᠩᠭᠢ᠂ | ᠴᠥᠮ᠎ᠡ ᠶᠢᠨ ᠴᠠᠭᠢᠯᠭᠠᠨ ᠤ ᠮᠡᠷᠭᠡᠵᠢᠯ᠂ ᠲᠣᠮᠣ ᠨᠢᠰᠬᠡᠯ ᠦᠢᠯᠡᠳᠭᠦ᠂ ᠵᠣᠬᠢᠶᠠᠮᠠᠯ ᠣᠶᠤᠨᠯᠢᠭ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠠᠬᠢ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠢᠯᠡᠷᠡᠨ ᠭᠠᠷᠪᠠ᠃ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ | 2.1% ᠪᠠᠶᠢᠭᠰᠠᠨ ᠠᠴᠠ ᠪᠠᠨ 2.5% ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ | 60% ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨ᠎ᠡ ᠡᠭᠦᠳᠦᠯᠲᠡ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ ᠴᠢᠩᠭᠠᠷᠠᠪᠠ᠃ | — ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠳᠡᠭᠡᠳᠦ ᠮᠡᠷᠭᠡᠵᠢᠯ ᠤᠨ ᠦᠢᠯᠡᠳᠭᠦ ᠦᠢᠯᠡᠰ᠂ ᠲᠣᠨᠤᠭ | ᠲᠥᠬᠦᠭᠡᠷᠦᠮᠵᠢ ᠦᠢᠯᠡᠳᠭᠦ ᠦᠢᠯᠡᠰ ᠤᠨ ᠨᠡᠮᠡᠭᠳᠡᠯ ᠥᠷᠲᠡᠭ ᠵᠢᠯ ᠳᠤᠮᠳᠠᠴᠢ ᠪᠠᠷ ᠳᠤᠰ ᠳᠤᠰ 10.6%᠂ 7.9% ᠪᠠᠷ ᠨᠡᠮᠡᠭᠳᠡᠵᠦ᠂ ᠳ᠋ᠢᠵᠢᠲ᠋ᠠᠯ ᠠᠵᠤ ᠠᠬᠤᠢ | ᠳᠠᠰᠤᠷᠠᠯᠳᠠ ᠦᠭᠡᠢ ᠪᠤᠵᠠᠭᠠᠶᠢᠷᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠨᠡᠮᠡᠭᠳᠡᠯ ᠥᠷᠲᠡᠭ ᠤᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠲᠤ ᠡᠵᠡᠯᠡᠭᠦ ᠬᠤᠪᠢ ᠶᠢᠨ ᠵᠢᠩ 17% ᠠᠴᠠ ᠳᠡᠭᠡᠭᠰᠢ ᠳᠤ ᠭᠦᠷᠪᠡ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ ᠪᠠᠶᠢᠩᠭᠤ | ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 60.2% ᠪᠠᠶᠢᠭᠰᠠᠨ ᠠᠴᠠ ᠪᠠᠨ 65.2% ᠪᠣᠯᠵᠤ ᠳᠡᠭᠡᠭᠰᠢᠯᠡᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ | ᠡᠨᠧᠷᠭᠢ ᠶᠢ ᠲᠦᠷᠭᠡᠯᠡᠨ ᠪᠣᠶᠢᠵᠢᠭᠤᠯᠪᠠ᠃ | — ᠰᠠᠭᠤᠷᠢ ᠲᠥᠬᠦᠭᠡᠷᠦᠮᠵᠢ ᠶᠢ ᠨᠠᠩ ᠢᠯᠡᠭᠦᠦ ᠲᠡᠭᠦᠯᠳᠡᠷᠵᠢᠭᠦᠯᠪᠡ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠰᠤ ᠲᠠᠲᠠᠵᠤ | ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳᠡᠭᠡᠳᠦ | ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠤᠷᠳᠤ 2.5 ᠲᠦᠮᠡᠨ ᠺᠢᠯᠣᠮᠧᠲᠷ ᠪᠠᠶᠢᠭᠰᠠᠨ ᠠᠴᠠ ᠪᠠᠨ 4.2 ᠲᠦᠮᠡᠨ ᠺᠢᠯᠣᠮᠧᠲᠷ | ᠪᠣᠯᠵᠤ ᠨᠡᠮᠡᠭᠳᠡᠨ᠂ ᠲᠦᠷᠭᠡᠨ ᠳᠠᠪᠬᠢᠬᠤ ᠵᠠᠰᠠᠮᠠᠯ ᠵᠠᠮ ᠤᠨ ᠤᠷᠳᠤ ᠶᠢᠨ ᠬᠡᠮᠵᠢᠶ᠎ᠡ 13.6 ᠲᠦᠮᠡᠨ ᠺᠢᠯᠣᠮᠧᠲᠷ ᠪᠠᠶᠢᠭᠰᠠᠨ ᠠᠴᠠ ᠪᠠᠨ 17.7 ᠲᠦᠮᠡᠨ ᠺᠢᠯᠣᠮᠧᠲᠷ | ᠪᠣᠯᠵᠤ ᠨᠡᠮᠡᠭᠳᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 125 ᠲᠦᠮᠡᠨ ᠺᠢᠯᠣᠮᠧᠲᠷ ᠰᠢᠨ᠎ᠡ ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ᠃ ᠨᠢᠰᠬᠡᠯ ᠤᠨ | ᠪᠠᠭᠤᠳᠠᠯ ᠤᠨ ᠪᠠᠭᠲᠠᠭᠠᠮᠵᠢ ᠶᠢ 4 ᠳ᠋ᠦᠩᠰᠢᠭᠤᠷ ᠬᠥᠮᠥᠨ ᠤᠳᠠᠭ᠎ᠠ ᠰᠢᠨ᠎ᠡ ᠪᠠᠷ ᠨᠡᠮᠡᠭᠳᠡᠭᠦᠯᠪᠡ᠃ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠶᠢ 40% ᠠᠴᠠ ᠳᠡᠭᠡᠭᠰᠢ ᠨᠡᠮᠡᠭᠳᠡᠭᠦᠯᠪᠡ᠃ ᠪᠤᠢ ᠪᠦᠬᠦᠢ ᠲᠤᠰᠬᠠᠢ ᠣᠷᠣᠨ ᠤ ᠲᠡᠰ ᠤᠨ ᠬᠤᠲᠠ ᠳᠤ ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠡ ᠶᠢ | ᠪᠦᠷᠬᠦᠭᠦᠯᠵᠦ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠥᠷᠭᠡᠨ ᠪᠦᠰᠡᠲᠦ ᠰᠦᠯᠵᠢᠶ᠎ᠡ ᠶᠢ ᠨᠡᠪᠲᠡᠷᠡᠭᠦᠯᠪᠡ᠃ | — ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ | ᠬᠡᠷᠡᠭᠵᠢᠭᠦᠯᠦᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠪᠦᠭᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠤᠨ᠂ ᠪᠦᠭᠦ ᠪᠥᠮᠪᠥᠷᠴᠡᠭ ᠤᠨ | ᠬᠠᠮᠤᠭ ᠤᠨ ᠲᠣᠮᠣ ᠴᠢᠯᠦᠭᠡᠲᠦ ᠠᠷᠠᠯᠵᠢᠶᠠᠨ ᠤ ᠣᠷᠣᠨ ᠢ ᠪᠠᠶᠢᠭᠤᠯᠪᠠ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠭᠦ | ᠲᠤᠭ᠎ᠠ ᠵᠢᠯ ᠳᠤᠮᠳᠠᠴᠢ ᠪᠠᠷ 8.6% ᠪᠠᠷ ᠨᠡᠮᠡᠭᠳᠡᠨ᠂ 40 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠤᠯᠠᠨ ᠵᠢᠯ ᠳᠠᠷᠠᠭᠠᠯᠠᠨ ᠳᠡᠯᠡᠬᠡᠢ ᠶᠢᠨ | ᠲᠡᠷᠢᠭᠦᠨ ᠪᠠᠶᠢᠷᠢᠨ ᠳᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠪᠠ | ᠃ | — ᠠᠮᠢ ᠠᠬᠤᠢ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ | ᠦᠷᠲᠡᠭ ᠤᠨ ᠡᠨᠧᠷᠭᠢ ᠶᠢᠨ ᠬᠤᠷᠣᠭᠳᠠᠭᠤᠯᠤᠯ 8.1% ᠪᠠᠷ ᠪᠠᠭᠤᠷᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ 14.1% ᠪᠠᠷ | ᠪᠠᠭᠤᠷᠠᠪᠠ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ | 27.5% ᠪᠠᠷ ᠪᠠᠭᠤᠷᠠᠨ᠂ ᠬᠦᠨᠳᠦ ᠪᠣᠬᠢᠷᠳᠤᠯ ᠲᠠᠢ ᠡᠳᠦᠷ ᠤᠨ ᠲᠤᠭ᠎ᠠ ᠲᠠᠪᠤᠨ ᠬᠤᠪᠢ ᠠᠴᠠ ᠳᠡᠭᠡᠭᠰᠢ ᠪᠠᠭᠠᠰᠴᠤ᠂ ᠪᠦᠭᠦ ᠤᠯᠤᠰ ᠤᠨ ᠭᠠᠵᠠᠷ ᠤᠨ | ᠭᠠᠳᠠᠷᠭᠤ ᠶᠢᠨ ᠤᠰᠤᠨ ᠤ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ 67.9% ᠪᠠᠶᠢᠭᠰᠠᠨ ᠠᠴᠠ ᠪᠠᠨ 87.9% ᠪᠣᠯᠵᠤ ᠳᠡᠭᠡᠭᠰᠢᠯᠡᠪᠡ᠃ | ᠲᠦᠷᠦᠭᠦᠦ ᠪᠦᠯᠦᠭ ᠤᠯᠤᠰ ᠤᠨ ᠴᠡᠴᠡᠷᠯᠢᠭ ᠢ 5 ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 9000 | ᠭᠠᠷᠤᠢ ᠪᠠᠶᠢᠭᠤᠯᠪᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ | — ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠤᠷᠤᠯᠭ᠎ᠠ ᠵᠢᠯ ᠳᠤᠮᠳᠠᠴᠢ ᠪᠠᠷ 5.1% ᠪᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠵᠢᠯ ᠳᠤᠮᠳᠠᠴᠢ ᠪᠠᠷ 2.1% ᠪᠠᠷ ᠥᠰᠪᠡ᠃ | ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠶᠢᠨ ᠬᠦᠴᠦᠨ ᠤ ᠰᠤᠷᠭᠠᠨ ᠬᠥᠮᠦᠵᠢᠯ ᠭᠦᠷᠲᠡᠭᠦ ᠳᠤᠮᠳᠠᠴᠢ ᠵᠢᠯ ᠬᠤᠭᠤᠴᠠᠭ᠎ᠠ 13.5 ᠵᠢᠯ ᠪᠠᠶᠢᠭᠰᠠᠨ ᠠᠴᠠ ᠪᠠᠨ 14 ᠵᠢᠯ | ᠪᠣᠯᠵᠤ ᠳᠡᠭᠡᠭᠰᠢᠯᠡᠪᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1.4 ᠳ᠋ᠦᠩᠰᠢᠭᠤᠷ ᠨᠡᠮᠡᠭᠳᠡᠨ᠂ 10.5 | ᠳ᠋ᠦᠩᠰᠢᠭᠤᠷ ᠬᠥᠮᠥᠨ ᠢ ᠬᠠᠮᠤᠷᠴᠤ᠂ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠣᠯᠠᠨ ᠵᠢᠯ ᠳᠤ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠨᠡᠶᠢᠲᠡ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠳ᠋ᠦᠩᠰᠢᠭᠤᠷ | ᠭᠠᠷᠤᠢ ᠬᠥᠮᠥᠨ ᠳᠥᠭᠦᠮ ᠪᠦᠲᠦᠴᠡᠲᠦ ᠣᠷᠣᠨ ᠰᠠᠭᠤᠴᠠ ᠠᠴᠠ ᠪᠠᠨ ᠠᠰᠠᠷ ᠲᠤ ᠨᠡᠭᠦᠵᠦ ᠣᠷᠣᠭᠠᠳ ᠠᠮᠤᠭᠤᠯᠠᠩ ᠰᠠᠭᠤᠴᠠ ᠲᠠᠢ ᠪᠣᠯᠪᠠ᠃ | ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ ᠪᠠᠷ ᠳᠠᠮᠵᠢᠭᠠᠳ᠂ ᠠᠷᠪᠢᠴᠢ ᠭᠠᠮᠲᠠᠢ᠂ ᠠᠮᠤᠷ ᠲᠦᠪᠰᠢᠨ᠂ ᠭᠠᠶᠢᠬᠠᠯᠲᠠᠢ ᠰᠠᠶᠢᠬᠠᠨ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ | ᠠᠮᠵᠢᠯᠲᠠ ᠲᠠᠢ ᠡᠷᠭᠢᠯᠡᠨ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ ᠢ ᠠᠬᠢᠭᠤᠯᠬᠤ᠂ ᠣᠯᠢᠮᠫᠢᠺ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ ᠨᠥᠬᠦᠷᠯᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ | ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠶᠢᠨ ᠲᠤᠷᠰᠢ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠡᠮᠨᠡᠯᠭᠡ ᠶᠢᠨ ᠡᠬᠢ | ᠪᠠᠶᠠᠯᠢᠭ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠪᠦᠭᠦ ᠬᠦᠴᠦᠨ ᠢᠶᠠᠷ ᠢᠶᠠᠨ | ᠠᠪᠤᠷᠠᠨ ᠵᠠᠰᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠵᠤ᠂ ᠴᠠᠭ ᠪᠠ | ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠭᠦ ᠤᠯᠤᠰ ᠤᠨ | ᠠᠷᠠᠳ ᠲᠦᠮᠡᠨ ᠰᠢᠨᠲᠠᠷᠠᠰᠢ ᠦᠭᠡᠢ ᠴᠢᠷᠮᠠᠶᠢᠵᠤ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠶᠢ ᠣᠯᠪᠠ᠃ ᠬᠢᠵᠢᠭ ᠢ ᠡᠰᠡᠷᠭᠦᠴᠡᠬᠦ ᠲᠤᠶᠢᠯ ᠤᠨ ᠶᠡᠷᠦ | ᠪᠤᠰᠤ ᠶᠢᠨ ᠥᠩᠭᠡᠷᠡᠯᠲᠡ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠭᠡ ᠬᠡᠮᠵᠢᠶᠡᠨ ᠤ ᠠᠵᠢᠯ ᠬᠢᠵᠦ᠂ ᠡᠯ᠎ᠡ ᠠᠵᠢᠯ ᠲᠥᠷᠥᠯ ᠤᠨ | ᠬᠢᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠨ ᠬᠦᠴᠢᠷ ᠪᠡᠷᠬᠡ ᠠᠴᠠ ᠦᠯᠦ ᠰᠦᠷᠳᠡᠨ᠂ ᠢᠯᠠᠩᠭᠤᠶ᠎ᠠ ᠲᠦᠭ | ᠲᠦᠮᠡᠨ ᠠᠷᠠᠳ ᠲᠦᠮᠡᠨ ᠤᠯᠠᠨ ᠳᠠᠪᠬᠤᠷ ᠪᠡᠷᠬᠡᠰᠢᠶᠡᠯ ᠢ ᠢᠯᠡᠨ ᠳᠠᠪᠠᠵᠤ᠂ ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ ᠨᠢ ᠴᠥᠮ ᠲᠤᠶᠢᠯ ᠤᠨ | ᠭᠢᠯᠪᠡᠷ ᠪᠤᠰᠤ ᠶᠠᠪᠤᠳᠠᠯ ᠶᠤᠮ᠂ ᠤᠯᠡᠨ ᠢᠶᠠᠷ ᠢᠶᠠᠨ ᠬᠢᠵᠢᠭ ᠤᠨ ᠬᠦᠨᠳᠦ ᠶᠡᠭᠡ ᠰᠢᠯᠭᠠᠯᠲᠠ ᠶᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠬᠠᠷᠠᠬᠠᠨ ᠳᠠᠭᠤᠰᠤᠭᠠᠳᠤᠢ | ᠬᠢᠵᠢᠭ ᠤᠨ ᠡᠮᠦᠨ᠎ᠡ᠂ ᠮᠥᠨ ᠯᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠭᠡᠳ ᠣᠯᠣᠭᠰᠠᠨ | ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ ᠪᠠᠶᠢᠨ᠎ᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ︵ᠨᠢᠭᠡ︶ ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠴᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠪᠠ | ᠃ ᠠᠷᠠᠯᠵᠢᠶᠠᠨ ᠤ ᠬᠠᠮᠠᠭᠠᠯᠠᠬᠤ ᠦᠵᠡᠯ ᠲᠣᠯᠣᠭᠠᠢ ᠥᠨᠳᠡᠶᠢᠭᠰᠡᠨ᠂ ᠬᠢᠵᠢᠭ ᠤᠨ ᠳᠠᠭᠠᠷᠢᠯᠲᠠ ᠢᠷᠡᠭᠰᠡᠨ ᠵᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭᠰᠠᠨ | ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠳᠤ | ᠬᠡᠲᠦᠷᠬᠡᠢ ᠲᠦᠰᠢᠭᠯᠡᠬᠦ ᠦᠭᠡᠢ ᠪᠠᠶᠢᠵᠤ᠂ ᠡᠳ᠋ ᠤᠨ ᠵᠠᠰᠠᠭ ᠤᠨ ᠪᠠ ᠵᠣᠭᠤᠰᠤᠨ ᠤ ᠵᠡᠷᠭᠡ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ | ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠨᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠢᠭᠤᠳ ᠬᠠᠨᠳᠤᠵᠤ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠦᠴᠢᠷᠳᠡᠯ ᠢᠶᠠᠨ ᠰᠢᠢᠳᠪᠦᠷᠢᠯᠡᠨ ᠭᠦᠭᠵᠢᠭᠦ ᠶᠢ ᠭᠤᠣᠯᠳᠠᠯᠭ᠎ᠠ ᠲᠠᠢ ᠲᠡᠮᠵᠢᠭᠦ ᠶᠢᠨ ᠤᠯᠠᠮ ᠠᠴᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ | ᠠᠷᠠᠳ ᠤᠨ ᠠᠮᠢᠳᠤᠷᠠᠯ ᠢ ᠪᠠᠲᠤᠯᠠᠪᠠ᠃ ᠣᠨ ᠤ ᠭᠤᠣᠯ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠡᠵᠡᠮᠳᠡᠵᠦ᠂ ᠬᠡᠪᠴᠢᠶᠡᠲᠦ | ᠲᠣᠬᠢᠷᠠᠭᠤᠯᠤᠯ ᠡᠵᠡᠮᠳᠡᠯ᠂ ᠬᠠᠨᠳᠤᠯᠭᠠᠲᠤ ᠲᠣᠬᠢᠷᠠᠭᠤᠯᠤᠯ ᠡᠵᠡᠮᠳᠡᠯ᠂ ᠲᠣᠬᠢᠶᠠᠯᠳᠤ ᠲᠣᠬᠢᠷᠠᠭᠤᠯᠤᠯ ᠡᠵᠡᠮᠳᠡᠯ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ ᠢ | ᠴᠢᠩᠭᠠᠳᠬᠠᠵᠤ᠂ ᠡᠷᠡᠰ ᠰᠢᠭᠤᠷᠬᠠᠢ ᠪᠠᠷ ᠡᠷᠴᠢᠮ ᠢᠶᠠᠨ ᠴᠢᠩᠭᠠᠷᠠᠭᠤᠯᠤᠭᠰᠠᠨ ᠮᠥᠷᠲᠡᠭᠡᠨ ︽ᠨᠡᠯᠦᠶᠢᠯᠭᠡᠨ ᠤᠰᠤᠯᠠᠬᠤ ᠦᠭᠡᠢ︾᠂ ᠬᠡᠲᠦᠷᠡᠲᠡᠯ᠎ᠡ ᠤᠷᠢᠳᠴᠢᠯᠠᠨ | ᠵᠠᠷᠤᠴᠠᠭᠤᠯᠬᠤ ᠦᠭᠡᠢ ᠪᠠᠶᠢᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠴᠢᠩᠭᠠᠳᠬᠠᠨ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ | ᠠᠵᠤ ᠠᠬᠤᠢ ᠶᠢᠨ ᠰᠠᠭᠠᠳ ᠲᠣᠳᠬᠠᠷ ᠢ ᠳᠠᠪᠠᠵᠤ᠂ ᠦᠷᠭᠦᠯᠵᠢᠯᠡᠨ ᠤᠷᠤᠭᠰᠢᠯᠠᠬᠤ ᠶᠢ ᠠᠬᠢᠭᠤᠯᠪᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠤᠯᠠᠭᠠᠨ ᠲᠤᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ | ᠡᠵᠡᠮᠳᠡᠵᠦ᠂ ᠲᠠᠪᠤᠨ ᠵᠢᠯ ᠤᠨ ᠶᠡᠷᠦᠩᠬᠡᠢ ᠤᠯᠠᠭᠠᠨ ᠲᠤᠭ᠎ᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠭᠴᠡᠭᠡᠨ ᠤ | ᠨᠤᠷᠮ᠎ᠠ ᠶᠢ 50% ᠣᠷᠴᠢᠮ ᠳᠤ ᠬᠢᠵᠠᠭᠠᠷᠯᠠᠪᠠ᠃ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠮᠡᠷᠭᠡᠵᠢᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠦᠨᠳᠦᠰᠦᠨ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠬᠦᠴᠦᠲᠡᠢ ᠪᠠᠲᠤᠯᠠᠪᠠ᠃ ᠶᠡᠭᠡ ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠦᠷᠢᠮ ᠤᠨ | ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠶᠢ ᠤᠶᠠᠯᠳᠤᠭᠤᠯᠵᠤ᠂ ᠬᠢᠵᠢᠭ ᠡᠭᠦᠰᠦᠭᠰᠡᠨ ᠤ ᠳᠠᠷᠠᠭ᠎ᠠ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠠᠭᠠᠷᠢᠯᠲᠠ ᠶᠢ ᠠᠷᠭᠠᠴᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ᠃ | ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ ᠡᠭᠦᠷᠭᠡ ᠶᠢ ᠲᠤᠭᠤᠰᠢᠲᠠᠢ | ᠪᠡᠶᠡᠯᠡᠭᠦᠯᠵᠦ᠂ ᠡᠵᠡᠩᠨᠡᠯᠲᠡ ᠶᠢᠨ ᠭᠠᠶᠢᠯᠢ ᠶᠢ ᠬᠦᠴᠦᠨ ᠦᠭᠡᠢ ᠪᠤᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠡᠵᠡᠯᠡᠭᠦ ᠬᠠᠷᠢᠴᠠᠯ ᠢᠶᠠᠷ | ᠬᠠᠮᠤᠭ ᠤᠨ ᠥᠨᠳᠥᠷ᠂ ᠬᠤᠯᠪᠣᠭᠳᠠᠬᠤ ᠠᠵᠢᠯ ᠲᠥᠷᠥᠯ ᠨᠢ ᠥᠷᠭᠡᠨ ᠳᠡᠯᠭᠡᠷ ᠪᠠᠶᠢᠳᠠᠭ ᠭᠠᠶᠢᠯᠢ ᠶᠢᠨ ᠨᠣᠷᠮ᠎ᠠ ᠶᠢ 17% ᠪᠠᠶᠢᠭᠰᠠᠨ ᠠᠴᠠ 13% ᠪᠤᠯᠳᠠᠯ᠎ᠠ | ᠪᠠᠭᠤᠷᠠᠭᠤᠯᠵᠤ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠤᠯᠳᠠᠯ᠎ᠠ ᠱᠠᠲᠤ ᠦᠶᠡᠴᠢ ᠴᠢᠨᠠᠷᠲᠠᠢ ᠪᠠᠷ | ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠪᠣᠳᠠᠲᠠᠢ ᠬᠠᠮᠤᠭ ᠤᠨ ᠳᠣᠣᠷ᠎ᠠ ᠭᠠᠶᠢᠯᠢ ᠶᠢᠨ ᠡᠭᠦᠷᠭᠡᠯᠡᠯ ᠤᠨ | ᠨᠣᠷᠮ᠎ᠠ ᠶᠢ 10% ᠪᠠᠶᠢᠭᠰᠠᠨ ᠠᠴᠠ 2.5% ᠪᠤᠯᠲᠠᠯ᠎ᠠ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ | ᠭᠤᠤᠯᠴᠢ ᠪᠥᠭᠡᠳ ᠲᠦᠭᠡᠮᠡᠯ ᠬᠠᠷᠠᠭᠠᠯᠵᠠᠯ ᠦᠵᠡᠭᠦᠯᠦᠨ᠂ ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭᠠᠵᠤ᠂ ᠲᠠᠪᠤᠨ ᠵᠢᠯ ᠳᠤ ᠨᠡᠶᠢᠲᠡ 5.4 ᠲᠦᠮᠡᠨ | ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ᠂ 2.8 ᠲᠦᠮᠡᠨ ᠳ᠋ᠦᠩᠰᠢᠭᠤᠷ ᠲᠥᠭᠦᠷᠢᠭ ᠤᠨ ᠰᠦᠢᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠢ | ᠬᠠᠪᠰᠤᠷᠤᠨ ᠬᠦᠴᠢᠷ ᠪᠡᠷᠬᠡ ᠶᠢ ᠲᠤᠭᠤᠯᠤᠭᠤᠯᠵᠤ᠂ ᠬᠦᠴᠦ ᠲᠠᠮᠢᠷ ᠢ ᠨᠢ ᠬᠠᠳᠠᠭᠠᠯᠠᠵᠤ ᠴᠢᠳᠠᠭᠰᠠᠨ ᠮᠥᠷᠲᠡᠭᠡᠨ ᠡᠳ᠋ ᠤᠨ ᠢᠷᠡᠯᠲᠡ ᠶᠢ ᠲᠡᠳᠬᠦᠨ ᠪᠣᠶᠢᠵᠢᠭᠤᠯᠵᠤ᠂ | ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠪᠠ᠂ ᠢᠩᠭᠢᠭᠰᠡᠨ ᠢᠶᠠᠷ ᠵᠢᠯ ᠳᠤᠮᠳᠠᠴᠢ ᠪᠠᠷ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1100 ᠲᠦᠮᠡ ᠶᠢ ᠳᠠᠪᠠᠵᠤ᠂ ᠡᠯ᠎ᠡ ᠣᠨ ᠤ ᠲᠥᠪ ᠤᠨ ᠡᠳ᠋ ᠤᠨ ᠵᠠᠰᠠᠭ ᠤᠨ | ᠣᠷᠣᠯᠭ᠎ᠠ ᠶᠢᠨ ᠲᠥᠰᠥᠪ ᠢ ᠴᠥᠮ ᠤᠷᠤᠭᠰᠢᠲᠠᠢ ᠪᠡᠶᠡᠯᠡᠭᠦᠯᠪᠡ᠂ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠬᠦᠴᠦᠨ ᠵᠦᠢᠯ ᠢ ᠪᠣᠳᠣᠯᠬᠢᠯᠠᠪᠠᠯ᠂ ᠪᠦᠭᠦ | ᠤᠯᠤᠰ ᠤᠨ ᠡᠳ᠋ ᠤᠨ ᠵᠠᠰᠠᠭ ᠤᠨ ᠤᠷᠤᠯᠭ᠎ᠠ ᠠᠷᠪᠠᠨ ᠵᠢᠯ ᠳᠤ ᠬᠤᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠲᠥᠪ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠣᠷᠣᠨ ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠶᠢᠨ ᠡᠵᠡᠯᠡᠭᠦ | ᠬᠠᠷᠢᠴᠠᠯ ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠪᠠᠭᠤᠯᠭᠠᠬᠤ ᠲᠣᠭᠲᠠᠴᠠ ᠶᠢ | ᠪᠠᠶᠢᠭᠤᠯᠬᠤ ᠶᠢᠨ ᠬᠠᠮᠲᠤ ᠪᠠᠶᠢᠩᠭᠤᠵᠢᠭᠤᠯᠤᠨ ᠬᠡᠷᠡᠭᠵᠢᠭᠦᠯᠪᠡ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠡᠩ ᠤᠨ | ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠪ ᠤᠨ ᠰᠠᠯᠠᠭ᠎ᠠ ᠮᠥᠴᠢᠷ ᠲᠦᠷᠦᠭᠦᠯᠡᠨ ᠵᠠᠷᠤᠯᠭ᠎ᠠ ᠪᠠᠨ ᠪᠠᠭᠠᠰᠬᠠᠵᠤ᠂ ᠬᠠᠳᠠᠭᠠᠯᠠᠯᠲᠠ ᠪᠡᠯᠡ ᠮᠥᠩᠭᠦ ᠪᠠ | ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠂ ᠶᠡᠭᠦᠯᠡᠵᠦ ᠭᠠᠷᠭᠠᠭᠰᠠᠨ ᠪᠡᠯᠡ ᠮᠥᠩᠭᠦ ᠪᠠᠷ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ | ᠠᠰᠢᠭ ᠬᠦᠷᠲᠡᠭᠡᠨ ᠠᠷᠠᠳ ᠢ ᠪᠠᠶᠠᠵᠢᠭᠤᠯᠵᠤ᠂ ᠪᠦᠭᠦ ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠨᠢ ᠠᠷᠠᠳ ᠤᠨ | ᠠᠮᠢᠳᠤᠷᠠᠯ ᠳᠤ ᠬᠡᠷᠡᠭᠯᠡᠪᠡ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠥᠷᠥ ᠶᠢᠨ | ᠪᠣᠳᠣᠯᠭ᠎ᠠ ᠶᠢᠨ ᠡᠷᠴᠢᠮ ᠢ ᠠᠮᠢᠳᠤᠯᠢᠭ ᠢᠶᠠᠷ ᠡᠵᠡᠮᠳᠡᠵᠦ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ | ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ | ᠬᠡᠷᠡᠭᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠪᠦᠲᠦᠮᠵᠢᠲᠡᠶ ᠳᠡᠮᠵᠢᠯᠭᠡ ᠪᠠᠨ ᠴᠢᠩᠭᠠᠳᠬᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠨᠠᠮᠳᠠᠭᠤᠯᠪᠠ᠃ ᠦᠢᠯᠡᠳᠭᠦ ᠦᠢᠯᠡᠰ ᠤᠨ ᠵᠢᠭᠡᠯᠡᠯᠭᠡ ᠶᠢᠨ | ᠦᠯᠡᠳᠡᠪᠦᠷᠢ 16.3 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27.4 ᠲᠦᠮᠡᠨ ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠪᠡ᠃ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 23.8 ᠲᠦᠮᠡᠨ ᠳ᠋ᠦᠩᠰᠢᠭᠤᠷ | ᠲᠥᠭᠦᠷᠢᠭ ᠪᠤᠯᠳᠠᠯ᠎ᠠ ᠨᠡᠮᠡᠭᠳᠡᠵᠦ᠂ ᠵᠢᠯ ᠳᠤᠮᠳᠠᠴᠢ ᠪᠠᠷ 24% ᠪᠠᠷ ᠨᠡᠮᠡᠭᠳᠡᠵᠦ᠂ ᠵᠢᠭᠡᠯᠡᠯᠭᠡ ᠶᠢᠨ ᠳᠤᠮᠳᠠᠴᠢ ᠬᠦᠦ ᠶᠢᠨ ᠨᠤᠷᠮ᠎ᠠ ᠲᠠᠪᠤᠨ ᠵᠢᠯ ᠤᠨ ᠡᠮᠦᠨᠡᠬᠢ ᠠᠴᠠ | 1.5 ᠵᠠᠭᠤᠨ ᠤ ᠨᠢᠭᠡᠴᠢ ᠪᠠᠷ ᠪᠠᠭᠤᠷᠠᠪᠠ᠃ ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠦᠷᠢᠳᠦᠭᠦ ᠶᠢ ᠢᠯᠭᠠᠷᠠᠭᠤᠯᠤᠨ ᠲᠢᠭᠯᠡᠭᠦ ᠡᠷᠴᠢᠮ ᠢ | ᠴᠢᠩᠭᠠᠷᠠᠭᠤᠯᠪᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ ᠨᠢ | ᠴᠢᠩᠭᠠᠷᠠᠵᠤ᠂ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠤᠯᠤᠰ ᠤᠨ ᠦᠮᠴᠢᠯᠡᠯ ᠤᠨ ᠬᠤᠳᠠᠯᠳᠤᠭᠠᠨ ᠤ ᠪᠠᠩᠬᠢ ᠪᠠ ᠬᠥᠳᠡᠭᠡ ᠳᠤᠰᠬᠤᠨ ᠤ ᠢᠲᠡᠭᠡᠮᠵᠢ ᠶᠢᠨ | ᠬᠤᠷᠰᠢᠶ᠎ᠠ ᠵᠡᠷᠭᠡ ᠶᠢᠨ 14486 ᠳ᠋ᠦᠡᠭᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ ᠲᠡᠦᠬᠡᠨ ᠥᠪᠡᠷ ᠤᠨ ᠦᠷᠳᠡᠭ ᠢ ᠪᠦᠷᠢᠮᠦᠰᠦᠨ | ᠰᠢᠢᠳᠪᠦᠷᠢᠯᠡᠪᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠨᠢᠭᠡ ᠪᠦᠯᠦᠭ ᠲᠣᠮᠣ ᠭᠡᠯᠪᠡᠷᠢ ᠶᠢᠨ ᠠᠵᠤ | ᠠᠬᠤᠶᠢᠯᠠᠯ ᠤᠨ ᠪᠦᠯᠦᠭᠯᠡᠯ ᠤᠨ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠢᠢᠳᠪᠦᠷᠢᠯᠡᠵᠦ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠵᠤ᠂ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ | ᠡᠷᠡᠭᠦᠯ ᠢᠶᠠᠷ ᠬᠥᠭᠵᠢᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯᠯᠠᠭᠠᠨ ᠯᠠᠪᠳᠠᠭᠤᠨ ᠲᠣᠭᠲᠠᠭᠤᠨ ᠪᠣᠯᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠡᠭᠦᠰᠬᠡᠬᠦ ᠬᠢᠵᠠᠭᠠᠷ ᠱᠤᠭᠤᠮ ᠢ ᠰᠠᠬᠢᠵᠤ ᠲᠡᠶᠢᠯᠪᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭᠠᠳᠬᠠᠪᠠ᠃ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠶᠢ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠣᠯᠭᠠᠪᠠ᠃ ᠵᠠᠬ᠎ᠠ | ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ | ᠠᠵᠢᠯ ᠤᠨ ᠪᠠᠶᠢᠷᠢ ᠪᠠᠨ ᠥᠷᠭᠡᠳᠬᠡᠬᠦ ᠶᠢ ᠳᠡᠮᠵᠢᠭᠦ ᠡᠷᠴᠢᠮ ᠢ ᠴᠢᠩᠭᠠᠷᠠᠭᠤᠯᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠶᠢᠨ ᠰᠦᠢᠳᠬᠡᠯ | ᠲᠤᠰᠢᠶᠠᠬᠤ ᠬᠠᠷᠢᠴᠠᠯ ᠢ 20% ᠪᠠᠶᠢᠭᠰᠠᠨ ᠠᠴᠠ 16% ᠪᠣᠯᠭᠠᠨ ᠪᠠᠭᠤᠷᠠᠭᠤᠯᠬᠤ ᠶᠢᠨ ᠬᠠᠮᠲᠤ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢ ᠲᠡᠭᠦᠯᠳᠡᠷᠵᠢᠭᠦᠯᠵᠦ᠂ ᠨᠥᠭᠡᠴᠡᠯᠡᠯᠳᠡ ᠶᠢᠨ ᠬᠡᠪᠴᠢᠶ᠎ᠡ 1.8 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.5 ᠲᠦᠮᠡᠨ ᠳ᠋ᠦᠩᠰᠢᠭᠤᠷ | ᠲᠥᠭᠦᠷᠢᠭ ᠠᠴᠠ ᠳᠡᠭᠡᠭᠰᠢ ᠪᠣᠯᠵᠤ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠪᠤᠴᠠᠭᠠᠯᠲᠠ᠂ ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠦᠭᠦᠳᠡ ᠤᠯᠠᠨ ᠢᠶᠠᠷ ᠢᠶᠠᠨ ᠠᠳᠠᠯ | ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠪᠦᠭᠦ ᠤᠯᠤᠰ ᠤᠨ ᠴᠣᠭᠴᠠᠯᠠᠬᠤ ᠡᠭᠦᠳᠭᠦ ᠭᠠᠷᠠᠭ ᠤᠨ | ᠠᠵᠢᠯᠯᠠᠭ᠎ᠠ ᠶᠢ ᠵᠠᠯᠭᠠᠭ᠎ᠠ ᠪᠠᠷ 8 ᠬᠤᠭᠤᠴᠠᠭ᠎ᠠ ᠡᠷᠭᠢᠯᠡᠵᠦ᠂ ᠤᠷᠤᠯᠴᠠᠬᠰᠠᠨ ᠬᠥᠮᠥᠨ ᠤ ᠲᠤᠭ᠎ᠠ 5.2 ᠳ᠋ᠦᠡᠭᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ᠂ | ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ | ᠴᠢᠩᠭᠠᠳᠬᠠᠵᠤ᠂ ᠠᠵᠢᠯ ᠣᠯᠬᠤ ᠰᠢᠨ᠎ᠡ ᠭᠡᠯᠪᠡᠷᠢ ᠪᠠᠶᠢᠳᠠᠯ ᠪᠠ ᠠᠮᠢᠳᠤᠯᠢᠭ ᠢᠶᠠᠷ ᠠᠵᠢᠯ ᠣᠯᠬᠤ ᠨᠢ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢᠨ ᠴᠢᠬᠤᠯᠠ | ᠠᠷᠭ᠎ᠠ ᠵᠠᠮ ᠪᠣᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠪᠠᠭᠤᠭᠰᠠᠳ᠂ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ | ᠠᠵᠢᠯ ᠣᠯᠭᠤᠬᠤ ᠠᠵᠢᠯ ᠢ ᠰᠠᠶᠢᠲᠤᠷ ᠬᠢᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠪᠡᠯᠡ ᠮᠥᠩᠭᠦ ᠪᠠᠷ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠳᠡᠮᠵᠢᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠦ ᠡᠯᠰᠡᠭᠦ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠳᠡ 413 ᠲᠦᠮᠡᠨ ᠰᠤᠷᠤᠬᠴᠢ ᠨᠡᠮᠡᠨ ᠡᠯᠰᠡᠵᠦ᠂ 8300 ᠭᠠᠷᠤᠢ | ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠡᠳ᠋ ᠪᠠᠶᠠᠯᠢᠭ ᠤᠨ ᠰᠤᠷᠪᠤᠯᠵᠢ ᠮᠥᠨ᠃ 14 | ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ | ᠪᠤᠰᠤ ᠪᠥᠭᠡᠳ ᠲᠡᠭᠦᠨ ᠳᠤ ᠯᠤᠲᠤ ᠶᠡᠭᠡ ᠪᠦᠲᠦᠭᠡᠯᠴᠢ ᠬᠦᠴᠦᠨ ᠠᠭᠤᠯᠤᠭᠳᠠᠵᠤ ᠪᠠᠶᠢᠭ᠎ᠠ ᠶᠤᠮ᠃ | ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠳᠠᠭᠠᠷᠢᠯᠲᠠ ᠶᠢ ᠠᠷᠭᠠᠴᠠᠬᠤ ᠳᠤᠮᠳᠠ ᠤᠯᠠᠭᠠᠨ ᠲᠤᠭ᠎ᠠ ᠶᠢᠨ ᠬᠡᠪᠴᠢᠶ᠎ᠡ ᠶᠢ | ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠭᠦᠯᠦᠭᠰᠡᠨ ᠦᠭᠡᠢ᠂ ᠵᠣᠭᠤᠰ ᠢ ᠴᠦ ᠬᠡᠲᠦᠷᠡᠭᠦᠯᠦᠨ ᠲᠠᠷᠬᠠᠭᠠᠭᠰᠠᠨ ᠦᠭᠡᠢ ᠶᠠᠪᠤᠳᠠᠯ ᠨᠢ ᠪᠠᠷᠠᠭᠠᠨ ᠤ ᠦᠨ᠎ᠡ ᠶᠢ | ᠲᠣᠭᠲᠠᠭᠤᠨ ᠪᠠᠶᠢᠯᠭᠠᠬᠤ ᠳᠤ ᠬᠤᠷᠸ᠎ᠠ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠢ ᠶᠡᠭᠡ ᠬᠦᠴᠦ ᠣᠷᠣᠭᠤᠯᠤᠨ | ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠭᠠᠭ᠋ᠠᠢ᠂ | ᠢᠳᠡᠰᠢᠨ ᠨᠣᠭᠤᠭ᠎ᠠ ᠵᠡᠷᠭᠡ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠨᠡᠭᠦᠷᠡᠰᠦ ᠴᠠᠭᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠬᠤ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠪᠠ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠵᠠᠮ | ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠦᠨ᠎ᠡ ᠬᠠᠩᠰᠢ ᠶᠢᠨ ᠬᠡᠪ ᠤᠨ ᠡᠮᠬᠢ ᠵᠢᠷᠤᠮ ᠢ ᠬᠠᠮᠠᠭᠠᠯᠠᠪᠠ᠃ ᠠᠷᠪᠠᠨ ᠵᠢᠯ ᠤᠨ ᠲᠤᠷᠰᠢ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ | ᠥᠰᠦᠯᠲᠡ 2% ᠣᠷᠴᠢᠮ ᠤᠨ ᠨᠡᠯᠢᠶᠡᠳ ᠳᠣᠣᠷ᠎ᠠ ᠲᠦᠪᠰᠢᠨ ᠳᠤ ᠲᠣᠭᠲᠠᠪᠤᠷᠢᠵᠢᠭᠰᠠᠨ ᠨᠢ ᠭᠢᠯᠪᠠᠷᠬᠠᠨ ᠪᠡᠶᠡᠯᠡᠭᠳᠡᠭᠰᠡᠨ ᠰᠢᠭ ᠪᠤᠯᠪᠠᠴᠤ ᠦᠨᠡᠨ ᠳᠡᠭᠡᠨ ᠪᠡᠷᠬᠡ | ᠬᠠᠲᠠᠭᠤᠵᠢᠯᠲᠠᠢ ᠪᠠᠶᠢᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠨ | ᠵᠠᠢ ᠬᠠᠩᠭᠠᠭᠰᠠᠨ ᠮᠥᠷᠲᠡᠭᠡᠨ ᠦᠨᠳᠦᠰᠦᠨ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠬᠤ ᠳᠤ ᠴᠤ ᠠᠰᠢᠭᠲᠠᠢ ᠪᠣᠯᠤᠭᠰᠠᠨ ᠶᠤᠮ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠠᠶᠢᠭᠤᠯᠤᠨ ᠪᠦᠲᠦᠭᠡᠬᠦ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯ ᠲᠠᠢ | ᠭᠠᠵᠠᠷ ᠣᠷᠣᠨ ᠳᠤ ᠪᠠᠶᠢᠬᠤ ᠶᠤᠮ᠃ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠭᠦᠭᠦ ᠶᠢ ᠪᠠᠷᠢᠮᠲᠠᠯᠠᠵᠤ᠂ ︽ᠭᠤᠷᠪᠠᠨ ᠣᠷᠣᠨ ᠭᠤᠷᠪᠠᠨ ᠵᠧᠦ︾ ᠵᠡᠷᠭᠡ ᠣᠨᠴᠠ | ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠬᠡᠯᠪᠡᠶᠢᠯᠭᠡᠬᠦ ᠳᠡᠮᠵᠢᠯᠭᠡ ᠪᠠᠨ ᠴᠢᠩᠭᠠᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠡᠯᠡ ᠮᠥᠩᠭᠦ ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠬᠤ ᠳᠤ ᠬᠦᠴᠢᠷᠳᠡᠯ ᠶᠡᠬᠡᠲᠡᠢ ᠰᠢᠶᠠᠨ ᠪᠠ ᠲᠣᠰᠬᠤᠨ ᠢ ᠪᠣᠯ ᠫᠠᠶᠢᠰᠠ ᠡᠯᠭᠦᠨ ᠰᠢᠪᠠᠳᠠᠨ ᠬᠢᠯᠭᠡᠪᠡ᠃ ᠠᠵᠤ ᠦᠢᠯᠡᠰ᠂ ᠠᠵᠢᠯ ᠣᠯᠭᠤᠯᠲᠠ᠂ ᠠᠮᠢ | ᠠᠬᠤᠢ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠪᠰᠤᠷᠤᠨ ᠲᠡᠳᠭᠦᠭᠦ ᠶᠢ ᠭᠦᠨᠵᠡᠭᠡᠢ ᠬᠡᠷᠡᠭᠵᠢᠭᠦᠯᠵᠦ᠂ ᠣᠨᠳᠣᠣ | ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠲᠠᠮᠵᠢᠭᠦ ᠠᠵᠢᠯ ᠢ ᠴᠢᠩᠭᠠᠳᠬᠠᠵᠤ᠂ ︽ᠬᠤᠶᠠᠷ ᠤᠨ ᠲᠥᠯᠥᠭᠡ ᠵᠣᠪᠠᠭ᠋ᠤ ᠦᠭᠡᠢ᠂ ᠭᠤᠷᠪᠠ ᠶᠢ ᠪᠠᠲᠤᠯᠠᠭ᠎ᠠ ᠲᠠᠢ | ᠪᠠᠶᠢᠯᠭᠠᠬᠤ︾ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠭᠰᠡᠨ ᠢᠶᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢᠳᠡᠵᠦ ᠡᠮᠦᠰᠭᠦ ᠳᠡᠭᠡᠨ ᠵᠣᠪᠠᠭ᠋ᠤ | ᠦᠭᠡᠢ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ | ᠪᠣᠯᠤᠭᠰᠠᠨ ᠪᠥᠭᠡᠳ ᠢᠳᠡᠬᠦ ᠤᠰᠤᠨ ᠤ ᠠᠮᠤᠷ ᠲᠦᠪᠰᠢᠨ ᠨᠢ ᠴᠦ ᠪᠠᠲᠤᠯᠠᠭ᠎ᠠ ᠲᠠᠢ ᠪᠣᠯᠪᠠ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠢᠯᠡᠳᠲᠡ ᠰᠠᠶᠢᠵᠢᠷᠠᠪᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠬᠤ ᠶᠢ ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠪᠤᠯᠬᠤ ᠬᠠᠪᠰᠤᠷᠤᠨ | ᠲᠡᠳᠭᠦᠭᠦ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ︽ᠳᠥᠷᠪᠡ ᠶᠢ ᠦᠯᠦ ᠬᠤᠪᠢᠷᠠᠭᠤᠯᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠭᠡᠮᠵᠢᠭᠦ ᠪᠠ ᠬᠠᠪᠰᠤᠷᠤᠨ ᠲᠡᠳᠭᠦᠭᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠢᠵᠢᠭ᠂ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠬᠦᠴᠦᠲᠡᠢ ᠠᠷᠭᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ | ᠡᠭᠦᠰᠭᠦ ᠶᠢ ᠦᠨᠡᠨ ᠬᠦ ᠪᠠᠲᠤᠯᠠᠪᠠ᠃ 160 ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠭᠦᠭᠦ ᠰᠢᠶᠠᠨ ᠢᠶᠠᠷ ᠲᠣᠭᠲᠠᠭᠠᠬᠤ ᠶᠢᠨ ᠬᠠᠮᠲᠤ ᠲᠥᠪᠯᠡᠷᠡᠭᠦᠯᠦᠨ ᠳᠠᠮᠵᠢᠵᠤ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠠᠵᠢᠯ | ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠭᠦᠭᠦ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠮᠴᠢᠯᠡᠭᠡ᠂ | ᠰᠤᠷᠭᠠᠨ ᠬᠥᠮᠦᠵᠢᠯ ᠤᠨ ︽ᠪᠦᠯᠭᠦᠮ ᠮᠠᠶ᠋ᠢᠭ︾ ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢ ᠰᠣᠩᠭᠤᠨ ᠲᠣᠮᠢᠯᠠᠵᠤ ᠰᠠᠶᠢᠲᠤᠷ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠪᠠ ᠤᠯᠠᠨ | ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠪᠠ᠃ | ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠪᠡ᠃ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ᠂ | ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ | ᠰᠠᠶᠢᠨ ᠤᠶᠠᠯᠳᠤᠭᠤᠯᠬᠤ ᠶᠢ ᠠᠬᠢᠭᠤᠯᠪᠠ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ | ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ | ᠢ ᠲᠦᠷᠭᠡᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠤᠯᠠᠨ | ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠪᠠ᠃ ᠶᠡᠭᠡ ᠶᠣᠰᠣᠨ ᠠᠨᠤ ᠶᠠᠪᠤᠭᠤᠯᠬᠤᠢ ᠳᠤᠷ ᠲᠦᠭᠦᠮ᠂ ᠵᠠᠰᠠᠭ ᠴᠣᠮᠬᠠᠨ | ᠪᠦᠭᠡᠰᠦ ᠭᠦᠢᠴᠡᠳᠬᠡᠬᠦᠢ ᠳᠤᠷ ᠭᠢᠯᠪᠠᠷ᠃ ᠵᠠᠰᠠᠭ ᠤᠨ ᠣᠷᠳᠣᠨ ᠤ ᠳᠤᠰ ᠪᠡᠶ᠎ᠡ ᠶᠢᠨ ᠠᠰᠢᠭ ᠲᠤᠰᠠ ᠶᠢ ᠭᠦᠨᠳᠡᠭᠦ ᠥᠭᠡᠷᠡᠴᠢᠯᠡᠯᠲᠡ ᠶᠢ ᠰᠢᠨᠲᠠᠷᠠᠰᠢ ᠦᠭᠡᠢ | ᠠᠬᠢᠭᠤᠯᠪᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ | ᠲᠠᠯᠪᠢᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ᠂ | ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠦᠷᠢᠮ ᠢ ᠪᠠᠶᠢᠭᠤᠯᠬᠤ ᠡᠬᠢᠨ ᠤ ᠦᠶ᠎ᠡ ᠶᠢᠨ ᠬᠢ ᠲᠠᠢ ᠠᠳᠠᠯᠢᠳᠬᠠᠪᠠᠯ 64% ᠪᠠᠷ | ᠴᠥᠭᠡᠳᠬᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠥᠮ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠪᠠ᠃ ᠤᠯᠠᠨ ᠵᠢᠯ ᠤᠨ | ᠲᠤᠷᠰᠢ 1000 ᠭᠠᠷᠤᠢ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠤᠯᠭᠠᠬᠰᠠᠨ ᠪᠠ ᠳᠣᠷᠣᠭᠰᠢ ᠪᠠᠭᠤᠯᠭᠠᠵᠤ᠂ ᠲᠥᠪ | ᠵᠠᠰᠠᠭ ᠤᠨ ᠣᠷᠳᠣᠨ ᠤ ᠳᠡᠰ ᠳᠠᠪᠬᠤᠷᠭ᠎ᠠ ᠠᠴᠠ ᠬᠢᠨᠠᠨ ᠵᠥᠪᠰᠢᠶᠡᠷᠡᠬᠦ ᠪᠡᠯᠡ ᠤᠷᠤᠭᠤᠯᠤᠯᠳᠠ ᠶᠢᠨ ᠲᠥᠰᠥᠯ ᠢ 90% ᠠᠴᠠ ᠳᠡᠭᠡᠭᠰᠢ ᠴᠥᠭᠡᠳᠬᠡᠨ᠂ ᠠᠵᠤ | ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 60 ᠲᠥᠷᠥᠯ ᠪᠠᠶᠢᠭᠰᠠᠨ ᠠᠴᠠ ᠨᠢ ᠴᠥᠭᠡᠳᠬᠡᠭᠡᠳ 10 ᠲᠥᠷᠥᠯ | ᠪᠤᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠪᠦᠭᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠢ 120 ᠠᠵᠢᠯ ᠤᠨ ᠡᠳᠦᠷ ᠠᠴᠠ | ᠬᠡᠲᠦᠷᠡᠭᠦᠯᠬᠦ ᠦᠭᠡᠢ ᠪᠣᠯᠭᠠᠨ ᠪᠣᠭᠤᠨᠢᠰᠬᠠᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠢ ᠥᠭᠡᠷᠡᠴᠢᠯᠡᠵᠦ᠂ ︽ᠦᠨᠡᠮᠯᠡᠯ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠭᠦ ᠭᠠᠷ ᠭᠦᠢᠴᠡᠳᠬᠡᠯ ᠤᠨ ᠴᠠᠭ ᠢ ᠨᠢᠭᠡ ᠰᠠᠷ᠎ᠠ ᠭᠠᠷᠤᠢ ᠪᠠᠶᠢᠭᠰᠠᠨ ᠠᠴᠠ ᠤᠳᠤ ᠶᠢᠨ | ᠳᠤᠮᠳᠠᠴᠢ ᠪᠠᠷ 4 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠨ ᠠᠴᠠ ᠬᠠᠰᠤᠭᠤᠯᠬᠤ | ᠳᠦᠭᠦᠮ ᠳᠦᠷᠢᠮ ᠢ ᠬᠡᠷᠡᠭᠵᠢᠭᠦᠯᠪᠡ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠷᠡᠭ ᠤᠨ ᠳᠤᠮᠳᠠᠬᠢ ᠬᠢᠨᠠᠯᠲᠠ ᠪᠠ ᠬᠡᠷᠡᠭ ᠤᠨ | ᠳᠠᠷᠠᠭᠠᠬᠢ ᠬᠢᠨᠠᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ ᠡᠷᠬᠡ | ᠶᠢ ᠪᠠᠭᠤᠯᠭᠠᠬᠤ ᠶᠢ ᠴᠢᠬᠤᠯᠠᠴᠢᠯᠠᠨ ᠬᠠᠮᠢᠶᠠᠷᠤᠯᠲᠠ ᠶᠢ ᠬᠥᠩᠭᠡᠪᠴᠢᠯᠡᠬᠦ ᠶᠢ ᠰᠡᠷᠭᠡᠶᠢᠯᠡᠨ ᠬᠤᠷᠢᠭᠯᠠᠵᠤ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠣᠯᠳᠠᠯᠭ᠎ᠠ | ᠲᠠᠢ ᠬᠦᠷᠢᠶ᠎ᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ | ᠨᠢᠭᠡ ᠶᠢ ᠢᠯᠡ ᠪᠤᠯᠭᠠᠬᠤ︾ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ | ᠲᠠᠰᠤᠯᠤᠯᠲᠠ ᠶᠢᠨ ᠡᠷᠬᠡ ᠶᠢ ᠵᠢᠷᠤᠮᠵᠢᠭᠤᠨ ᠬᠡᠷᠡᠭᠵᠢᠭᠦᠯᠪᠡ᠃ ᠮᠣᠨᠣᠫᠤᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ | ᠴᠢᠩᠭᠠᠳᠬᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠣᠨᠣᠫᠤᠯᠢᠴᠢᠯᠠᠯ ᠢ ᠡᠰᠡᠷᠭᠦᠴᠡᠬᠦ | ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠯ ᠢ ᠥᠭᠡᠷᠡᠴᠢᠯᠡᠪᠡ᠃ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ | ᠵᠢᠯᠤᠭᠤᠳᠴᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠬᠠᠤᠯᠢ ᠶᠣᠰᠣᠭᠠᠷ ᠡᠷᠡᠰ ᠬᠠᠮᠢᠶᠠᠷᠤᠨ ᠡᠵᠡᠮᠳᠡᠪᠡ᠃ ᠦᠢᠯᠡᠴᠢᠯᠡᠭᠡ ᠪᠠᠨ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠠᠭᠤᠯᠤᠨ ᠭᠦᠢᠴᠡᠳᠬᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ | ᠢ ᠪᠠᠭᠠᠰᠬᠠᠨ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠪᠤᠯᠭᠠᠵᠦ᠂ ᠡᠷᠦᠭᠡ ᠠᠮᠠ ᠶᠢᠨ ᠭᠡᠷᠡᠴᠢᠯᠡᠯ᠂ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠠᠯᠭᠠᠭᠤᠯᠬᠤ ᠵᠡᠷᠭᠡ 200 | ᠭᠠᠷᠤᠢ ᠵᠦᠢᠯ ᠤᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠦᠢᠯᠡᠰ ᠢ ᠮᠤᠵᠢ ᠠᠯᠤᠰᠯᠠᠨ ᠭᠦᠢᠴᠡᠳᠬᠡᠬᠦ ᠪᠣᠯᠭᠠᠪᠠ᠃ ᠲᠦᠷᠭᠡᠨ ᠳᠠᠪᠬᠢᠬᠤ ᠵᠠᠰᠠᠮᠠᠯ ᠵᠠᠮ | ᠤᠨ ᠮᠤᠵᠢ ᠶᠢᠨ ᠵᠠᠭᠠᠭ ᠲᠠᠬᠢ ᠪᠤᠶ ᠪᠦᠬᠦᠢ ᠰᠦᠢᠳᠬᠡᠯ ᠬᠤᠷᠢᠶᠠᠬᠤ ᠥᠷᠲᠡᠭᠡ ᠶᠢ ᠬᠠᠰᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠨ ᠬᠠᠮᠢᠶᠠᠷᠬᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ᠂ | ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠦᠭᠭᠦ ᠶᠢ ᠪᠠᠲᠤᠯᠠᠬᠤ ᠵᠡᠷᠭᠡ ᠳᠦᠷᠢᠮ ᠢ ᠲᠣᠭᠲᠠᠭᠠᠨ ᠬᠡᠷᠡᠭᠵᠢᠭᠦᠯᠪᠡ᠃ ᠥᠭᠡᠷᠡᠴᠢᠯᠡᠯᠲᠡ ᠨᠢ ᠬᠥᠮᠥᠰ ᠤᠨ | ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠳᠤ ᠨᠠᠩ ᠤᠯᠠᠨ ᠳᠥᠭᠦᠮ ᠨᠥᠬᠦᠴᠡᠯ ᠪᠠ ᠣᠷᠣᠨ ᠵᠠᠢ ᠬᠠᠩᠭᠠᠵᠤ᠂ ᠨᠢᠳᠤᠨᠤᠨ ᠤ ᠵᠢᠯ ᠤᠨ ᠡᠴᠦᠰ | ᠲᠤ ᠠᠵᠤ ᠠᠬᠤᠶᠢᠯᠠᠯ ᠤᠨ ᠲᠤᠭ᠎ᠠ 5200 ᠲᠦᠮᠡ ᠶᠢ ᠳᠠᠪᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1.1 ᠳ᠋ᠦᠩᠰᠢᠭᠤᠷ ᠢ ᠳᠠᠪᠠᠵᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠲᠤᠭ᠎ᠠ 1.6 ᠳ᠋ᠦᠡᠭᠰᠢᠭᠤᠷ ᠢ ᠳᠠᠪᠠᠵᠤ᠂ ᠠᠷᠪᠠᠨ ᠵᠢᠯ ᠤᠨ ᠡᠮᠦᠨᠡᠬᠢ ᠠᠴᠠ 3 ᠳᠠᠭᠢᠨ ᠪᠣᠯᠣᠭᠠᠳ᠂ | ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠨᠢ ᠢᠯᠡᠳᠲᠡ ᠴᠢᠩᠭᠠᠷᠠᠪᠠ᠃ | ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠭᠦᠭᠵᠢᠭᠦ ᠶᠢ ᠠᠬᠢᠭᠤᠯᠪᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ | ᠰᠢᠯᠢᠳᠡᠭᠵᠢᠭᠦᠯᠦᠨ ᠲᠠᠭᠢᠨ ᠵᠣᠬᠢᠶᠠᠨ ᠪᠠᠶᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠡᠯ᠎ᠡ ᠵᠦᠢᠯ ᠤᠨ ᠳᠠᠯᠳᠠ ᠪᠠᠬᠢᠯᠡᠯᠲᠡ ᠶᠢ ᠡᠪᠳᠡᠵᠦ᠂ ᠨᠢᠭᠡ ᠯᠡ ᠠᠳᠠᠯᠢ ᠪᠠᠷ | ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠬᠥᠪᠴᠢᠯᠡᠪᠡ᠃ ᠥᠮᠴᠢᠯᠡᠯ ᠤᠨ ᠡᠷᠬᠡ ᠶᠢ | ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠪᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ᠃ ᠲᠥᠰᠥᠪ ᠤᠨ ᠬᠠᠮᠢᠶᠠᠷᠤᠯᠲᠠ ᠶᠢᠨ ᠪᠠᠶᠢᠭᠤᠯᠤᠯ | ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠢ ᠢᠯᠡ ᠪᠤᠯᠭᠠᠬᠤ ᠡᠷᠴᠢᠮ ᠢ ᠴᠢᠩᠭᠠᠷᠠᠭᠤᠯᠵᠤ᠂ ᠲᠥᠪ ᠪᠣᠯᠣᠨ ᠣᠷᠣᠨ ᠨᠤᠲᠤᠭ ᠤᠨ ᠡᠳ᠋ ᠤᠨ ᠵᠠᠰᠠᠭ | ᠤᠨ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠡᠷᠦᠩᠬᠡᠶᠢᠯᠡᠬᠦ ᠪᠠ ᠲᠦᠷᠦᠯ ᠬᠤᠪᠢᠶᠠᠬᠤ ᠶᠢ ᠤᠶᠠᠯᠳᠤᠭᠤᠯᠤᠭᠰᠠᠨ | ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠢ ᠪᠠᠶᠢᠭᠤᠯᠤᠨ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠪᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠳᠤᠮᠳᠠ | ᠵᠢᠵᠢᠭ ᠪᠠᠩᠬᠢ ᠶᠢᠨ ᠬᠥᠷᠥᠩᠭᠡ ᠪᠠᠨ ᠨᠥᠬᠦᠪᠦᠷᠢᠯᠡᠬᠦ ᠪᠠ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠲ᠋ᠣᠺ | ᠲᠠᠷᠬᠠᠭᠠᠬᠤ ᠳᠠᠩᠰᠠᠯᠠᠭᠤᠯᠬᠤ ᠳᠦᠷᠢᠮᠲᠦ ᠥᠭᠡᠷᠡᠴᠢᠯᠡᠯᠲᠡ ᠶᠢ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ | ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ᠃ | ︵ᠳᠥᠷᠪᠡ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ | ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠯᠤᠰ ᠤᠨ ᠪᠠ ᠣᠷᠣᠨ ᠨᠤᠲᠤᠭ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠭᠦ ᠳᠤ ᠴᠢᠩᠭ᠎ᠠ ᠲᠦᠰᠢᠭᠯᠡᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ | ᠶᠢᠨ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠨ᠎ᠠ | ᠠᠴᠠ ᠢᠷᠡᠬᠦ ᠳᠠᠷᠤᠯᠲᠠ ᠬᠤᠷᠢᠭᠯᠠᠯᠲᠠ ᠶᠢ ᠪᠦᠲᠦᠮᠵᠢᠲᠡᠶ ᠠᠷᠭᠠᠴᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ | ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠪᠠ᠃ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠭᠡᠯᠪᠡᠷᠢ ᠶᠢᠨ ᠰᠤᠳᠤᠯᠤᠨ | ᠨᠡᠭᠡᠭᠡᠬᠦ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠪᠡ᠃ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ | ᠲᠥᠪ ᠤᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ ᠰᠢᠨᠵᠢᠯᠡᠬᠦ ᠤᠬᠠᠭᠠᠨ ᠤ ᠲᠥᠪ ᠢ ᠪᠠᠶᠢᠷᠢᠯᠠᠭᠤᠯᠵᠤ ᠪᠦᠲᠦᠭᠡᠨ ᠪᠠᠶᠢᠭᠤᠯᠪᠠ | ᠃ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠳᠡᠮᠵᠢᠵᠦ᠂ ᠪᠦᠭᠦ ᠤᠯᠤᠰ ᠤᠨ ᠰᠠᠭᠤᠷᠢ ᠰᠤᠳᠤᠯᠭᠠᠨ ᠤ ᠵᠠᠷᠤᠳᠠᠯ ᠢ ᠲᠠᠪᠤᠨ ᠵᠢᠯ ᠳᠤ 1 | ᠲᠠᠭᠢᠨ ᠨᠡᠮᠡᠭᠳᠡᠭᠦᠯᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ ᠮᠡᠳᠡᠭᠦ ᠡᠷᠬᠡ ᠣᠯᠭᠤᠵᠤ᠂ ᠥᠷᠭᠡᠨ ᠤᠯᠠᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠦᠪᠡᠭ ᠪᠤᠳᠤᠯᠢᠶᠠᠨᠲᠠᠢ ᠵᠠᠰᠠᠭ ᠵᠠᠬᠢᠷᠭᠠᠨ ᠤ ᠠᠵᠢᠯ ᠶᠠᠪᠤᠳᠠᠯ ᠠᠴᠠ ᠴᠢᠯᠦᠭᠡᠯᠡᠬᠦ ᠪᠠᠷ ᠴᠢᠷᠮᠠᠶᠢᠪᠠ᠃ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠥᠳᠡᠯᠭᠡᠭᠴᠢ ᠬᠦᠴᠦᠨ ᠢ ᠬᠥᠭᠵᠢᠭᠡᠪᠡ᠃ ᠤᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠠᠵᠤ ᠠᠬᠤᠶᠢᠯᠠᠯ | ᠤᠨ ᠰᠢᠨ᠎ᠡ ᠶᠢ ᠡᠭᠦᠳᠭᠦ ᠶᠢ ᠤᠷᠮᠠᠰᠢᠭᠤᠯᠤᠨ ᠵᠣᠷᠢᠭᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ | ᠬᠠᠰᠤᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠭᠦ ᠦᠢᠯᠡᠰ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠤᠨ ᠬᠢ ᠶᠢ ᠲᠤᠰ ᠲᠤᠰ 50%᠂ 75% ᠪᠠᠶᠢᠭᠰᠠᠨ ᠠᠴᠠ ᠨᠢ 100% ᠪᠤᠯᠲᠠᠯ᠎ᠠ ᠳᠡᠭᠡᠭᠰᠢᠯᠡᠭᠦᠯᠦᠭᠰᠡᠨ ᠪᠥᠭᠡᠳ | ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ ᠳᠤ ᠭᠦᠷᠳᠡᠯ᠎ᠠ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠰᠠᠭᠤᠷᠢ | ᠰᠤᠳᠤᠯᠭᠠᠨ ᠳᠤ ᠤᠷᠤᠭᠤᠯᠤᠯᠳᠠ ᠬᠢᠬᠦ᠂ ᠲᠥᠬᠦᠭᠡᠷᠦᠮᠵᠢ ᠬᠤᠳᠠᠯᠳᠤᠨ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠭᠦ | ᠶᠢ ᠳᠡᠮᠵᠢᠭᠦ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠨ ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ | ᠲᠥᠭᠦᠷᠢᠭ ᠢ ᠳᠠᠪᠠᠪᠠ᠃ ᠰᠢᠨ᠎ᠡ ᠶᠢ ᠡᠭᠦᠳᠭᠦ ᠶᠢ ᠳᠡᠮᠵᠢᠭᠦ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠡᠭᠦᠳᠦᠨ ᠪᠠᠶᠢᠭᠤᠯᠵᠤ᠂ ᠠᠳᠠᠯ | ᠦᠢᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ ᠶᠢᠨ ᠬᠥᠭᠵᠢᠯᠲᠡ ᠶᠢ ᠬᠥᠲᠥᠯᠥᠨ ᠵᠢᠯᠣᠭᠤᠳᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠲᠤᠯᠠᠵᠤ᠂ ᠰᠢᠨ᠎ᠡ ᠶᠢ ᠡᠭᠦᠳᠭᠦ ᠠᠵᠤ ᠠᠬᠤᠶᠢᠯᠠᠯ ᠦᠯᠡᠮᠵᠢ ᠤᠯᠠᠨ ᠴᠣᠯᠭᠤᠷᠠᠨ ᠭᠠᠷᠪᠠ᠃ | ᠠᠵᠤ ᠦᠢᠯᠡᠰ ᠤᠨ ᠳᠤᠮᠳᠠ ᠳᠡᠭᠡᠳᠦ ᠲᠡᠰ ᠲᠤ ᠳᠠᠪᠰᠢᠭᠦ ᠶᠢ ᠠᠬᠢᠭᠤᠯᠪᠠ᠃ ᠦᠢᠯᠡᠳᠭᠦ ᠦᠢᠯᠡᠰ ᠢ ᠪᠣᠳᠠᠲᠤ ᠴᠣᠭᠴᠠ ᠶᠢᠨ ᠠᠵᠤ ᠠᠬᠤᠢ ᠶᠢ | ᠬᠥᠭᠵᠢᠭᠦᠯᠬᠦ ᠶᠢᠨ ᠭᠤᠣᠯᠳᠠᠯᠭ᠎ᠠ ᠪᠤᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠦᠢᠯᠡᠳᠭᠦ ᠦᠢᠯᠡᠰ ᠤᠨ | ᠬᠤᠪᠢ ᠶᠢᠨ ᠵᠢᠩ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠣᠷᠴᠢᠨ ᠠᠬᠤᠢ ᠶᠢᠨ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠲᠠᠯ᠎ᠠ ᠪᠠᠷ | ᠬᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠪᠡ᠃ ᠭᠤᠣᠯᠳᠠᠯᠭ᠎ᠠ | ᠲᠠᠢ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠥᠷᠨᠢᠭᠦᠯᠪᠡ᠃ ᠠᠵᠤ ᠦᠢᠯᠡᠰ ᠤᠨ ᠰᠠᠭᠤᠷᠢ ᠶᠢ ᠲᠠᠭᠢᠨ | ᠴᠣᠭᠴᠠᠯᠠᠬᠤ ᠨᠢᠭᠡ ᠪᠦᠯᠦᠭ ᠢᠨᠵᠧᠨᠧᠷᠢᠩ ᠢ ᠡᠬᠢᠯᠡᠭᠦᠯᠪᠡ᠃ ᠠᠵᠤ ᠠᠬᠤᠶᠢᠯᠠᠯ ᠤᠨ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠨ | ᠲᠦᠷᠭᠡᠳᠬᠡᠬᠦ ᠶᠢ ᠵᠣᠷᠢᠭᠵᠢᠭᠤᠯᠵᠤ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠢ ᠪᠤᠳᠤᠬᠤ ᠬᠤᠭᠤᠴᠠᠭ᠎ᠠ ᠶᠢ ᠪᠣᠭᠤᠨᠢᠰᠬᠠᠬᠤ ᠬᠠᠷᠠᠭᠠᠯᠵᠠᠯ ᠤᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠪᠦᠭᠦ ᠦᠢᠯᠡᠳᠭᠦ ᠦᠢᠯᠡᠰ ᠲᠤ ᠭᠦᠷᠳᠡᠯ᠎ᠡ ᠥᠷᠭᠡᠳᠬᠡᠪᠡ᠃ ᠳᠡᠭᠡᠳᠦ ᠲᠡᠰ ᠤᠨ ᠲᠣᠨᠣᠭᠯᠠᠯ᠂ ᠠᠮᠢᠳᠤ ᠪᠣᠳᠠᠰ ᠤᠨ ᠡᠮ | ᠡᠮᠨᠡᠯᠭᠡ᠂ ᠭᠡᠷᠡᠯ ᠡᠯᠧᠺᠲᠷᠣᠨ ᠤ ᠮᠡᠳᠡᠭᠡ ᠵᠠᠩᠭᠢ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ᠂ ᠭᠡᠷᠡᠯ ᠴᠠᠭᠢᠯᠭᠠᠨ᠂ ᠰᠠᠯᠬᠢᠨ ᠴᠠᠭᠢᠯᠭᠠᠨ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠯᠡᠨ ᠭᠦᠭᠵᠢᠭᠦ ᠶᠢ ᠠᠬᠢᠭᠤᠯᠪᠠ᠃ ᠳ᠋ᠢᠵᠢᠲ᠋ᠠᠯ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ | ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ | ︽ᠢᠨᠲ᠋ᠧᠷ ᠰᠦᠯᠵᠢᠶ᠎ᠡ +︾ ᠶᠢ ᠬᠥᠭᠵᠢᠭᠦᠯᠪᠡ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠶᠢᠨ ᠲᠤᠭ᠎ᠠ 14.5 ᠳ᠋ᠦᠩᠰᠢᠭᠤᠷ ᠪᠤᠯᠳᠠᠯ᠎ᠠ ᠨᠡᠮᠡᠭᠳᠡᠪᠡ᠃ | ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠳᠠᠮᠵᠢᠵᠤ᠂ ᠥᠢᠯᠡᠳᠭᠦ ᠦᠢᠯᠡᠰ ᠤᠨ ᠳ᠋ᠢᠵᠢᠲ᠋ᠠᠯᠴᠢᠯᠠᠯᠳᠠ ᠣᠶᠤᠨᠴᠢᠯᠠᠯᠲᠠ ᠶᠢ ᠬᠦᠴᠦᠲᠡᠢ | ᠠᠬᠢᠭᠤᠯᠪᠠ᠃ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ 7 ᠲᠦᠮᠡ ᠭᠠᠷᠤᠢ ᠪᠣᠯᠪᠠ᠃ ᠲᠠᠪᠴᠠᠩ ᠤᠨ ᠠᠵᠤ ᠠᠬᠤᠢ ᠶᠢᠨ | ᠡᠷᠡᠭᠦᠯ ᠢᠶᠠᠷ ᠦᠷᠭᠦᠯᠵᠢᠯᠡᠨ ᠭᠦᠭᠵᠢᠭᠦ ᠶᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ | ᠥᠷᠭᠡᠳᠬᠡᠬᠦ᠂ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠭᠦ ᠵᠡᠷᠭᠡ ᠦᠢᠯᠡᠳᠦᠯ ᠢ ᠨᠢ ᠪᠠᠳᠠᠷᠠᠭᠤᠯᠪᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ | ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠪᠠᠶᠢᠴᠠᠭᠠᠨ ᠰᠢᠯᠭᠠᠬᠤ ᠪᠠᠶᠢᠴᠠᠭᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠬᠥᠭᠵᠢᠭᠦᠯᠪᠡ᠃ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠳᠤᠮᠳᠠᠳᠤ ᠤᠯᠤᠰ ᠤᠨ ᠦᠢᠯᠡᠳᠭᠦ ᠦᠢᠯᠡᠰ ᠤᠨ ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ ᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ | ︵ᠲᠠᠪᠤ︶ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ | ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠪᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠤᠶᠠᠯᠳᠤᠭᠤᠯᠤᠨ᠂ ᠭᠡᠲᠦ ᠶᠡᠭᠡ ᠬᠡᠪᠴᠢᠶᠡᠨ | ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠰᠠᠭᠤᠷᠢᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ | ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢ ᠨᠡᠩ ᠤᠯᠠᠨ ᠪᠣᠶᠢᠵᠢᠭᠤᠯᠪᠠ᠃ | ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠪᠡ᠃ ᠬᠢᠵᠢᠭ ᠡᠭᠦᠰᠭᠦ ᠠᠴᠠ ᠡᠮᠦᠨ᠎ᠡ᠂ ᠬᠡᠷᠡᠭᠯᠡᠭᠡ ᠨᠢ ᠨᠢᠭᠡᠨᠲᠡ ᠮᠠᠨ ᠤ | ᠤᠯᠤᠰ ᠤᠨ ᠠᠵᠤ ᠠᠬᠤᠢ ᠶᠢᠨ ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ ᠪᠣᠯᠵᠠᠢ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭᠠᠰᠤᠭᠰᠠᠨ ᠪᠠᠶᠢᠳᠠᠯ | ᠳᠤ ᠬᠠᠨᠳᠤᠭᠤᠯᠤᠨ᠂ ᠪᠢᠳᠡ ᠬᠡᠷᠡᠭᠯᠡᠭᠡ ᠶᠢ ᠠᠯᠢ ᠲᠦᠷᠭᠡᠨ ᠢᠶᠠᠷ ᠰᠡᠷᠭᠦᠭᠡᠬᠦ ᠶᠢ ᠠᠬᠢᠭᠤᠯᠪᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ | ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠳᠡᠭᠡᠭᠰᠢᠯᠡᠭᠦᠯᠪᠡ᠃ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ | ᠵᠡᠷᠭᠡ ᠪᠥᠭᠡᠮ ᠬᠡᠷᠡᠭᠯᠡᠭᠡ ᠶᠢ ᠳᠠᠮᠵᠢᠵᠤ᠂ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 3 ᠳ᠋ᠦᠩᠰᠢᠭᠤᠷ ᠢ ᠳᠠᠪᠠᠵᠤ᠂ 46.7% ᠪᠠᠷ ᠨᠡᠮᠡᠭᠳᠡᠪᠡ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠳᠤ ᠡᠵᠡᠯᠡᠭᠦ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ | 15.8% ᠪᠠᠶᠢᠭᠰᠠᠨ ᠠᠴᠠ ᠪᠠᠨ 27.2% ᠪᠤᠯᠳᠡᠯ᠎ᠠ ᠳᠡᠭᠡᠭᠰᠢᠯᠡᠪᠡ᠃ ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠭᠦ ᠬᠤᠳᠠᠯᠳᠤᠭ᠎ᠠ | ᠶᠢ ᠬᠥᠭᠵᠢᠭᠦᠯᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠢᠰᠲ᠋ᠧᠮ ᠢ | ᠲᠡᠭᠦᠯᠳᠡᠷᠵᠢᠭᠦᠯᠪᠡ᠃ ᠵᠢᠭᠤᠯᠴᠢᠯᠠᠯ ᠤᠨ ᠦᠢᠯᠡᠰ ᠢ ᠬᠠᠪᠰᠤᠷᠤᠨ ᠲᠡᠳᠬᠦᠵᠦ ᠬᠥᠭᠵᠢᠭᠦᠯᠪᠡ᠃ ᠳᠤᠲᠠᠭᠤᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ | ᠰᠡᠯᠭᠦᠭᠦ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠪᠡ᠃ ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ | ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠤᠭᠰᠠᠨ ᠪᠠ ᠬᠥᠰᠢᠨ | ᠬᠥᠳᠡᠯᠭᠡᠭᠰᠡᠨ ᠨᠡᠶᠢᠭᠡᠮ ᠤᠨ ᠪᠡᠯᠡ ᠤᠷᠤᠭᠤᠯᠤᠯᠳᠠ ᠳᠠᠭᠢᠨ ᠢᠶᠠᠷ ᠨᠡᠮᠡᠭᠳᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ | ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠶᠢᠨ ᠰᠤᠷᠪᠤᠯᠵᠢ᠂ ᠮᠡᠳᠡᠭᠡ ᠵᠠᠩᠭᠢ ᠵᠡᠷᠭᠡ | ᠰᠠᠭᠤᠷᠢ ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠥ᠂ ᠨᠡᠶᠢᠭᠡᠮ ᠤᠨ | ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ | ᠳᠠᠶᠢᠴᠢᠯᠠᠪᠡ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠪᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ | ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠮᠠᠨᠳᠤᠭᠤᠯᠤᠨ | ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠢ ᠤᠷᠢᠳ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ | ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠡᠭᠦᠨ ᠬᠡᠰᠡᠭ ᠤᠨ ᠭᠠᠵᠠᠷ ᠣᠷᠣᠨ ᠠᠴᠠ ᠶᠡᠷᠦᠩᠬᠡᠢ ᠳᠡᠭᠡᠨ ᠥᠨᠳᠥᠷ ᠪᠣᠯᠪᠠ᠃ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ | ᠲᠥᠪ ᠤᠨ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠲᠠᠪᠤᠨ ᠵᠢᠯ ᠤᠨ ᠡᠮᠦᠨᠡᠬᠢ ᠠᠴᠠ 66. | 8% ᠪᠠᠷ ᠨᠡᠮᠡᠭᠳᠡᠭᠦᠯᠪᠡ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠪᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠪᠡ᠃ ᠠᠵᠤ ᠠᠬᠤᠢ ᠨᠢ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠳᠠᠮᠵᠢᠵᠤ᠂ ᠡᠬᠢ | ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠭᠦᠭᠵᠢᠭᠦ ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠳᠠᠶᠢᠴᠢᠯᠠᠬᠤ | ᠦᠢᠯᠡᠳᠦᠯ ᠢᠶᠠᠨ ᠨᠠᠩ ᠶᠡᠭᠡ ᠪᠠᠳᠠᠷᠠᠭᠤᠯᠬᠤ ᠶᠢ ᠵᠣᠷᠢᠭᠵᠢᠭᠤᠯᠵᠤ᠂ ᠨᠠᠩ ᠣᠯᠠᠨ ᠰᠢᠨ᠎ᠡ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠤᠶ ᠪᠤᠯᠭᠠᠬᠤ ᠶᠢ | ᠠᠬᠢᠭᠤᠯᠪᠠ᠃ | ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠦᠷᠭᠦᠯᠵᠢᠯᠡᠨ ᠠᠬᠢᠭᠤᠯᠪᠠ᠃ ᠮᠠᠨ ᠤ ᠤᠯᠤᠰ ᠮᠥᠨ ᠬᠦ ᠬᠤᠲᠠ | ᠪᠠᠯᠭᠠᠰᠤᠵᠢᠯᠲᠠ ᠶᠢᠨ ᠶᠠᠪᠤᠴᠠ ᠳᠤ ᠣᠷᠣᠰᠢᠵᠤ᠂ ᠵᠢᠯ ᠪᠦᠷᠢ ᠬᠥᠳᠡᠭᠡ ᠲᠣᠰᠬᠤᠨ ᠤ ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭᠠᠰᠤ ᠳᠤ ᠰᠢᠯᠵᠢᠵᠦ | ᠪᠠᠶᠢᠨ᠎ᠠ᠃ ᠬᠤᠲᠠ ᠢᠯᠠᠩᠭᠤᠶ᠎ᠠ ᠰᠢᠶᠠᠨ ᠤ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠢ ᠨᠡᠮᠡᠭᠳᠡᠭᠦᠯᠪᠡ᠃ | ᠬᠤᠲᠠ ᠪᠠᠯᠭᠠᠰᠤᠨ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠲᠥᠷᠥᠯ ᠬᠤᠪᠢᠶᠠᠨ ᠠᠭᠤᠵᠢᠭᠤ ᠲᠠᠯᠪᠢᠭᠰᠠᠨ ᠪᠤᠶᠤ ᠬᠦᠴᠦᠨ ᠦᠭᠡᠢ ᠪᠤᠯᠭᠠᠵᠤ᠂ ᠠᠷᠪᠠᠨ ᠵᠢᠯ | ᠳᠤ ᠬᠥᠳᠡᠭᠡ ᠳᠤᠰᠬᠤᠨ ᠤ 1.4 ᠳ᠋ᠦᠡᠭᠰᠢᠭᠤᠷ ᠬᠥᠮᠥᠨ ᠠᠮᠠ ᠬᠤᠳᠠ ᠪᠠᠯᠭᠠᠰᠤᠨ ᠳᠤ ᠡᠷᠦᠭᠡ ᠠᠮᠠ ᠪᠠᠨ ᠣᠷᠣᠭᠤᠯᠪᠠ᠃ ᠬᠤᠳᠠ ᠶᠢᠨ ᠪᠥᠭᠡᠭᠡᠨᠡᠷᠡᠯ ᠪᠠ ᠶᠡᠭᠡ | ᠬᠤᠳᠠ ᠶᠢᠨ ᠴᠠᠭᠠᠷᠢᠭ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ ᠴᠧᠩᠳᠦ | ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠡᠷ ᠪᠠᠶᠢᠰᠢᠩ ᠢ ᠰᠠᠭᠤᠬᠤ ᠶᠢᠨ | ᠲᠥᠯᠥᠭᠡ ᠪᠠᠷᠢᠭᠰᠠᠨ ᠠᠴᠠ ᠪᠢᠰᠢ ᠰᠠᠷᠢᠯᠭᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠭᠡᠷ ᠪᠠᠶᠢᠰᠢᠩ ᠭᠠᠵᠠᠷ ᠰᠢᠷᠣᠢ | ᠶᠢᠨ ᠬᠥᠷᠥᠩᠭᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠥᠷᠭᠡᠳᠬᠡᠵᠦ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ | ᠂ ᠭᠠᠵᠠᠷ ᠰᠢᠷᠣᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ | ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠪᠠ᠃ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠵᠠᠮ ᠤᠨ ᠤᠷᠳᠤ 4500 ᠭᠠᠷᠤᠢ | ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ ᠲᠦᠮᠡ ᠰᠢᠬᠠᠮ ᠺᠢᠯᠣᠮᠧᠲᠷ ᠲᠤ ᠬᠦᠷᠴᠦ᠂ ᠤᠰᠤ ᠵᠠᠯᠠᠬᠤ ᠬᠤᠭᠤᠯᠠᠢ 63 ᠲᠦᠮᠡᠨ ᠺᠢᠯᠣᠮᠧᠲᠷ ᠪᠠᠶᠢᠭᠰᠠᠨ | ᠠᠴᠠ ᠪᠠᠨ ᠨᠡᠮᠡᠭᠳᠡᠭᠡᠳ 89 ᠲᠦᠮᠡᠨ ᠺᠢᠯᠣᠮᠧᠲᠷ ᠪᠣᠯᠪᠠ᠃ ᠬᠤᠲᠠ ᠪᠠᠯᠭᠠᠰᠤᠨ ᠤ 16.7 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 2900 ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ︵ᠵᠢᠷᠭᠤᠭ᠎ᠠ︶ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠶᠡᠭᠡ ᠪᠠᠷ ᠬᠡᠷᠡᠭᠵᠢᠭᠦᠯᠪᠡ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠪᠠ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠭᠤᠨ ᠪᠠᠶᠢᠯᠭᠠᠬᠤ ᠪᠠ | ᠥᠷᠭᠡᠳᠬᠡᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠲᠠᠷᠢᠬᠤ ᠶᠢ ᠥᠷᠭᠡᠳᠬᠡᠵᠦ᠂ ᠦᠢᠯᠡᠳᠪᠦᠷᠢᠯᠡᠯ ᠤᠨ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ | ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠥᠭᠬᠦ ᠨᠥᠬᠦᠪᠦᠷᠢ ᠶᠢ ᠲᠣᠭᠲᠠᠪᠤᠷᠢᠵᠢᠭᠤᠯᠵᠤ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ | ᠨᠠᠭᠠᠲᠤ ᠵᠠᠬ᠎ᠠ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠵᠤ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠭᠦᠭᠢᠭᠦᠯᠭᠦ ᠡᠷᠴᠢᠮ ᠢᠶᠠᠨ | ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠪᠡ᠃ ᠲᠠᠷᠢᠶᠠᠨ ᠭᠠᠵᠠᠷ ᠤᠨ ᠬᠠᠮᠠᠭᠠᠯᠠᠯᠲᠠ | ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ 4.56 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ᠃ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠵᠡᠷᠭᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠮᠠᠯ ᠤᠨ ᠬᠠᠭᠠᠯᠪᠤᠷᠢᠯᠠᠬᠤ ᠲᠠᠷᠢᠬᠤ ᠬᠤᠷᠢᠶᠠᠬᠤ | ᠠᠵᠢᠯ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠨᠤᠷᠮ᠎ᠠ 67% ᠪᠠᠶᠢᠭᠰᠠᠨ ᠠᠴᠠ ᠪᠠᠨ ᠳᠡᠭᠡᠭᠰᠢᠯᠡᠭᠡᠳ 73% ᠪᠣᠯᠪᠠ᠃ ᠠᠮᠤ ᠪᠤᠳᠠᠭᠠᠨ ᠤ ᠠᠮᠤᠷ | ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠪᠠ᠂ ᠢᠮᠠᠭᠲᠠ ᠴᠥᠬᠦᠷᠡᠰᠢ ᠦᠭᠡᠢ ᠪᠠᠷ 14 ᠳ᠋ᠥᠡᠭᠰᠢᠭᠤᠷ | ᠭᠠᠷᠤᠢ ᠳᠤᠮᠳᠠᠳᠤ ᠤᠯᠤᠰ ᠤᠨ ᠬᠥᠮᠥᠨ ᠤ ᠬᠤᠭᠤᠯᠠ ᠬᠦᠨᠡᠰᠦ ᠪᠠᠨ ᠥᠪᠡᠷ ᠤᠨ ᠬᠦᠴᠦᠨ ᠳᠡᠭᠡᠨ ᠪᠠᠲᠤ ᠲᠦᠰᠢᠭᠯᠡᠨ ᠰᠢᠢᠳᠪᠦᠷᠢᠯᠡᠬᠦ ᠶᠢ ᠪᠠᠲᠤᠯᠠᠪᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ | ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠪᠠ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠱᠠᠲᠤ ᠥᠶᠡᠴᠢ ᠴᠢᠨᠠᠷᠲᠠᠢ ᠡᠭᠦᠷᠭᠡ ᠶᠢ ᠪᠡᠶᠡᠯᠡᠭᠦᠯᠵᠦ᠂ | ᠣᠯᠠᠨ ᠵᠦᠢᠯ ᠤᠨ ᠭᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ | ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠪᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠦᠷᠭᠦᠯᠵᠢᠯᠡᠨ ᠴᠡᠭᠴᠡᠯᠡᠨ ᠵᠠᠰᠠᠵᠤ᠂ ᠤᠰᠤ ᠴᠠᠭᠢᠯᠭᠠᠨ ᠵᠠᠮ ᠬᠡᠢ ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠦ ᠰᠢᠶᠠᠩ ᠪᠠᠯᠭᠠᠰᠤ ᠪᠣᠯᠣᠨ ᠪᠠᠶᠢᠭᠤᠯᠤᠯᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ | ᠤᠨ ᠮᠠᠰᠢᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 80% ᠪᠠᠶᠢᠭᠰᠠᠨ ᠠᠴᠠ ᠪᠠᠨ | ᠳᠡᠭᠡᠭᠰᠢᠯᠡᠭᠡᠳ 87% ᠪᠣᠯᠵᠤ᠂ ᠤᠯᠠᠨ ᠵᠢᠯ ᠳᠤ ᠬᠥᠳᠡᠭᠡ ᠲᠣᠰᠬᠤᠨ ᠤ ᠨᠡᠶᠢᠳᠠ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠪᠠ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ | ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠬᠥᠯᠥᠰᠦᠨ ᠠᠵᠢᠯᠴᠢᠨ ᠤ ᠣᠯᠬᠤ ᠶᠣᠰᠣᠲᠠᠢ | ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ ᠣᠯᠬᠤ ᠶᠢ ᠪᠠᠲᠤᠯᠠᠬᠤ ᠶᠢᠨ ᠲᠥᠯᠥᠭᠡ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ | ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠮᠠᠭᠤ | ᠰᠠᠨᠠᠭ᠎ᠠ ᠲᠠᠢ ᠪᠠᠷ ᠥᠷᠢᠲᠦᠵᠦ ᠬᠤᠶᠢᠰᠢᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ︵ᠲᠤᠯᠤᠭ᠎ᠠ︶ ᠭᠠᠳᠠᠭᠰᠢ ᠨᠡᠭᠡᠭᠡᠯᠲᠡ ᠬᠢᠬᠦ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠲᠤᠰᠠ ᠭᠦᠷᠳᠡᠭᠦ | ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ | ᠪᠢᠳᠡ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠨᠳᠥᠷ ᠲᠦᠪᠰᠢᠨ ᠤ ᠨᠡᠭᠡᠭᠡᠯᠲᠡ ᠪᠠᠷ | ᠥᠭᠡᠷᠡᠴᠢᠯᠡᠯᠲᠡ ᠬᠥᠭᠵᠢᠯᠲᠡ ᠶᠢ ᠨᠡᠩ ᠬᠦᠴᠦᠲᠡᠢ ᠠᠬᠢᠭᠤᠯᠪᠠ᠃ | ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠪᠠ᠃ | ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ᠂ ᠢᠲᠡᠭᠡᠮᠵᠢᠲᠦ ᠳᠠᠭᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ | ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠶᠢ ᠭᠦᠢᠴᠡᠳᠬᠡᠬᠦ ᠴᠠᠭ ᠢ ᠪᠣᠭᠤᠨᠢᠰᠬᠠᠭᠠᠳ 6 | ᠠᠵᠢᠯ ᠤᠨ ᠡᠳᠦᠷ ᠢᠶᠠᠷ ᠬᠢᠵᠠᠭᠠᠷᠯᠠᠪᠠ᠃ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ | ᠶᠢᠨ ᠭᠡᠯᠪᠡᠷᠢ ᠪᠠᠶᠢᠳᠠᠯ ᠢ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ 152 ᠰᠢᠨ᠎ᠡ ᠪᠠᠷ | ᠪᠠᠶᠢᠭᠤᠯᠵᠤ᠂ ᠨᠢᠭᠡ ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠪᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ | ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠤᠨ | ᠦᠢᠯᠡᠳᠦᠯ ᠢ ᠪᠠᠳᠠᠷᠠᠭᠤᠯᠪᠠ᠃ ᠪᠣᠭᠤᠮᠲᠠ ᠪᠠᠷ ᠥᠩᠭᠡᠷᠡᠬᠦ ᠶᠢ ᠳᠥᠲᠡᠴᠢᠯᠡᠬᠦ ᠶᠢ ᠠᠬᠢᠭᠤᠯᠵᠤ᠂ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ | ᠪᠣᠭᠤᠮᠲᠠ ᠪᠠᠷ ᠥᠩᠭᠡᠷᠡᠬᠦ ᠴᠠᠭ ᠢ ᠲᠤᠰ ᠲᠤᠰ 67% ᠪᠠ 92% ᠢᠶᠠᠷ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠲᠣᠭᠲᠠᠭᠠᠯ ᠳᠤ ᠨᠡᠶᠢᠴᠡᠭᠦᠯᠬᠦ ᠥᠪᠡᠷ ᠤᠨ ᠦᠷᠳᠡᠭ ᠢᠯᠡᠳᠲᠡ ᠪᠠᠭᠤᠷᠠᠪᠠ᠃ ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 9.8% | ᠪᠠᠶᠢᠭᠰᠠᠨ ᠠᠴᠠ ᠪᠠᠨ ᠪᠠᠭᠤᠷᠠᠭᠠᠳ 7.4% ᠪᠣᠯᠪᠠ᠃ ᠦᠢᠯᠡᠴᠢᠯᠡᠭᠡᠨ ᠤ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠬᠡᠷᠡᠭᠵᠢᠭᠦᠯᠪᠡ᠃ ᠭᠠᠳᠠᠭᠠᠳᠤ | ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠨᠡᠮᠡᠭᠳᠡᠯ ᠨᠢ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃ | ᠭᠠᠳᠠᠭᠠᠳᠤ ᠪᠡᠯᠡ ᠶᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ ᠶᠢ | ᠬᠡᠷᠡᠭᠵᠢᠭᠦᠯᠬᠦ ᠳᠦᠷᠢᠮ ᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠳᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ | ᠰᠢᠯᠢᠳᠡᠭᠵᠢᠭᠦᠯᠪᠡ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠪᠦᠭᠦ ᠤᠯᠤᠰ ᠪᠠ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠵᠦᠢᠯ ᠤᠨ ᠲᠤᠭ᠎ᠠ ᠶᠢ ᠲᠣᠰ ᠲᠤᠰ 51% ᠪᠠ | 72% ᠢᠶᠠᠷ ᠪᠠᠭᠠᠰᠬᠠᠨ᠂ ᠥᠢᠯᠡᠳᠭᠦ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠪᠦᠭᠦ ᠲᠠᠯ᠎ᠠ ᠪᠠᠷ ᠴᠢᠯᠦᠭᠡᠲᠡᠢ ᠲᠠᠯᠪᠢᠵᠤ᠂ ᠮᠥᠩᠭᠦᠨ ᠭᠦᠢᠯᠭᠡᠭᠡ ᠵᠡᠷᠭᠡ | ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡᠨᠲᠡ 21 ᠴᠢᠯᠦᠭᠡᠲᠦ ᠠᠷᠠᠯᠵᠢᠶᠠᠨ ᠤ ᠲᠤᠷᠰᠢᠯᠲᠠ | ᠶᠢᠨ ᠣᠷᠣᠨ ᠢ ᠪᠠᠶᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠡᠯ᠎ᠡ ᠭᠠᠵᠠᠷ | ᠣᠷᠣᠨ ᠤ ᠬᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ ᠭᠠᠳᠠᠭᠠᠳᠤ ᠪᠡᠯᠡ ᠶᠢ ᠠᠬᠢᠭᠤᠯᠬᠤ ᠦᠢᠯᠡᠴᠢᠯᠡᠭᠡ ᠪᠠᠨ ᠴᠢᠩᠭᠠᠳᠬᠠᠨ᠂ ᠬᠤᠳᠠᠯᠳᠤᠭᠠᠴᠢᠨ | ᠤᠷᠢᠵᠤ ᠪᠡᠯᠡ ᠲᠠᠲᠠᠬᠤ ᠪᠠ ᠲᠥᠰᠥᠯ ᠢ ᠵᠣᠯᠭᠠᠯᠳᠤᠭᠤᠯᠬᠤ ᠡᠷᠴᠢᠮ ᠢᠶᠠᠨ ᠴᠢᠩᠭᠠᠷᠠᠭᠤᠯᠪᠠ᠃ ᠭᠠᠳᠠᠭᠠᠳᠤ ᠪᠡᠯᠡ ᠶᠢᠨ ᠨᠢᠭᠡ ᠪᠦᠯᠦᠭ ᠲᠣᠮᠣ ᠲᠥᠰᠥᠯ ᠢ | ᠨᠠᠶᠢᠳᠠᠪᠤᠷᠢᠵᠢᠭᠤᠯᠵᠤ᠂ ᠮᠠᠨ ᠤ ᠤᠯᠤᠰ ᠦᠷᠭᠦᠯᠵᠢᠯᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠵᠢᠯ ᠦᠢᠯᠡᠰ ᠬᠥᠭᠵᠢᠭᠦᠯᠬᠦ ᠬᠠᠯᠠᠭᠤᠨ | ᠥᠯᠥᠭᠡᠢ ᠪᠣᠯᠪᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠠᠬᠢᠭᠤᠯᠪᠠ᠃ ᠬᠠᠮᠲᠤ ᠪᠠᠷ ᠵᠥᠪᠳᠡᠭᠦ ᠬᠠᠮᠲᠤ ᠪᠠᠷ ᠪᠠᠶᠢᠭᠤᠯᠬᠤ ᠬᠠᠮᠲᠤ | ᠪᠠᠷ ᠡᠳ᠋ᠯᠡᠭᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠠᠷᠴᠢᠮ ᠪᠠ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠵᠤ᠂ ᠨᠢᠭᠡ ᠪᠦᠯᠦᠭ ᠬᠤᠯᠪᠣᠨ | ᠨᠡᠪᠲᠡᠷᠡᠭᠦᠯᠬᠦ ᠪᠠ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ᠂ ᠵᠠᠮ ᠳᠠᠭᠠᠤ ᠶᠢᠨ ᠤᠯᠤᠰ ᠯᠤᠭ᠎ᠠ ᠶᠢᠨ ᠡᠳ᠋ ᠪᠠᠷᠠᠭᠠᠨ ᠤ | ᠭᠠᠳᠠᠭᠠᠳᠤ ᠣᠷᠣᠭᠤᠯᠥᠯᠳᠡ ᠪᠠ ᠭᠠᠳᠠᠭᠠᠳᠤ ᠭᠠᠷᠭᠠᠯᠲᠠ ᠶᠢᠨ ᠲᠤᠭ᠎ᠠ ᠵᠢᠯ ᠳᠤᠮᠳᠠᠴᠢ ᠪᠠᠷ 13.4% ᠪᠠᠷ ᠨᠡᠮᠡᠭᠳᠡᠵᠦ᠂ ᠡᠯ᠎ᠡ ᠬᠦᠷᠢᠶᠡᠨ ᠤ ᠰᠣᠯᠢᠯᠴᠠᠭ᠎ᠠ | ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠪᠠ᠃ ᠭᠠᠳᠠᠭᠠᠳᠤ ᠪᠡᠯᠡ ᠣᠷᠣᠭᠤᠯᠥᠯᠳᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠭᠦᠭᠵᠢᠭᠦ ᠶᠢ ᠬᠥᠲᠥᠯᠥᠨ ᠵᠢᠯᠤᠭᠤᠳᠴᠤ᠂ ᠬᠢᠯᠢ | ᠶᠢᠨ ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ 6 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠰᠢᠨ᠎ᠡ ᠪᠠᠷ ᠲᠣᠭᠲᠠᠭᠠᠭᠰᠠᠨ | ᠪᠠ ᠲᠡᠰ ᠢ ᠨᠢ ᠳᠡᠪᠰᠢᠭᠦᠯᠵᠦ᠂ ᠴᠢᠯᠦᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠤᠯᠳᠠ ᠪᠠ ᠭᠠᠳᠠᠭᠠᠳᠤ ᠭᠠᠷᠭᠠᠯᠲᠠ ᠶᠢᠨ | ᠲᠤᠭ᠎ᠠ ᠶᠢᠨ ᠡᠵᠡᠯᠡᠭᠦ ᠬᠠᠷᠢᠴᠠᠯ 26% ᠪᠠᠶᠢᠭᠰᠠᠨ ᠠᠴᠠ ᠪᠠᠨ 35% ᠣᠷᠴᠢᠮ ᠪᠤᠯᠳᠡᠯ᠎ᠠ ᠳᠡᠭᠡᠭᠰᠢᠯᠡᠪᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ | ᠪᠠᠲᠤ ᠬᠠᠮᠠᠭᠠᠯᠠᠵᠤ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠵᠦ᠂ ᠠᠵᠤ ᠠᠬᠤᠢ ᠠᠷᠠᠯᠵᠢᠶᠠᠨ ᠤ ᠥᠷᠥᠯᠳᠥᠭᠡᠨ ᠢ ᠯᠠᠪᠳᠠᠭᠤᠨ ᠲᠣᠬᠢᠲᠠᠢ ᠠᠷᠭᠠᠴᠠᠵᠤ᠂ | ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠳᠡᠴᠢᠯᠡᠯᠳᠡ ᠶᠢ ᠠᠬᠢᠭᠤᠯᠪᠠ᠃ | ︵ᠨᠠᠢᠮᠠ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠬᠥᠭᠵᠢᠯᠲᠡ ᠶᠢ ᠠᠬᠢᠭᠤᠯᠪᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠡᠠ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠪᠣᠬᠢᠷᠳᠤᠯ ᠢ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠪᠣᠬᠢᠷᠳᠤᠯ ᠢ ᠨᠠᠷᠢᠯᠢᠭ ᠣᠨᠣᠴᠠᠲᠠᠢ ᠪᠠᠷ᠂ ᠰᠢᠨᠵᠢᠯᠡᠬᠦ | ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ | ᠠᠬᠢᠭᠤᠯᠪᠠ᠃ ᠤᠯᠠᠨ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠣᠨ ᠪᠦᠰᠡ ᠪᠠᠷ ᠢᠶᠠᠨ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠢᠵᠠᠭᠠᠷᠯᠠᠬᠤ ᠶᠢ | ᠴᠢᠬᠤᠯᠠᠴᠢᠯᠠᠵᠤ᠂ ᠲᠤᠰᠬᠠᠢ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ | ᠬᠠᠷᠢᠴᠠᠯ 86.5% ᠳᠤ ᠬᠦᠷᠴᠦ᠂ 4 ᠵᠠᠭᠤᠨ ᠤ ᠨᠢᠭᠡᠴᠢ ᠪᠠᠷ ᠳᠡᠭᠡᠭᠰᠢᠯᠡᠪᠡ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ | ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ | ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠪᠠ᠃ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠵᠠᠰᠠᠨ ᠰᠡᠷᠭᠦᠭᠡᠬᠦ | ᠡᠷᠴᠢᠮ ᠢ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ ᠤᠨ ᠵᠠᠰᠠᠯᠲᠠ ᠶᠢ ᠴᠢᠩᠭᠠᠳᠬᠠᠪᠠ᠃ ᠲᠠᠷᠢᠶᠠᠨ ᠭᠠᠵᠠᠷ | ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ | ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠪᠦᠭᠦ ᠲᠠᠯ᠎ᠠ ᠪᠠᠷ ᠵᠠᠭᠠᠭᠯᠠᠨ ᠲᠣᠭᠲᠠᠭᠠᠪᠠ᠃ ᠠᠭᠤᠯᠠ ᠤᠰᠤ ᠣᠢ ᠮᠣᠳᠣ ᠭᠠᠵᠠᠷ | ᠲᠠᠷᠢᠶ᠎ᠠ ᠨᠠᠭᠤᠷ ᠲᠣᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠢᠭᠡ | ᠪᠦᠯᠦᠭ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ | ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ᠃ ᠬᠥᠬᠡᠮᠥ᠋ᠷᠡᠨ ᠢ ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠠᠳᠬᠤᠬᠤ ᠶᠢ ᠠᠬᠢᠭᠤᠯᠵᠤ᠂ | ᠬᠥᠬᠡᠮᠥ᠋ᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ ᠤᠰᠤᠨ ᠣᠷᠣᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠭᠦᠨᠵᠡᠭᠡᠢ ᠬᠡᠷᠡᠭᠵᠢᠭᠦᠯᠪᠡ᠃ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ | ᠲᠡᠭᠦᠯᠳᠡᠷᠵᠢᠭᠦᠯᠪᠡ᠃ ᠣᠢ ᠰᠢᠭᠤᠢ ᠶᠢᠨ ᠪᠦᠷᠬᠦᠴᠡ 24% ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ | ᠤᠨ ᠬᠠᠮᠠᠭᠠᠯᠠᠯᠲᠠ ᠶᠢᠨ ᠨᠣᠷᠮ᠎ᠠ ᠴᠥᠮ 50% ᠠᠴᠠ ᠳᠡᠭᠡᠭᠰᠢ ᠳᠤ ᠬᠦᠷᠴᠦ᠂ ᠬᠥᠷᠥᠰᠥ ᠰᠢᠷᠣᠢ ᠢᠳᠡᠭᠳᠡᠭᠰᠡᠨ᠂ ᠴᠦᠯᠵᠢᠭᠰᠡᠨ᠂ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠲᠠᠯᠠᠪᠠᠢ ᠶᠢ ᠲᠣᠰ ᠲᠣᠰ 10.6 ᠲᠦᠮᠡ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠬᠠᠪᠠ᠃ ᠠᠷᠠᠳ ᠤᠯᠠᠨ ᠳᠤ | ᠬᠥᠬᠡ ᠣᠭᠲᠠᠷᠭᠤᠢ ᠬᠥᠪᠥᠩ ᠴᠠᠭᠠᠨ ᠡᠭᠦᠯᠡ᠂ ᠬᠥᠬᠡᠮᠳᠦᠭ ᠠᠭᠤᠯᠠ ᠨᠣᠮᠢᠨ ᠴᠡᠩᠬᠡᠷ ᠤᠰᠤ ᠶᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠡᠨᠧᠷᠭᠢ ᠶᠢᠨ ᠰᠤᠷᠪᠤᠯᠵᠢ | ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠪᠠ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠰᠠᠭᠠᠷᠮᠠᠭᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ | ᠰᠢᠯᠢᠳᠡᠭᠵᠢᠭᠦᠯᠦᠨ᠂ ᠭᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠡᠶᠡᠯᠡᠭᠦᠯᠦᠭᠰᠡᠨ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ 10.5 ᠳ᠋ᠦᠩᠰᠢᠭᠤᠷ | ᠺᠢᠯᠣᠸᠠᠲ ᠢ ᠳᠠᠪᠠᠵᠤ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6.5 ᠳ᠋ᠦᠩᠰᠢᠭᠤᠷ ᠺᠢᠯᠣᠸᠠᠲ | ᠪᠠᠶᠢᠭᠰᠠᠨ ᠠᠴᠠ ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ ᠢ ᠳᠠᠪᠠᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠡᠵᠡᠯᠡᠭᠦ | ᠬᠠᠷᠢᠴᠠᠯ 20.8% ᠪᠠᠶᠢᠭᠰᠠᠨ ᠠᠴᠠ ᠪᠠᠨ ᠳᠡᠭᠡᠭᠰᠢᠯᠡᠭᠡᠳ 25% ᠠᠴᠠ ᠳᠡᠭᠡᠭᠰᠢ ᠪᠣᠯᠪᠠ᠃ ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ | ᠴᠢᠩᠭᠠᠳᠬᠠᠵᠤ᠂ ᠨᠣᠭᠤᠭᠠᠨ ᠠᠵᠤ ᠦᠢᠯᠡᠰ ᠪᠠ ᠣᠷᠴᠢᠯ ᠠᠵᠤ ᠠᠬᠤᠢ ᠶᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠮᠡᠷᠭᠡᠵᠢᠯ | ᠪᠠ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠪᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ | ᠬᠤᠷᠠᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠣᠭᠤᠭᠠᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠪᠠ᠃ ᠡᠨᠧᠷᠭᠢ | ᠶᠢᠨ ᠬᠤᠷᠣᠭᠳᠠᠭᠤᠯᠤᠯ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ | ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ | ᠨᠡᠮᠡᠷᠢ ᠪᠠᠨ ᠦᠵᠡᠭᠦᠯᠪᠡ᠃ | ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠬᠡᠪᠡ᠃ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠵᠦ᠂ ᠦᠨᠳᠦᠰᠦᠨ ᠵᠦᠢᠯ ᠢ ᠪᠠᠲᠤᠯᠠᠬᠤ᠂ ᠬᠢᠵᠠᠭᠠᠷ ᠱᠤᠭᠤᠮ ᠢ ᠪᠠᠲᠤᠯᠠᠬᠤ᠂ ᠲᠥᠪ ᠭᠤᠤᠯᠴᠢ ᠪᠠᠶᠢᠬᠤ ᠶᠢ ᠠᠬᠢᠭᠤᠯᠬᠤ ᠶᠢ ᠬᠦᠴᠦᠯᠡᠨ ᠪᠡᠶᠡᠯᠡᠭᠦᠯᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠥ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ | ᠠᠬᠢᠭᠤᠯᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠰᠤᠷᠭᠠᠨ ᠬᠥᠮᠦᠵᠢᠯ ᠤᠨ ᠭᠤᠤᠯᠴᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠪᠠ᠃ ᠥᠨᠢᠳᠡ ᠶᠢᠨ ᠶᠡᠭᠡ ᠪᠣᠳᠣᠯᠭ᠎ᠠ ᠶᠢ ᠲᠣᠭᠲᠠᠭᠠᠬᠤ | ᠳᠤ ᠰᠤᠷᠭᠠᠨ ᠬᠥᠮᠦᠵᠢᠯ ᠪᠣᠯ ᠦᠨᠳᠦᠰᠦ ᠪᠣᠯᠣᠨ᠎ᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠭᠦ ᠡᠳ᠋ ᠤᠨ ᠵᠠᠰᠠᠭ ᠤᠨ | ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ ᠤᠨ ᠬᠠᠷᠢᠴᠠᠯ ᠢ ᠵᠢᠯ ᠪᠦᠷᠢ ᠴᠥᠮ 4% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠰᠤᠷᠤᠬᠴᠢ ᠶᠢᠨ ᠬᠥᠮᠥᠨ | ᠳᠤᠮᠳᠠᠴᠢ ᠶᠢᠨ ᠵᠠᠷᠤᠳᠠᠯ ᠤᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠠᠷ ᠨᠡᠮᠡᠭᠳᠡᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠲᠠ ᠪᠠᠯᠭᠠᠰᠤᠨ ᠤ ᠰᠤᠷᠤᠬᠴᠢ ᠣᠯᠠᠨᠲᠠᠢ ᠲᠣᠮᠣ ᠠᠩᠭᠢ ᠶᠢ | ᠦᠨᠳᠦᠰᠦᠨ ᠳᠡᠭᠡᠨ ᠠᠷᠢᠯᠭᠠᠵᠤ᠂ ᠬᠤᠲᠠ ᠣᠷᠣᠵᠤ ᠠᠵᠢᠯ ᠭᠦᠳᠡᠯᠮᠤᠷᠢ ᠬᠢᠭᠰᠡᠳ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 93.8% ᠪᠠᠶᠢᠭᠰᠠᠨ ᠠᠴᠠ 95.5% ᠪᠤᠯᠲᠠᠯ᠎ᠠ | ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠤᠯᠤᠰ ᠠᠴᠠ ᠨᠢᠭᠡᠳᠦᠯᠲᠡᠢ ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ | ᠤᠨ ᠳᠠᠷᠤᠭᠠᠰᠤ ᠶᠢ ᠬᠥᠩᠭᠡᠷᠡᠭᠦᠯᠪᠡ᠃ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠪᠡ᠃ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 3700 ᠭᠠᠷᠤᠢ ᠲᠦᠮᠡᠨ ᠰᠤᠷᠤᠬᠴᠢ ᠳᠤ ᠠᠰᠢᠭ ᠬᠦᠷᠲᠡᠭᠡᠪᠡ᠃ ᠪᠠᠭᠰᠢ ᠢᠯᠠᠩᠭᠤᠶ᠎ᠠ ᠬᠥᠳᠡᠭᠡ | ᠲᠣᠰᠬᠤᠨ ᠤ ᠪᠠᠭᠰᠢ ᠶᠢᠨ ᠴᠠᠯᠢᠩ ᠬᠠᠷᠠᠭᠠᠯᠵᠠᠯ ᠢ ᠪᠠᠲᠤᠯᠠᠪᠠ᠃ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠤᠷᠮ᠎ᠠ ᠶᠢ 90% ᠠᠴᠠ ᠳᠡᠭᠡᠭᠰᠢ | ᠪᠤᠯᠳᠠᠯ᠎ᠠ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠭᠦ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ | ᠪᠦᠭᠦ ᠨᠣᠷᠮ᠎ᠠ ᠶᠢ 45.7% ᠪᠠᠶᠢᠭᠰᠠᠨ ᠠᠴᠠ 59.6% ᠪᠤᠯᠳᠡᠯ᠎ᠠ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠭᠦ ᠳᠤ ᠳᠤᠮᠳᠠ | ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠡᠶᠢᠯᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ | ᠠᠵᠤ ᠠᠮᠢᠳᠤᠷᠠᠯ ᠨᠢ ᠬᠦᠴᠢᠷᠲᠡᠢ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠭᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ︽ᠰᠠᠭᠤᠷᠢ ᠰᠢᠨᠵᠢᠯᠡᠭᠡᠨ ᠤ ᠰᠠᠯᠠᠭ᠎ᠠ ᠶᠢ ᠴᠢᠩᠭᠠᠳᠬᠠᠬᠤ ᠲᠥᠯᠥᠪᠯᠡᠭᠡ︾ ᠪᠣᠯᠣᠨ ᠰᠠᠭᠤᠷᠢ ᠰᠢᠨᠵᠢᠯᠡᠭᠡᠨ ᠤ | ᠰᠠᠯᠠᠭᠠᠨ ᠤ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ | ᠰᠤᠷᠤᠬᠴᠢᠳ ᠢ ᠬᠥᠮᠥᠵᠢᠭᠦᠯᠬᠦ ᠰᠠᠭᠤᠷᠢᠨ ᠭᠠᠵᠠᠷ ᠢ 288 ᠪᠠᠶᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠲᠡᠷᠢᠭᠦᠨ ᠵᠡᠷᠭᠡ ᠶᠢᠨ | ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠴᠢᠳᠠᠪᠤᠷᠢᠲᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ | ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ | ᠠᠬᠢᠭᠤᠯᠤᠨ ᠴᠢᠷᠮᠠᠶᠢᠨ ᠲᠦᠭᠡᠮᠡᠯᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ | ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠪᠦᠭᠦ ᠠᠷᠠᠳ ᠲᠤ ᠬᠠᠩᠭᠠᠵᠤ᠂ ᠣᠯᠠᠨ ᠲᠦᠮᠡᠨ ᠤ ᠡᠪᠡᠳᠴᠢᠨ | ᠦᠵᠡᠭᠦᠯᠭᠦ ᠳᠤ ᠬᠦᠴᠢᠷᠲᠡᠢ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ᠃ ᠡᠮᠨᠡᠯᠭᠡ ᠶᠢᠨ ᠦᠨᠳᠦᠰᠦᠨ | ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 450 ᠲᠥᠭᠦᠷᠢᠭ ᠪᠠᠶᠢᠭᠰᠠᠨ ᠠᠴᠠ 610 | ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠣᠯᠠᠨ ᠲᠦᠮᠡᠨ ᠤ ᠪᠠᠴᠢᠮ ᠬᠡᠷᠡᠭᠰᠡᠬᠦ ᠨᠠᠩ ᠣᠯᠠᠨ ᠡᠮ ᠤᠨ ᠵᠦᠢᠯ ᠢ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠪᠠ᠃ ᠡᠮᠨᠡᠯᠭᠡ ᠳᠤ ᠰᠠᠭᠤᠭᠰᠠᠨ ᠵᠠᠷᠤᠳᠠᠯ ᠪᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ | ᠪᠤᠯᠭᠠᠵᠥ᠂ ᠠᠰᠢᠭ ᠬᠦᠷᠲᠡᠭᠡᠭᠰᠡᠨ ᠬᠡᠮᠵᠢᠶ᠎ᠡ 5700 ᠭᠠᠷᠤᠢ ᠲᠦᠮᠡᠨ ᠬᠥᠮᠥᠨ ᠤᠳᠠᠭ᠎ᠠ ᠳᠤ ᠭᠦᠷᠪᠡ᠃ ᠡᠮ ᠤᠨ ᠵᠦᠢᠯ ᠪᠠ ᠡᠮᠨᠡᠯᠭᠡ ᠶᠢᠨ ᠬᠡᠷᠡᠭᠯᠡᠭᠡᠨ ᠤ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ | ᠬᠡᠮᠵᠢᠶ᠎ᠡ 4000 ᠳ᠋ᠦᠩᠰᠢᠭᠤᠷ ᠲᠥᠭᠦᠷᠢᠭ ᠠᠴᠠ ᠬᠡᠲᠦᠷᠡᠪᠡ᠃ ᠤᠯᠤᠰ ᠤᠨ ᠠᠨᠠᠭᠠᠬᠤ ᠤᠬᠠᠭᠠᠨ ᠤ ᠲᠥᠪ ᠢ 13 ᠪᠠᠶᠢᠭᠤᠯᠵᠤ᠂ ᠤᠯᠤᠰ ᠤᠨ ᠣᠷᠣᠨ ᠪᠦᠰᠡ | ᠶᠢᠨ ᠡᠮᠨᠡᠯᠭᠡ ᠶᠢᠨ ᠲᠥᠪ ᠢ 76 ᠪᠠᠶᠢᠷᠢᠯᠠᠭᠤᠯᠤᠨ ᠪᠦᠲᠦᠭᠡᠨ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠶᠠᠨ ᠤ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ ᠰᠢᠰᠲ᠋ᠧᠮ ᠢ ᠲᠡᠭᠦᠯᠳᠡᠷᠵᠢᠭᠦᠯᠪᠡ᠃ ᠨᠠᠰᠤᠲᠠᠶᠢᠴᠤᠳ ᠵᠡᠷᠭᠡ ᠬᠠᠮᠲᠤᠯᠢᠭ ᠤᠨ ᠡᠪᠡᠳᠴᠢᠨ ᠦᠵᠡᠭᠦᠯᠭᠦ | ᠳᠤ ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠪᠠ ᠠᠷᠠᠳ | ᠤᠨ ᠠᠮᠢᠳᠤᠷᠠᠯ ᠳᠤ ᠠᠰᠢᠭ ᠲᠤᠰᠠ ᠬᠦᠷᠲᠡᠭᠡᠬᠦ ᠶᠢ ᠠᠬᠢᠭᠤᠯᠪᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ | ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 50 ᠲᠥᠭᠦᠷᠢᠭ ᠪᠠᠶᠢᠭᠰᠠᠨ ᠠᠴᠠ 84 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ | ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠨ᠂ ᠬᠦᠨᠳᠦ ᠶᠡᠭᠡ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠪᠠ᠃ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ | ᠶᠢ ᠪᠠᠶᠢᠭᠤᠯᠵᠤ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠴᠢᠷᠮᠠᠶᠢᠨ ᠪᠠᠲᠤᠯᠠᠪᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠪᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ | ᠲᠥᠪ ᠠᠴᠠ ᠲᠣᠬᠢᠷᠠᠭᠤᠯᠬᠤ ᠳᠦᠷᠢᠮ ᠢ ᠪᠠᠶᠢᠭᠤᠯᠵᠤ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ | ᠦᠷᠭᠦᠯᠵᠢᠯᠡᠨ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠬᠠᠮᠤᠭ ᠳᠣᠣᠷ᠎ᠠ | ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠠᠷᠠᠭᠠᠯᠵᠠᠯ ᠠᠰᠠᠷᠠᠮᠵᠢ᠂ ᠠᠵᠢᠯ ᠠᠯᠳᠠᠭᠰᠠᠨ ᠪᠠ | ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠵᠤ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠨᠠᠰᠤᠲᠠᠨ ᠢ | ᠨᠡᠶᠢᠭᠡᠮ ᠲᠣᠭᠤᠷᠢᠭ ᠲᠤ ᠪᠠ ᠭᠡᠷ ᠲᠤᠨᠢ ᠠᠰᠠᠷᠠᠬᠤ ᠦᠢᠯᠡᠴᠢᠯᠡᠭᠡ ᠶᠢ ᠬᠥᠭᠵᠢᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭᠠᠳ ᠦᠭᠡᠢ ᠲᠥᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠰᠦᠢᠳᠬᠡᠯ᠂ ᠬᠡᠷᠡᠭᠯᠡᠬᠦ ᠭᠡᠷ ᠪᠠᠶᠢᠰᠢᠩ᠂ ᠤᠰᠤ ᠴᠠᠭᠢᠯᠭᠠᠨ ᠬᠡᠢ ᠶᠢᠨ ᠦᠨ᠎ᠡ ᠬᠠᠩᠰᠢ ᠵᠡᠷᠭᠡ ᠲᠠᠯ᠎ᠠ | ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ᠃ ᠡᠮᠨᠡᠭᠦ ᠪᠠ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ ᠰᠤᠪᠢᠯᠠᠯᠲᠠ | ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ | ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠴᠡᠷᠢᠭ ᠤᠨ ᠠᠯᠪᠠ ᠠᠴᠠ ᠪᠠᠭᠤᠭᠰᠠᠳ ᠤᠨ ᠬᠠᠮᠢᠶᠠᠷᠤᠯᠲᠠ ᠪᠠ ᠪᠠᠲᠤᠯᠠᠭ᠎ᠠ ᠶᠢᠨ | ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠪᠡ᠃ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠪᠠ᠃ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠪᠡ᠃ ᠵᠡᠮᠳᠡᠭᠴᠦᠳ ᠢ ᠪᠠᠲᠤᠯᠠᠬᠤ ᠪᠠ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ | ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠬᠦᠴᠢᠷᠳᠡᠯ ᠳᠤ ᠤᠴᠠᠷᠠᠭᠰᠠᠨ ᠬᠥᠮᠥᠰ ᠢ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ ᠵᠢᠯ ᠪᠦᠷᠢ | ᠳᠤᠮᠳᠠᠴᠢ ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠲᠣᠣᠷ ᠢ ᠡᠷᠡᠰ ᠪᠠᠲᠤ ᠰᠦᠯᠵᠢᠨ ᠪᠠᠬᠢᠯᠡᠪᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠪᠣᠶᠢᠵᠢᠭᠤᠯᠤᠨ ᠦᠢᠯᠡᠳᠦᠯᠭᠡᠵᠢᠭᠦᠯᠪᠡ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠪᠡ᠃ ᠰᠣᠨᠢᠨ | ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠳᠠᠩᠰᠠ | ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ | ᠯᠠᠪᠳᠠᠭᠤᠨ ᠪᠠᠲᠤᠲᠠᠢ ᠠᠬᠢᠭᠤᠯᠪᠠ᠃ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠢᠨᠲ᠋ᠧᠷ ᠰᠦᠯᠵᠢᠶᠡᠨ ᠤ | ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠪᠡ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ | ᠴᠢᠩᠭᠠᠳᠬᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠢ᠂ ᠤᠷᠠᠨ | ᠵᠢᠷᠤᠭ ᠤᠨ ᠣᠷᠳᠣᠨ᠂ ᠰᠣᠶᠣᠯ ᠤᠨ ᠣᠷᠳᠣᠨ ᠥᠷᠲᠡᠭᠡ ᠶᠢ ᠨᠡᠶᠢᠭᠡᠮ ᠨᠠᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠪᠡ᠃ ᠠᠷᠠᠳ ᠨᠠᠶᠢᠳᠡ ᠪᠠᠷ ᠢᠶᠠᠨ | ᠨᠣᠮ ᠤᠩᠰᠢᠬᠤ ᠶᠢ ᠭᠦᠨᠵᠡᠭᠡᠢ ᠠᠬᠢᠭᠤᠯᠪᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠪᠡ᠃ ᠤᠯᠤᠰ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠲᠠᠮᠢᠷᠴᠢᠳ ᠡᠷᠡᠯᠬᠡᠭᠯᠡᠨ ᠴᠢᠷᠮᠠᠶᠢᠵᠤ ᠰᠢᠯᠢᠳᠡᠭ ᠬᠢᠷᠢ ᠪᠦᠳᠦᠮᠵᠢ ᠣᠯᠵᠤ᠂ ᠠᠷᠠᠳ | ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | ︵ᠠᠷᠪᠠ︶ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠭᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠨᠡᠩ ᠰᠠᠶᠢᠨ ᠶᠠᠪᠤᠭᠳᠠᠭᠤᠯᠪᠠ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠶᠡᠭᠡ ᠶᠣᠰᠣ ᠶᠢ ᠲᠦᠮᠡᠨ ᠤ ᠲᠥᠯᠥᠭᠡ ᠪᠤᠯᠭᠠᠵᠤ᠂ ᠬᠠᠤᠯᠢ ᠶᠢ ᠴᠢᠩᠭ᠎ᠠ ᠵᠢᠷᠦᠮᠵᠢᠭᠤᠨ ᠭᠤᠤᠯᠴᠢ | ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠷᠬᠡ ᠶᠢ ᠠᠷᠠᠳ ᠲᠦᠮᠡᠨ ᠣᠯᠭᠤᠭᠰᠠᠨ ᠪᠣᠯᠬᠤᠷ᠂ ᠡᠷᠬᠡ ᠠᠳᠬᠤᠭᠠᠳ ᠳᠤᠷ᠎ᠠ ᠪᠠᠷ ᠢᠶᠠᠨ ᠪᠠᠶᠢᠵᠤ | ᠪᠤᠯᠬᠤ ᠦᠭᠡᠢ᠂ ᠡᠷᠬᠡ ᠬᠡᠷᠡᠭᠯᠡᠬᠦ ᠳᠡᠭᠡᠨ ᠡᠷᠬᠡᠪᠰᠢ ᠬᠢᠨᠠᠯᠲᠠ ᠬᠦᠯᠢᠶᠡᠬᠦ ᠬᠡᠷᠡᠭᠲᠡᠢ ᠪᠠᠶᠢᠬᠤ ᠶᠢ ᠬᠡᠷᠡᠭᠵᠢᠭᠦᠯᠪᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ | ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 50 | ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 180 ᠬᠤᠪᠢ | ᠤᠳᠠᠭ᠎ᠠ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠨᠡᠶᠢᠳᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ | ᠬᠢᠨᠠᠨ ᠪᠣᠳᠣᠯᠲᠠ ᠶᠢᠨ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠪᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ | ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ | ᠳᠡᠮᠵᠢᠪᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠪᠡ᠃ ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠪᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠭᠦᠭᠵᠢᠭᠦ ᠶᠢ ᠲᠡᠮᠵᠢᠪᠡ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠭᠦᠨᠵᠡᠭᠡᠢ | ᠠᠬᠢᠭᠤᠯᠪᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠪᠡ᠃ ᠢᠳᠡᠭᠡᠨ ᠤ ᠵᠦᠢᠯ᠂ ᠡᠮ ᠤᠨ ᠵᠦᠢᠯ ᠢᠯᠠᠩᠭᠤᠶ᠎ᠠ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠠᠶᠤᠯ ᠦᠭᠡᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠥᠭᠡᠷᠡᠴᠢᠯᠡᠨ ᠴᠢᠩᠭᠠᠳᠬᠠᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ | ᠰᠢᠭᠤᠢ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠶᠢᠨ ᠰᠡᠷᠭᠡᠶᠢᠯᠡᠯᠲᠡ ᠪᠠ ᠴᠠᠭ ᠠᠭᠤᠷ ᠤᠨ ᠦᠢᠯᠡᠴᠢᠯᠡᠭᠡ ᠶᠢ | ᠰᠠᠶᠢᠲᠤᠷ ᠬᠢᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠰᠦᠯᠵᠢᠶ᠎ᠡ᠂ ᠳ᠋ᠠᠶᠢᠲ᠋ᠠ ᠶᠢᠨ | ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠵᠦ᠂ ᠬᠠᠷ᠎ᠠ ᠬᠠᠷᠭᠢᠰ ᠬᠦᠴᠦᠨ ᠵᠢᠴᠢ ︽ᠥᠮᠥᠭ ᠬᠠᠯᠬᠠᠪᠴᠢ︾ ᠶᠢ ᠨᠢ ᠬᠠᠤᠯᠢ ᠶᠣᠰᠣᠭᠠᠷ | ᠴᠢᠩᠭ᠎ᠠ ᠰᠢᠢᠳᠬᠡᠵᠦ᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ | ᠪᠣᠯᠪᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠯᠭᠤᠷ ᠵᠣᠷᠢᠯᠲᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ | ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠨ ᠬᠠᠰᠤᠪᠠ᠃ ᠲᠣᠭᠲᠠᠭᠠᠯ ᠠᠴᠠ ᠵᠥᠷᠢᠴᠡᠨ | ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠤᠭᠰᠠᠨ ᠪᠠ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ | ᠰᠢᠢᠳᠬᠡᠪᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ | ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠳᠥᠲᠡ ᠵᠠᠮ ᠭᠡᠵᠦ ᠪᠠᠶᠢᠳᠠᠭ ᠦᠭᠡᠢ᠂ ᠪᠣᠳᠠᠲᠠᠢ ᠪᠠᠷ ᠠᠵᠢᠯᠯᠠᠬᠤ ᠨᠢ ᠮᠠᠰᠢ | ᠴᠢᠬᠤᠯᠠ ᠶᠤᠮ᠃ ᠲᠠᠪᠤᠨ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠪᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠦᠴᠢᠷ ᠲᠦᠪᠡᠭ ᠠᠴᠠ ᠦᠯᠦ ᠡᠮᠢᠶᠡᠨ᠂ ᠠᠵᠢᠯ ᠶᠠᠪᠤᠳᠠᠯ ᠪᠦᠲᠦᠭᠡᠬᠦ ᠳᠡᠭᠡᠨ ᠭᠠᠴᠢᠭ | ᠪᠡᠷᠬᠡᠰᠢᠶᠡᠯ ᠠᠴᠠ ᠦᠯᠦ ᠳᠠᠯᠳᠢᠷᠠᠵᠤ᠂ ᠪᠣᠳᠠᠲᠠᠢ ᠠᠵᠢᠯᠯᠠᠬᠤ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠱᠠᠭᠠᠷᠳᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠲᠥᠪᠯᠡᠷᠡᠭᠦᠯᠦᠨ ᠬᠥᠭᠵᠢᠯᠲᠡ ᠶᠢ ᠠᠳᠬᠤᠪᠠ︔ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠬᠠᠨᠳᠤᠰᠢ ᠪᠤᠯᠭᠠᠵᠤ᠂ ᠠᠷᠠᠳ ᠲᠦᠮᠡᠨ ᠢ | ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠯᠢᠪᠠ ᠪᠦᠭᠦᠨ ᠳᠤ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠴᠤ᠂ ᠤᠯᠠᠨ ᠲᠦᠮᠡᠨ ᠤ ᠵᠣᠪᠠᠯ ᠵᠢᠷᠭᠠᠯ ᠢ ᠭᠦᠨᠵᠡᠭᠡᠢ ᠣᠶᠢᠯᠠᠭᠠᠵᠤ᠂ ᠠᠷᠠᠳ ᠤᠯᠠᠨ ᠤ | ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠤᠰᠤᠳᠴᠢ | ᠵᠢᠮ᠎ᠡ ᠶᠣᠰᠣ ᠶᠢ ᠬᠦᠨᠳᠦᠳᠬᠡᠨ᠂ ᠬᠡᠢ ᠬᠤᠭᠤᠰᠤᠨ ᠶᠠᠷᠢᠵᠤ ᠣᠩᠭᠢᠷᠠᠬᠤ᠂ ᠥᠩᠭᠡᠪᠴᠢ ᠠᠵᠢᠯ ᠬᠢᠬᠦ᠂ ᠳᠦᠷᠢ ᠲᠥᠷᠬᠦ ᠶᠢᠨ ᠢᠨᠵᠧᠨᠧᠷᠢᠩ ᠬᠢᠬᠦ ᠴᠢᠨᠠᠭᠰᠢᠯᠠᠪᠠᠯ | ᠰᠣᠬᠤᠷ ᠪᠠᠯᠠᠢ ᠪᠠᠷ ᠠᠵᠢᠯᠯᠠᠬᠤ ᠶᠢ ᠡᠷᠡᠰ ᠡᠰᠡᠷᠭᠦᠴᠡᠪᠡ︔ ᠥᠭᠡᠷᠡᠴᠢᠯᠡᠯᠲᠡ ᠶᠢᠨ ᠠᠷᠭ᠎ᠠ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠵᠠᠰᠠᠭ ᠤᠨ | ᠠᠵᠢᠯ ᠳᠤ ᠦᠬᠡᠨᠴᠡ ᠵᠠᠯᠬᠠᠭᠤ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠪᠡ᠃ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ | ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠤᠯᠠᠮ ᠠᠴᠠ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃ | | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠳᠤ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ ᠵᠡᠷᠭᠡ ᠶᠢᠨ ᠠᠵᠢᠯ ᠢ ᠰᠢᠨ᠎ᠡ ᠶᠢ ᠡᠭᠦᠳᠦᠨ | ᠲᠡᠭᠦᠯᠳᠡᠷᠵᠢᠭᠦᠯᠪᠡ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ | ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠪᠠᠶᠢᠳᠠᠯ ᠢᠯᠡᠷᠡᠪᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠡ ᠶᠢ ᠠᠯᠬᠤᠮ ᠠᠯᠬᠤᠮ ᠢᠶᠠᠷ | ᠭᠦᠨᠵᠡᠭᠡᠶᠢᠷᠡᠭᠦᠯᠬᠦ ᠶᠢ ᠠᠬᠢᠭᠤᠯᠪᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ | ᠳᠡᠭᠦᠦ ᠨᠠᠷ ᠤᠨ ᠡᠬᠡ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠠᠪᠤᠴᠠ ᠳᠠᠬᠢ ᠥᠪᠡᠷᠮᠢᠴᠡ ᠳᠠᠪᠠᠭᠤᠯᠢᠭ ᠪᠠ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠪᠠ᠃ | ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠠᠶᠢᠭᠤᠯᠤᠯᠲᠠ ᠠᠯᠢ ᠤᠯᠠᠨ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠶᠢ ᠣᠯᠵᠤ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ᠃ | ᠠᠷᠠᠳ ᠤᠨ ᠴᠡᠷᠢᠭ ᠠᠩᠭᠢ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠭᠦᠨᠵᠡᠭᠡᠢ ᠠᠬᠢᠭᠤᠯᠵᠤ᠂ ᠴᠡᠷᠢᠭ | ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠭᠦᠨᠵᠡᠭᠡᠢ ᠠᠬᠢᠭᠤᠯᠤᠨ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠ ᠪᠣᠳᠠᠲᠤ ᠪᠠᠶᠢᠯᠳᠤᠭᠠᠨ ᠤ ᠴᠢᠳᠠᠪᠤᠷᠢ ᠨᠢ | ᠢᠯᠡᠳᠲᠡ ᠳᠡᠭᠡᠭᠰᠢᠯᠡᠪᠡ᠃ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ | ᠬᠢᠬᠦ᠂ ᠳᠠᠯᠠᠶ ᠳᠡᠭᠡᠷᠡᠬᠢ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠠᠴᠠ ᠠᠪᠤᠷᠠᠵᠤ ᠭᠠᠮᠰᠢᠭ ᠠᠴᠠ | ᠲᠡᠩᠬᠡᠷᠡᠭᠦᠯᠬᠦ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ ᠬᠠᠮᠠᠭᠠᠯᠠᠵᠤ ᠠᠶᠠᠯᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠶ | ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠬᠦᠴᠦᠲᠡᠢ ᠬᠠᠮᠠᠭᠠᠯᠠᠪᠠ᠃ | ᠰᠢᠶᠠᠩᠭᠠᠩ ᠣᠣᠮᠧᠨ ᠲᠠᠶᠢᠸᠠᠨ ᠤ ᠠᠵᠢᠯ ᠰᠢᠨ᠎ᠡ ᠠᠬᠢᠴᠠ ᠲᠠᠢ ᠪᠣᠯᠪᠠ᠃ ᠦᠨᠳᠦᠰᠦᠨ ᠬᠠᠤᠯᠢ ᠪᠣᠯᠣᠨ ᠭᠤᠣᠯ ᠬᠠᠤᠯᠢ ᠶᠢᠨ ᠶᠣᠰᠣᠭᠠᠷ ᠵᠠᠰᠠᠭ | ᠵᠠᠬᠢᠷᠭᠠᠨ ᠤ ᠣᠨᠴᠠᠭᠠᠶ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ ᠪᠦᠲᠦᠮᠵᠢᠲᠡᠶ ᠬᠡᠷᠡᠭᠵᠢᠭᠦᠯᠵᠦ᠂ ᠰᠢᠶᠠᠩᠭᠠᠩ ᠤᠨ ᠵᠠᠰᠠᠭ ᠵᠠᠬᠢᠷᠭᠠᠨ ᠤ | ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ | ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠭᠠᠳ᠂ ᠰᠢᠶᠠᠩᠭᠠᠩ ᠤᠨ ᠰᠠᠮᠠᠭᠤᠷᠠᠯ ᠠᠴᠠ | ᠵᠠᠰᠠᠯᠲᠠ ᠳᠤ ᠭᠦᠷᠦᠭᠰᠡᠨ ᠠᠴᠠ ᠪᠠᠨ ᠵᠠᠰᠠᠯᠲᠠ ᠠᠴᠠ ᠪᠠᠳᠠᠷᠠᠯ ᠳᠤ ᠬᠦᠷᠬᠦ ᠰᠢᠨ᠎ᠡ ᠱᠠᠲᠤ ᠦᠶ᠎ᠡ ᠳᠤ ᠣᠷᠣᠬᠤ ᠶᠢ ᠠᠬᠢᠭᠤᠯᠪᠠ᠃ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠲᠡᠮᠵᠢᠪᠡ᠃ ᠰᠢᠨ᠎ᠡ ᠴᠠᠭ | ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠬᠠᠭᠠᠴᠠᠭᠤᠯᠬᠤ ᠶᠢ ᠡᠰᠡᠷᠭᠦᠴᠡᠬᠦ᠂ ᠭᠠᠷ | ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ | ᠭᠦᠭᠵᠢᠭᠦ ᠶᠢ ᠦᠷᠭᠦᠯᠵᠢᠯᠡᠨ ᠠᠬᠢᠭᠤᠯᠪᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ | ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠳᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ | ᠭᠡᠯᠪᠡᠷᠢ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠳᠡᠭᠡᠳᠦ ᠳᠡᠰ ᠤᠨ ᠬᠤᠷᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ | ᠤᠳᠤᠷᠢᠳᠬᠤ ᠬᠥᠮᠥᠰ ᠤᠨ ᠰᠢᠷᠢᠰ ᠬᠤᠷᠠᠯ᠂ ᠳᠤᠮᠳᠠᠳᠤ ᠡᠸᠦ᠋ᠷᠦᠫᠡ ᠶᠢᠨ ᠤᠳᠤᠷᠢᠳᠬᠤ ᠬᠥᠮᠥᠰ ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠭᠡ | ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠩᠳᠣᠣ ᠳᠠᠬᠢ | ᠲᠦᠷᠦᠭᠦᠴᠦᠳ ᠤᠨ ᠬᠤᠷᠠᠯ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ | ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ | ᠲᠠᠪᠴᠠᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠡᠷᠭᠡ ᠤᠯᠠᠨ ᠤᠳᠠᠭᠠᠨ ᠤ | ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠵᠣᠷᠢᠭᠲᠠᠢ ᠪᠠᠷ ᠲᠡᠮᠡᠴᠡᠯ ᠬᠢᠬᠦ᠂ ᠴᠢᠳᠠᠮᠠᠭᠠᠢ ᠪᠠᠷ | ᠲᠡᠮᠡᠴᠡᠯ ᠬᠢᠬᠦ ᠶᠢ ᠪᠠᠷᠢᠮᠲᠠᠯᠠᠵᠤ᠂ ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ ᠪᠦᠭᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠪᠠᠷ | ᠴᠢᠷᠮᠠᠶᠢᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ | ᠳᠤᠮᠳᠠᠳᠤ ᠤᠯᠤᠰ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠬᠤ | ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠪᠣᠯᠣᠨ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠬᠤᠯᠠ ᠪᠦᠲᠦᠭᠡᠯᠴᠢ ᠴᠢᠨᠠᠷᠲᠠᠢ | ᠦᠢᠯᠡᠳᠦᠯ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠠ᠋︕ | ᠡᠳᠡᠭᠡᠷ ᠵᠢᠯ ᠤᠳ ᠲᠤ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ | ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ | ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ | ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠣᠯᠣᠨ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ | ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠥᠭᠵᠢᠯᠲᠡ ᠶᠢᠨ ᠠᠮᠵᠢᠯᠲᠠ ᠪᠦᠳᠦᠮᠵᠢ ᠶᠢ ᠣᠯᠵᠤ ᠬᠠᠷᠠᠬᠤ ᠶᠢᠨ ᠬᠠᠮᠲᠤ ᠪᠢᠳᠡ ᠪᠠᠰᠠ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ | ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ | ᠮᠥᠨ ᠯᠡ ᠲᠣᠪᠣᠶᠢᠮ᠎ᠠ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠪᠠ᠃ ᠣᠳᠣᠬᠠᠨ ᠤ ᠬᠥᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭᠠᠯᠲᠠ | ᠲᠤᠯᠭᠠᠷᠠᠵᠤ ᠪᠠᠶᠢᠨ᠎ᠠ᠃ ᠭᠠᠳᠠᠭᠠᠳᠤ ᠣᠷᠴᠢᠨ ᠨᠥᠬᠦᠴᠡᠯ ᠤᠨ ᠮᠠᠭᠠᠳ ᠪᠤᠰᠤ ᠴᠢᠨᠠᠷ ᠶᠡᠬᠡᠰᠴᠦ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠪᠠᠶᠢᠳᠠᠯ ᠮᠥᠨ | ᠬᠡᠴᠡᠭᠦᠦ ᠪᠠᠶᠢᠵᠤ᠂ ᠳᠡᠯᠡᠬᠡᠢ ᠶᠢᠨ ᠠᠵᠤ ᠠᠬᠤᠢ ᠪᠣᠯᠣᠨ ᠠᠷᠠᠯᠵᠢᠶᠠᠨ ᠤ ᠨᠡᠮᠡᠭᠳᠡᠯ ᠤᠨ ᠬᠥᠳᠡᠯᠭᠡᠭᠴᠢ ᠡᠨᠧᠷᠭᠢ ᠪᠠᠭᠤᠷᠠᠵᠤ᠂ ᠭᠠᠳᠠᠨ᠎ᠠ ᠠᠴᠠ ᠢᠷᠡᠬᠦ ᠳᠠᠷᠤᠯᠲᠠ | ᠬᠤᠷᠢᠭᠯᠠᠯᠲᠠ ᠲᠠᠰᠤᠷᠠᠯᠳᠠ ᠦᠭᠡᠢ ᠰᠢᠷᠦᠭᠦᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠨᠡᠮᠡᠭᠳᠡᠯ ᠤᠨ ᠲᠣᠭᠲᠠᠪᠤᠷᠢᠵᠢᠨ ᠰᠠᠶᠢᠵᠢᠷᠠᠬᠤ | ᠰᠠᠭᠤᠷᠢ ᠶᠢ ᠪᠠᠰᠠ ᠪᠠᠲᠤᠳᠬᠠᠬᠤ ᠴᠢᠬᠤᠯᠠᠲᠠᠢ ᠪᠠᠶᠢᠵᠤ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠨᠢ ᠮᠥᠨ ᠬᠦ ᠲᠣᠪᠣᠶᠢᠮ᠎ᠠ ᠵᠥᠷᠢᠴᠡᠯ ᠪᠣᠯᠵᠤ᠂ ᠠᠷᠠᠳ ᠤᠨ | ᠪᠡᠯᠡ ᠣᠷᠣᠭᠤᠯᠤᠯᠲᠠ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠱᠢᠯᠲᠡ ᠲᠣᠭᠲᠠᠭᠤᠨ ᠪᠤᠰᠤ ᠪᠠᠶᠢᠵᠤ᠂ ᠴᠥᠭᠡᠨ ᠪᠤᠰᠤ ᠳᠤᠮᠳᠠ ᠵᠢᠵᠢᠭ ᠪᠢᠴᠢᠯ | ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ᠂ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠡᠭᠦᠷᠭᠡ ᠬᠠᠲᠠᠭᠤ ᠪᠡᠷᠬᠡ ᠪᠣᠯᠵᠤ᠂ ᠵᠠᠷᠢᠮ ᠦᠨᠳᠦᠰᠦᠨ ᠱᠠᠲᠤᠨ ᠤ ᠤᠷᠤᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ ᠪᠠᠶᠢᠨ᠎ᠠ᠃ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ ᠪᠠᠶᠢᠵᠤ᠂ ᠵᠠᠷᠢᠮ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠢᠯᠡᠷᠡᠨ ᠭᠠᠷᠪᠠ᠃ ᠬᠥᠭᠵᠢᠯᠲᠡ ᠳᠤ ᠮᠥᠨ ᠯᠡ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠴᠥᠭᠡᠨ ᠪᠤᠰᠤ | ᠣᠷᠣᠰᠢᠵᠤ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠤᠳᠠ ᠬᠥᠳᠡᠭᠡ ᠶᠢᠨ | ᠰᠠᠭᠤᠷᠢ ᠲᠥᠬᠦᠭᠡᠷᠦᠮᠵᠢ ᠳᠤ ᠮᠥᠨ ᠢᠯᠡᠳᠲᠡ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠴᠥᠭᠡᠨ ᠪᠤᠰᠤ | ᠳᠤᠲᠠᠭᠤᠳᠠᠯ ᠣᠷᠣᠰᠢᠵᠤ ᠪᠠᠶᠢᠨ᠎ᠠ᠃ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠵᠤ᠂ ᠵᠠᠷᠢᠮ ᠭᠠᠵᠠᠷ | ᠣᠷᠣᠨ ᠤ ᠬᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ᠂ ᠱᠠᠲᠤ ᠱᠠᠲᠤ ᠪᠠᠷ ᠨᠥᠬᠦᠴᠡᠯ ᠨᠡᠮᠡᠵᠦ | ᠪᠠᠶᠢᠨ᠎ᠠ᠂ ᠵᠠᠷᠢᠮ ᠺᠠᠳ᠋ᠷ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠭᠦ᠂ ᠳᠥᠭᠦᠮᠴᠢᠯᠡᠬᠦ ᠪᠠᠶᠢᠳᠠᠯ ᠲᠠᠢ ᠪᠠᠶᠢᠵᠤ᠂ ᠪᠣᠳᠠᠲᠤ ᠪᠠᠶᠢᠳᠠᠯ ᠠᠴᠠ ᠰᠠᠯᠤᠩᠭᠢᠷᠠᠬᠤ᠂ | ᠤᠯᠠᠨ ᠲᠦᠮᠡᠨ ᠤ ᠬᠦᠰᠡᠯ ᠰᠠᠨᠠᠭ᠎ᠠ ᠠᠴᠠ ᠲᠡᠷᠰᠯᠡᠬᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠬᠤ ᠵᠡᠷᠭᠡ ᠠᠰᠠᠭᠤᠳᠠᠯ ᠣᠷᠣᠰᠢᠵᠤ | ᠪᠠᠶᠢᠨ᠎ᠠ᠃ ᠵᠠᠷᠢᠮ ᠬᠦᠷᠢᠶ᠎ᠡ᠂ ᠠᠵᠢᠯ ᠲᠦᠷᠦᠯ᠂ ᠣᠷᠣᠨ ᠨᠤᠲᠤᠭ ᠲᠤ ᠢᠯᠵᠢᠷᠡᠮᠡᠯ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ᠃ ᠵᠠᠰᠠᠭ ᠤᠨ ᠣᠷᠳᠣᠨ ᠤ | ᠠᠵᠢᠯ ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠶᠢᠬᠤ ᠶᠢ ᠴᠢᠬᠤᠯᠠᠴᠢᠯᠠᠨ ᠦᠵᠡᠬᠦ ᠬᠡᠷᠡᠭᠲᠡᠢ᠃ ᠠᠰᠠᠭᠤᠳᠠᠯ ᠪᠠ ᠰᠢᠯᠭᠠᠯᠲᠠ ᠳᠤ ᠰᠢᠭᠤᠳ | ᠬᠠᠨᠳᠤᠨ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ | ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠳᠡ ᠶᠢᠨ ᠵᠢᠯ ᠮᠥᠨ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ | ᠲᠥᠯᠥᠪᠯᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠪᠴᠢᠯᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ | ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠲᠣᠪᠤᠶᠢᠯᠭᠠᠨ | ᠰᠠᠶᠢᠲᠤᠷ ᠬᠢᠵᠦ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ | ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠭᠢᠯᠡᠯᠲᠡ ᠤᠷᠤᠭᠰᠢᠲᠠᠢ ᠭᠠᠷᠤᠭ᠎ᠠ ᠰᠠᠶᠢᠲᠠᠢ ᠪᠠᠶᠢᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ | 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠣᠷᠴᠢᠮ ᠰᠢᠨ᠎ᠡ ᠪᠠᠷ ᠨᠡᠮᠡᠭᠳᠡᠭᠦᠯᠵᠦ᠂ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ | ᠦᠨᠳᠦᠰᠦᠨ ᠳᠡᠭᠡᠨ ᠵᠢᠭᠳᠡ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ ᠴᠢᠨᠠᠷ ᠢ | ᠨᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ | ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠤᠨ | ᠡᠨᠧᠷᠭᠢ ᠶᠢᠨ ᠬᠤᠷᠣᠭᠳᠠᠭᠤᠯᠤᠯ ᠪᠣᠯᠣᠨ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ | ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ | ᠲᠣᠭᠲᠠᠭᠤᠨ ᠢᠶᠠᠷ ᠰᠠᠶᠢᠵᠢᠷᠠᠭᠤᠯᠤᠨ᠎ᠠ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠨ᠂ | ᠪᠠᠶᠢᠯᠳᠤᠬᠤ ᠪᠣᠳᠣᠯᠭ᠎ᠠ ᠶᠢᠨ ᠳᠤᠭᠢᠶᠠᠯ ᠪᠣᠯᠣᠨ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ | ᠵᠦᠢᠯ ᠤᠳ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ ᠬᠠᠨᠳᠤᠯᠭᠠᠲᠤ ᠴᠢᠨᠠᠷ ᠢ | ᠪᠠᠲᠤᠯᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ | ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠤᠨ᠎ᠠ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠭᠠᠶᠢᠯᠢ ᠪᠤᠴᠠᠭᠠᠬᠤ | ᠭᠠᠶᠢᠯᠢ ᠬᠤᠶᠢᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠦᠷᠭᠦᠯᠵᠢᠯᠡᠭᠦᠯᠬᠦ ᠶᠣᠰᠣᠲᠠᠢ ᠶᠢ ᠨᠢ ᠦᠷᠭᠦᠯᠵᠢᠯᠡᠭᠦᠯᠵᠦ᠂ ᠰᠢᠯᠢᠳᠡᠭᠵᠢᠭᠦᠯᠬᠦ ᠴᠢᠬᠤᠯᠠᠲᠠᠢ ᠶᠢ ᠨᠢ | ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠰᠠᠶᠢᠲᠤᠷ ᠬᠢᠨ᠎ᠡ᠃ ᠵᠣᠭᠤᠰᠤᠨ ᠤ ᠯᠠᠪᠳᠠᠭᠤᠨ ᠲᠦᠷᠦ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠨ᠎ᠠ᠃ ᠳᠡᠯᠭᠡᠷᠡᠩᠭᠦᠢ ᠤᠳᠬ᠎ᠠ ᠶᠢᠨ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ | ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ | ᠵᠣᠬᠢᠴᠠᠯᠳᠤᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ | ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠠᠵᠤ ᠦᠢᠯᠡᠰ ᠤᠨ ᠲᠦᠷᠦ ᠶᠢᠨ | ᠪᠣᠳᠣᠯᠭ᠎ᠠ ᠳᠤ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠭᠦ ᠶᠢ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠬᠦᠴᠦᠯᠡᠨ ᠨᠥᠬᠦᠪᠦᠷᠢᠯᠡᠵᠦ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠳᠤ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠬᠦ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠶᠢ ᠪᠠᠷᠢᠮᠲᠠᠯᠠᠨ᠎ᠠ | ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ | ᠳᠤᠮᠳᠠᠬᠢ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠭᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠡᠮᠵᠢᠭᠦ ᠪᠠ ᠲᠤᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠢᠴᠢ | ᠪᠦᠯᠭᠦᠮ ᠨᠡᠶᠢᠳᠠ ᠶᠢ ᠬᠥᠮᠥᠵᠢᠭᠦᠯᠬᠦ ᠶᠢ ᠳᠡᠮᠵᠢᠭᠦ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠲᠦᠷᠦ ᠶᠢᠨ ᠪᠣᠳᠣᠯᠭ᠎ᠠ ᠳᠤ ᠠᠷᠠᠳ ᠤᠨ ᠠᠮᠢᠳᠤᠷᠠᠯ ᠢ ᠪᠠᠲᠤᠯᠠᠬᠤ | ᠬᠢᠵᠠᠭᠠᠷ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠣᠳᠠᠲᠠᠢ ᠪᠥᠭᠡᠳ ᠨᠠᠷᠢᠯᠢᠭ | ᠨᠠᠶᠢᠳᠠᠪᠤᠷᠢᠵᠢᠭᠤᠯᠤᠨ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠣᠶᠢᠮ᠎ᠠ | ᠪᠠᠶᠢᠷᠢᠨ ᠳᠤ ᠲᠠᠯᠪᠢᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ | ᠣᠳᠣᠬᠠᠨ ᠳᠤ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠨᠢᠭᠡᠨᠲᠡ ︽ᠬᠥᠬᠡᠭᠴᠢᠨ | ᠲᠥᠷᠥᠯ ᠬᠥᠬᠡᠭᠴᠢᠨ ᠬᠠᠮᠢᠶᠠᠷᠤᠯᠲᠠ︾ ᠪᠠᠷ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠱᠠᠲᠤᠨ ᠳᠤ ᠣᠷᠣᠪᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠪᠦᠭᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠰᠢᠨᠵᠢᠯᠡᠬᠦ ᠤᠬᠠᠭᠠᠨᠴᠢ᠂ | ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠢᠨ ᠲᠣᠭᠤᠷᠢᠨ ᠳᠤ | ᠨᠠᠰᠤᠲᠠᠶᠢᠴᠤᠳ᠂ ᠬᠡᠦᠬᠡᠳ ᠪᠠᠭᠠᠴᠤᠳ᠂ ᠬᠠᠭᠤᠴᠢᠨ ᠠᠷᠬᠠᠭ ᠲᠠᠢ ᠬᠠᠮᠲᠤᠯᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠮᠨᠡᠨ ᠵᠠᠰᠠᠬᠤ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠸᠠᠺᠼᠢᠨ ᠢ ᠦᠶ᠎ᠡ ᠰᠣᠯᠢᠭᠳᠠᠭᠤᠯᠵᠤ ᠲᠡᠰ | ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢᠯᠡᠳᠭᠦ ᠶᠢ ᠠᠬᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠭᠦ ᠡᠮ ᠬᠡᠷᠡᠭᠯᠡᠬᠦ ᠬᠡᠷᠡᠭᠴᠡᠭᠡ ᠶᠢ ᠦᠨᠡᠨ ᠬᠦ | ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠰᠠᠬᠢᠨ ᠬᠠᠮᠠᠭᠠᠯᠠᠨ᠎ᠠ᠃ | ᠡᠨᠡ ᠵᠢᠯ ᠪᠣᠯ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠵᠢᠯ ᠪᠣᠯᠣᠨ᠎ᠠ᠂ ᠳᠡᠭᠡᠷ᠎ᠡ ᠮᠡᠳᠡᠭᠦᠯᠦᠭᠰᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠤᠯᠡᠨ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠠᠯ᠎ᠠ ᠪᠠᠷ ᠬᠤᠶᠢᠰᠢᠳᠠ ᠪᠠᠰᠠ ᠰᠢᠨᠲᠠᠷᠠᠰᠢ ᠦᠭᠡᠢ ᠴᠢᠷᠮᠠᠶᠢᠬᠤ ᠴᠢᠬᠤᠯᠠᠲᠠᠢ᠂ ᠳᠣᠣᠷ᠎ᠠ ᠬᠡᠳᠦᠨ ᠭᠤᠣᠯᠳᠠᠯᠭ᠎ᠠ ᠶᠢ | ᠲᠣᠪᠴᠢᠯᠠᠨ ᠲᠣᠭᠠᠴᠢᠶ᠎ᠠ᠃ | ︵ᠨᠢᠭᠡ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ | ᠪᠠᠶᠢᠷᠢᠨ ᠳᠤ ᠲᠠᠯᠪᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠮᠠᠰᠢᠨ ᠲᠡᠷᠭᠡ ᠵᠡᠷᠭᠡ ᠶᠢᠨ | ᠪᠥᠭᠡᠮ ᠬᠡᠷᠡᠭᠯᠡᠭᠡ ᠶᠢ ᠲᠣᠭᠲᠠᠭᠤᠨ ᠪᠠᠶᠢᠯᠭᠠᠵᠤ᠂ ᠢᠳᠡᠭᠡᠨ ᠤᠮᠳᠠᠭᠠᠨ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢ ᠰᠡᠷᠭᠦᠭᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠨᠢ ᠪᠦᠭᠦ | ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠵᠤ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ | ᠲᠡᠮᠳᠡᠭᠲᠦ ᠶᠢ 3.8 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ | ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠳᠠᠪᠠᠭᠤᠯᠢᠭ ᠢᠶᠠᠷ ᠢᠶᠠᠨ ᠬᠠᠷᠢᠯᠴᠠᠨ | ᠨᠥᠬᠦᠪᠦᠷᠢᠯᠡᠬᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠬᠢᠵᠢᠭ ᠤᠨ ᠳᠠᠭᠠᠷᠢᠯᠲᠠ ᠨᠡᠯᠢᠶᠡᠳ ᠬᠦᠨᠳᠦ ᠨᠣᠴᠢᠲᠠᠢ ᠭᠠᠵᠠᠷ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠣᠯᠣᠨ | ᠳᠤᠲᠠᠭᠤᠳᠠᠯ ᠢ ᠨᠥᠬᠦᠪᠦᠷᠢᠯᠡᠬᠦ ᠲᠥᠰᠥᠯ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠷᠠᠳ ᠤᠨ ᠬᠥᠷᠥᠩᠭᠡ ᠶᠢ ᠵᠣᠷᠢᠭᠵᠢᠭᠤᠯᠤᠨ ᠲᠡᠳᠡᠨ ᠣᠷᠣᠯᠴᠠᠭᠤᠯᠵᠤ᠂ | ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠬᠥᠭᠵᠢᠭᠡᠬᠦ ᠪᠠᠷ ᠲᠥᠯᠥᠪᠯᠡᠵᠦ ᠪᠠᠶᠢᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠳᠤ ᠦᠵᠡᠭᠦᠯᠭᠦ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ | ᠨᠥᠬᠦᠪᠦᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠭᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ | ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ | ᠬᠠᠮᠲᠤᠳᠬᠠᠨ ᠠᠬᠢᠭᠤᠯᠵᠤ᠂ ᠰᠢᠨ᠎ᠡ ᠶᠢ ᠡᠭᠦᠳᠭᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠴᠢᠬᠤᠯᠠ ᠡᠨᠧᠷᠭᠢ ᠶᠢᠨ ᠰᠤᠷᠪᠤᠯᠵᠢ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠳᠣᠲᠣᠭᠠᠳᠤ ᠳᠠᠭᠠᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ | ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠨ᠎ᠠ᠃ ᠤᠯᠠᠮᠵᠢᠯᠠᠯᠲᠤ ᠠᠵᠤ ᠦᠢᠯᠡᠰ ᠪᠠ ᠳᠤᠮᠳᠠ ᠵᠢᠵᠢᠭ ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠳᠡᠭᠡᠳᠦ ᠲᠡᠰᠴᠢᠯᠡᠯᠲᠡ᠂ ᠣᠶᠤᠨᠴᠢᠯᠠᠯᠲᠠ᠂ ᠨᠣᠭᠤᠭᠠᠨᠵᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠤᠨ᠎ᠠ᠃ ᠥᠨᠳᠥᠷ ᠪᠦᠳᠦᠮᠵᠢᠳᠠᠢ ᠪᠥᠭᠡᠳ ᠰᠠᠭᠠᠳ ᠦᠭᠡᠢ ᠨᠡᠪᠲᠡᠷᠡᠬᠦ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ | ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠲᠠᠪᠴᠠᠩ ᠤᠨ | ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ᠃ | ︵ᠭᠤᠷᠪᠠ︶ ︽ᠬᠤᠶᠠᠷ ᠥᠴᠥᠬᠡᠨ ᠴᠦ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ | ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠤᠯᠪᠣᠭᠳᠠᠯ ᠪᠦᠬᠦᠢ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ | ᠬᠥᠭᠵᠢᠯᠲᠡ ᠶᠢ ᠳᠡᠮᠵᠢᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠡᠯ᠎ᠡ ᠲᠥᠷᠥᠯ ᠤᠨ | ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠨ᠂ ᠮᠥᠴᠡᠭᠡᠷᠬᠡᠨ ᠭᠦᠭᠵᠢᠭᠦ ᠣᠷᠴᠢᠨ ᠨᠥᠬᠦᠴᠡᠯ ᠢ ᠪᠤᠶ ᠪᠣᠯᠭᠠᠨ ᠥᠭᠴᠦ᠂ ᠦᠨᠡᠨ | ᠪᠣᠳᠠᠲᠠᠢ ᠠᠷᠭ᠎ᠠ ᠪᠣᠳᠣᠯᠭ᠎ᠠ ᠪᠠᠷ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠨ᠎ᠡ᠃ | ︵ᠳᠥᠷᠪᠡ︶ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠳᠠᠯᠠᠢ ᠠᠯᠤᠰᠯᠠᠭᠰᠠᠨ | ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵CPTPP︶ ᠵᠡᠷᠭᠡ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠬᠡᠯᠡᠯᠴᠡᠭᠡᠷ ᠲᠤ ᠣᠷᠣᠬᠤ ᠶᠢ | ᠢᠳᠡᠪᠬᠢᠲᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠳᠦᠷᠢᠮᠯᠡᠯ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠲᠠᠢ ᠬᠠᠷᠢᠴᠠᠭᠤᠯᠤᠨ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ᠂ ᠡᠯ᠎ᠡ | ᠲᠥᠰᠥᠯ ᠤᠨ ᠨᠡᠭᠡᠭᠡᠨ ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ ᠲᠠᠪᠴᠠᠩ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠦᠢᠯᠡᠳᠦᠯ ᠢ ᠰᠠᠶᠢᠲᠤᠷ | ᠪᠠᠳᠠᠷᠠᠭᠤᠯᠤᠨ᠎ᠠ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ | ᠪᠠᠳᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ ᠴᠢᠨᠠᠷᠲᠠᠢ | ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠨᠡᠭᠡᠭᠡᠯᠲᠡᠲᠡᠢ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ | ᠯᠠᠪᠲᠠᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠭᠢᠶᠠᠯ ᠬᠠᠩᠭᠠᠵᠤ ᠴᠢᠳᠠᠨ᠎ᠠ᠃ | ︵ᠲᠠᠪᠤ︶ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠬᠢᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠤᠢ | ᠪᠤᠯᠬᠤ ᠠᠴᠠ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠴᠢᠨᠠᠷ ᠰᠠᠶᠢᠲᠠᠢ ᠲᠣᠯᠣᠭᠠᠶᠢᠯᠠᠭᠰᠠᠨ ᠠᠵᠤ ᠠᠬᠤᠶᠢᠯᠠᠯ ᠤᠨ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠳ᠋ ᠬᠥᠷᠥᠩᠭᠡ ᠶᠢᠨ ᠥᠷᠢ ᠥᠭᠴᠡᠭᠡ ᠶᠢᠨ ᠪᠠᠶᠢᠳᠠᠯ ᠢ ᠰᠠᠶᠢᠵᠢᠷᠠᠭᠤᠯᠵᠤ᠂ ᠡᠮᠬᠢ ᠵᠢᠷᠤᠮ ᠦᠭᠡᠢ | ᠥᠷᠭᠡᠵᠢᠬᠦ ᠠᠴᠠ ᠰᠡᠷᠭᠡᠶᠢᠯᠡᠨ ᠬᠤᠷᠢᠭᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠲᠣᠭᠲᠠᠭᠤᠨ ᠢᠶᠠᠷ ᠭᠦᠭᠵᠢᠭᠦ ᠶᠢ ᠠᠬᠢᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠥᠷᠢ ᠥᠭᠴᠡᠭᠡ ᠶᠢᠨ ᠬᠤᠭᠤᠴᠠᠭ᠎ᠠ ᠶᠢᠨ | ᠪᠦᠲᠦᠴᠡ ᠶᠢ ᠰᠢᠯᠢᠳᠡᠭᠵᠢᠭᠦᠯᠦᠨ᠂ ᠬᠦᠦ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠮᠡᠭᠳᠡᠯ ᠢ ᠬᠤᠷᠢᠭᠯᠠᠵᠤ᠂ ᠬᠠᠳᠠᠭᠠᠯᠠᠯᠲᠠ ᠬᠡᠮᠵᠢᠶ᠎ᠡ ᠶᠢ ᠠᠷᠢᠯᠭᠠᠨ᠎ᠠ᠃ | ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠳᠤᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠮᠤ ᠪᠤᠳᠠᠭ᠎ᠠ ᠲᠠᠷᠢᠬᠤ | ᠲᠠᠯᠠᠪᠠᠢ ᠶᠢ ᠲᠣᠭᠲᠠᠪᠤᠷᠢᠵᠢᠭᠤᠯᠵᠤ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ | ᠦᠢᠯᠡᠳᠪᠦᠷᠢᠯᠡᠬᠦ ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ | ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ | ᠤᠷᠤᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠮ | ᠢᠳᠡᠭᠡᠨ ᠤ ᠦᠵᠡᠯᠲᠡ ᠶᠢ ᠪᠤᠢ ᠪᠤᠯᠭᠠᠵᠤ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠨᠢ ᠥᠷᠭᠡᠳᠬᠡᠨ᠎ᠡ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ | ᠡᠭᠦᠰᠭᠦ ᠠᠴᠠ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ ᠤᠷᠤᠭᠰᠢᠯᠠᠭᠤᠯᠤᠨ᠎ᠠ᠃ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠳᠠᠭᠢᠭᠠᠳ ᠭᠤᠴᠢᠨ ᠵᠢᠯ ᠤᠷᠲᠤᠳᠬᠠᠬᠤ ᠲᠤᠬᠠᠢ ᠤᠯᠤᠰ ᠤᠨ ᠲᠦᠷᠦ ᠶᠢᠨ ᠪᠣᠳᠣᠯᠭ᠎ᠠ ᠶᠢ ᠡᠷᠬᠡᠪᠰᠢ ᠨᠠᠷᠢᠨ | ᠨᠢᠮᠪᠠᠢ ᠠᠵᠢᠯᠯᠠᠬᠤ ᠪᠠᠷ ᠳᠠᠮᠵᠢᠭᠤᠯᠤᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ | ︵ᠳᠣᠯᠤᠭ᠎ᠠ︶ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ | ᠵᠠᠰᠠᠬᠤ ᠶᠢ ᠭᠦᠨᠵᠡᠭᠡᠢ ᠠᠬᠢᠭᠤᠯᠤᠨ᠎ᠠ᠃ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠂ ᠬᠤᠳᠠ ᠬᠥᠳᠡᠭᠡ ᠶᠢᠨ ᠣᠷᠴᠢᠨ ᠠᠬᠤᠢ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ | ᠰᠤᠳᠤᠯᠤᠨ ᠨᠡᠭᠡᠭᠡᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠳᠠᠭᠢᠨ ᠡᠭᠦᠰᠴᠦ ᠪᠤᠯᠬᠤ | ᠡᠨᠧᠷᠭᠢ ᠶᠢᠨ ᠰᠤᠷᠪᠤᠯᠵᠢ ᠶᠢᠨ ᠡᠵᠡᠯᠡᠭᠦ ᠬᠠᠷᠢᠴᠠᠯ ᠢ ᠳᠡᠭᠡᠭᠰᠢᠯᠡᠭᠦᠯᠦᠨ᠎ᠠ᠃ ᠨᠣᠭᠤᠭᠠᠨ ᠬᠥᠭᠵᠢᠯᠲᠡ ᠶᠢ ᠳᠡᠮᠵᠢᠭᠦ ᠲᠥᠷᠥ ᠶᠢᠨ ᠪᠣᠳᠣᠯᠭ᠎ᠠ ᠪᠠ ᠮᠥᠩᠭᠦᠨ | ᠭᠦᠢᠯᠭᠡᠭᠡᠨ ᠤ ᠪᠠᠭᠠᠵᠢ ᠶᠢ ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠦᠨ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ | ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠢ | ᠪᠠᠭᠠᠰᠬᠠᠬᠤ ᠶᠢ ᠠᠬᠢᠭᠤᠯᠵᠤ᠂ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ᠃ | ︵ᠨᠠᠢᠮᠠ︶ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ᠃ ᠣᠷᠣᠨ ᠰᠠᠭᠤᠴᠠ ᠶᠢᠨ | ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ | ᠬᠡᠷᠡᠭᠴᠡᠭᠡ ᠶᠢ ᠳᠡᠮᠵᠢᠵᠦ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ᠂ ᠬᠠᠭᠤᠴᠢᠨ | ᠰᠠᠭᠤᠭᠠᠯᠢ ᠲᠣᠭᠤᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠦᠷᠭᠡᠯᠡᠨ ᠠᠬᠢᠭᠤᠯᠤᠨ᠎ᠠ᠃ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠠᠬᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ | ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ | ᠬᠥᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ | ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ | ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ | ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ | ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ | ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ᠃ ᠬᠥᠮᠥᠨ | ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ | ᠪᠠᠲᠤᠯᠠᠭ᠎ᠠ ᠶᠢ ᠴᠢᠩᠭᠠᠳᠬᠠᠵᠤ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ | ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠰᠣᠶᠣᠯ ᠤᠨ ᠠᠵᠢᠯ ᠦᠢᠯᠡᠰ ᠪᠠ | ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ᠃ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠦᠷᠭᠦᠯᠵᠢᠯᠡᠨ ᠬᠤᠪᠢᠷᠠᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠭᠦ | ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ | ᠵᠠᠰᠠᠭ ᠵᠠᠬᠢᠷᠭᠠᠨ ᠤ ᠦᠷ᠎ᠡ ᠪᠦᠳᠦᠮᠵᠢ ᠪᠠ ᠤᠯᠠᠨ ᠨᠡᠶᠢᠳᠠ ᠶᠢ ᠢᠳᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ | ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ | ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠨᠡᠶᠢᠭᠡᠮ | ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠲᠡᠮᠡᠴᠡᠬᠦ᠂ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ | ᠶᠡᠭᠡ ᠬᠦᠴᠦᠨ ᠢ ᠨᠢᠭᠲᠠᠷᠠᠭᠤᠯᠤᠨ᠎ᠠ᠃ | ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠶᠢᠨ ᠲᠣᠭᠤᠷᠢᠨ ᠳᠤ᠂ ᠲᠡᠮᠡᠴᠡᠯ ᠬᠢᠬᠦ ᠶᠢᠨ ᠳᠠᠭᠠᠤ ᠳᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠵᠦ᠂ ᠨᠠᠮ ᠪᠠ ᠠᠷᠠᠳ ᠲᠦᠮᠡᠨ ᠠᠴᠠ | ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ | ᠴᠢᠩᠭᠠᠳᠬᠠᠵᠤ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ | ᠰᠤᠷᠭᠠᠭᠤᠯᠢᠯᠠᠯ ᠢ ᠶᠡᠭᠡ ᠪᠠᠷ ᠠᠳᠬᠤᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ | ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠢᠬᠤᠯᠠ ᠶᠡᠭᠡ ᠡᠭᠦᠷᠭᠡ ᠶᠢᠨ ᠲᠡᠮᠡᠴᠡᠯ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠳᠠᠶᠢᠨ ᠳᠤ ᠪᠡᠯᠡᠳᠬᠡᠬᠦ ᠶᠢ | ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ | ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠠᠷᠠᠳ ᠨᠡᠶᠢᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ | ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ | ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾ | ᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠨ᠎ᠠ᠃ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ | ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠤᠰᠠᠭᠠᠷ ᠲᠣᠭᠲᠠᠨᠢᠭᠤᠯᠬᠤ︾ ᠶᠢ | ᠡᠷᠡᠰ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠠᠬᠢᠭᠤᠯᠵᠤ | ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ | ᠤᠭᠰᠠᠭ᠎ᠠ ᠨᠢᠭᠡᠲᠡᠢ ᠶᠤᠮ᠂ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠲᠠᠶᠢᠸᠠᠨ ᠤ ᠠᠬ᠎ᠠ ᠳᠡᠭᠦᠦ ᠨᠠᠷ ᠤᠨ | ᠠᠵᠠ ᠵᠢᠷᠭᠠᠯ ᠢ ᠨᠡᠮᠡᠭᠳᠡᠭᠦᠯᠬᠦ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠪᠠᠷ ᠢᠶᠠᠨ | ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ | ᠪᠡᠶᠡᠯᠡᠭᠦᠯᠬᠦ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠩᠬᠡ | ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ | ᠤᠯᠤᠰ ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ | ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ | ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠥᠯᠥᠭᠡᠯᠡᠭᠴᠢᠳ ᠠ᠋︕ | ᠰᠢᠷᠭᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠶᠢ ᠣᠯᠵᠤ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ | ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 14 ᠤ ᠴᠠᠬᠢᠯᠭᠠᠨ ᠮᠡᠳᠡᠭᠡ︶ | ︵ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | |