ᠪᠠᠶᠠᠨᠨᠠᠭᠤᠷ ᠎ ᠤᠨ ᠨᠡᠯᠦᠭᠡᠷ ᠰᠠᠶᠢᠬᠠᠨ
ᠨᠡᠶᠢᠲᠡᠯᠡᠭᠰᠡᠨ ᠴᠠᠭ᠄
2023/3/7
      ᠬᠠᠲᠤᠨ ᠭᠤᠣᠯ ᠪᠠᠶᠠᠨᠨᠠᠭᠤᠷ ᠲᠤ ᠣᠷᠣᠭᠰᠠᠨ ᠤ ᠳᠠᠷᠠᠭ᠎ᠠ᠂ ᠮᠤᠨᠢ ᠠᠭᠤᠯᠠ ᠶᠢᠨ ᠡᠮᠦᠨ᠎ᠡ ᠲᠠᠯ᠎ᠠ ᠶᠢᠨ ᠨᠠᠯᠠᠤ ᠪᠠᠷ ᠮᠤᠷᠤᠯᠵᠠᠨ ᠤᠷᠤᠰᠴᠤ᠂ ᠳᠠᠷᠠᠭ᠎ᠠ ᠨᠢ ᠤᠳᠠᠭ᠎ᠠ ᠳᠠᠷᠠᠭᠠᠯᠠᠨ ᠵᠠᠮ ᠢᠶᠠᠨ ᠥᠭᠡᠷᠡᠴᠢᠯᠡᠵᠦ᠂ 300 ᠭᠠᠷᠤᠢ ᠶᠡᠭᠡ ᠪᠠᠭ᠎ᠠ ᠨᠠᠭᠤᠷ ᠴᠥᠭᠦᠷᠥᠮ ᠢ ᠦᠯᠡᠳᠡᠭᠡᠪᠡ᠃      ᠠᠳᠡ ᠳᠡᠯᠡᠬᠡᠢ ᠶᠢᠨ ᠪᠥᠮᠪᠥᠷᠴᠡᠭ ᠲᠠᠢ ᠠᠳᠠᠯᠢ ᠥᠷᠭᠡᠷᠢᠭ ᠢᠶᠠᠷ ᠬᠠᠮᠤᠭ ᠤᠨ ᠶᠡᠭᠡ ᠴᠢᠭᠢᠭᠯᠢᠭ ᠭᠠᠵᠠᠷ ᠤᠨ ᠤᠯᠠᠭᠠᠨᠰᠤᠬᠠᠢ  ᠨᠠᠭᠤᠷ ᠪᠣᠶ᠂ ᠲᠡᠷᠡ ᠪᠣᠯ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠪᠥᠬᠦ ᠳᠡᠯᠡᠬᠡᠢ ᠶᠢᠨ ᠶᠢᠰᠦᠨ ᠶᠡᠭᠡ ᠴᠢᠬᠤᠯᠠ ᠵᠠᠮ ᠤᠨ ᠨᠢᠭᠡ ᠮᠥᠨ᠂ ᠵᠢᠯ ᠪᠦᠷᠢ 200 ᠭᠠᠷᠤᠢ ᠲᠥᠷᠥᠯ ᠤᠨ ᠰᠢᠪᠠᠭᠤᠳ ᠠᠳᠡ ᠵᠤᠨ ᠢᠶᠠᠨ ᠥᠩᠭᠡᠷᠡᠭᠦᠯᠳᠡᠭ ᠪᠣᠯᠬᠤᠷ ᠶᠡᠷᠦ ᠠᠴᠠ ︽ᠲᠣᠯᠪᠣᠲᠤ ᠬᠤᠨ ᠤ ᠨᠤᠲᠤᠭ︾ ᠭᠡᠰᠡᠨ ᠨᠡᠷ᠎ᠡ ᠲᠠᠢ ᠶᠤᠮ᠃ ᠡᠭᠦᠨ ᠠᠴᠠ ᠭᠠᠳᠠᠨ᠎ᠠ  ᠤᠯᠠᠭᠠᠨᠪᠤᠬ᠎ᠠ ᠶᠢᠨ ᠡᠯᠡᠰᠦᠨ ᠴᠥᠯ ᠳᠠᠬᠢ ᠭᠤᠴᠣ ᠰᠠᠶᠢᠬᠠᠨ ᠤᠰᠤ ᠨᠠᠷᠢᠨ ᠨᠠᠭᠤᠷ ᠨᠢ ᠲᠡᠭᠷᠢ ᠭᠠᠵᠠᠷ ᠤᠨ ᠤᠰᠤᠨ ᠤ ᠥᠩᠭᠡ ᠪᠠᠷ  ᠮᠡᠯᠮᠡᠯᠵᠡᠵᠦ᠂ ᠮᠢᠩᠭᠠᠨ ᠰᠢᠪᠠᠭᠤ ᠤᠷᠤᠯᠳᠤᠨ ᠭᠠᠲᠤᠯᠵᠤ᠂ ᠵᠢᠭᠠᠰᠤ ᠵᠢᠷᠠᠭᠠᠬᠠᠢ ᠶᠢᠨ ᠢᠷᠤᠭᠠᠷ ᠲᠤ ᠬᠠᠯᠢᠨ ᠳᠡᠭᠦᠯᠢᠨ᠎ᠡ᠃       ᠪᠠᠶᠠᠨᠨᠠᠭᠤᠷ ᠤᠨ ᠮᠠᠰᠢ ᠣᠯᠠᠨ ᠨᠠᠭᠤᠷ ᠴᠥᠭᠦᠷᠥᠮ ᠣᠳᠣᠨ ᠮᠡᠴᠢᠳ ᠮᠡᠲᠦ ᠲᠦᠭᠡᠵᠦ᠂ ᠪᠣᠭᠤᠮᠲᠠ ᠶᠢᠨ ᠭᠠᠳᠠᠨ᠎ᠠ ᠪᠠᠶᠢᠭ᠎ᠠ ᠪᠣᠯᠪᠠᠴᠤ ᠵᠢᠶᠠᠩᠨᠠᠨ ᠰᠢᠭ᠋ ᠪᠠᠶᠢᠳᠠᠭ ᠪᠣᠯᠬᠤᠷ ︽ᠪᠣᠭᠤᠮᠲᠠ ᠶᠢᠨ ᠳᠡᠭᠡᠷᠡᠬᠢ ᠵᠢᠶᠠᠩᠨᠠᠨ︾ ᠭᠡᠰᠡᠨ ᠰᠠᠶᠢᠬᠠᠨ ᠴᠣᠯᠠ ᠲᠠᠢ ᠶᠤᠮ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ