ᠠᠮᠢ ᠠᠬᠤᠢ ᠶᠢᠨ  ᠨᠤᠭᠤ ᠭᠠᠵᠠᠷ ᠤᠨ ᠨᠡᠭᠦᠳᠡᠯ ᠤᠨ ᠰᠢᠪᠠᠭᠤᠳ ᠤᠨ ᠴᠡᠩᠭᠡᠯ ᠤᠨ ᠣᠷᠣᠨ
ᠨᠡᠶᠢᠲᠡᠯᠡᠭᠰᠡᠨ ᠴᠠᠭ᠄
2023/3/7
1675300939787075311.jpg
      2023 ᠣᠨ ᠤ 2 ᠰᠠᠷ᠎ᠠ ᠶᠢᠨ 2 ᠎ ᠤᠨ ᠡᠳᠦᠷ ᠪᠣᠯ 27 ᠳ᠋ᠤᠭᠠᠷ ᠳᠡᠯᠡᠬᠡᠢ ᠶᠢᠨ ᠨᠤᠭᠤ ᠭᠠᠵᠠᠷ ᠤᠨ ᠡᠳᠦᠷ ᠪᠣᠯᠣᠨ᠎ᠠ᠃ ᠡᠨᠡ ᠵᠢᠯ ᠤᠨ ᠳᠡᠯᠡᠬᠡᠢ ᠶᠢᠨ ᠨᠤᠭᠤ ᠭᠠᠵᠠᠷ ᠤᠨ ᠡᠳᠦᠷ ᠤᠨ ᠭᠤᠣᠯ ᠰᠡᠳᠦᠪ ᠪᠣᠯ ︽ᠨᠤᠭᠤ ᠭᠠᠵᠠᠷ ᠢ ᠰᠡᠷᠭᠦᠭᠡᠬᠦ︾ ᠪᠣᠯᠣᠨ᠎ᠠ᠃      ᠨᠤᠭᠤ  ᠭᠠᠵᠠᠷ  ᠤᠨ ᠰᠢᠰᠲ᠋ᠧᠮ  ᠪᠣᠯ ᠳᠡᠯᠡᠬᠡᠢ ᠶᠢᠨ ᠪᠥᠮᠪᠥᠷᠴᠡᠭ  ᠤᠨ ᠠᠮᠢ ᠠᠬᠤᠢ  ᠶᠢᠨ ᠰᠢᠰᠲ᠋ᠧᠮ  ᠤᠨ ᠬᠤᠪᠣᠷ  ᠨᠠᠨᠳᠢᠨ  ᠪᠠᠶᠢᠭᠠᠯᠢ ᠶᠢᠨ ᠡᠬᠢ ᠪᠠᠶᠠᠯᠢᠭ ᠮᠥᠨ᠂ ᠣᠶ ᠰᠢᠭᠤᠢ᠂ ᠳᠠᠯᠠᠶ ᠲᠠᠩᠭᠢᠰ  ᠲᠠᠢ ᠬᠠᠮᠲᠤ  ᠪᠠᠷ ᠳᠡᠯᠡᠬᠡᠢ ᠶᠢᠨ ᠪᠥᠮᠪᠥᠷᠴᠡᠭ ᠤᠨ ᠭᠤᠷᠪᠠᠨ ᠶᠡᠭᠡ ᠠᠮᠢ ᠠᠬᠤᠢ ᠶᠢᠨ ᠰᠢᠰᠲ᠋ᠧᠮ ᠭᠡᠳᠡᠭ᠂ ᠲᠡᠷᠡ ᠎ ᠨᠢ ︽ᠳᠡᠯᠡᠬᠡᠢ ᠶᠢᠨ ᠪᠥᠮᠪᠥᠷᠴᠡᠭ ᠤᠨ ᠪᠥᠭᠡᠷ᠎ᠡ︾ ᠮᠡᠲᠦ ᠳᠦᠷᠰᠦᠯᠢᠭ ᠢᠶᠠᠷ ᠢᠯᠡᠷᠡᠳᠡᠭ᠃ ᠮᠠᠨ ᠤ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠤᠭᠤ ᠭᠠᠵᠠᠷ ᠢ ᠬᠠᠮᠠᠭᠠᠯᠠᠬᠤ ᠠᠵᠢᠯ ᠲᠣᠭᠲᠠᠭᠤᠨ ᠢᠶᠠᠷ ᠠᠬᠢᠵᠤ᠂ ᠣᠲᠣ ᠪᠣᠯᠲᠠᠯ᠎ᠠ᠂ ᠤᠯᠤᠰ ᠤᠨ ᠨᠤᠭᠤ ᠭᠠᠵᠠᠷ ᠤᠨ ᠴᠡᠴᠡᠷᠯᠢᠭ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠤᠭᠤ ᠭᠠᠵᠠᠷ ᠤᠨ ᠴᠡᠴᠡᠷᠯᠢᠭ 3᠂ ᠨᠤᠭᠤ ᠭᠠᠵᠠᠷ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 1 ᠪᠠᠶᠢᠵᠤ᠂ 7 ᠨᠤᠭᠤ ᠭᠠᠵᠠᠷ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠲᠤ ᠵᠢᠭᠰᠠᠭᠠᠭᠳᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ