· ᠵᠠᠰᠠᠭ ᠤᠨ ᠣᠷᠳᠣᠨ ᠤ ᠠᠵᠢᠯ ᠤᠨ ᠢᠯᠡᠳᠬᠡᠯ | ︱ 2022 ᠣᠨ ᠤ 12 ᠰᠠᠷ᠎ᠠ ᠶᠢᠨ 30 ᠤ ᠡᠳᠦᠷ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠫᠢᠩ | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ | ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠪᠠ ᠤᠯᠤᠰ ᠤᠨ ᠲᠡᠦᠬᠡᠨ ᠳᠠᠬᠢ ᠲᠤᠶᠢᠯ ᠤᠨ ᠴᠢᠬᠤᠯᠠ ᠨᠢᠭᠡ ᠵᠢᠯ ᠮᠥᠨ᠂ ᠪᠠᠰᠠ ᠴᠤ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠮᠥᠨ᠃ ᠠᠵᠤ ᠠᠬᠤᠢ ᠶᠢᠨ ᠪᠠᠭᠤᠷᠠᠯᠲᠠ᠂ ᠬᠢᠵᠢᠭ ᠤᠨ ᠪᠠᠶᠢᠳᠠᠯ ᠤᠨ ᠳᠠᠭᠠᠷᠢᠯᠲᠠ | ᠵᠡᠷᠭᠡ ᠣᠯᠠᠨ ᠳᠠᠪᠬᠤᠷ ᠰᠢᠯᠭᠠᠯᠲᠠ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ | ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠬᠦᠴᠢᠷ ᠪᠡᠷᠬᠡ ᠶᠢ ᠲᠠᠪᠠᠨ ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠣᠯᠪᠠ᠃ | ᠨᠢᠭᠡ ᠳᠤ᠂ ᠠᠵᠤ ᠠᠬᠤᠢ ᠶᠢᠨ ᠬᠥᠭᠵᠢᠯᠲᠡ ᠰᠡᠷᠭᠦᠯᠲᠡ ᠶᠢᠨ ᠬᠠᠨᠳᠤᠰᠢ ᠲᠠᠢ ᠪᠣᠯᠪᠠ᠃ ᠠᠵᠤ ᠠᠬᠤᠢ ᠶᠢ ᠲᠣᠭᠲᠠᠪᠤᠷᠢᠵᠢᠭᠤᠯᠬᠤ ᠲᠥᠷᠥ ᠶᠢᠨ | ᠪᠣᠳᠣᠯᠭ᠎ᠠ ᠶᠢ 48᠂ ᠵᠠᠯᠭᠠᠭᠤᠯᠬᠤ ᠠᠷᠭ᠎ᠠ ᠬᠡᠮᠵᠢᠶ᠎ᠡ ᠶᠢ 21᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ 135 | ᠲᠣᠭᠲᠠᠭᠠᠨ ᠨᠠᠶᠢᠳᠠᠪᠤᠷᠢᠵᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠦᠯᠡᠳᠡᠪᠦᠷᠢ ᠭᠠᠶᠢᠯᠢ ᠶᠢ ᠪᠤᠴᠠᠭᠠᠬᠤ᠂ ᠬᠤᠶᠢᠰᠢᠯᠠᠭᠤᠯᠤᠨ ᠲᠤᠰᠢᠶᠠᠬᠤ | ᠭᠠᠶᠢᠯᠢ ᠶᠢᠨ ᠰᠦᠢᠳᠬᠡᠯ ᠢ 25.20 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠵᠢᠭᠡᠯᠡᠯᠭᠡ ᠶᠢ ᠬᠤᠶᠢᠰᠢᠯᠠᠭᠤᠯᠤᠨ ᠪᠤᠴᠠᠭᠠᠬᠤ ᠶᠢ 32.16 | ᠳ᠋ᠦᠩᠰᠢᠭᠤᠷ ᠲᠥᠭᠦᠷᠢᠭ ᠭᠦᠢᠴᠡᠳᠬᠡᠵᠦ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠰᠢᠭ | ᠤᠯᠵᠠᠪᠤᠷᠢ ᠶᠢ 2.58 ᠳ᠋ᠦᠩᠰᠢᠭᠤᠷ ᠲᠥᠭᠦᠷᠢᠭ ᠤᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 2.39 ᠲᠦᠮᠡᠨ ᠡᠷᠦᠬᠡ ᠰᠢᠨ᠎ᠡ ᠪᠠᠷ ᠪᠠᠶᠢᠭᠤᠯᠤᠭᠳᠠᠪᠠ᠃ | 202 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 311.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠤᠯᠤᠰ ᠤᠨ | ᠳᠣᠲᠣᠭᠠᠳᠤ ᠶᠢᠨ ᠪᠠᠶᠢᠷᠢᠨ ᠳᠤ ᠤᠷᠤᠭᠰᠠᠨ ᠪᠡᠯᠡ ᠮᠥᠩᠭᠦ ᠶᠢ 176.61 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 10.7% ᠪᠠᠷ ᠨᠡᠮᠡᠭᠳᠡᠪᠡ᠃ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ ᠲᠥᠯᠥᠵᠦ | ᠵᠢᠯ ᠤᠨ ᠡᠭᠦᠷᠭᠡ ᠪᠠᠨ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ᠂ ᠭᠡᠷ ᠬᠥᠷᠥᠩᠭᠡ ᠶᠢᠨ ᠠᠵᠤ | ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠦᠭᠰᠢᠭᠦᠷᠢ ᠶᠢ ᠲᠣᠬᠢᠲᠠᠢ ᠰᠢᠢᠳᠪᠦᠷᠢᠯᠡᠵᠦ᠂ ᠥᠩᠭᠡᠷᠡᠭᠰᠡᠨ ᠵᠢᠯ ᠤᠳ ᠤᠨ ᠵᠢᠯ ᠤᠨ ᠦᠷᠢᠲᠦᠭᠰᠡᠨ ᠴᠠᠯᠢᠩ᠂ ᠲᠥᠷᠥᠯ | ᠵᠦᠢᠯ ᠢ ᠢᠵᠢ ᠪᠦᠷᠢᠳᠦᠭᠦᠯᠬᠦ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠪᠡᠯᠡ ᠮᠥᠩᠭᠦ ᠶᠢ 19.87 ᠳ᠋ᠦᠩᠰᠢᠭᠤᠷ ᠲᠥᠭᠦᠷᠢᠭ ᠥᠭᠪᠡ᠃ | ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2.6% ᠣᠷᠴᠢᠮ ᠨᠡᠮᠡᠭᠳᠡᠭᠦᠯᠵᠦ᠂ 1000 ᠳ᠋ᠦᠩᠰᠢᠭᠤᠷ | ᠲᠥᠭᠦᠷᠢᠭ ᠢ ᠳᠠᠪᠠᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1% ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 2% ᠣᠷᠴᠢᠮ ᠪᠠᠭᠤᠷᠠᠭᠤᠯᠤᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠭᠠᠷᠤᠢ ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 30% ᠣᠷᠴᠢᠮ ᠨᠡᠮᠡᠭᠳᠡᠭᠦᠯᠦᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 9% ᠣᠷᠴᠢᠮ ᠨᠡᠮᠡᠭᠳᠡᠭᠦᠯᠵᠦ᠂ ᠠᠵᠤ | ᠠᠬᠤᠢ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠨ᠂ ᠲᠣᠭᠲᠠᠭᠤᠨ ᠤ ᠳᠠᠭᠠᠤ ᠳᠤ ᠰᠠᠶᠢᠨ ᠬᠠᠨᠳᠤᠰᠢ ᠲᠠᠢ ᠪᠤᠯᠪᠠ᠃ | ᠬᠤᠶᠠᠷ ᠲᠤ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ | ᠦᠵᠡᠭᠦᠯᠬᠦ ᠣᠷᠣᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠣᠭᠰᠠᠨ ᠪᠥᠭᠡᠳ ᠲᠦᠷᠭᠡᠪᠴᠢᠯᠡᠨ ᠪᠦᠲᠦᠭᠡᠨ ᠪᠠᠶᠢᠭᠤᠯᠤᠭᠳᠠᠵᠤ᠂ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠲᠠᠭᠤ ᠪᠤᠭᠤᠳᠠᠢ᠂ ᠠᠯᠠᠰᠢᠨ | ᠬᠤᠨᠢ᠂ ᠨᠡᠷᠡᠨ ᠬᠤᠸᠠᠷ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠪᠠ᠃ ᠰᠢᠨ᠎ᠡ ᠪᠠᠷ ᠨᠡᠮᠡᠭᠳᠡᠭᠰᠡᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ | ᠭᠠᠵᠠᠷ 32.50 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ 58.17 ᠳ᠋ᠦᠩᠰᠢᠭᠤᠷ ᠵᠢᠩ ᠳᠤ ᠬᠥᠷᠪᠡ᠃ ᠰᠠᠭᠠᠯᠢ ᠶᠢᠨ ᠦᠨᠢᠶ᠎ᠡ ᠲᠡᠵᠢᠭᠡᠵᠦ | ᠪᠠᠶᠢᠭ᠎ᠠ ᠬᠡᠮᠵᠢᠶ᠎ᠡ 30.19 ᠲᠦᠮᠡᠨ ᠲᠣᠯᠣᠭᠠᠢ ᠳᠤ ᠬᠦᠷᠴᠦ᠂ 39.5% ᠪᠠᠷ ᠨᠡᠮᠡᠭᠳᠡᠨ᠂ ᠲᠦᠭᠦᠬᠡᠢ ᠰᠦ ᠶᠢᠨ ᠭᠠᠷᠤᠯᠲᠠ ᠶᠢ 112.35 ᠲᠦᠮᠡᠨ ᠲᠣᠨ ᠠᠴᠠ | ᠳᠡᠭᠡᠭᠰᠢ ᠳᠤ ᠬᠦᠷᠭᠡᠵᠦ᠂ 30.2% ᠪᠠᠷ ᠨᠡᠮᠡᠭᠳᠡᠪᠡ᠃ ᠳ᠋ᠧᠩᠺᠸᠦ ᠰᠢᠶᠠᠨ᠂ ᠬᠠᠩᠭᠢᠨ ᠬᠤᠶᠢᠲᠤ ᠬᠤᠰᠢᠭᠤ ᠨᠢ ᠪᠦᠬᠦ ᠤᠯᠤᠰ ᠤᠨ ᠰᠦ ᠶᠢᠨ ᠦᠢᠯᠡᠰ ᠤᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠦᠬᠦ ᠰᠢᠶᠠᠨ ᠢᠶᠠᠷ ᠢᠶᠠᠨ ᠠᠬᠢᠭᠤᠯᠬᠤ ᠰᠢᠶᠠᠨ ᠪᠣᠯᠵᠠᠢ᠃ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ | ᠨᠢ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠶᠢ ᠪᠥᠬᠦ | ᠰᠢᠶᠠᠨ ᠢᠶᠠᠷ ᠢᠶᠠᠨ ᠲᠦᠯᠬᠢᠨ ᠠᠬᠢᠭᠤᠯᠬᠤ ᠰᠢᠶᠠᠨ ᠪᠣᠯᠵᠠᠢ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠥᠷᠲᠡᠭ 260.18 | ᠳ᠋ᠦᠩᠰᠢᠭᠤᠷ ᠲᠥᠭᠦᠷᠢᠭ ᠲᠤ ᠬᠦᠷᠴᠦ᠂ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠡᠮᠳᠡᠭ ᠤᠨ 10 ᠵᠢᠯ ᠤᠨ ᠭᠠᠷᠮᠠᠭᠠᠢ | ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭ︾ ᠢᠶᠠᠷ ᠦᠨᠡᠯᠡᠭᠳᠡᠪᠡ᠃ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠤᠨ ᠪᠦᠲᠦᠭᠡᠨ ᠪᠠᠶᠢᠭᠤᠯᠤᠯᠲᠠ | ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 222.20 ᠲᠦᠮᠡᠨ ᠺᠢᠯᠣᠸᠠᠲ ᠲᠤ ᠬᠦᠷᠴᠦ᠂ | 1-11 ᠳ᠋ᠤᠭᠡᠷ ᠰᠠᠷ᠎ᠠ ᠳᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ 12.7% ᠨᠡᠮᠡᠭᠳᠡᠵᠦ | ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 83.3%᠂ 7.1 ᠳᠠᠬᠢᠨ ᠨᠡᠮᠡᠭᠳᠡᠨ᠂ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠶᠡᠷᠦᠩᠬᠡᠢ ᠬᠡᠮᠵᠢᠶ᠎ᠡ 17.4% ᠪᠠᠷ ᠨᠡᠮᠡᠭᠳᠡᠪᠡ᠃ ᠵᠢᠱᠢᠯᠲᠡ ᠪᠠᠷ | ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠤᠨ ᠣᠨ ᠤ ᠬᠠᠷᠠᠯᠲᠠ ᠡᠭᠦᠷᠭᠡ ᠶᠢ ᠪᠡᠶᠡᠯᠡᠭᠦᠯᠪᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠴᠥᠮ 1000 ᠳ᠋ᠦᠩᠰᠢᠭᠤᠷ ᠲᠥᠭᠦᠷᠢᠭ ᠢ ᠳᠠᠪᠠᠪᠠ᠃ | ᠭᠤᠷᠪᠠ ᠳᠤ᠂ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠪᠠᠷ ᠠᠮᠢᠳᠤᠯᠢᠭ ᠪᠣᠯᠭᠠᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ | ᠭᠦᠨᠵᠡᠭᠡᠢ ᠲᠦᠯᠬᠢᠨ ᠠᠬᠢᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ 520 ᠵᠦᠢᠯᠡᠰ ᠢ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠵᠦ᠂ 20 ︽ | ᠬᠠᠭᠠᠰ ᠳᠤᠷᠭᠤᠨ︾ ᠢᠨᠵᠧᠨᠧᠷᠢᠩ ᠤᠨ ᠵᠦᠢᠯᠡᠰ ᠢ ᠪᠦᠬᠦᠨ ᠢ ᠰᠡᠷᠭᠦᠭᠡᠨ ᠡᠬᠢᠯᠡᠭᠦᠯᠵᠤ᠂ 3.43 ᠳ᠋ᠦᠩᠰᠢᠭᠤᠷ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ | ᠮᠥᠩᠭᠦ ᠶᠢ ᠢᠯᠭᠠᠷᠠᠭᠤᠯᠤᠨ ᠲᠤᠰᠢᠶᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ 0.56 ᠲᠦᠮᠡᠨ ᠮᠦ ᠰᠢᠩᠭᠡᠭᠡᠵᠦ᠂ ᠰᠤᠯᠠ | ᠪᠠᠶᠢᠭ᠎ᠠ ᠭᠠᠵᠠᠷ ᠰᠢᠷᠣᠢ ᠶᠢ 0.16 ᠲᠦᠮᠡᠨ ᠮᠦ ᠰᠢᠢᠳᠪᠦᠷᠢᠯᠡᠪᠡ᠃ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢᠨ ᠡᠷᠴᠢᠮ᠂ ᠪᠠᠭᠲᠠᠭᠠᠮᠵᠢ ᠶᠢᠨ | ᠨᠣᠷᠮ᠎ᠠ᠂ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠥᠷᠲᠡᠭ᠂ ᠭᠠᠶᠢᠯᠢ ᠲᠠᠲᠠᠪᠤᠷᠢ ᠵᠡᠷᠭᠡ 4 ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ | ᠲᠣᠭᠲᠠᠭᠠᠵᠤ᠂ 11 ᠡᠷᠦᠬᠡ ᠦᠢᠯᠡᠳᠪᠦᠷᠢᠯᠡᠬᠦ ᠪᠠᠨ ᠵᠣᠭᠰᠣᠭᠰᠠᠨ ᠠᠵᠤ ᠠᠬᠤᠶᠢᠯᠠᠯ᠂ 2 ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ ᠢ ᠴᠡᠭᠴᠡᠯᠡᠨ | ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠲᠡᠢ ᠳᠡᠭᠡᠭᠰᠢᠯᠡᠪᠡ᠃ ᠲᠠᠷᠢᠶᠠᠯᠠᠩ ᠤᠨ ᠤᠰᠤ ᠶᠢ | ᠭᠦᠨᠵᠡᠭᠡᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠰᠤ ᠶᠢ 0.90 ᠳ᠋ᠦᠩᠰᠢᠭᠤᠷ ᠺᠦᠪ ᠮᠧᠲᠷ ᠠᠷᠪᠢᠯᠠᠪᠠ | ᠃ 5 ᠲᠦᠮᠡᠨ ᠮᠦ ᠲᠠᠷᠢᠶᠠᠨ ᠭᠠᠵᠠᠷ ᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ 1000 ᠮᠦ ᠪᠠᠶᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠲᠡᠢ ᠠᠷᠠᠯᠵᠢᠶᠠᠯᠠᠬᠤ ᠶᠢ 3327.42 ᠮᠦ ᠪᠡᠶᠡᠯᠡᠭᠦᠯᠵᠦ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ | 587.70 ᠮᠦ ᠠᠷᠠᠯᠵᠢᠶᠠᠯᠠᠪᠠ᠃ | ᠳᠥᠷᠪᠡ ᠳᠤ᠂ ᠠᠮᠢ ᠠᠬᠤᠢ ᠶᠢᠨ ᠣᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ | ᠲᠣᠭᠲᠠᠭᠠᠬᠤ ᠠᠵᠢᠯ ᠢ ᠪᠡᠶᠡᠯᠡᠭᠦᠯᠪᠡ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠠᠭᠠᠨᠰᠤᠬᠠᠢ | ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠲᠥᠯᠦᠪᠵᠢᠭᠦᠯᠭᠡ︾ ᠶᠢᠨ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠶᠢᠨ 67.9% ᠢ ᠪᠡᠶᠡᠯᠡᠭᠦᠯᠵᠦ᠂ ᠠᠮᠢ ᠠᠬᠤᠢ ᠶᠢᠨ ᠤᠰᠤ ᠶᠢ 5.17 ᠳ᠋ᠦᠩᠰᠢᠭᠤᠷ ᠺᠦᠪ ᠮᠧᠲᠷ ᠨᠥᠬᠦᠪᠦᠷᠢᠯᠡᠪᠡ᠃ ᠲᠥᠪ ᠤᠨ ᠣᠷᠴᠢᠨ | ᠲᠤᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠠ ᠬᠠᠳᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠣᠨ ᠤ | ᠡᠭᠦᠷᠭᠡ ᠪᠠᠨ ᠪᠡᠶᠡᠯᠡᠭᠦᠯᠪᠡ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠤᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠮᠢ ᠶᠢᠨ ᠪᠣᠷᠳᠣᠭᠤᠷ᠂ | ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠷᠡᠭᠯᠡᠬᠦ ᠬᠡᠮᠵᠢᠶ᠎ᠡ ᠶᠢ ᠲᠣᠰ ᠲᠣᠰ 5.1%᠂ 2.7% ᠪᠠᠷ ᠪᠠᠭᠤᠷᠠᠭᠤᠯᠵᠤ᠂ ᠣᠶ ᠰᠢᠭᠤᠢ ᠪᠡᠯᠴᠢᠭᠡᠷ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢ 57.90 ᠲᠦᠮᠡᠨ ᠮᠦ ᠪᠡᠶᠡᠯᠡᠭᠦᠯᠪᠡ᠃ 47.66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠤᠮᠠᠷᠠᠲᠤ | ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠵᠦᠢᠯᠡᠰ ᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ | ᠴᠠᠬᠢᠯᠭᠠᠨ ᠭᠠᠷᠭᠠᠬᠤ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠠᠭᠠᠷ ᠤᠨ ᠴᠢᠨᠠᠷ ᠤᠨ ᠰᠢᠯᠢᠳᠡᠭ ᠰᠠᠶᠢᠨ ᠨᠣᠷᠮ᠎ᠠ 88. | 2% ᠲᠤ ᠬᠦᠷᠴᠦ᠂ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ ᠦᠶᠤᠸᠠᠨ ᠰᠢᠶᠠᠨ ᠨᠢ | ᠪᠦᠬᠦ ᠤᠯᠤᠰ ᠤᠨ ᠵᠢᠷᠭᠤᠳᠤᠭᠠᠷ ᠪᠦᠯᠦᠭ ᠤᠨ ︽ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ | ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ | ᠲᠠᠪᠤ ᠳᠤ᠂ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠢ | ᠲᠥᠪᠯᠡᠷᠡᠭᠦᠯᠦᠨ ᠪᠤᠭᠤᠮᠲᠠ ᠰᠢᠪᠲᠤᠯᠬᠤ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 183 ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠳᠦᠷᠪᠡᠨ ᠭᠦᠢᠴᠡᠳᠭᠡᠯ︾ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 80.6% ᠳᠤ ᠬᠦᠷᠴᠦ᠂ 6422 ᠵᠦᠢᠯᠡᠰ ᠢ | ᠭᠠᠷ ᠤᠲᠠᠰᠤ ᠪᠠᠷ ᠭᠦᠢᠴᠡᠳᠬᠡᠬᠦ ᠶᠢ ᠪᠡᠶᠡᠯᠡᠭᠦᠯᠵᠦ᠂13302 ᠵᠦᠢᠯ ᠤᠨ ᠤᠴᠢᠷ ᠶᠠᠪᠤᠳᠠᠯ ᠢ ᠡᠯᠧᠺᠲᠷᠣᠨ ᠦᠨᠡᠮᠯᠡᠯ ᠢᠶᠠᠷ ᠰᠢᠢᠳᠪᠦᠷᠢᠯᠡᠵᠦ᠂ 298 ᠵᠦᠢᠯ ᠤᠨ | ᠤᠴᠢᠷ ᠶᠠᠪᠤᠳᠠᠯ ᠢ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠪᠡᠶᠡᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠯᠠᠭᠤᠨ ᠤᠲᠠᠰᠤ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠲᠤᠰ ᠲᠤᠰ 100%᠂ 89.9%᠂ | 90.2% ᠲᠤ ᠬᠦᠷᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠬᠤᠳᠠ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠪᠠ | ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ᠂ ᠡᠵᠡᠩᠨᠡᠯᠲᠡ ᠶᠢᠨ ᠶᠡᠷᠦᠩᠬᠡᠢ ᠣᠷᠣᠯᠭ᠎ᠠ ᠵᠡᠷᠭᠡ | ᠭᠤᠣᠯ ᠪᠣᠯᠬᠤ ᠡᠵᠡᠩᠨᠡᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠯᠳᠠᠪᠤᠷᠢ ᠲᠠᠢ ᠪᠠᠶᠢᠭᠰᠠᠨ ᠠᠴᠠ ᠣᠯᠵᠠᠪᠤᠷᠢ ᠲᠠᠢ ᠪᠤᠯᠵᠤ ᠦᠷ᠎ᠡ | ᠪᠦᠲᠦᠮᠵᠢ ᠢᠯᠡᠳᠲᠡ ᠪᠣᠯᠪᠠ᠃ ᠪᠣᠭᠤᠮᠲᠠ ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠰᠢᠨ᠎ᠡ ᠶᠢ ᠡᠭᠦᠳᠴᠦ ᠠᠵᠢᠯᠯᠠᠵᠤ᠂ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠪᠠᠶᠢᠩᠭᠤᠵᠢᠭᠤᠯᠤᠨ ᠠᠵᠢᠯᠯᠠᠭᠤᠯᠪᠠ᠃ ᠵᠢᠱᠢᠯᠲᠡ ᠪᠠᠷ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠢ | ᠬᠡᠮᠵᠢᠶ᠎ᠡ 331 ᠳ᠋ᠦᠩᠰᠢᠭᠤᠷ ᠲᠥᠭᠦᠷᠢᠭ ᠲᠤ ᠬᠦᠷᠴᠦ᠂ 41.7% ᠪᠠᠷ ᠨᠡᠮᠡᠭᠳᠡᠵᠦ᠂ ᠭᠠᠭᠴᠠᠮᠤᠳᠤ ᠪᠣᠭᠤᠮᠲᠠ ᠪᠠᠷ ᠨᠡᠪᠲᠡᠷᠡᠭᠰᠡᠨ ᠪᠠᠷᠠᠭᠠᠨ ᠤ ᠬᠡᠮᠵᠢᠶ᠎ᠡ | 1900 ᠲᠦᠮᠡᠨ ᠲᠣᠨ ᠳᠤ ᠬᠦᠷᠴᠦ᠂ 135.7% ᠪᠠᠷ ᠨᠡᠮᠡᠭᠳᠡᠵᠦ᠂ ᠣᠨᠴᠠᠯᠢᠭᠲᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠭᠠᠳᠠᠭᠠᠳᠤ | ᠭᠠᠷᠭᠠᠯᠲᠠ ᠶᠢᠨ ᠬᠡᠮᠵᠢᠶ᠎ᠡ 14 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠵᠤ᠂ 6 ᠶᠡᠭᠡ ᠲᠢᠪ᠂ 102 ᠤᠯᠤᠰ ᠪᠠ ᠭᠠᠵᠠᠷ ᠣᠷᠣᠨ ᠳᠤ | ᠪᠣᠷᠣᠯᠠᠭᠤᠯᠤᠭᠳᠠᠵᠤ ᠪᠠᠶᠢᠨ᠎ᠠ᠃ | ᠵᠢᠷᠭᠤᠭ᠎ᠠ ᠳᠤ᠂ ᠵᠣᠯ ᠵᠢᠷᠭᠠᠯ ᠤᠨ ᠵᠢᠭᠠᠯᠲᠠ ᠲᠤᠭ᠎ᠠ ᠶᠡᠭᠡ ᠪᠠᠷ ᠳᠡᠭᠡᠭᠰᠢᠯᠡᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠬᠥᠮᠥᠨ ᠠᠮᠠ ᠶᠢᠨ ᠵᠢᠯ ᠤᠨ ᠳᠤᠮᠳᠠᠴᠢ ᠴᠡᠪᠡᠷ ᠣᠷᠣᠯᠭ᠎ᠠ 15.2% ᠢᠶᠠᠷ ᠨᠡᠮᠡᠭᠳᠡᠵᠦ᠂ ᠦᠶᠤᠸᠠᠨ ᠰᠢᠶᠠᠨ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢᠶᠠᠷ ᠰᠣᠩᠭᠤᠭᠳᠠᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 3.8% ᠪᠠᠷ ᠬᠢᠵᠠᠭᠠᠷᠯᠠᠪᠠ᠃ ᠪᠤᠷᠤ ᠭᠡᠷᠲᠤ ᠲᠣᠭᠤᠷᠢᠭ ᠤᠨ 4412 ᠢᠵᠢ ᠭᠡᠷ ᠪᠠᠶᠢᠰᠢᠩ᠂ ᠬᠠᠭᠤᠴᠢᠨ ᠰᠠᠭᠤᠭᠠᠯᠢ | ᠲᠣᠭᠤᠷᠢᠭ ᠤᠨ 11873 ᠡᠷᠦᠬᠡ ᠶᠢ ᠰᠢᠨᠡᠳᠬᠡᠨ ᠵᠠᠰᠠᠵᠤ᠂ ᠨᠢᠭᠡᠨᠲᠡ ᠬᠤᠳᠠᠯᠳᠤᠭᠠᠳ ᠬᠤᠭᠤᠴᠠᠭ᠎ᠠ ᠬᠡᠲᠦᠷᠡᠲᠡᠯ᠎ᠡ ᠲᠤᠰᠢᠶᠠᠨ ᠥᠭᠬᠦ ᠳᠤ ᠬᠦᠴᠢᠷᠲᠡᠢ ᠭᠡᠷ | ᠬᠥᠷᠥᠩᠭᠡ ᠶᠢᠨ ᠲᠥᠷᠥᠯ ᠵᠦᠢᠯ ᠢ 28 ᠰᠡᠷᠭᠦᠭᠡᠨ ᠠᠵᠢᠯᠯᠠᠭᠤᠯᠪᠠ᠃ ᠪᠤᠭᠤᠲᠤ ᠠᠴᠠ ᠢᠷᠭᠠᠢ ᠬᠦᠷᠬᠦ ᠳᠡᠭᠡᠲᠦ ᠬᠤᠷᠳᠤ ᠶᠢᠨ ᠲᠡᠮᠦᠷ ᠵᠠᠮ ᠤᠨ ᠪᠥᠬᠦ | ᠱᠤᠭᠤᠮ ᠤᠨ ᠠᠵᠢᠯ ᠢ ᠡᠬᠢᠯᠡᠭᠦᠯᠵᠦ᠂ G335 ᠬᠦᠨᠬᠤᠳᠳᠤᠭ ᠠᠴᠠ ᠬᠠᠯᠢᠭᠤᠲᠤ ᠬᠦᠷᠬᠦ ᠬᠡᠰᠡᠭ᠂ S311 ᠴᠤᠤ ᠶᠠᠩ ᠠᠴᠠ ᠵᠢᠶᠠᠨ ᠹᠧᠩ ᠲᠠᠷᠢᠶᠠᠯᠠᠩ ᠤᠨ | ᠲᠠᠯᠠᠪᠠᠶ ᠬᠦᠷᠬᠦ ᠬᠡᠰᠡᠭ ᠤᠨ ᠵᠠᠰᠠᠮᠠᠯ ᠵᠠᠮ᠂ ᠯᠢᠨ ᠾᠧ ᠶᠢᠨ ᠬᠤᠶᠢᠲᠤ ᠭᠠᠷᠤᠴᠠ ᠶᠢᠨ ᠵᠠᠰᠠᠮᠠᠯ ᠵᠠᠮ ᠤᠨ ᠰᠢᠨᠡᠴᠢᠯᠡᠯᠲᠡ ᠶᠢ ᠳᠠᠭᠤᠰᠬᠠᠵᠤ ᠲᠡᠷᠭᠡ ᠨᠡᠪᠲᠡᠷᠡᠭᠦᠯᠪᠡ᠃ | 1537 ᠺᠢᠯᠣᠮᠧᠲᠷ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠪᠠ᠃ 7 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ | ᠠᠵᠢᠯ ᠡᠬᠢᠯᠡᠭᠦᠯᠦᠨ ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠠᠵᠢᠯᠲᠠᠨ ᠤ ᠶᠡᠷᠦᠩᠬᠡᠢ ᠬᠡᠮᠵᠢᠶᠡᠨ ᠤ ᠬᠠᠮᠢᠶᠠᠷᠤᠯᠲᠠ᠂ ᠳᠤᠮᠳᠠᠳᠤ | ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ᠂ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ | ︽ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ | ᠡᠮᠨᠡᠯᠭᠡ ᠶᠢᠨ ᠬᠤᠷᠢᠶ᠎ᠠ︾ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠮᠠᠨ ᠤ ᠬᠤᠲᠠ ᠳᠤ ᠣᠷᠣᠭᠤᠯᠬᠤ ᠶᠢᠨ ᠬᠠᠮᠲᠤ ᠲᠦᠷᠭᠡᠪᠴᠢᠯᠡᠨ ᠪᠠᠶᠢᠭᠤᠯᠵᠤ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠠᠵᠢᠯ ᠦᠷᠭᠦᠯᠵᠢᠯᠡᠨ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠦᠮᠦᠰ ᠤᠨ | ᠰᠡᠳᠬᠢᠯ ᠳᠤ ᠭᠦᠨ ᠰᠠᠭᠤᠭᠳᠠᠵᠤ᠂ ᠤᠷᠠᠳ ᠤᠨ ᠬᠤᠶᠢᠲᠤ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠪᠠᠷ ᠰᠤᠩᠭᠤᠭᠳᠠᠪᠠ᠃ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠡᠯᠡᠶ ᠶᠢᠨ ᠴᠡᠷᠢᠭ ᠤᠨ ᠪᠠᠶᠠᠨᠨᠠᠭᠤᠷ ᠣᠩᠭᠤᠴᠠ | ᠵᠢᠭᠰᠠᠭᠠᠯ ᠳᠤ ᠣᠷᠣᠪᠠ᠃ ᠨᠡᠶᠢᠭᠡᠮ ᠤᠨ ᠠᠮᠤᠷ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ | ᠵᠠᠬᠢᠳᠠᠯ ᠰᠣᠷᠪᠤᠯᠵᠢᠯᠠᠭ᠎ᠠ ᠲᠤᠭᠲᠠᠭᠤᠨ ᠪᠠᠶᠢᠳᠠᠯ ᠢ ᠬᠠᠮᠠᠭᠠᠯᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ | ᠪᠥᠭᠡᠳ ᠲᠣᠭᠲᠠᠭᠤᠨ ᠪᠠᠶᠢᠨ᠎ᠠ᠃ | ᠲᠤᠯᠤᠭ᠎ᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠤᠷᠤᠯᠴᠠᠨ ᠡᠵᠡᠮᠰᠢᠵᠦ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠶᠡᠭᠡ | ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠡᠩᠨᠡᠭᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠰᠢᠨ᠎ᠡ ᠪᠣᠯᠪᠠ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ | ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ | ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠳᠠᠭᠤᠰᠬᠠᠵᠤ᠂ | ᠬᠠᠨᠤᠮᠵᠢ ᠶᠢᠨ ᠨᠤᠷᠮ᠎ᠠ ᠶᠢ ᠲᠤᠰ ᠲᠤᠰ 98.0%᠂ 100% ᠳᠤ ᠬᠦᠷᠭᠡᠪᠡ᠃ ᠦᠨᠡᠨᠬᠦ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ | ᠪᠤᠢ ᠪᠣᠯᠭᠠᠵᠤ᠂ ᠬᠤᠳᠠ ᠶᠢᠨ ᠲᠤᠰ ᠱᠠᠲᠤᠨ ᠤ ᠭᠤᠣᠯᠳᠠᠯᠭ᠎ᠠ ᠶᠢᠨ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠶᠢ 3.50 ᠳ᠋ᠦᠩᠰᠢᠭᠤᠷ ᠲᠥᠭᠦᠷᠢᠭ ᠪᠠᠭᠠᠰᠬᠠᠨ᠂ | ᠶᠡᠷᠦᠩᠬᠡᠶᠢᠯᠡᠭᠰᠡᠨ ᠪᠠᠭᠠᠰᠬᠠᠭᠰᠠᠨ ᠨᠤᠷᠮ᠎ᠠ 14.4% ᠪᠠᠶᠢᠵᠤ᠂ ᠪᠦᠬᠦ ᠬᠤᠳᠠ ᠶᠢᠨ ︽ᠠᠯᠪᠠᠨ ᠤ ᠭᠤᠷᠪᠠᠨ ᠵᠠᠷᠤᠳᠠᠯ︾ ᠢ 13.4% ᠪᠠᠷ ᠪᠠᠭᠤᠷᠠᠭᠤᠯᠪᠠ᠃ | ᠲᠥᠯᠥᠭᠡᠯᠡᠭᠴᠢᠳ ᠠ᠋︕ ᠥᠩᠭᠡᠷᠡᠬᠦ ᠭᠡᠵᠦ ᠪᠠᠶᠢᠭ᠎ᠠ ᠨᠢᠭᠡ ᠵᠢᠯ ᠤᠨ ᠬᠦᠴᠢᠷᠳᠡᠯ ᠵᠢᠱᠢᠭᠰᠡᠨ ᠠᠴᠠ ᠤᠯᠠᠨ ᠪᠠᠶᠢᠵᠤ᠂ ᠦᠷ᠎ᠡ ᠪᠦᠲᠦᠮᠵᠢ ᠨᠢ ᠵᠢᠱᠢᠭᠰᠡᠨ ᠠᠴᠠ | ᠰᠠᠶᠢᠨ ᠪᠣᠯᠪᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢᠨ ᠵᠣᠷᠢᠭᠵᠢᠭᠤᠯᠤᠯ ᠪᠠ ᠤᠷᠢᠶᠠᠯᠠᠯ ᠤᠨ ᠳᠣᠣᠷ᠎ᠠ ᠪᠦᠬᠦ | ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠭᠵᠢᠯᠲᠡ ᠶᠢ ᠠᠳᠬᠤᠨ᠂ ᠬᠢᠵᠢᠭ ᠲᠠᠢ ᠪᠠᠶᠢᠯᠳᠤᠵᠤ᠂ | ᠲᠣᠭᠲᠠᠭᠤᠨ ᠢ ᠪᠠᠲᠤᠯᠠᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠦᠭᠰᠢᠭᠦᠷᠢ ᠥᠷᠢᠰᠦᠯᠳᠦᠭᠡᠨ ᠰᠣᠯᠪᠢᠴᠠᠨ ᠳᠠᠪᠬᠤᠴᠠᠭᠰᠠᠨ ᠳᠠᠷᠤᠯᠲᠠ ᠶᠢ | ᠲᠤᠭᠤᠯᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠡᠳᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠳᠠᠭᠠᠭᠤᠯᠤᠨ ᠵᠠᠮᠴᠢᠯᠠᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ | ᠲᠡᠮᠡᠴᠡᠭᠰᠡᠨ ᠦᠷ᠎ᠡ ᠪᠦᠲᠦᠮᠵᠢ ᠮᠦᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ | ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠤᠷᠤᠭᠰᠢᠯᠠᠯᠲᠠ ᠶᠢᠨ ᠠᠶᠠᠨ ᠳᠤ ᠪᠡᠯᠡᠨ ᠵᠠᠮ ᠭᠡᠵᠦ ᠦᠭᠡᠢ᠃ ᠪᠢᠳᠡ ᠬᠥᠭᠵᠢᠯᠲᠡ ᠶᠢᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ | ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠬᠠᠮᠤᠭ ᠤᠨ ᠶᠡᠭᠡ ᠠᠰᠠᠭᠤᠳᠠᠯ ᠪᠣᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ | ᠭᠦᠢᠴᠡᠳ ᠪᠤᠰᠤ ᠪᠠᠶᠢᠬᠤ ᠶᠠᠪᠤᠳᠠᠯ ᠪᠣᠯᠣᠨ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠤᠳᠠᠭᠠᠨ ᠪᠠᠶᠢᠵᠤ᠂ ᠲᠠᠷᠢᠶᠠᠯᠠᠩ | ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠨᠤᠲᠤᠭᠰᠢᠯᠠᠭᠤᠯᠤᠨ | ᠪᠤᠯᠪᠠᠰᠤᠷᠠᠭᠤᠯᠬᠤ ᠴᠢᠳᠠᠮᠵᠢ ᠬᠦᠷᠦᠯᠴᠡᠬᠦ ᠦᠭᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠤᠪᠢ ᠶᠢᠨ ᠵᠢᠩ | ᠪᠠᠭ᠎ᠠ᠂ ᠲᠤᠯᠭᠠᠭᠤᠷᠢ ᠠᠵᠤ ᠦᠢᠯᠡᠰ ᠤᠨ ᠬᠡᠯᠬᠢᠶ᠎ᠡ ᠣᠬᠤᠷ᠂ ᠪᠦᠲᠦᠭᠡᠭᠳᠡᠬᠦᠨ ᠤ ᠨᠡᠮᠡᠯᠲᠡ ᠥᠷᠲᠡᠭ ᠳᠣᠣᠷ᠎ᠠ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ | ᠪᠠᠭᠤᠷᠠᠢ ᠪᠠᠶᠢᠨ᠎ᠠ᠃ ᠬᠠᠮᠤᠭ ᠤᠨ ᠶᠡᠭᠡ ᠬᠢᠵᠠᠭᠠᠷᠯᠠᠯ ᠪᠣᠯ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠪᠦᠲᠦᠴᠡ ᠰᠢᠯᠢᠳᠡᠭ ᠪᠢᠰᠢ᠂ ᠢᠯᠠᠩᠭᠤᠶ᠎ᠠ | ᠳᠡᠭᠡᠳᠦ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠤᠶᠢᠯ ᠢᠶᠠᠷ ᠲᠤᠲᠠᠭᠳᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠬᠦ | ᠤᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠤᠷᠮ᠎ᠠ ᠳᠣᠣᠷ᠎ᠠ ᠪᠠᠶᠢᠬᠤ ᠶᠠᠪᠤᠳᠠᠯ ᠪᠣᠯᠣᠨ᠎ᠠ᠃ ᠬᠠᠮᠤᠭ ᠤᠨ ᠶᠡᠭᠡ ᠳᠠᠯᠳᠠ ᠲᠦᠭᠰᠢᠭᠦᠷᠢ ᠪᠤᠯ ᠠᠵᠤ ᠠᠬᠤᠢ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠮᠥᠨ ᠬᠦ ᠣᠮᠲᠣᠭᠠᠶᠢᠯᠠᠵᠤ ᠪᠣᠯᠣᠰᠢ ᠦᠭᠡᠢ᠂ ᠣᠷᠴᠢᠨ ᠲᠤᠭᠤᠷᠢᠨ ᠤ ᠬᠢᠵᠠᠭᠠᠷᠯᠠᠯ ᠡᠳᠦᠷ ᠢᠷᠡᠬᠦᠶ᠎ᠡ | ᠴᠢᠩᠭᠠᠷᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠣᠷᠴᠢᠨ ᠲᠤᠭᠤᠷᠢᠨ ᠮᠥᠨ ᠬᠦ | ᠬᠡᠪᠡᠷᠡᠭ ᠪᠠᠶᠢᠭᠰᠠᠭᠠᠷ᠃ ᠬᠠᠮᠤᠭ ᠤᠨ ᠶᠡᠭᠡ ᠳᠤᠲᠠᠭᠤᠳᠠᠯ ᠪᠣᠯ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ | ᠲᠤᠲᠠᠭᠳᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ ᠪᠠᠭᠤᠷᠠᠢ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠢᠯᠡᠳᠲᠡ ᠲᠤᠲᠠᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠬᠤ ᠶᠠᠪᠤᠳᠠᠯ | ᠪᠣᠯᠣᠨ᠎ᠠ᠃ ᠬᠠᠮᠤᠭ ᠤᠨ ᠶᠡᠭᠡ ᠰᠢᠯᠭᠠᠯᠲᠠ ᠪᠣᠯ ᠲᠦᠭᠡᠮᠡᠯ ᠬᠠᠷᠢᠯᠴᠠᠭ᠎ᠠ ᠲᠠᠢ᠂ ᠪᠦᠬᠦ ᠲᠠᠯ᠎ᠠ ᠶᠢᠨ ᠰᠢᠰᠲ᠋ᠧᠮ ᠲᠠᠢ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ | ᠬᠡᠷᠡᠭ ᠪᠣᠳᠠᠰ ᠢ ᠠᠵᠢᠭᠯᠠᠬᠤ ᠪᠠ ᠪᠣᠳᠣᠯᠬᠢᠯᠠᠭᠰᠠᠨ ᠢᠶᠠᠷ ᠬᠦᠷᠦᠯᠴᠡᠬᠦ ᠦᠭᠡᠢ᠂ ᠢᠷᠡᠭᠡᠳᠦᠶᠢᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ | ᠲᠥᠯᠦᠪᠵᠢᠭᠦᠯᠭᠡ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠪᠠᠷ ᠬᠦᠷᠦᠯᠴᠡᠬᠦ ᠦᠭᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ | ᠳᠤᠯᠤᠭ᠎ᠠ ᠶᠢ ᠲᠠᠶᠠᠭᠳᠠᠬᠤ︾ ᠪᠠ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠱᠠᠭᠠᠷᠳᠠᠯᠭ᠎ᠠ ᠲᠠᠢ | ᠬᠠᠷᠢᠴᠠᠭᠤᠯᠪᠠᠯ ᠪᠠᠰᠠ ᠮᠠᠰᠢ ᠤᠯᠠᠨ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠨᠢᠭᠡᠨᠲᠡ ᠠᠯᠢ ᠣᠯᠠᠨ ᠠᠷᠭ᠎ᠠ ᠬᠡᠮᠵᠢᠶ᠎ᠡ ᠠᠪᠴᠤ᠂ | ᠣᠳᠣ ᠶᠠᠭ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠪᠠᠶᠢᠨ᠎ᠠ᠂ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ᠃ | ᠬᠤᠶᠠᠷ᠂ 2023 ᠣᠨ ᠤ ᠭᠤᠣᠯᠳᠠᠯᠭ᠎ᠠ ᠲᠠᠢ ᠠᠵᠢᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠮᠥᠨ᠂ ᠮᠠᠨ ᠤ ᠬᠤᠲᠠ ᠶᠢᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠲᠠᠰ ᠳᠡᠪᠰᠢᠬᠦ ᠶᠢ ᠪᠡᠶᠡᠯᠡᠭᠦᠯᠬᠦ᠂ ᠳᠠᠪᠠᠯᠲᠠ ᠦᠰᠦᠷᠡᠯᠲᠡ ᠶᠢᠨ ᠵᠠᠩᠭᠢᠯᠠᠭ᠎ᠠ ᠶᠢᠨ ᠵᠢᠯ ᠮᠥᠨ᠃ ᠪᠢᠳᠡ ᠬᠤᠳᠠ ᠶᠢᠨ ᠨᠠᠮ ᠤᠨ ᠬᠤᠷᠢᠶᠠᠨ ᠤ | ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ | ᠶᠡᠷᠦᠩᠬᠡᠢ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠡᠯ᠎ᠡ | ᠵᠦᠢᠯ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠰᠢᠨ᠎ᠡ | ᠬᠥᠭᠵᠢᠯᠲᠡ ᠶᠢᠨ ᠤᠨᠤᠯᠵᠢᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠰᠠᠭᠤᠷᠢᠨ | ᠳᠡᠭᠡᠷ᠎ᠡ ᠲᠦᠷᠭᠡᠨ ᠤᠷᠤᠭᠰᠢᠯᠠᠨ ᠰᠢᠯᠢᠳᠡᠭ ᠢᠶᠠᠷ ᠤᠷᠤᠭᠰᠢᠯᠠᠵᠤ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠪᠠᠷ ᠭᠤᠣᠯ ᠪᠣᠯᠭᠠᠵᠤ᠂ ᠥᠨᠳᠥᠷ ᠬᠢᠷᠢ | ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠤᠷᠢᠲᠠᠯ ᠪᠣᠯᠭᠠᠵᠤ᠂ ᠴᠢᠨᠠᠷ ᠰᠠᠶᠢᠲᠠᠢ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠥᠨᠳᠥᠷ | ᠪᠦᠲᠦᠮᠵᠢᠲᠡᠶ ᠨᠡᠶᠢᠭᠡᠮ ᠤᠨ ᠵᠠᠰᠠᠯᠲᠠ ᠪᠠᠷ ᠲᠦᠰᠢᠭ ᠪᠣᠯᠭᠠᠨ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ︽ᠳᠥᠷᠪᠡᠨ | ᠲᠣᠭᠤᠷᠢᠭ︾ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠢ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ | ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠣᠳᠣᠬᠢᠴᠢᠯᠠᠭᠰᠠᠨ | ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ ᠢᠶᠠᠷ | ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 2022 ᠣᠨ ᠤ ᠲᠥᠰᠥᠪ ᠤᠨ ᠲᠤᠭ᠎ᠠ ᠠᠴᠠ 4% | ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10%᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠣᠷᠣᠯᠭ᠎ᠠ ᠶᠢ ᠲᠤᠰ ᠲᠤᠰ 6%᠂ 8% ᠣᠷᠴᠢᠮ ᠢᠶᠠᠷ ᠨᠡᠮᠡᠭᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠪᠣᠯᠣᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠡᠶᠢᠮᠦ ᠬᠠᠷᠠᠯᠲᠠ ᠶᠢ ᠲᠣᠭᠲᠠᠭᠠᠭᠰᠠᠨ ᠨᠢ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ᠂ ᠤᠳᠤ ᠪᠠᠶᠢᠭ᠎ᠠ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠬᠢᠷᠠᠭᠤᠯᠤᠯᠲᠠ ᠵᠢᠴᠢ ᠠᠯᠢ ᠤᠯᠠᠨ ᠲᠣᠭᠲᠠᠭᠠᠯᠲᠤ ᠪᠤᠰᠤ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠵᠣᠯᠭᠠᠭᠤᠯᠵᠤ᠂ ᠬᠦᠴᠢᠷᠳᠡᠯ ᠪᠠ ᠥᠷᠢᠰᠦᠯᠳᠦᠭᠡᠨ ᠢ ᠪᠠᠷᠤᠭᠴᠠᠭᠠᠯᠠᠭᠰᠠᠨ | ᠪᠣᠯᠬᠤᠷ ᠵᠢᠱᠢᠯᠲᠡ ᠶᠢ ᠬᠥᠲᠥᠯᠥᠨ ᠵᠢᠯᠤᠭᠤᠳᠴᠤ᠂ ᠢᠲᠡᠭᠡᠯ ᠵᠣᠷᠢᠭ ᠢ ᠬᠥᠪᠴᠢᠯᠡᠨ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠰᠢᠭᠲᠠᠢ ᠶᠤᠮ᠃ ᠡᠳᠡᠭᠡᠷ | ᠬᠠᠷᠠᠯᠲᠠ ᠶᠢ ᠪᠡᠶᠡᠯᠡᠭᠦᠯᠬᠦ ᠳᠤ ᠪᠢᠳᠡ ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠢ ᠶᠡᠭᠡ ᠪᠠᠷ ᠠᠳᠬᠤᠬᠤ ᠤᠨᠤᠯᠵᠢᠬᠤᠨ ᠢ ᠪᠠᠲᠤ ᠪᠠᠬᠢ ᠪᠣᠶ ᠪᠣᠯᠭᠠᠵᠤ᠂ | ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ | ᠳᠣᠣᠷᠠᠬᠢ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ | ᠥᠷᠭᠡᠳᠬᠡᠨ᠎ᠡ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢ | ᠳᠠᠶᠢᠴᠢᠯᠠᠬᠤ᠂ ᠪᠡᠯᠡ ᠣᠷᠣᠭᠤᠯᠤᠯᠲᠠ ᠪᠠᠷ ᠨᠡᠮᠡᠭᠳᠡᠯ ᠤᠨ ᠬᠡᠮᠵᠢᠶ᠎ᠡ ᠶᠢ ᠠᠬᠢᠭᠤᠯᠬᠤ᠂ ᠨᠡᠮᠡᠭᠳᠡᠯ ᠤᠨ ᠬᠡᠮᠵᠢᠶ᠎ᠡ ᠪᠠᠷ ᠪᠦᠲᠦᠴᠡ ᠶᠢ ᠰᠢᠯᠢᠳᠡᠭᠵᠢᠭᠦᠯᠬᠦ ᠳᠤ ᠲᠦᠰᠢᠭᠯᠡᠨ᠂ | ᠲᠥᠷᠥᠯ ᠵᠦᠢᠯ ᠤᠨ ︽ᠣᠷᠣᠭᠤᠯᠤᠯᠲᠠ︾ ᠪᠠᠷ ᠠᠵᠤ ᠠᠬᠤᠢ ᠶᠢᠨ ︽ᠲᠣᠭᠲᠠᠭᠤᠨ︾ ᠢ ᠠᠬᠢᠭᠤᠯᠤᠨ᠎ᠠ᠃ | ᠲᠥᠷᠥᠯ ᠵᠦᠢᠯ ᠢ ᠥᠨᠳᠥᠷ ᠦᠷ᠎ᠡ ᠪᠦᠲᠦᠮᠵᠢ ᠲᠠᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠷᠲᠡᠯᠡᠵᠦ | ᠪᠣᠳᠠᠲᠠᠶᠢᠵᠢᠭᠤᠯᠵᠤ᠂ ᠬᠢᠨᠠᠨ ᠵᠥᠪᠰᠢᠶᠡᠷᠡᠬᠦ᠂ ᠡᠯᠧᠮᠧᠨ᠋ᠲ ᠨᠦᠬᠦᠴᠡᠯ ᠤᠨ ᠪᠠᠲᠤᠯᠠᠭ᠎ᠠ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠠᠰᠠᠭᠤᠳᠠᠯ ᠢ ᠪᠥᠬᠦ | ᠶᠠᠪᠤᠴᠠ ᠳᠤ ᠮᠥᠷᠳᠡᠨ ᠰᠢᠢᠳᠪᠦᠷᠢᠯᠡᠵᠦ᠂ 194 ᠵᠦᠢᠯ ᠤᠨ ᠴᠢᠬᠤᠯᠠ ᠶᠡᠭᠡ ᠲᠥᠷᠥᠯ ᠵᠦᠢᠯ ᠢ ᠡᠬᠢᠯᠡᠭᠦᠯᠦᠨ ᠠᠵᠢᠯᠯᠠᠭᠤᠯᠵᠤ᠂ 396 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠤ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ 39 | ᠵᠦᠢᠯ ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠲᠥᠷᠥᠯ ᠵᠦᠢᠯ᠂ ᠹᠯᠣᠷ ᠠᠭᠤᠯᠤᠭᠰᠠᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ | ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ 39᠂ 100 ᠲᠦᠮᠡᠨ ᠺᠢᠯᠣᠸᠠᠲ ᠤᠨ ︽ᠬᠡᠷᠡᠯ ᠤᠨ ᠬᠠᠳᠠᠭᠠᠯᠠᠯᠲᠠ + ᠠᠮᠢ | ᠠᠬᠤᠢ ᠶᠢᠨ ᠵᠠᠰᠠᠯᠲᠠ︾ ᠵᠡᠷᠭᠡ ᠡᠨᠧᠷᠭᠢ ᠶᠢᠨ ᠲᠥᠷᠥᠯ ᠵᠦᠢᠯ 12᠂ G110 ᠬᠤᠶᠠᠷ ᠮᠤᠳᠤ ᠠᠴᠠ ᠳ᠋ᠧᠩᠺᠸᠦ ᠬᠦᠷᠬᠦ ᠬᠡᠰᠡᠭ ᠤᠨ ᠵᠠᠰᠠᠮᠠᠯ ᠵᠠᠮ ᠵᠡᠷᠭᠡ ᠵᠠᠮ | ᠬᠠᠷᠢᠯᠴᠠᠭᠠᠨ ᠤ ᠲᠥᠷᠥᠯ ᠵᠦᠢᠯ 17᠂ ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠢᠰᠦ ᠲᠥᠪ ᠵᠡᠷᠭᠡ ᠪᠠᠷᠠᠭᠠᠨ ᠤ ᠭᠦᠢᠯᠭᠡᠭᠡᠨ ᠤ ᠲᠥᠷᠥᠯ | ᠵᠦᠢᠯ 10᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠵᠡᠷᠭᠡ ᠬᠤᠲᠠ ᠪᠠᠯᠭᠠᠰᠤ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠲᠥᠷᠥᠯ | ᠵᠦᠢᠯ 14᠂ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ 15᠂ ᠨᠡᠶᠢᠭᠡᠮ ᠤᠨ | ᠦᠢᠯᠡᠰ ᠤᠨ ᠲᠥᠷᠥᠯ ᠵᠦᠢᠯ 23᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠬᠥᠷᠥᠩᠭᠡ ᠶᠢᠨ ᠲᠥᠷᠥᠯ ᠵᠦᠢᠯ 25 ᠶᠢ ᠬᠡᠷᠡᠭᠵᠢᠭᠦᠯᠦᠨ᠎ᠡ᠃ 5G | ᠶᠢᠨ ᠰᠠᠭᠤᠷᠢ ᠥᠷᠲᠡᠭᠡ ᠶᠢ 800 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ | ᠪᠠᠶᠠᠨᠨᠠᠭᠤᠷ ᠥᠷᠲᠡᠭᠡ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ | ᠥᠨᠳᠥᠷ ᠡᠬᠢᠯᠡᠯᠲᠡ ᠲᠠᠢ ᠪᠠᠷ ᠲᠦᠷᠦᠯ ᠵᠦᠢᠯ ᠢ ᠲᠦᠯᠦᠪᠵᠢᠭᠦᠯᠦᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ | ᠤᠳᠤᠷᠢᠳᠤᠮᠵᠢ ᠶᠢ ᠳᠠᠭᠠᠵᠤ᠂ ᠰᠠᠭᠤᠷᠢ ᠲᠦᠬᠦᠭᠡᠷᠦᠮᠵᠢ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ᠲᠥᠷᠥᠯ ᠵᠦᠢᠯ ᠤᠨ ᠰᠤᠳᠤᠯᠤᠨ ᠲᠥᠰᠥᠪᠯᠡᠬᠦ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠨᠢᠭᠡ ᠪᠦᠯᠦᠭ ᠰᠠᠭᠤᠷᠢ | ᠲᠦᠬᠦᠭᠡᠷᠦᠮᠵᠢ ᠶᠢᠨ ᠨᠢᠷᠤᠭᠤᠪᠴᠢ ᠴᠢᠨᠠᠷᠲᠠᠢ᠂ ᠪᠦᠲᠦᠴᠡ ᠶᠢᠨ ᠲᠣᠬᠢᠷᠠᠭᠤᠯᠤᠯᠲᠠ ᠶᠢᠨ ᠲᠤᠯᠭᠠᠭᠤᠷᠢᠯᠠᠬᠤ ᠴᠢᠨᠠᠷᠲᠠᠢ᠂ ᠠᠵᠤ ᠦᠢᠯᠡᠰ ᠤᠨ ᠰᠦᠷᠦᠭᠵᠢᠯ ᠤᠨ | ᠤᠳᠤᠷᠢᠳᠤᠮᠵᠢ ᠶᠢᠨ ᠴᠢᠨᠠᠷᠲᠠᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠲᠥᠷᠥᠯ ᠵᠦᠢᠯ ᠢ ᠲᠥᠯᠥᠪᠵᠢᠭᠦᠯᠵᠦ᠂ ᠰᠢᠯᠢᠨ | ᠰᠣᠩᠭᠤᠵᠤ ᠢᠯᠭᠠᠨ ᠲᠣᠳᠣᠯᠠᠵᠤ᠂ ᠲᠣᠬᠢᠷᠠᠭᠤᠯᠤᠨ ᠰᠢᠯᠢᠳᠡᠭᠵᠢᠭᠦᠯᠵᠦ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠨᠠᠩ ᠣᠯᠠᠨ ᠲᠥᠷᠥᠯ ᠵᠦᠢᠯ ᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠮᠵᠢᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ | ᠲᠥᠷᠥᠯ ᠵᠦᠢᠯ ᠢ ᠴᠢᠨᠠᠷ ᠰᠠᠶᠢᠲᠠᠢ ᠪᠠᠷ ᠤᠷᠢᠨ ᠤᠷᠤᠭᠤᠯᠤᠨ᠎ᠠ᠃ ᠠᠷᠠᠯᠵᠢᠶᠠᠴᠢᠨ ᠤᠷᠢᠬᠤ ᠠᠵᠢᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ | ᠪᠤᠶ ᠪᠣᠯᠭᠠᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠵᠢᠴᠢ ᠮᠠᠨ ᠤ ᠬᠤᠲᠠ ᠶᠢᠨ 12 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ | ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠵᠢᠯ ᠲᠥᠷᠥᠯ ᠤᠨ ᠳᠠᠭᠠᠭᠤᠯᠤᠭᠴᠢ ᠪᠠ ᠨᠠᠷᠠᠲᠤ ᠠᠵᠤ ᠠᠬᠤᠶᠢᠯᠠᠯ ᠢ ᠴᠢᠩᠭ᠎ᠠ ᠠᠩᠬᠠᠷᠴᠤ᠂ ᠬᠤᠳᠠᠯᠳᠤᠭᠠᠴᠢᠨ | ᠤᠷᠢᠬᠤ ᠣᠨᠣᠯᠵᠢᠬᠤᠨ ᠢ ᠬᠤᠪᠢᠷᠠᠭᠤᠯᠤᠨ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠬᠦᠷᠢᠶ᠎ᠡ ᠴᠠᠷᠠᠭ᠎ᠠ ᠪᠥᠬᠦ ᠰᠠᠯᠠᠭ᠎ᠠ | ᠮᠥᠴᠢᠷ ᠢᠶᠠᠷ ᠢᠶᠠᠨ ᠬᠤᠳᠠᠯᠳᠤᠭᠠᠴᠢᠨ ᠤᠷᠢᠵᠤ᠂ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 15% ᠠᠴᠠ | ᠳᠡᠭᠡᠭᠰᠢ ᠨᠡᠮᠡᠭᠳᠡᠭᠦᠯᠦᠨ᠎ᠡ᠃ ᠬᠤᠳᠠᠯᠳᠤᠭᠠᠴᠢᠨ ᠤᠷᠢᠬᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠵᠦ᠂ ᠶᠠᠷᠢᠯᠴᠠᠬᠤ᠂ ᠭᠡᠷ᠎ᠡ ᠲᠣᠭᠲᠠᠬᠤ᠂ ᠪᠦᠲᠦᠭᠡᠨ ᠪᠠᠶᠢᠭᠤᠯᠬᠤ᠂ | ᠡᠵᠡᠩᠨᠡᠬᠦ ᠡᠯ᠎ᠡ ᠭᠤᠭᠴᠤᠭ᠎ᠠ ᠶᠢᠨ ᠪᠥᠬᠦ ᠴᠤᠪᠤᠷᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠲᠥᠷᠥᠯ ᠵᠦᠢᠯ | ᠲᠣᠭᠲᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠶᠢ ᠲᠣᠰ ᠲᠣᠰ 65%᠂ 45% ᠳᠤ ᠴᠢᠷᠮᠠᠶᠢᠨ | ᠬᠦᠷᠦᠭᠦᠯᠵᠦ᠂ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ᠂ ᠬᠤᠷᠰᠢᠨ ᠪᠡᠯᠡ ᠣᠷᠣᠭᠤᠯᠬᠤ᠂ ᠡᠯᠧᠮᠧᠨ᠋ᠲ ᠨᠦᠬᠦᠴᠡᠯ ᠢᠶᠠᠷ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ | ᠲᠥᠷᠥᠯ ᠵᠦᠢᠯ ᠢ ᠤᠷᠢᠨ ᠤᠷᠤᠭᠤᠯᠬᠤ ᠪᠠ ᠪᠦᠲᠦᠭᠡᠨ ᠪᠠᠶᠢᠭᠤᠯᠬᠤ ᠳᠤ ᠣᠷᠤᠯᠴᠠᠬᠤ ᠶᠢ ᠳᠡᠮᠵᠢᠨ᠎ᠡ᠃ | ︵ᠬᠤᠶᠠᠷ︶ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠪᠠᠷ ᠴᠢᠭᠯᠡᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠤᠨ᠎ᠠ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ︽ᠶᠢᠰᠦᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠪᠠᠷ | ᠭᠤᠣᠯᠳᠠᠯᠭ᠎ᠠ ᠪᠣᠯᠭᠠᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ | ᠬᠠᠲᠤᠨ ᠭᠤᠣᠯ ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠤᠷᠤᠨ᠂ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠭᠠᠷᠤᠯᠲᠠ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠠᠷᠠᠲᠤ ᠲᠡᠮᠳᠡᠭᠵᠢᠯᠲᠡ ᠶᠢ ᠠᠬᠢᠭᠤᠯᠤᠨ᠎ᠠ᠃ ᠤᠯᠤᠰ ᠤᠨ ᠰᠢᠨ᠎ᠡ ᠨᠢᠭᠡ | ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠣᠳᠠᠲᠠᠢ ᠪᠠᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠤᠨ ᠳᠡᠭᠡᠭᠰᠢᠯᠡᠭᠦᠯᠬᠦ ᠶᠢ ᠪᠣᠳᠣᠯᠬᠢᠯᠠᠵᠤ᠂ ᠪᠥᠬᠦ ᠬᠤᠲᠠ ᠪᠠᠷ ᠢᠶᠠᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠵᠠᠭᠤᠨ ᠲᠦᠮᠡᠨ ᠮᠦ ᠶᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠶᠢᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠵᠠᠭᠤᠨ ᠲᠦᠮᠡᠨ ᠰᠠᠭᠠᠯᠢ ᠶᠢᠨ ᠦᠨᠢᠶ᠎ᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠢᠨᠵᠧᠨᠧᠷᠢᠩ ᠢ ᠭᠤᠣᠯᠳᠠᠯᠭ᠎ᠠ ᠲᠠᠢ | ᠬᠡᠷᠡᠭᠵᠢᠭᠦᠯᠵᠦ᠂ ᠪᠥᠬᠦ ᠬᠤᠲᠠ ᠪᠠᠷ ᠢᠶᠠᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠤᠨ | ᠵᠢᠱᠢᠶ᠎ᠡ ᠦᠵᠡᠭᠦᠯᠬᠦ ᠤᠷᠤᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠤᠯᠵᠤ᠂ 5 ᠵᠢᠯ ᠤᠨ ᠬᠤᠭᠤᠴᠠᠭᠠᠨ ᠳᠤ ᠪᠥᠬᠦ ᠬᠤᠲᠠ ᠶᠢᠨ 1089.53 ᠲᠦᠮᠡᠨ ᠮᠦ ᠶᠢᠨ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠴᠥᠮ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ | 100 ᠲᠦᠮᠡᠨ ᠮᠦ ᠶᠢ ᠪᠡᠶᠡᠯᠡᠭᠦᠯᠬᠦ ᠪᠠᠷ ᠴᠢᠷᠮᠠᠶᠢᠨ᠎ᠠ︔ ᠪᠡᠯᠡᠳᠭᠡᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ ᠲᠣᠭᠤᠷᠢᠭ ᠢ 100 | ᠪᠠᠶᠢᠭᠤᠯᠤᠨ᠎ᠠ︔ ᠰᠠᠭᠠᠯᠢ ᠶᠢᠨ ᠦᠨᠢᠶ᠎ᠡ ᠲᠡᠵᠢᠭᠡᠨ ᠠᠷᠠᠴᠢᠯᠠᠬᠤ ᠬᠡᠮᠵᠢᠶ᠎ᠡ ᠶᠢ 33 ᠲᠦᠮᠡ ᠠᠴᠠ ᠳᠡᠭᠡᠭᠰᠢ ᠳᠤ ᠬᠦᠷᠦᠭᠦᠯᠵᠦ᠂ ᠰᠠᠭᠠᠯᠢ ᠶᠢᠨ ᠲᠥᠷᠥᠯ ᠤᠨ | ᠭᠠᠷᠤᠯᠲᠠ ᠶᠢ 120 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠬᠦ ᠲᠥᠷᠥᠯ ᠵᠦᠢᠯ ᠢ | ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠢᠯᠢᠳᠡᠭ ᠢ ᠪᠣᠶᠢᠵᠢᠭᠤᠯᠤᠨ ᠬᠦᠴᠦᠷᠬᠡᠭ ᠢ | ᠲᠡᠳᠬᠦᠬᠦ ᠳᠤ ᠠᠩᠬᠠᠷᠤᠯ ᠢᠶᠠᠨ ᠬᠠᠨᠳᠤᠭᠤᠯᠵᠤ᠂ ᠠᠮᠢ ᠠᠬᠤᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠯᠠᠰᠢᠨ ᠬᠤᠨᠢᠨ ᠤ ᠠᠵᠤ | ᠦᠢᠯᠡᠰ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠠᠲᠠᠭᠤ ᠪᠤᠭᠤᠳᠠᠢ ᠶᠢᠨ ᠨᠡᠮᠡᠭᠳᠡᠯ ᠢ ᠨᠡᠮᠡᠭᠳᠡᠭᠦᠯᠦᠨ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | 200 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠂ ᠣᠷᠭᠠᠨᠢᠭ ᠪᠣᠬᠢᠷᠳᠤᠯ ᠦᠭᠡᠢ ᠪᠦᠲᠦᠭᠡᠭᠳᠡᠬᠦᠨ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠶ ᠶᠢ 100 ᠲᠦᠮᠡᠨ ᠮᠦ ᠶᠢ ᠳᠡᠯᠭᠡᠷᠡᠭᠦᠯᠦᠨ᠎ᠡ︔ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ 2200 ᠲᠦᠮᠡᠨ ᠲᠤᠯᠤᠭᠠᠢ | ᠣᠷᠴᠢᠮ ᠳᠤ ᠲᠣᠭᠲᠠᠪᠤᠷᠢᠵᠢᠭᠤᠯᠤᠨ᠎ᠠ︔ ᠪᠠᠶᠠᠨᠨᠠᠭᠤᠷ ᠪᠤᠭᠤᠳᠠᠢ ᠶᠢᠨ ᠰᠢᠷᠢᠰ ᠰᠢᠨ᠎ᠡ ᠡᠭᠦᠯᠳᠡᠷ ᠢ ᠳᠡᠯᠭᠡᠷᠡᠭᠦᠯᠵᠦ᠂ ᠪᠤᠭᠤᠳᠠᠢ ᠲᠠᠷᠢᠬᠤ ᠲᠠᠯᠠᠪᠠᠢ ᠶᠢ 100 | ᠲᠦᠮᠡᠨ ᠮᠦ ᠣᠷᠴᠢᠮ ᠳᠤ ᠬᠦᠷᠭᠡᠨ᠎ᠡ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠪᠣᠳᠣᠯᠬᠢᠯᠠᠵᠤ᠂ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ᠂ ᠨᠠᠷᠠᠲᠤ ᠲᠡᠮᠳᠡᠭᠲᠦ ᠶᠢ | ᠪᠠᠶᠢᠭᠤᠯᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠠᠲᠠᠭᠤ ᠪᠤᠭᠤᠳᠠᠢ᠂ ᠠᠯᠠᠰᠢᠨ ᠬᠤᠨᠢ ᠵᠡᠷᠭᠡ ᠶᠢᠨ ᠲᠣᠭᠤᠷᠢᠨ ᠳᠤ ᠡᠭᠦᠯᠳᠡᠷ ᠰᠣᠩᠭᠤᠨ | ᠪᠣᠶᠢᠵᠢᠭᠤᠯᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ 15 ᠠᠴᠠ ᠳᠡᠭᠡᠭᠰᠢ ᠰᠢᠨ᠎ᠡ ᠡᠭᠦᠯᠳᠡᠷ ᠢ ᠬᠢᠨᠠᠨ ᠲᠣᠭᠲᠠᠭᠠᠵᠤ ᠳᠠᠩᠰᠠᠯᠠᠬᠤ ᠪᠠᠷ | ᠴᠢᠷᠮᠠᠶᠢᠨ᠎ᠠ︔ ᠲᠤᠰᠬᠠᠢ ᠠᠵᠢᠯ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 100 ᠶᠢ ᠪᠣᠶᠢᠵᠢᠭᠤᠯᠤᠨ ᠲᠡᠳᠬᠦᠵᠦ᠂ ᠬᠥᠯᠳᠡᠭᠡᠨ | ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠡᠯᠡᠳᠬᠡᠮᠵᠢ ᠶᠢ 100 ᠶᠢ ᠪᠠᠶᠢᠭᠤᠯᠤᠨ ᠳᠠᠭᠤᠰᠬᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 100 | ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠥᠲᠥᠴᠢ ᠠᠵᠤ | ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 75% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠡᠷᠬᠡ ᠣᠯᠭᠤᠭᠰᠠᠨ ᠪᠦᠲᠦᠭᠡᠭᠳᠡᠬᠦᠨ ᠢ 10 ᠠᠴᠠ | ᠳᠡᠭᠡᠭᠰᠢ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠦᠷ᠎ᠡ ᠪᠦᠲᠦᠮᠵᠢ ᠶᠢ ᠪᠠᠬᠢᠵᠢᠭᠦᠯᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠬᠦᠴᠦᠯᠡᠨ ᠴᠢᠷᠮᠠᠶᠢᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠠᠵᠢᠯᠯᠠᠭ᠎ᠠ ᠶᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠠᠷᠠᠳ ᠲᠦᠮᠡᠨ ᠤ ᠳᠣᠲᠣᠭᠠᠳᠤ ᠶᠢᠨ | ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠠᠷᠠᠳ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ | ᠪᠥᠬᠦ ᠬᠤᠲᠠ ᠶᠢᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠬᠤ ᠶᠢ ᠪᠠᠲᠤᠯᠠᠨ᠎ᠠ᠃ ᠠᠷᠭ᠎ᠠ ᠪᠦᠬᠦᠨ ᠢ | ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠨᠠᠩ ᠨᠢᠭᠲᠠ ᠲᠠᠷᠢᠶᠠᠯᠠᠩ ᠠᠵᠤ ᠠᠬᠤᠶᠢᠯᠠᠯ ᠤᠨ ᠠᠰᠢᠭ | ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠬᠡᠪᠴᠢᠶᠡᠵᠢᠭᠰᠡᠨ | ᠡᠵᠡᠩᠨᠡᠯᠲᠡ ᠶᠢ ᠠᠬᠢᠭᠤᠯᠵᠤ᠂ ᠬᠥᠳᠡᠯᠮᠦᠷᠢ ᠬᠦᠴᠦᠨ ᠤ ᠭᠠᠷᠭᠠᠯᠭ᠎ᠠ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠳᠡᠭᠡᠭᠰᠢᠯᠡᠭᠦᠯᠵᠦ᠂ ᠪᠣᠳᠠᠰ ᠤᠨ ᠠᠮᠢᠳᠤᠷᠠᠯ ᠢ ᠴᠢᠨᠡᠭᠡᠯᠢᠭᠵᠢᠭᠦᠯᠦᠨ᠎ᠡ᠃ | ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠲᠦᠯᠬᠢᠨ ᠠᠬᠢᠭᠤᠯᠤᠨ᠎ᠠ᠃ | ᠰᠢᠷᠭᠠᠭᠤ ᠴᠢᠷᠮᠠᠶᠢᠨ ᠣᠷᠣᠰᠢᠨ ᠰᠠᠭᠤᠬᠤ᠂ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠲᠣᠰᠬᠤᠨ ᠤ ᠱᠠᠲᠤᠨ ᠤ ᠠᠷᠠᠳ | ᠲᠦᠮᠡᠨ ᠳᠤ ᠦᠢᠯᠡᠴᠢᠯᠡᠬᠦ ᠴᠢᠳᠠᠮᠵᠢ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠬᠤᠣᠰ ᠴᠢᠭᠯᠡᠯ ᠢᠶᠠᠷ ᠰᠢᠯᠵᠢᠬᠦ ᠶᠢ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠤᠯᠠᠨ ᠵᠦᠢᠯ ᠤᠨ ᠴᠢᠳᠠᠮᠵᠢ ᠶᠢ ᠥᠷᠭᠡᠳᠬᠡᠵᠦ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ ᠠᠭᠤᠳᠠᠯᠵᠤ᠂ ᠬᠥᠳᠡᠭᠡ ᠲᠣᠰᠬᠤᠨ ᠤ | ᠵᠢᠭᠤᠯᠴᠢᠯᠠᠯ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ᠂ ᠡᠷᠡᠭᠦᠯᠵᠢᠯ ᠰᠤᠪᠢᠯᠠᠯᠲᠠ ᠰᠡᠯᠡᠭᠦᠴᠡᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ | ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠦᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 800 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ 350 ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 4.26 ᠲᠦᠮᠡᠨ ᠡᠷᠦᠬᠡ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠵᠦ᠂ 111 ᠠᠶᠢᠯ | ᠲᠣᠰᠬᠤᠨ ᠤ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 4880 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠪᠣᠬᠢᠷ | ᠤᠰᠤ ᠶᠢ ᠰᠢᠢᠳᠪᠦᠷᠢᠯᠡᠬᠦ ᠴᠢᠳᠠᠮᠵᠢ ᠲᠠᠢ ᠪᠠᠶᠢᠭᠤᠯᠤᠮᠵᠢᠲᠤ ᠪᠠᠯᠭᠠᠰᠤ ᠶᠢ 75% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠬᠠᠤᠯᠢᠵᠢᠯ ᠤᠨ ᠬᠥᠮᠦᠵᠢᠯ ᠢ ᠴᠢᠩᠭᠠᠳᠬᠠᠵᠤ᠂ ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠪᠢᠴᠢᠯ | ᠵᠠᠰᠠᠯᠲᠠ ᠵᠡᠷᠭᠡ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠢ ᠳᠡᠯᠭᠡᠷᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠲᠠᠷᠢᠶᠠᠯᠠᠬᠤ᠂ ᠲᠠᠷᠢᠶᠠᠯᠠᠩ ᠤᠨ ᠰᠤᠨᠢᠷᠬᠠᠯᠲᠠᠢ᠂ ᠲᠠᠷᠢᠶᠠᠯᠠᠩ ᠤᠨ ᠦᠨᠦᠷ ᠠᠮᠲᠠ ᠲᠠᠢ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶᠤᠨ ᠤ ᠠᠮᠢᠳᠤᠷᠠᠯ ᠤᠨ ᠡᠯᠪᠡᠭ ᠳᠡᠯᠪᠡᠭ ᠪᠠᠶᠢᠬᠤ ᠶᠢ ᠪᠡᠶᠡᠯᠡᠭᠦᠯᠦᠨ᠎ᠡ᠃ | ︵ᠭᠤᠷᠪᠠ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠳᠪᠦᠷᠢ ᠶᠢᠨ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠳᠤᠯ ᠦᠭᠡᠢ ᠴᠢᠭᠯᠡᠯ ᠢ ᠪᠠᠷᠢᠮᠲᠠᠯᠠᠵᠤ᠂ | ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠬᠠᠮ ᠠᠷᠭ᠎ᠠ ᠪᠠᠷᠢᠯ ᠢ ᠰᠠᠶᠢᠲᠤᠷ ᠬᠡᠷᠡᠭᠵᠢᠭᠦᠯᠵᠦ᠂ ᠳᠠᠪᠠᠭᠤᠯᠢᠭ ᠠᠵᠤ | ᠦᠢᠯᠡᠰ ᠤᠨ ᠪᠥᠭᠡᠮᠨᠡᠷᠡᠨ ᠪᠦᠯᠦᠭᠯᠡᠬᠦ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢᠨ ᠬᠤᠰᠢᠭᠤᠴᠢ | ᠣᠷᠣᠨ ᠢ ᠲᠦᠷᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠳᠤᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ | ᠠᠵᠤ ᠦᠢᠯᠡᠰ ᠤᠨ ᠲᠣᠭᠤᠷᠢᠨ ᠳᠤ᠂ ᠪᠦᠲᠦᠭᠡᠭᠳᠡᠬᠦᠨ ᠤ ᠰᠢᠨ᠎ᠡ ᠶᠢ ᠡᠭᠦᠳᠬᠦ᠂ ᠢᠳᠡᠭᠡᠨ ᠤ ᠰᠤᠳᠤᠯᠤᠨ ᠨᠡᠭᠡᠭᠡᠬᠦ ᠶᠢ ᠢᠳᠡᠪᠬᠢᠲᠡᠢ ᠥᠷᠨᠢᠭᠦᠯᠵᠦ᠂ ᠤᠷᠢᠳᠴᠢᠯᠠᠨ | ᠦᠢᠯᠡᠳᠦᠭᠰᠡᠨ ᠨᠣᠭᠤᠭ᠎ᠠ ᠵᠠᠭᠤᠰᠢ᠂ ᠰᠤᠯᠠ ᠢᠳᠡᠭᠡᠨ ᠵᠡᠷᠭᠡ ᠦᠢᠯᠡᠳᠦᠯᠲᠦ ᠴᠢᠨᠠᠷᠲᠠᠢ ᠢᠳᠡᠭᠡᠨ ᠢ ᠶᠡᠬᠡᠪᠡᠷ ᠬᠥᠭᠵᠢᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ | ᠪᠠ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠᠨ ᠬᠤᠨᠢ︾ ᠶᠢᠨ ᠠᠵᠤ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ | ᠬᠤᠨᠢᠨ ᠨᠣᠣᠰᠣ ᠶᠢ ᠰᠠᠯᠭᠠᠨ ᠰᠠᠮᠨᠠᠬᠤ ᠠᠵᠤ ᠦᠢᠯᠡᠰ ᠤᠨ ᠬᠦᠷᠢᠶᠡᠯᠡᠩ᠂ ᠨᠣᠣᠰᠣ ᠨᠣᠯᠤᠥᠷ ᠤᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠬᠤᠨᠢᠨ | ᠠᠷᠠᠰᠤᠨ ᠤ ᠢᠳᠡᠭᠡᠨᠵᠢᠭᠦᠯᠦᠨ ᠡᠳ᠋ᠰᠢᠭᠦᠯᠬᠦ ᠲᠥᠪ ᠵᠡᠷᠭᠡ ᠶᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠨᠥᠬᠦᠪᠦᠷᠢᠯᠡᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠣᠭᠠᠵᠢᠭᠤᠯᠤᠭᠰᠠᠨ ᠦᠨᠡᠯᠡᠨ | ᠵᠢᠱᠢᠵᠦ ᠣᠨᠣᠰᠢᠯᠠᠬᠤ ᠶᠢ ᠪᠡᠶᠡᠯᠡᠭᠦᠯᠵᠦ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ᠂ ᠣᠶᠤᠨᠲᠤ ᠦᠢᠯᠡᠳᠪᠦᠷᠢ ᠶᠢ 10 ᠠᠴᠠ ᠳᠡᠭᠡᠭᠰᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠲᠤᠰᠬᠠᠢ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 15 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠨ ᠪᠦᠯᠦᠭᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠡᠷᠡᠯ ᠢᠯᠴᠢ ᠶᠢᠨ ᠡᠨᠧᠷᠭᠢ | ᠬᠠᠳᠠᠭᠠᠯᠠᠬᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠦᠷᠢᠶᠡᠯᠡᠩ ︵ᠨᠢᠭᠡᠳᠦᠭᠡᠷ ᠬᠤᠭᠤᠴᠠᠭ᠎ᠠ︶᠂ ᠭᠤᠷᠪᠠᠨ ᠨᠢᠭᠡ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠦᠭᠡᠢ ᠠᠵᠤ ᠦᠢᠯᠡᠰ ᠤᠨ ᠬᠦᠷᠢᠶᠡᠯᠡᠩ ᠢ ᠲᠦᠷᠭᠡᠪᠴᠢᠯᠡᠨ ᠪᠠᠶᠢᠭᠤᠯᠵᠤ᠂ ᠲᠠᠢ ᠶᠠᠩ ᠭᠸᠦ ᠰᠤᠪᠠᠭ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ ᠶᠢᠨ ᠬᠢᠨᠠᠨ ᠵᠥᠪᠰᠢᠶᠡᠷᠡᠬᠦ ᠶᠢ ᠠᠬᠢᠭᠤᠯᠤᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠲᠣᠮᠣ ᠬᠡᠯᠪᠡᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ | ᠭᠠᠳᠠᠭᠰᠢ ᠬᠦᠷᠭᠡᠬᠦ ᠰᠠᠭᠤᠷᠢᠨ ᠭᠠᠵᠠᠷ ᠢ ᠵᠥᠪᠰᠢᠶᠡᠷᠡᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | 300 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠤᠨ | ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠣᠯᠠᠨ ᠲᠠᠯᠠᠰᠲᠤ ᠴᠠᠬᠢᠭᠤᠷ᠂ ᠪᠢᠳᠤᠷᠢᠶ᠎ᠠ᠂ ᠪᠠᠯ ᠴᠢᠯᠠᠭᠤᠨ ᠠᠯᠺᠧᠨ ᠵᠡᠷᠭᠡ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠬᠡᠷᠡᠯ | ᠴᠡᠨᠡᠭ ᠤᠨ ᠴᠠᠬᠢᠭᠤᠷ ᠮᠠᠲ᠋ᠧᠷᠢᠶᠠᠯ᠂ ᠲᠠᠯᠠᠰᠵᠢᠭᠰᠠᠨ ᠰᠢᠳᠠᠮ᠂ ᠢᠯᠲᠠᠰᠤ᠂ ᠳ᠋ᠢᠶᠠᠨ ᡂᠢ᠂ ᠲᠣᠨᠣᠭᠯᠠᠭᠠᠰᠤ ᠶᠢ ᠬᠡᠯᠬᠢᠶᠡᠵᠢᠭᠦᠯᠬᠦ ᠶᠢ ᠠᠬᠢᠭᠤᠯᠤᠨ᠎ᠠ᠃ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠩᠬᠢᠨᠢ ᠡᠮ ᠤᠨ ᠮᠠᠲ᠋ᠧᠷᠢᠶᠠᠯ ᠤᠨ ᠬᠡᠪᠴᠢᠶᠡᠲᠦ | ᠲᠠᠷᠢᠮᠠᠯ ᠢ ᠨᠡᠮᠡᠭᠳᠡᠭᠦᠯᠵᠦ᠂ ᠠᠮᠢᠳᠤ ᠪᠣᠳᠠᠰ ᠤᠨ ᠡᠮ ᠦᠶᠯᠡᠳᠬᠦ ᠠᠵᠤ ᠠᠬᠤᠶᠢᠯᠠᠯ ᠤᠨ ᠳᠣᠣᠷᠠᠳᠤ ᠤᠷᠤᠰᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ | ᠳᠡᠮᠵᠢᠵᠦ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠣᠶ ᠪᠣᠯᠭᠠᠨ᠎ᠠ᠃ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ | ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠢᠯᠴᠢ ᠶᠢᠨ ᠲᠣᠨᠤᠭ ᠲᠥᠬᠦᠭᠡᠷᠦᠮᠵᠢ ᠪᠠ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠦᠶᠯᠡᠳᠬᠦ ᠶᠢ ᠶᠡᠬᠡᠪᠡᠷ ᠬᠥᠭᠵᠢᠭᠦᠯᠵᠦ᠂ ᠪᠣᠳᠠᠲᠠᠶᠢᠵᠢᠭᠤᠯᠤᠨ ᠠᠵᠢᠯ ᠡᠬᠢᠯᠡᠭᠦᠯᠦᠭᠰᠡᠨ ᠲᠣᠨᠤᠭ ᠲᠥᠬᠦᠭᠡᠷᠦᠮᠵᠢ | ᠦᠶᠯᠡᠳᠬᠦ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠣᠷᠤᠯᠴᠠᠬᠤ ᠶᠢ ᠳᠡᠮᠵᠢᠨ᠎ᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ︽ᠮᠦ ᠪᠦᠷᠢ ᠶᠢᠨ ᠳᠤᠮᠳᠠᠴᠢ | ᠤᠷᠤᠯᠭ᠎ᠠ ᠪᠠᠷ ᠮᠠᠩᠯᠠᠢ ᠰᠢᠯᠭᠠᠷᠠᠭᠤᠯᠬᠤ︾ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠵᠡᠷᠭᠡ ᠡᠬᠢ ᠪᠠᠶᠠᠯᠢᠭ ᠤᠨ | ᠡᠯᠧᠮᠧᠨ᠋ᠲ ᠢ ᠵᠦᠷᠢᠶᠡᠴᠢᠯᠡᠨ ᠲᠣᠬᠢᠷᠠᠭᠤᠯᠬᠤ ᠶᠢ ᠬᠡᠷᠡᠭᠵᠢᠭᠦᠯᠦᠨ᠎ᠡ᠃ ︽ᠨᠢᠰᠦᠭᠦᠷ ᠠᠵᠤ ᠠᠬᠤᠢ︾ ᠶᠢ ᠵᠣᠷᠢᠭᠵᠢᠭᠤᠯᠤᠨ ᠳᠡᠯᠭᠡᠷᠡᠭᠦᠯᠵᠦ᠂ ᠦᠢᠯᠡᠳᠪᠦᠷᠢᠯᠡᠯ ᠤᠨ | ᠥᠷᠲᠡᠭ ᠪᠠ ᠭᠠᠶᠢᠯᠢ ᠲᠠᠲᠠᠪᠤᠷᠢ ᠶᠢ ᠲᠥᠷᠥᠯ ᠵᠦᠢᠯ ᠤᠨ ᠬᠠᠷᠢᠶᠠᠯᠠᠯ ᠤᠨ ᠬᠤᠪᠢᠳᠠᠯ ᠢᠶᠠᠷ ᠲᠣᠭᠠᠴᠠᠭ᠎ᠠ ᠬᠢᠨ᠎ᠡ᠃ ︽ᠣᠷᠣᠨ ᠪᠦᠰᠡ ᠶᠢᠨ ᠦᠨᠡᠯᠡᠨ ᠵᠢᠱᠢᠯᠲᠡ + | ᠪᠠᠷᠢᠮᠵᠢᠶᠠᠲᠤ ᠭᠠᠵᠠᠷ︾ ᠭᠠᠵᠠᠷ ᠰᠢᠷᠣᠢ ᠶᠢᠨ ᠵᠠᠭᠪᠤᠷ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ | ᠪᠠᠷᠢᠮᠵᠢᠶᠠᠲᠤ ᠭᠠᠵᠠᠷ︾ ᠲᠤ ᠬᠠᠩᠭᠠᠬᠤ ᠭᠠᠵᠠᠷ ᠰᠢᠷᠣᠢ ᠶᠢᠨ ᠬᠠᠷᠢᠴᠠᠯ ᠢ 30% ᠠᠴᠠ ᠳᠡᠭᠡᠭᠰᠢ ᠳᠤ ᠬᠦᠷᠭᠡᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠪᠣᠬᠢᠷᠳᠤᠯ ᠦᠭᠡᠢ ᠠᠵᠤ ᠠᠬᠤᠶᠢᠯᠠᠯ ᠪᠠ ᠪᠣᠬᠢᠷᠳᠤᠯ ᠦᠭᠡᠢ ᠪᠦᠲᠦᠭᠡᠭᠳᠡᠬᠦᠨ ᠢ 10 ᠠᠴᠠ ᠳᠡᠭᠡᠭᠰᠢ ᠡᠭᠦᠳᠦᠨ ᠪᠠᠶᠢᠭᠤᠯᠵᠤ᠂ ᠪᠥᠬᠦ ᠵᠢᠯ ᠳᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ︵ᠳᠥᠷᠪᠡ︶ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠪᠠᠷ ᠭᠤᠣᠯᠳᠠᠯᠭ᠎ᠠ ᠪᠣᠯᠭᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠢᠳᠡᠪᠬᠢᠲᠡᠢ | ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ | ᠤᠷᠲᠤᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠪᠠ ᠣᠯᠠᠨ ᠶᠠᠩᠵᠤᠲᠤ ᠲᠡᠶᠢᠰᠢ ᠲᠠᠰ ᠳᠡᠪᠰᠢᠭᠦᠯᠬᠦ ᠶᠢ ᠲᠦᠯᠬᠢᠨ | ᠠᠬᠢᠭᠤᠯᠤᠨ᠎ᠠ᠃ | ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ᠂ ᠦᠨ᠎ᠡ ᠴᠠᠨ᠎ᠠ ᠪᠠᠷ ᠨᠠᠩ ᠥᠨᠳᠥᠷ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠤᠨ᠂ ᠬᠡᠷᠡᠭᠯᠡᠭᠡᠨ ᠤ ᠠᠬᠤᠢ ᠪᠠᠶᠢᠳᠠᠯ ᠢ ᠰᠢᠨ᠎ᠡ ᠪᠠᠷ ᠡᠭᠦᠳᠦᠨ᠎ᠡ | ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ | ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠶᠢ ᠠᠬᠢᠭᠤᠯᠵᠤ᠂ ᠮᠠᠰᠢᠨ ᠲᠡᠷᠭᠡ᠂ ᠣᠶᠤᠨᠯᠢᠭ ᠭᠡᠷ ᠤᠨ ᠬᠡᠷᠡᠭᠯᠡᠯ ᠭᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ | ᠬᠡᠷᠡᠭᠯᠡᠭᠡ ᠶᠢ ᠬᠥᠭᠵᠢᠭᠡᠵᠦ᠂ ᠬᠢᠵᠠᠭᠠᠷᠯᠠᠭᠳᠠᠭᠰᠠᠨ ᠬᠡᠷᠡᠭᠯᠡᠭᠡ ᠶᠢ ᠠᠯᠢ ᠲᠦᠷᠭᠡᠨ ᠢᠶᠠᠷ ᠬᠥᠭᠵᠢᠭᠡᠵᠦ᠂ ᠲᠠᠯᠳᠠ ᠬᠦᠴᠦᠨ ᠲᠠᠢ ᠬᠡᠷᠡᠭᠯᠡᠭᠡ ᠶᠢ ᠬᠥᠭᠵᠢᠭᠡᠨ᠎ᠡ᠃ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠵᠠᠪᠠᠯ | ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠲᠠᠪᠴᠠᠩ ᠤᠨ | ᠠᠵᠤ ᠠᠬᠤᠢ ᠶᠢ ᠬᠥᠭᠵᠢᠭᠦᠯᠵᠦ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ ᠪᠥᠬᠦ ᠵᠢᠯ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ | ᠬᠤᠭᠤᠯᠠᠨ ᠤ ᠠᠵᠤ ᠠᠬᠤᠶᠢᠯᠠᠯ ᠢ 50 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠢ 10 ᠡᠷᠦᠬᠡ ᠠᠴᠠ ᠳᠡᠭᠡᠭᠰᠢ ᠨᠡᠮᠡᠭᠳᠡᠭᠦᠯᠦᠨ᠎ᠡ᠃ | ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠰᠡᠷᠭᠦᠭᠡᠨ᠎ᠡ᠃ ᠰᠣᠶᠣᠯ ᠤᠨ ᠠᠭᠤᠯᠬᠤᠨ ᠪᠠ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ | ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠬᠤᠳᠠᠯᠳᠤᠭ᠎ᠠ᠂ ᠲᠠᠷᠢᠶᠠᠯᠠᠩ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ ᠬᠥᠳᠡᠭᠡ | ᠲᠣᠰᠬᠤᠨ ᠤ ᠵᠢᠭᠤᠯᠴᠢᠯᠠᠯ᠂ ᠬᠤᠪᠢ ᠪᠠᠷ ᠢᠶᠠᠨ ᠲᠡᠷᠭᠡ ᠵᠢᠯᠤᠭᠤᠳᠴᠤ ᠪᠠᠷᠲᠠᠭ᠎ᠠ ᠰᠢᠨᠵᠢᠯᠡᠬᠦ᠂ ᠡᠷᠡᠭᠦᠯᠵᠢᠯ ᠰᠤᠪᠢᠯᠠᠯᠲᠠ ᠠᠮᠠᠷᠠᠯᠲᠠ ᠵᠡᠷᠭᠡ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠨᠠᠷᠢᠨ ᠨᠠᠭᠤᠷ ᠤᠨ ᠤᠰᠤᠨ ᠤ ᠣᠩᠭᠤᠴᠠᠨ ᠪᠠᠭᠤᠴᠠ᠂ ᠡᠩᠭᠡᠷᠭᠡᠨ ᠡᠯᠡᠰᠦᠨ ᠨᠠᠭᠤᠷ ᠤᠨ ᠬᠤᠪᠢ ᠶᠢᠨ ᠲᠡᠷᠭᠡᠨ ᠪᠠᠭᠤᠴᠠ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠪᠢ ᠶᠢᠨ ᠰᠦᠯᠵᠢᠶᠡᠨ ᠳᠤᠤᠷᠠᠬᠢ ᠰᠣᠶᠣᠯ ᠤᠨ ᠪᠦᠲᠦᠭᠡᠯᠴᠢ ᠠᠵᠢᠯᠯᠠᠭ᠎ᠠ ᠶᠢ | ᠰᠠᠶᠢᠲᠤᠷ ᠡᠷᠬᠢᠯᠡᠵᠥ᠂ ᠬᠠᠲᠤᠨ ᠭᠤᠣᠯ ᠤᠨ ᠲᠤᠬᠤᠢ ᠶᠠᠪᠠᠭᠠᠨ ᠵᠡᠭᠡᠯᠢ ᠶᠢ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠵᠡᠭᠡᠯᠢ | ᠲᠣᠭᠤᠷᠢᠭ ᠪᠣᠯᠭᠠᠨ ᠪᠦᠲᠦᠭᠡᠨ ᠪᠠᠶᠢᠭᠤᠯᠤᠨ᠎ᠠ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠮᠥᠰᠥ ᠴᠠᠰᠤᠨ ᠤ ᠠᠵᠤ | ᠦᠢᠯᠡᠰ ᠢ ᠬᠥᠭᠵᠢᠭᠦᠯᠦᠨ᠂ ᠮᠥᠰᠥ ᠴᠠᠰᠤᠨ ᠤ ᠨᠠᠶᠢᠷ ᠨᠠᠭᠠᠳᠤᠮ ᠤᠨ ᠠᠵᠢᠯᠯᠠᠭ᠎ᠠ ᠵᠡᠷᠭᠡ ᠰᠣᠶᠣᠯ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ | ᠡᠷᠬᠢᠯᠡᠨ᠎ᠡ᠃ ᠪᠥᠬᠦ ᠵᠢᠯ ᠤᠨ ᠵᠢᠭᠤᠯᠴᠢᠯᠠᠯ ᠤᠨ ᠬᠥᠮᠥᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠶᠢ ᠲᠣᠰ ᠲᠣᠰ 15%᠂ 20% ᠠᠴᠠ ᠳᠡᠭᠡᠭᠰᠢ | ᠨᠡᠮᠡᠭᠳᠡᠭᠦᠯᠦᠨ᠎ᠡ᠃ | ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ | ᠲᠠᠶᠢᠯᠬᠤ ᠶᠢ ᠳᠡᠮᠵᠢᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠷᠢᠯᠢᠭ ᠨᠠᠶᠢᠳᠠᠪᠤᠷᠢᠵᠢᠭᠤᠯᠤᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠦᠢᠯᠡᠳᠬᠦᠨ ᠤ ᠦᠢᠯᠡᠴᠢᠯᠡᠭᠡ ᠶᠢᠨ ᠰᠢᠨ᠎ᠡ ᠶᠢ | ᠡᠭᠦᠳᠴᠦ᠂ ᠪᠥᠬᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ︽ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠡᠭᠦᠯᠡᠨ ᠲᠠᠪᠴᠠᠩ︾ ᠢ ᠰᠠᠶᠢᠲᠤᠷ ᠬᠡᠷᠡᠭᠯᠡᠨ᠂ ᠵᠠᠰᠠᠭ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠬᠠᠨᠳᠤᠯᠭ᠎ᠠ ᠲᠠᠢ ᠪᠠᠷ | ᠲᠡᠳᠬᠦᠨ ᠳᠡᠮᠵᠢᠵᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 20 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠰᠲ᠋ᠤᠺ ᠤᠨ ᠵᠠᠬ᠎ᠠ ᠳᠤ ᠭᠠᠷᠴᠤ ᠪᠣᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠪᠰᠤᠷᠤᠨ ᠵᠢᠯᠤᠭᠤᠳᠴᠤ ᠳᠠᠩᠰᠠᠯᠠᠭᠤᠯᠤᠭᠰᠠᠨ ᠠᠵᠤ ᠠᠬᠤᠶᠢᠯᠠᠯ 2 ᠰᠢᠨ᠎ᠡ ᠪᠠᠷ ᠨᠡᠮᠡᠭᠳᠡᠭᠦᠯᠦᠨ᠎ᠡ᠃ | ︵ᠲᠠᠪᠤ︶ ᠠᠮᠢ ᠠᠬᠤᠢ ᠶᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠬᠠᠮᠠᠭᠠᠯᠠᠵᠤ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠠᠭᠤᠯᠠ | ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠲᠠᠪᠤᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠡᠭᠦᠷᠭᠡᠯᠡᠯ ᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠦᠰᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃ ᠬᠠᠲᠤᠨ ᠭᠤᠣᠯ ᠤᠨ ᠠᠮᠢ ᠠᠬᠤᠢ ᠶᠢᠨ ᠵᠠᠰᠠᠯᠲᠠ | ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠲᠤᠨ ᠭᠤᠣᠯ ᠤᠨ ᠲᠠᠩ ᠣᠷᠣᠨ ᠤ ᠣᠨ ᠤ ᠰᠠᠭᠤᠭᠠᠯᠢ ᠠᠷᠠᠳ ᠢ ᠨᠡᠭᠦᠯᠭᠡᠬᠦ᠂ | ᠪᠠᠶᠢᠭᠤᠯᠬᠤ ᠪᠠ ᠲᠠᠩ ᠣᠷᠣᠨ ᠤ ᠲᠠᠷᠢᠶᠠᠯᠠᠬᠤ ᠶᠢ ᠴᠠᠭᠠᠵᠠᠯᠠᠬᠤ ᠬᠢᠵᠠᠭᠠᠷᠯᠠᠬᠤ ᠡᠭᠦᠷᠭᠡ ᠶᠢ ᠪᠡᠶᠡᠯᠡᠭᠦᠯᠦᠨ᠎ᠡ᠃ ᠤᠯᠠᠭᠠᠨᠰᠤᠬᠠᠢ ᠶᠢᠨ ᠵᠠᠰᠠᠯᠲᠠ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠲᠥᠯᠦᠪᠵᠢᠭᠦᠯᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠭᠠᠨᠰᠤᠬᠠᠢ ᠢ ᠤᠯᠤᠰ ᠤᠨ | ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠲᠠᠪᠤ᠂ ᠳᠣᠯᠣᠳᠤᠭᠠᠷ ᠤᠰᠤ ᠲᠠᠲᠠᠷᠠᠭᠤᠯᠬᠤ ᠶᠡᠷᠦᠩᠬᠡᠢ ᠰᠤᠪᠠᠭ ᠤᠨ | ᠬᠠᠵᠠᠭᠤ ᠶᠢᠨ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯ ᠰᠤᠪᠠᠭ ᠤᠨ ᠨᠠᠭᠤᠷ ᠲᠤ ᠣᠷᠣᠬᠤ | ᠤᠰᠤᠨ ᠤ ᠴᠢᠨᠠᠷ ᠢ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ︵ᠪᠡᠯᠴᠢᠭᠡᠷ︶ ᠶᠢᠨ ᠳᠠᠷᠤᠭ᠎ᠠ ᠶᠢᠨ | ᠳᠦᠷᠢᠮ ᠢ ᠭᠦᠢᠴᠡᠳ ᠲᠦᠢᠯᠪᠤᠷᠢᠲᠠᠢ ᠨᠠᠶᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠶᠢ ᠵᠣᠭᠰᠣᠭᠠᠵᠤ ᠦᠨᠵᠢᠭᠦᠯᠦᠨ ᠮᠠᠯᠵᠢᠬᠤ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 55.45 ᠲᠦᠮᠡᠨ ᠮᠦ ᠶᠢᠨ ᠣᠶ ᠰᠢᠭᠤᠢ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠬᠠᠶᠢᠨ ᠰᠦᠪᠡᠭᠴᠢᠯᠡᠵᠦ᠂ ︽ᠠᠭᠤᠷᠬᠠᠢ + ᠭᠡᠷᠡᠯ ᠸᠣᠯᠲ︾ ︽ | ᠡᠯᠡᠰᠦ ᠮᠠᠩᠬ᠎ᠠ + ᠭᠡᠷᠡᠯ ᠸᠣᠯᠲ︾ ᠵᠡᠷᠭᠡ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠠᠵᠤ ᠦᠢᠯᠡᠰ ᠤᠨ ᠠᠮᠢ | ᠠᠬᠤᠶᠢᠵᠢᠯᠲᠠ᠂ ᠠᠮᠢ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ | ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ | ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠡᠪᠦᠯ ᠤᠨ ᠤᠯᠠᠷᠢᠯ ᠤᠨ | ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 14.64 ᠲᠦᠮᠡᠨ ᠠᠴᠠ ᠳᠡᠭᠡᠭᠰᠢ ᠡᠷᠦᠬᠡ ᠶᠢ ᠥᠭᠡᠷᠡᠴᠢᠯᠡᠨ ᠳᠠᠭᠤᠰᠬᠠᠵᠤ᠂ ᠠᠭᠠᠷ ᠤᠨ | ᠴᠢᠨᠠᠷ ᠤᠨ ᠰᠢᠯᠢᠳᠡᠭ ᠨᠣᠷᠮ᠎ᠠ ᠶᠢ 86.7% ᠠᠴᠠ ᠳᠡᠭᠡᠭᠰᠢ ᠳᠤ ᠬᠦᠷᠦᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ | ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ | ᠡᠬᠢᠲᠦ ᠪᠣᠬᠢᠷᠳᠤᠯ ᠢ ᠵᠠᠰᠠᠬᠤ ᠲᠦᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠰᠠᠯᠲᠠ ᠶᠢᠨ ᠵᠢᠱᠢᠶ᠎ᠡ ᠦᠵᠡᠭᠦᠯᠬᠦ ᠴᠡᠭ ᠢ 100 | ᠰᠢᠨ᠎ᠡ ᠪᠠᠷ ᠨᠡᠮᠡᠭᠳᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠷᠡᠭᠯᠡᠬᠦ ᠬᠡᠮᠵᠢᠶ᠎ᠡ ᠶᠢ ᠲᠤᠰ ᠲᠤᠰ 5%᠂ 2.5% ᠠᠴᠠ | ᠳᠡᠭᠡᠭᠰᠢ ᠪᠠᠭᠤᠷᠠᠭᠤᠯᠵᠤ᠂ ᠠᠰᠢᠭᠯᠠᠯᠲᠠ ᠶᠢᠨ ᠨᠤᠷᠮ᠎ᠠ ᠶᠢ ᠴᠥᠮ 42% ᠲᠤ ᠬᠦᠷᠭᠡᠨ᠎ᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠰᠢᠪᠠᠳᠠᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠡᠯ᠎ᠡ ᠲᠦᠷᠦᠯ ᠤᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ | ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ 5 | ᠲᠦᠮᠡᠨ ᠮᠦ ᠲᠠᠷᠢᠶᠠᠨ ᠭᠠᠵᠠᠷ ᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠢ ᠬᠤᠯᠪᠣᠬᠤ ᠲᠥᠷᠥᠯ ᠵᠦᠢᠯ ᠢ 300 ᠮᠦ ᠬᠡᠷᠡᠭᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 4900 ᠮᠦ ᠭᠠᠵᠠᠷ ᠰᠢᠷᠣᠢ ᠶᠢ ᠰᠢᠩᠭᠡᠭᠡᠵᠦ | ᠂ ᠰᠤᠯᠠ ᠪᠠᠶᠢᠭ᠎ᠠ 700 ᠮᠦ ᠭᠠᠵᠠᠷ ᠰᠢᠷᠣᠢ ᠶᠢ ᠰᠢᠢᠳᠪᠦᠷᠢᠯᠡᠪᠡ᠃ ︽ᠤᠰᠤ ᠶᠢ ᠳᠦᠷᠪᠡ ᠪᠠᠷ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠡᠷᠴᠢᠮ ᠤᠨ ᠬᠢᠵᠠᠭᠠᠷᠯᠠᠯ ᠢ ᠴᠢᠩᠳᠠᠯᠠᠵᠤ᠂ 1.17 ᠳ᠋ᠦᠩᠰᠢᠭᠤᠷ ᠺᠦᠪ ᠮᠧᠲᠷ ᠠᠴᠠ ᠳᠡᠭᠡᠭᠰᠢ | ᠲᠠᠷᠢᠶᠠᠯᠠᠩ ᠤᠨ ᠤᠰᠤ ᠠᠷᠪᠢᠯᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.479 ᠪᠣᠯᠲᠠᠯ᠎ᠠ | ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠤᠷᠣᠭᠳᠠᠯ ᠢ ᠪᠠᠭᠠᠰᠬᠠᠬᠤ ᠪᠤᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠢᠨ᠎ᠡ ᠪᠠᠷ ᠪᠠᠶᠢᠭᠤᠯᠬᠤ ᠵᠦᠢᠯᠡᠰ ᠲᠤ ᠴᠥᠮ ︽ | ᠬᠤᠶᠠᠷ ᠲᠡᠷᠢᠭᠦᠨ︾ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠵᠢᠷᠭᠤᠭ᠎ᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠲᠥᠯᠥᠮᠵᠢ ᠪᠣᠯᠭᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ | ᠴᠢᠳᠠᠪᠤᠷᠢᠲᠠᠨ ᠤ ᠬᠠᠮᠵᠢᠯᠴᠠᠨ ᠬᠦᠭᠵᠢᠬᠦ ᠶᠢ ᠠᠬᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠨ᠂ ᠰᠤᠷᠭᠠᠨ | ᠬᠥᠮᠦᠵᠢᠯ ᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠤᠳᠤᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠰᠠᠭᠤᠷᠢ ᠶᠢ ᠰᠠᠶᠢᠲᠤᠷ ᠲᠠᠯᠪᠢᠵᠤ ᠪᠠᠲᠤᠳᠬᠠᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠲᠦᠭᠡᠮᠡᠯ ᠠᠰᠢᠭ ᠬᠦᠷᠲᠡᠭᠡᠬᠦ ᠠᠮᠤᠷ ᠲᠦᠪᠰᠢᠨ ᠴᠢᠨᠠᠷ ᠰᠠᠶᠢᠲᠠᠢ ᠪᠠᠶᠢᠬᠤ ᠶᠢ | ᠲᠦᠭᠡᠮᠡᠯᠵᠢᠭᠦᠯᠬᠦ ᠪᠠᠷ ᠤᠳᠤᠷᠢᠳᠤᠮᠵᠢ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠷᠤᠮᠵᠢᠯ ᠲᠠᠢ ᠬᠥᠭᠵᠢᠯᠲᠡ ᠶᠢ ᠠᠬᠢᠭᠤᠯᠤᠨ᠎ᠠ︔ | ᠪᠥᠬᠦ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠪᠠᠷ | ᠤᠳᠤᠷᠢᠳᠤᠮᠵᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢ | ᠠᠬᠢᠭᠤᠯᠤᠨ᠎ᠠ︔ ᠠᠵᠢᠯ ᠣᠯᠭᠤᠬᠤ ᠪᠠ ᠰᠤᠷᠭᠠᠭᠤᠯᠢ ᠳᠡᠪᠰᠢᠬᠦ ᠶᠢ ᠵᠡᠷᠭᠡᠪᠡᠷ ᠴᠢᠬᠤᠯᠠᠴᠢᠯᠠᠬᠤ ᠪᠠᠷ ᠤᠳᠤᠷᠢᠳᠤᠮᠵᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠯᠢᠳᠡᠭ ᠴᠢᠳᠠᠪᠤᠷᠢᠲᠠᠨ ᠤ ᠡᠬᠢ | ᠪᠠᠶᠠᠯᠢᠭ ᠤᠨ ᠲᠤᠯᠭᠠᠭᠤᠷᠢᠯᠠᠯ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠪᠠᠶᠠᠨᠨᠠᠭᠤᠷ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ ᠵᠡᠷᠭᠡ 6 ᠳᠤᠮᠳᠠᠳᠤ | ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 3930 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠦᠨ᠎ᠡ᠃ ᠵᠡᠭᠦᠨ ᠡᠮᠦᠨᠡᠲᠦ ᠶᠢᠨ | ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠳᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ | ᠰᠠᠭᠤᠷᠢ ᠶᠢ ᠳᠤᠪᠤᠶᠢᠯᠭᠠᠵᠤ᠂ ᠤᠯᠤᠰ ᠤᠨ ᠲᠠᠷᠢᠶᠠᠯᠠᠩ ᠤᠨ ᠳᠡᠭᠡᠳᠤ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ᠂ ᠬᠥᠷᠥᠰᠥ ᠰᠢᠷᠣᠢ ᠭᠠᠵᠠᠷ ᠤᠨ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠶᠢ ᠡᠭᠦᠳᠬᠦ ᠲᠥᠪ | ᠵᠡᠷᠭᠡ 10 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨ᠎ᠡ ᠡᠭᠦᠯᠳᠡᠷ ᠢ ᠪᠣᠶᠢᠵᠢᠭᠤᠯᠬᠤ᠂ ᠲᠠᠷᠢᠶᠠᠯᠠᠩ ᠮᠠᠯ ᠤᠨ | ᠭᠠᠷᠤᠯᠲᠠ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ 10 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ | ᠥᠷᠨᠢᠭᠦᠯᠵᠦ᠂ ᠲᠦᠮᠡᠨ ᠮᠦ ᠬᠠᠲᠠᠭᠤ ᠪᠤᠭᠤᠳᠠᠢ᠂ ᠠᠷᠪᠠᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠵᠡᠷᠭᠡ 10 ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠯᠤᠰ ᠤᠨ ᠭᠤᠤᠯᠯᠠᠭᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ᠂ ᠨᠡᠷᠡᠨ ᠬᠤᠸᠠᠷ ᠤᠨ ᠠᠵᠤ ᠦᠢᠯᠡᠰ ᠤᠨ ᠰᠦᠷᠦᠭᠵᠢᠯ ᠵᠡᠷᠭᠡ 10 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠦᠢᠯᠡᠰ ᠤᠨ ᠠᠭᠤᠰᠤᠯᠴᠠᠨ ᠨᠡᠶᠢᠯᠡᠯ᠂ ᠠᠳᠠᠯ ᠦᠢᠯᠡᠰ ᠴᠣᠭᠴᠠᠯᠠᠵᠤ ᠨᠡᠪᠴᠢᠭᠦᠯᠬᠦ ᠵᠡᠷᠭᠡ 10 | ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠲᠠᠷᠢᠮᠠᠯ ᠤᠨ ᠰᠢᠨ᠎ᠡ ᠡᠭᠦᠯᠳᠡᠷ ᠢ 10 ᠠᠴᠠ ᠳᠡᠭᠡᠭᠰᠢ ᠪᠣᠶᠢᠵᠢᠭᠤᠯᠵᠤ᠂ ᠲᠠᠷᠢᠶᠠᠯᠠᠩ ᠤᠨ | ᠳᠡᠭᠡᠳᠤ ᠰᠢᠨ᠎ᠡ ᠮᠡᠷᠭᠡᠵᠢᠯ ᠤᠨ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 140 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︽ᠬᠤᠰᠢᠭᠤᠴᠢᠯᠠᠬᠤ︾ | ᠂ ︽ᠬᠠᠨᠳᠤᠯᠭ᠎ᠠ ᠲᠠᠢ ᠪᠠᠷ ᠨᠠᠶᠢᠳᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠦᠷ᠎ᠡ ᠶᠢᠨ ᠦᠢᠯᠡᠰ ᠢ ᠬᠥᠭᠵᠢᠭᠦᠯᠬᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ | ᠪᠡᠷᠬᠡ ᠰᠡᠳᠦᠪ ᠢ ᠰᠢᠢᠳᠪᠦᠷᠢᠯᠡᠬᠦ ᠶᠢ ᠬᠡᠷᠡᠭᠵᠢᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠤᠢ | ᠪᠣᠯᠭᠠᠬᠤ ᠪᠠ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠪᠣᠳᠠᠲᠤ᠂ ᠬᠡᠷᠡᠭᠯᠡᠭᠡᠨ ᠤ᠂ ᠦᠷ᠎ᠡ ᠪᠦᠲᠦᠮᠵᠢ ᠶᠢᠨ | ᠤᠳᠤᠷᠢᠳᠤᠮᠵᠢ ᠶᠢ ᠲᠤᠪᠤᠶᠢᠯᠭᠠᠵᠦ᠂ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ᠂ ᠦᠯᠡᠳᠡᠭᠡᠬᠦ ᠪᠦᠬᠦ ᠬᠡᠯᠬᠢᠶ᠎ᠡ ᠪᠠᠷ ᠬᠦᠴᠦᠯᠡᠵᠦ᠂ ᠴᠢᠳᠠᠪᠤᠷᠢᠲᠠᠨ ᠤ | ᠡᠩᠨᠡᠭᠡ ᠶᠢᠨ ︽ᠲᠤᠭ᠎ᠠ ᠬᠡᠮᠵᠢᠶ᠎ᠡ︾ ᠂ ︽ᠴᠢᠨᠠᠷ︾ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠣᠶᠤᠲᠠᠳ ᠤᠨ ︽ᠪᠤᠴᠠᠵᠤ ᠢᠷᠡᠬᠦ ᠢᠨᠵᠧᠨᠧᠷᠢᠩ︾ | ᠪᠠ ᠲᠣᠰ ᠨᠤᠲᠤᠭ ᠤᠨ ᠴᠢᠳᠠᠪᠤᠷᠢᠲᠠᠨ ᠤ ︽ᠪᠤᠴᠠᠵᠤ ᠢᠷᠡᠬᠦ ᠢᠨᠵᠧᠨᠧᠷᠢᠩ︾ ᠢ ᠬᠡᠷᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠨ ᠠᠪᠴᠢᠷᠠᠵᠤ | ᠮᠠᠨ ᠤ ᠬᠤᠲᠠ ᠳᠤ ᠪᠡᠯᠡ ᠣᠷᠣᠭᠤᠯᠤᠨ ᠦᠢᠯᠡᠰ ᠬᠦᠭᠵᠢᠭᠦᠯᠵᠦ ᠪᠦᠲᠦᠭᠡᠨ ᠴᠤᠭᠴᠠᠯᠠᠭᠤᠯᠤᠨᠠ᠃ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠤᠨ ᠥᠷᠲᠡᠭᠡ ᠶᠢ 10 ᠰᠢᠨ᠎ᠡ ᠪᠠᠷ ᠬᠥᠮᠥᠵᠢᠭᠦᠯᠦᠨ ᠪᠣᠶᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠰᠡᠬᠦ ᠪᠠ ᠲᠤᠲᠠᠭᠳᠠᠵᠤ ᠪᠠᠶᠢᠭ᠎ᠠ | ᠴᠢᠳᠠᠪᠤᠷᠢᠲᠠᠨ ᠢ 50 ᠬᠥᠮᠥᠨ ᠠᠴᠠ ᠳᠡᠭᠡᠭᠰᠢ ᠣᠷᠣᠭᠤᠯᠤᠨ ᠠᠪᠴᠢᠷᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ 1000 ᠬᠥᠮᠥᠨ ᠠᠴᠠ ᠳᠡᠭᠡᠭᠰᠢ | ᠢᠯᠡ ᠪᠠᠷ ᠤᠷᠢᠨ ᠬᠡᠷᠡᠭᠯᠡᠨ᠎ᠡ᠃ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠴᠠᠯᠢᠩ ᠬᠥᠯᠥᠰᠦ ᠣᠯᠭᠤᠮᠵᠢ᠂ ᠦᠷ᠎ᠡ | ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨ ᠤ ᠠᠵᠢᠯ ᠣᠯᠬᠤ᠂ ᠡᠮᠴᠢᠯᠡᠭᠡ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠴᠢᠳᠠᠪᠤᠷᠢᠲᠠᠨ ᠢ ᠦᠨᠡᠨ ᠰᠡᠳᠬᠢᠯ ᠠᠴᠠ ᠪᠠᠨ ᠬᠠᠶᠢᠷᠠᠯᠠᠵᠤ᠂ ᠴᠢᠳᠠᠪᠤᠷᠢᠲᠠᠨ ᠢ ᠪᠥᠬᠦ ᠰᠡᠳᠬᠢᠯ ᠢᠶᠠᠷ ᠢᠶᠠᠨ ᠬᠥᠮᠥᠵᠢᠭᠦᠯᠵᠦ᠂ ᠴᠢᠳᠠᠪᠤᠷᠢᠲᠠᠨ ᠢ | ᠪᠥᠬᠦ ᠰᠡᠳᠬᠢᠯ ᠢᠶᠠᠷ ᠢᠶᠠᠨ ᠤᠷᠢᠨ ᠠᠪᠴᠢᠷᠠᠵᠤ᠂ ᠴᠢᠳᠠᠪᠤᠷᠢᠲᠠᠨ ᠪᠠᠶᠠᠨᠨᠠᠭᠤᠷ ᠠᠴᠠ ᠴᠤᠯᠭᠤᠷᠴᠤ᠂ ᠪᠠᠶᠠᠨᠨᠠᠭᠤᠷ ᠢᠶᠠᠨ ᠴᠢᠳᠠᠪᠤᠷᠢᠲᠠᠨ ᠴᠤᠭᠴᠠᠯᠠᠨ᠎ᠠ᠃ | ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠪᠠᠷ ᠬᠦᠳᠡᠯᠭᠡᠬᠦ ᠬᠦᠴᠦᠨ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠬᠦᠴᠢᠷ ᠲᠦᠪᠡᠭᠲᠡᠢ ᠲᠦᠭᠵᠢᠷᠡᠯ ᠢ ᠣᠨᠢᠯᠠᠵᠤ᠂ ᠥᠭᠡᠷᠡᠴᠢᠯᠡᠯᠲᠡ ᠶᠢᠨ ᠡᠭᠦᠷᠭᠡ ᠪᠣᠯᠣᠨ | ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠰᠢᠨ᠎ᠡ | ᠳᠠᠪᠠᠭᠤᠯᠢᠭ ᠢ ᠡᠭᠦᠳᠴᠦ᠂ ᠰᠢᠨ᠎ᠡ ᠬᠦᠳᠡᠯᠭᠡᠬᠦ ᠬᠦᠴᠦᠨ ᠢ ᠪᠣᠶᠢᠵᠢᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ | ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠮᠦᠩᠬᠡ ᠰᠤᠪᠠᠭ · ᠳᠦᠷᠪᠡᠨ ᠭᠦᠢᠴᠡᠳᠭᠡᠯ︾ | ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ | ᠲᠡᠭᠦᠯᠳᠡᠷᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ︽ᠣᠨᠳᠣᠣ ᠭᠠᠵᠠᠷ ᠲᠤ ᠭᠦᠢᠴᠡᠳᠬᠡᠵᠦ ᠪᠣᠯᠬᠤ︾ ︽ᠡᠯᠧᠺᠲᠷᠣᠨ ᠦᠨᠡᠮᠯᠡᠯ ᠢᠶᠠᠷ | ᠭᠦᠢᠴᠡᠳᠬᠡᠬᠦ︾ ᠶᠢ ᠥᠷᠨᠢᠭᠦᠯᠵᠦ᠂ ︽ᠭᠡᠷᠡᠴᠢᠯᠡᠯ ᠦᠭᠡᠢ ᠬᠤᠲᠠ︾ ᠶᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠤᠴᠢᠷ ᠶᠠᠪᠤᠳᠠᠯ ᠢ | ᠳᠦᠭᠦᠮ ᠢᠶᠠᠷ ᠪᠦᠲᠦᠭᠡᠯᠭᠡᠵᠦ᠂ ᠰᠠᠭᠠᠲᠠᠭᠠᠬᠤ ᠦᠭᠡᠢ ᠪᠠᠶᠢᠯᠭᠠᠨ᠎ᠠ᠃ 12345 ᠬᠠᠯᠠᠭᠤᠨ ᠤᠲᠠᠰᠤᠨ ᠤ ᠦᠢᠯᠡᠴᠢᠯᠡᠭᠡᠨ ᠤ ᠦᠷ᠎ᠡ ᠪᠦᠲᠦᠮᠵᠢ ᠪᠠ ᠴᠢᠨᠠᠷ ᠢ | ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠬᠠᠷᠢᠭᠤ ᠥᠭᠬᠦ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ᠎ᠡ᠃ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠡᠳ᠋ᠯᠡᠬᠦ︾ ︽ᠡᠳ᠋ᠯᠡᠬᠦ ᠶᠣᠰᠣᠲᠠᠢ ᠶᠢ ᠨᠢ ᠴᠥᠮ ᠡᠳ᠋ᠯᠡᠬᠦ︾ ᠶᠢ | ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠠᠷᠠᠳ ᠤᠨ ᠡᠵᠡᠩᠨᠡᠭᠰᠡᠨ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ | ᠬᠥᠳᠡᠯᠦᠩᠭᠦᠢ ᠪᠠᠷ ᠴᠡᠪᠡᠷᠯᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠢᠳᠪᠦᠷᠢᠯᠡᠯᠲᠡ ᠶᠢᠨ ︽ᠲᠣᠷᠭᠠᠬᠤ ᠠᠴᠠ ᠬᠡᠯᠲᠦᠷᠢᠭᠦᠯᠬᠦ᠂ | ᠬᠥᠩᠭᠡᠨ ᠢᠶᠠᠷ ᠲᠣᠷᠭᠠᠬᠤ︾ ᠨᠠᠷᠢᠨ ᠬᠠᠭᠤᠳᠠᠰᠤ ᠶᠢᠨ ᠲᠣᠭᠲᠠᠴᠠ ᠪᠠ ︽ᠱᠠᠭᠠᠷᠳᠠᠯᠭ᠎ᠠ ᠪᠠᠶᠢᠪᠠᠯ ᠵᠠᠪᠠᠯ ᠬᠠᠩᠭᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ︾ | ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠲᠠᠴᠠ ᠶᠢ ᠪᠠᠶᠢᠭᠤᠯᠤᠨ᠎ᠠ᠃ | ᠨᠡᠭᠡᠭᠡᠯᠲᠡ ᠬᠢᠵᠦ ᠬᠠᠮᠲᠤᠷᠠᠯᠴᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠳᠠᠪᠠᠭᠤᠯᠢᠭ ᠢ ᠡᠭᠦᠳᠦᠨ᠎ᠡ᠃ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ | ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠲᠡᠮᠦᠷ ᠵᠠᠮ ᠤᠨ ᠪᠣᠭᠤᠮᠲᠠ᠂ ᠬᠢᠯᠢ ᠠᠯᠤᠰᠯᠠᠭᠰᠠᠨ ᠠᠭᠠᠷ ᠤᠨ ᠲᠡᠮᠦᠷ ᠵᠠᠮ ᠤᠨ ᠴᠤᠪᠤᠭ᠎ᠠ ᠲᠡᠷᠭᠡ ᠶᠢ | ᠲᠦᠷᠭᠡᠳᠬᠡᠨ ᠪᠠᠶᠢᠭᠤᠯᠵᠤ᠂ ᠪᠣᠭᠤᠮᠲᠠ ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠤᠰᠬᠠᠢ ᠨᠡᠪᠲᠡᠷᠡᠬᠦ ᠵᠠᠮ᠂ ᠳᠤᠮᠳᠠᠳᠤ ᠤᠯᠤᠰ ᠤᠨ | ᠬᠥᠩᠭᠡᠨ ᠴᠠᠭᠠᠨ ᠤ ᠬᠡᠦᠷᠡᠰᠦᠨ ᠨᠡᠭᠦᠷᠡᠰᠦᠨ ᠤ ᠬᠡᠦᠷᠡᠰᠦᠨ ᠬᠤᠭᠤᠴᠠᠭᠠᠲᠤ ᠪᠠᠷᠠᠭ᠎ᠠ ᠶᠢᠨ ᠭᠠᠷᠳᠠᠮ ᠭᠦᠢᠴᠡᠳᠭᠡᠬᠦ ᠬᠥᠮᠥᠷᠭᠡ ᠵᠡᠷᠭᠡ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠠᠷᠠᠯᠵᠢᠶ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ | ᠂ ᠪᠣᠭᠤᠮᠲᠠ ᠪᠠᠷ ᠨᠡᠪᠲᠡᠷᠡᠬᠦ ᠪᠠᠷᠠᠭ᠎ᠠ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠵᠠᠰᠠᠮᠠᠯ ᠵᠠᠮ ᠤᠨ ᠪᠣᠭᠤᠮᠲᠠ ᠪᠠᠷ ᠨᠡᠪᠲᠡᠷᠡᠬᠦ | ᠪᠠᠷᠠᠭ᠎ᠠ ᠶᠢᠨ ᠬᠡᠮᠵᠢᠶ᠎ᠡ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ ᠪᠥᠬᠦ ᠣᠷᠣᠨ ᠤ ︽ | ᠬᠤᠣᠰ ᠨᠢᠭᠡᠳᠦᠭᠡᠷ︾ ᠢ ᠪᠠᠲᠤᠯᠠᠨ᠎ᠠ᠃ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠣᠭᠤᠮᠲᠠ ᠪᠠᠷ ᠳᠠᠶᠢᠴᠢᠯᠠᠬᠤ᠂ ᠬᠢᠯᠢ | ᠬᠢᠵᠠᠭᠠᠷ ᠲᠤᠳᠤᠭᠠᠲᠤ ᠤᠷᠤᠨ ᠬᠠᠷᠢᠯᠴᠠᠨ ᠬᠥᠳᠡᠯᠦᠯᠴᠡᠬᠦ᠂ ᠣᠷᠣᠨ ᠪᠦᠰᠡ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠭᠤᠮᠲᠠ ᠬᠢᠭᠡᠳ ᠭᠠᠶᠢᠯᠢ | ᠪᠠᠲᠤᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠣᠭᠤᠮᠲᠠ ᠶᠢᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠳᠠᠭᠠᠭᠠᠨ ᠠᠪᠴᠤ | ᠪᠣᠯᠪᠠᠰᠤᠷᠠᠭᠤᠯᠵᠤ ᠬᠤᠪᠢᠷᠠᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠢ | ᠪᠣᠯᠪᠠᠰᠤᠷᠠᠭᠤᠯᠵᠤ ᠬᠤᠪᠢᠷᠠᠭᠤᠯᠬᠤ ᠨᠤᠷᠮ᠎ᠠ ᠶᠢ 43.3% ᠠᠴᠠ 60% ᠪᠣᠯᠲᠠᠯ᠎ᠠ ᠳᠡᠭᠡᠭᠰᠢᠯᠡᠭᠦᠯᠦᠨ᠎ᠡ᠃ ︽ᠤᠷᠠᠳ ᠤᠨ ᠬᠤᠶᠢᠲᠤ ᠬᠤᠰᠢᠭᠤ ᠨᠤᠮᠧᠷᠲᠤ︾ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠬᠡᠮᠵᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠯᠠᠢ ᠳᠠᠭᠠᠤ ᠶᠢᠨ | ᠬᠥᠭᠵᠢᠭᠰᠡᠨ ᠭᠠᠵᠠᠷ ᠣᠷᠣᠨ᠂ ᠬᠠᠳᠤᠨ ᠭᠤᠣᠯ ᠳᠠᠭᠠᠤ ᠶᠢᠨ ᠬᠤᠳᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠭᠡᠭᠡᠯᠲᠡᠲᠤ ᠬᠡᠯᠪᠡᠷᠢ ᠶᠢᠨ | ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠨᠠᠢᠮᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠴᠢᠳᠠᠯ ᠪᠠᠷ ᠢᠶᠠᠨ ᠬᠢᠵᠦ ᠴᠢᠷᠮᠠᠶᠢᠬᠤ ᠶᠢ ᠪᠠᠷᠢᠮᠲᠠᠯᠠᠵᠤ᠂ ᠠᠷᠠᠳ ᠤᠯᠠᠨ ᠤ ᠪᠠᠴᠢᠮ ᠪᠡᠷᠬᠡ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ | ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠬᠦᠷᠦᠯᠴᠡᠬᠦᠶᠢᠴᠡ ᠴᠢᠨᠠᠷ ᠢ ᠴᠢᠩᠭᠠᠳᠬᠠᠨ᠎ᠠ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠠᠵᠢᠯ ᠲᠠᠢ ᠬᠥᠮᠥᠨ | ᠦᠭᠡᠢ︾ ᠭᠡᠷ ᠪᠦᠯᠢ ᠵᠡᠷᠭᠡ ᠬᠦᠴᠢᠷᠳᠡᠯᠲᠡᠢ ᠬᠦᠮᠦᠰ ᠢ ᠨᠠᠷᠢᠨ ᠣᠨᠣᠴᠠᠲᠠᠢ ᠪᠠᠷ ᠬᠠᠪᠰᠤᠷᠤᠨ ᠲᠡᠳᠬᠦᠵᠦ᠂ ᠪᠥᠬᠦ ᠵᠢᠯ ᠳᠤ ᠬᠤᠲᠠ ᠪᠠᠯᠭᠠᠰᠤᠨ ᠤ 8300 | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ | ᠃ ︽ᠥᠷᠢ ᠰᠢᠷᠢ ᠶᠢ ᠰᠢᠢᠳᠪᠦᠷᠢᠯᠡᠬᠦ︾ ᠶᠢ ︽ᠥᠷᠢ ᠰᠢᠷᠢ ᠶᠢ ᠰᠡᠷᠭᠡᠶᠢᠯᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠬᠦᠯᠦᠰᠦᠨ | ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠵᠤ᠂ ᠲᠤᠰᠠᠯᠠᠪᠠᠰᠤ ᠵᠣᠬᠢᠬᠤ ᠶᠢ ᠨᠢ | ᠴᠥᠮ ᠲᠤᠰᠠᠯᠠᠬᠤ ᠶᠢ ᠪᠠᠷᠢᠮᠲᠠᠯᠠᠵᠤ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠪᠦᠷᠬᠦᠴᠡ ᠶᠢᠨ ᠨᠤᠷᠮ᠎ᠠ ᠶᠢ 86% ᠠᠴᠠ ᠳᠡᠭᠡᠭᠰᠢ ᠳᠤ ᠬᠦᠷᠭᠡᠵᠦ᠂ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠳᠡᠭᠦᠯᠳᠡᠷᠵᠢᠭᠦᠯᠦᠨ᠎ᠡ᠃ | ᠡᠷᠡᠭᠦᠯ ᠮᠡᠨᠳᠦ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ | ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠤᠷᠤᠭᠤᠯᠤᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ ᠶᠢ | ᠠᠬᠢᠭᠤᠯᠵᠤ᠂ ᠯᠢᠨ ᠾᠧ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ | ᠳᠡᠰ ᠤᠨ ᠡᠮᠨᠡᠯᠭᠡ ᠶᠢᠨ ᠬᠤᠷᠢᠶ᠎ᠠ ᠪᠤᠯᠭᠠᠨ ᠪᠠᠶᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠦᠭᠵᠢᠭᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠯᠳᠠᠪᠤᠷᠢᠲᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠤᠯᠠᠨ | ᠲᠦᠮᠡᠨ ᠢ ᠬᠥᠲᠥᠯᠥᠨ ᠵᠢᠯᠤᠭᠤᠳᠴᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ | ᠮᠠᠶ᠋ᠢᠭ ᠢ ᠦᠢᠯᠡᠳᠦᠯᠭᠡᠵᠢᠭᠦᠯᠦᠨ᠎ᠡ᠃ | ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠭᠡᠷ ᠲᠡᠭᠡᠨ ᠰᠠᠭᠤᠬᠤ ᠪᠤᠯᠤᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ | ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠭᠡᠷ ᠲᠡᠭᠡᠨ | ᠰᠠᠭᠤᠬᠤ ᠮᠠᠶ᠋ᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠠᠵᠢᠯ ᠡᠷᠭᠢᠯᠡᠬᠦ ᠡᠮᠴᠢ ᠶᠢᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠯᠠᠨ ᠴᠡᠭ ᠲᠤ ᠣᠴᠢᠵᠤ ᠠᠵᠢᠯ ᠡᠷᠭᠢᠯᠡᠬᠦ ᠶᠢ ᠵᠣᠷᠢᠭᠵᠢᠭᠤᠯᠤᠨ᠂ ᠬᠤᠶᠠᠳᠤᠭᠠᠷ ᠳᠡᠰ ᠠᠴᠠ ᠳᠡᠭᠡᠭᠰᠢᠬᠢ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠭᠠᠷᠭᠠᠬᠤ ᠬᠠᠷᠢᠴᠠᠯ ᠢ 75% ᠳᠤ ᠬᠦᠷᠭᠡᠨ᠎ᠡ᠃ ᠭᠡᠷ ᠲᠡᠭᠡᠨ | ᠬᠤᠴᠣᠷᠤᠭᠰᠠᠨ᠂ ᠭᠠᠭᠴᠠᠭᠠᠷ ᠰᠠᠭᠤᠭᠰᠠᠨ᠂ ᠭᠠᠭᠴᠠ ᠬᠡᠦᠬᠡᠳ ᠢᠶᠠᠨ ᠠᠯᠳᠠᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠤᠳᠠᠳᠠᠶᠢᠵᠢᠭᠤᠯᠤᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ ᠂ | ᠤᠯᠠᠭᠠᠨᠮᠥ᠋ᠴᠢᠷ ᠤᠨ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯᠯᠠᠭ᠎ᠠ ᠶᠢ ᠥᠷᠨᠢᠭᠦᠯᠵᠦ᠂ ︽ᠮᠢᠨᠤ ᠪᠣᠷᠣᠳᠣᠬᠤᠢ︾ ︽ᠦᠵᠡᠰᠬᠦᠯᠡᠩᠲᠦ ᠰᠠᠶᠢᠬᠠᠨ | ᠤᠯᠠᠭᠠᠨᠰᠤᠬᠠᠢ︾ ︽ᠬᠠᠲᠤᠨ ᠭᠤᠣᠯ ᠵᠡᠭᠦᠨᠰᠢ ᠤᠷᠤᠰᠤᠨ᠎ᠠ︾ ᠵᠡᠷᠭᠡ ᠨᠢᠭᠡ ᠪᠦᠯᠦᠭ ᠰᠣᠳᠣᠨ ᠪᠦᠲᠦᠭᠡᠯ ᠢ ᠡᠭᠦᠳᠦᠨ ᠪᠦᠲᠦᠭᠡᠪᠡ᠃ ᠰᠣᠶᠣᠯ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠥᠯᠢᠭᠡᠷ ᠳᠠᠭᠤᠷᠢᠶᠠᠯ | ᠪᠣᠯᠬᠤ ᠲᠣᠰᠬᠤᠨ ᠪᠠᠯᠭᠠᠰᠤ᠂ ᠵᠢᠱᠢᠶ᠎ᠡ ᠦᠵᠡᠭᠦᠯᠬᠦ ᠰᠣᠶᠣᠯ ᠤᠨ ᠲᠣᠮᠣ ᠬᠦᠷᠢᠶᠡᠯᠡᠩ ᠢ 20 ᠠᠴᠠ ᠳᠡᠭᠡᠭᠰᠢ ᠪᠠᠶᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ | ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠳᠤ ᠢᠳᠡᠪᠬᠢᠲᠡᠢ ᠪᠡᠯᠡᠳᠭᠡᠨ᠎ᠡ᠃ | ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠤᠳᠠᠲᠠᠢ ᠪᠦᠲᠦᠮᠵᠢᠲᠡᠢ ᠠᠬᠢᠭᠤᠯᠤᠨ᠎ᠠ᠃ ᠬᠤᠲᠠ ᠲᠤᠭᠤᠷᠢᠭ ᠢ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ | ᠤᠳᠤᠬᠢᠴᠢᠯᠠᠭᠰᠠᠨ ᠠᠮᠢ ᠠᠬᠤᠢ ᠶᠢᠨ ᠲᠠᠷᠢᠶ᠎ᠠ ᠬᠦᠷᠢᠶᠡᠯᠡᠩ ᠤᠨ ᠬᠤᠳᠠ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠬᠤᠳᠠ ᠶᠢ ᠰᠢᠨᠡᠳᠬᠡᠬᠦ ᠠᠵᠢᠯᠯᠠᠭ᠎ᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ 91 ᠬᠠᠭᠤᠴᠢᠨ ᠵᠢᠵᠢᠭ ᠲᠣᠭᠤᠷᠢᠭ᠂ ᠪᠤᠷᠤ ᠭᠡᠷᠲᠤ ᠲᠣᠭᠤᠷᠢᠭ ᠤᠨ 6600 ᠢᠵᠢ ᠪᠠᠶᠢᠰᠢᠩ ᠠᠴᠠ ᠢᠯᠡᠭᠦᠤ | ᠥᠭᠡᠷᠡᠴᠢᠯᠡᠨ ᠵᠠᠰᠠᠪᠠ᠃ ᠬᠤᠳᠠ ᠪᠠᠯᠭᠠᠰᠤᠨ ᠤ ᠵᠠᠮ᠂ ᠤᠰᠤ ᠬᠠᠩᠭᠠᠬᠤ ᠤᠰᠤ ᠵᠠᠯᠠᠬᠤ᠂ ᠢᠯᠴᠢ ᠬᠡᠢ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠬᠤᠭᠤᠯᠠᠢ ᠶᠢᠨ ᠲᠣᠣᠷ ᠢ 120 ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ︽ | ᠰᠢᠷᠬ᠎ᠠ ᠰᠣᠷᠪᠢ︾ ᠶᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠲᠥᠪ ᠬᠤᠲᠠ ᠶᠢᠨ ᠲᠣᠭᠤᠷᠢᠭ ᠤᠨ ︽ᠤᠳᠠᠭᠠᠨ ᠨᠤᠷᠠᠭᠠᠵᠤ ᠳᠡᠶᠢᠯᠬᠦ ᠦᠭᠡᠢ︾ ︽ | ᠨᠤᠷᠠᠭᠠᠭᠰᠠᠨ ᠴᠤ ᠦᠯᠡᠳᠡᠭᠳᠡᠯ ᠲᠠᠢ︾ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠨᠢᠭᠡᠨᠲᠡ | ᠬᠤᠳᠠᠯᠳᠤᠭᠰᠠᠨ ᠬᠤᠭᠤᠴᠠᠭ᠎ᠠ ᠬᠡᠲᠦᠷᠡᠭᠰᠡᠨ ᠭᠡᠷ ᠬᠥᠷᠥᠩᠭᠡ ᠶᠢᠨ ᠲᠥᠷᠥᠯ ᠵᠦᠢᠯ ᠢ ᠰᠡᠷᠭᠦᠭᠡᠵᠦ᠂ ︽ᠲᠤᠰᠢᠶᠠᠬᠤ ᠪᠠᠲᠤᠯᠠᠪᠤᠷᠢᠲᠠᠢ ᠠᠰᠠᠷ︾ ᠤᠨ ᠡᠭᠦᠷᠭᠡ ᠶᠢ | 7883 ᠢᠵᠢ ᠪᠡᠶᠡᠯᠡᠭᠦᠯᠪᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ | ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠶᠢᠰᠦ︶ ᠠᠮᠤᠷ ᠲᠦᠪᠰᠢᠨ ᠲᠣᠭᠲᠠᠭᠤᠨ ᠢᠶᠠᠷ ᠬᠤᠷᠢᠭ᠎ᠠ ᠱᠤᠭᠤᠮ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠢ ᠬᠠᠮᠠᠭᠠᠯᠠᠬᠤ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠬᠦᠷᠢᠶᠡᠨ ᠳᠠᠬᠢ ᠲᠦᠭᠰᠢᠭᠦᠷᠢ ᠶᠢᠨ ᠲᠠᠯᠳᠠ ᠭᠡᠮ ᠢ ᠴᠢᠩᠭ᠎ᠠ ᠰᠡᠷᠭᠡᠶᠢᠯᠡᠵᠦ᠂ ᠠᠮᠤᠷ | ᠠᠮᠤᠭᠤᠯᠠᠩ ᠵᠣᠯ ᠵᠢᠷᠭᠠᠯᠲᠤ ᠪᠠᠶᠠᠨᠨᠠᠭᠤᠷ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠬᠦᠴᠦᠯᠡᠨ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠢᠯᠡ᠂ ᠲᠥᠷᠥᠭᠳᠡᠯ ᠲᠠᠢ ᠪᠥᠭᠡᠳ ᠪᠦᠲᠦᠮᠵᠢᠲᠡᠶ | ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠨᠠᠮ ᠤᠨ ᠠᠴᠢ ᠶᠢ ᠴᠢᠩ ᠰᠡᠳᠬᠢᠯ ᠠᠴᠠ ᠪᠠᠨ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ︽ | ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠬᠦ︾ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠤᠨ᠎ᠠ᠃ | ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠲᠠᠰᠤᠷᠠᠯᠲᠠ ᠦᠭᠡᠢ ᠠᠬᠢᠭᠤᠯᠤᠨ᠎ᠠ᠃ | ᠡᠯ᠎ᠡ ᠬᠦᠷᠢᠶᠡᠨ ᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ᠎ᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠰᠡᠷᠭᠡᠶᠢᠯᠡᠨ ᠡᠵᠡᠮᠳᠡᠬᠦ ᠶᠢ ᠬᠠᠮᠵᠢᠯᠴᠠᠭᠤᠯᠬᠤ᠂ ᠰᠡᠷᠭᠡᠶᠢᠯᠡᠨ | ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠪᠠᠶᠢᠭᠠᠯᠢ ᠶᠢᠨ ᠭᠠᠮᠰᠢᠭ᠂ ᠠᠶᠤᠯᠭᠦᠢ ᠦᠢᠯᠡᠳᠪᠦᠷᠢᠯᠡᠯ᠂ ᠠᠮᠢ | ᠠᠬᠤᠢ ᠶᠢᠨ ᠣᠷᠴᠢᠨ ᠨᠥᠬᠦᠴᠡᠯ ᠵᠡᠷᠭᠡ ᠬᠦᠷᠢᠶᠡᠨ ᠳᠠᠬᠢ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠢᠰᠲ᠋ᠧᠮ ᠤᠨ | ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠯᠠᠪᠳᠠᠭᠤᠨ ᠪᠥᠭᠡᠳ | ᠡᠮᠬᠢ ᠵᠢᠷᠤᠮ ᠲᠠᠢ ᠪᠠᠷ ᠠᠷᠢᠯᠭᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠲᠦᠭᠰᠢᠭᠦᠷᠢ | ᠶᠡᠬᠡᠲᠡᠢ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠭᠡᠷ ᠬᠥᠷᠥᠩᠭᠡ ᠶᠢᠨ ᠠᠵᠤ | ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠦᠭᠰᠢᠭᠦᠷᠢ ᠶᠢ ᠦᠷᠭᠦᠯᠵᠢᠯᠡᠨ ᠠᠷᠢᠯᠭᠠᠨ᠎ᠠ᠃ | ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠰᠢᠨ᠎ᠡ ᠶᠢ ᠡᠭᠦᠳᠴᠦ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠬᠥᠮᠦᠵᠢᠯ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ | ᠲᠦᠮᠡᠨ ᠤ ᠰᠠᠨᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ | ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ | ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ 100% ᠳᠤ ᠬᠦᠷᠭᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ 95% ᠠᠴᠠ ᠳᠡᠭᠡᠭᠰᠢ ᠳᠤ | ᠬᠦᠷᠭᠡᠨ᠎ᠡ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠪᠠᠶᠢᠩᠭᠤ ᠶᠢᠨ ᠴᠢᠨᠠᠷᠲᠠᠢ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠦᠷᠨᠢᠭᠦᠯᠵᠦ᠂ | ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠥᠪᠯᠡᠷᠡᠭᠦᠯᠦᠨ ᠵᠠᠰᠠᠬᠤ | ᠂ ᠵᠠᠮ ᠲᠡᠭᠡᠭᠡᠪᠦᠷᠢ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠬᠢᠵᠠᠭᠠᠷ ᠲᠠᠢ ᠣᠷᠣᠨ ᠵᠠᠢ᠂ ᠥᠨᠳᠥᠷ ᠭᠠᠵᠠᠷ ᠠᠴᠠ ᠤᠨᠠᠬᠤ᠂ ᠮᠠᠰᠢᠨ ᠮᠧᠬᠠᠨᠢᠭ ᠤᠨ | ᠭᠡᠮᠲᠦᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠤᠨ᠎ᠠ᠃ | ︵ᠠᠷᠪᠠ︶ ᠰᠤᠷᠲᠠᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠪᠠᠶᠢᠭᠤᠯᠤᠨ᠎ᠠ | ᠃ ︽ᠭᠤᠷᠪᠠᠨ ᠡᠷᠬᠡᠪᠰᠢ︾ ᠶᠢ ᠦᠢᠯᠡᠳᠦᠯᠭᠡᠵᠢᠭᠦᠯᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ | ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠳᠡᠭᠡᠷ᠎ᠡ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ᠂ ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠨ᠎ᠠ᠃ ᠪᠣᠷᠳᠣᠭᠤᠷ ᠤᠨ | ᠪᠣᠬᠢᠷᠳᠤᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠤᠰᠤ ᠶᠢ ᠠᠷᠪᠢᠯᠠᠨ ᠬᠡᠷᠡᠭᠯᠡᠬᠦ ᠵᠡᠷᠭᠡ ᠬᠠᠤᠯᠢ ᠲᠣᠭᠲᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠳᠣᠷᠬᠠᠢ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠶᠠᠪᠤᠴᠠ ᠳᠤ ︽ᠶᠣᠰᠣ ᠬᠡᠯᠡᠬᠦ ᠮᠠᠶ᠋ᠢᠭ︾ ᠤᠨ ᠵᠠᠰᠠᠭ ᠢ ᠬᠡᠷᠡᠭᠵᠢᠭᠦᠯᠦᠨ᠎ᠡ᠃ ᠪᠦᠬᠦ ᠤᠯᠤᠰ ᠤᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠨ᠎ᠠ᠃ ᠬᠠᠷᠢᠭᠤ ᠮᠡᠳᠡᠭᠦᠯᠬᠦ ᠦᠵᠡᠯ ᠤᠬᠠᠮᠰᠠᠷ᠂ ᠰᠢᠯᠭᠠᠯᠲᠠ ᠲᠤᠰᠢᠶᠠᠬᠤ ᠦᠵᠡᠯ ᠤᠬᠠᠮᠰᠠᠷ | ᠂ ᠦᠷ᠎ᠡ ᠪᠦᠲᠦᠮᠵᠢ ᠶᠢᠨ ᠦᠵᠡᠯ ᠤᠬᠠᠮᠰᠠᠷ ᠢ ᠴᠢᠩᠭᠠᠳᠬᠠᠵᠤ᠂ ︽ᠡᠭᠦᠷᠭᠡ ᠪᠠᠶᠢᠷᠢᠯᠠᠭᠤᠯᠬᠤ᠂ ᠡᠬᠡ ᠲᠠᠩᠰᠠ ᠪᠠᠶᠢᠭᠤᠯᠬᠤ᠂ ᠵᠢᠯᠣᠭᠤᠳᠤᠨ ᠱᠠᠭᠠᠷᠳᠠᠬᠤ᠂ | ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ᠂ ᠦᠷ᠎ᠡ ᠪᠦᠲᠦᠮᠵᠢ ᠶᠢ ᠪᠠᠬᠢᠵᠢᠭᠦᠯᠬᠦ︾ ᠪᠥᠬᠦ ᠬᠡᠯᠬᠢᠶ᠎ᠡ ᠶᠢᠨ ᠠᠵᠢᠯ ᠢ ᠠᠬᠢᠭᠤᠯᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠷᠡᠵᠦ᠂ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢ ᠭᠦᠢᠴᠡᠳᠬᠡᠬᠦ ᠶᠢ | ᠪᠡᠶᠡᠯᠡᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠶᠡᠭᠡ ᠠᠵᠢᠯᠯᠠᠭ᠎ᠠ︾ ᠶᠢ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ︽ᠳᠣᠯᠤᠭ᠎ᠠ ᠶᠢ ᠲᠠᠶᠠᠭᠳᠠᠬᠤ︾᠂ ︽ᠲᠠᠪᠤ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠶᠢ ᠡᠷᠡᠰ | ᠪᠡᠶᠡᠯᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠷᠬᠠᠭ ᠭᠡᠮ ᠢ ᠬᠦᠴᠦᠯᠡᠨ ᠰᠢᠢᠳᠪᠦᠷᠢᠯᠡᠨ᠎ᠡ᠃ ᠪᠠᠲᠤ ᠪᠠᠬᠢ ᠰᠢᠢᠳᠪᠦᠷᠢᠯᠡᠬᠦ | ᠰᠡᠳᠬᠢᠬᠦᠢ᠂ ᠲᠤᠭ᠎ᠠ ᠪᠠᠷᠢᠮᠲᠠ ᠶᠢᠨ ᠰᠡᠳᠬᠢᠬᠦᠢ᠂ ᠪᠢᠲᠡᠭᠦᠦ ᠴᠠᠭᠠᠷᠢᠭ ᠤᠨ ᠰᠡᠳᠬᠢᠬᠦᠢ ᠶᠢ ᠪᠤᠢ ᠪᠣᠯᠭᠠᠵᠤ᠂ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ | ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ | ᠪᠦᠯᠬᠦᠮᠳᠡᠨ ᠲᠡᠮᠡᠴᠡᠬᠦ ᠶᠢ ᠪᠠᠷᠢᠮᠲᠠᠯᠠᠨ᠎ᠠ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ᠶᠠᠪᠤᠳᠠᠯ ᠪᠦᠬᠦᠨ ᠳᠤ ᠶᠡᠭᠡ | ᠲᠠᠯ᠎ᠠ ᠶᠢ ᠦᠵᠡᠵᠦ᠂ ᠬᠠᠮᠵᠢᠯᠴᠠᠬᠤ ᠶᠢ ᠡᠷᠬᠢᠮᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠲᠠᠶᠢᠴᠢᠯᠠᠵᠤ ᠪᠣᠯᠬᠤ ᠢᠳᠡᠪᠬᠢ ᠬᠦᠴᠦᠨ ᠪᠦᠬᠦᠨ ᠢ ᠲᠠᠶᠢᠴᠢᠯᠠᠵᠦ᠂ ︽ᠪᠠᠲᠤ ᠪᠣᠯᠣᠳ︾ ᠮᠡᠲᠦ ᠪᠦᠯᠬᠦᠮᠳᠡᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠢᠯ ᠬᠢᠵᠦ ᠦᠢᠯᠡᠰ ᠪᠣᠰᠬᠠᠬᠤ ᠤᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ | ᠨᠢᠭᠲᠠᠷᠠᠭᠤᠯᠬᠤ ᠬᠡᠷᠡᠭᠲᠡᠢ᠃ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠮᠲᠤ ᠶᠢᠨ ᠤᠶᠤᠨ ᠤᠬᠠᠭᠠᠨ ᠳᠤ ᠴᠢᠩᠭ᠎ᠠ | ᠲᠦᠰᠢᠭᠯᠡᠨ ᠠᠵᠢᠯ ᠢᠶᠠᠨ ᠠᠬᠢᠭᠤᠯᠬᠤ ᠬᠡᠷᠡᠭᠲᠡᠢ᠃ | ᠠᠷᠢᠭᠤᠨ ᠴᠢᠬᠡᠴᠢ ᠶᠢ ᠴᠢᠩᠳᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ | ᠂ ᠮᠡᠳᠡᠵᠦ ᠪᠠᠶᠢᠭᠠᠳ ᠵᠣᠷᠢᠭᠤᠳᠠ ᠵᠥᠷᠢᠴᠡᠬᠦ᠂ ᠠᠷᠠᠳ ᠤᠯᠠᠨ ᠢ ᠬᠦᠨᠦᠭᠡᠬᠦ᠂ ᠬᠠᠭ᠋ᠤᠤᠯᠢ ᠢᠳᠡᠵᠦ ᠬᠠᠤᠯᠢ ᠶᠢ ᠭᠠᠵᠢᠭᠤᠳᠠᠭᠤᠯᠬᠤ ᠦᠢᠯᠡ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠭᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ | ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠠᠴᠢᠮ ᠬᠡᠷᠡᠭᠴᠡᠭᠡᠨ ᠤ ᠪᠤᠰᠤ᠂ | ᠵᠠᠪᠠᠯ ᠬᠡᠷᠡᠭᠰᠡᠬᠦ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠨ᠎ᠠ᠃ | ᠲᠥᠯᠥᠭᠡᠯᠡᠭᠴᠢᠳ ᠠ᠋︕ ᠬᠠᠲᠠᠭᠤᠵᠢᠯᠲᠠᠢ ᠴᠢᠷᠮᠠᠶᠢᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠢᠷᠡᠭᠡᠳᠦᠢ ᠪᠠᠨ ᠲᠡᠮᠡᠴᠡᠨ ᠣᠯᠣᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ | ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ |