ᠪᠠᠶᠠᠨᠨᠠᠭᠤᠷ ᠎ ᠤᠨ  ᠭᠠᠶᠢᠬᠠᠮᠰᠢᠭ
ᠨᠡᠶᠢᠲᠡᠯᠡᠭᠰᠡᠨ ᠴᠠᠭ᠄
2023/3/7
1229008_001_01_s.jpg
      ᠡᠨᠡ ᠪᠣᠯ ᠠᠪᠤᠷᠭᠤ ᠭᠦᠷᠪᠡᠯ ᠤᠨ ᠴᠢᠯᠠᠭᠤᠵᠢᠮᠠᠯ ᠤᠨ ᠡᠷᠳᠡᠨᠢ ᠶᠢᠨ ᠬᠥᠮᠥᠷᠭᠡ ᠪᠣᠯᠣᠨ᠎ᠠ᠃ ᠤᠷᠠᠳ ᠤᠨ ᠬᠤᠶᠢᠲᠤ ᠬᠤᠰᠢᠭᠤᠨ ᠤ ᠪᠠᠶᠠᠨᠮᠠᠨᠳᠤᠬᠤ ᠶᠢᠨ ᠠᠪᠤᠷᠭᠤ ᠭᠦᠷᠪᠡᠯ ᠤᠨ ᠴᠢᠯᠠᠭᠤᠵᠢᠮᠠᠯ ᠤᠨ ᠪᠦᠰᠡ ᠪᠣᠯ ᠳᠤᠮᠳᠠᠳᠤ ᠤᠯᠤᠰ ᠴᠢᠨᠠᠭᠰᠢᠯᠠᠪᠠᠯ ᠲᠥᠪ ᠠᠽᠢᠶ᠎ᠠ ᠶᠢᠨ ᠬᠠᠮᠤᠭ ᠤᠨ ᠴᠢᠬᠤᠯᠠ ᠮᠥᠷᠲᠡᠭᠡᠨ ᠪᠠᠰᠠ ᠬᠠᠮᠤᠭ ᠤᠨ ᠶᠡᠭᠡ ᠰᠡᠭᠦᠯᠴᠢ ᠶᠢᠨ ᠴᠠᠷᠳᠠ ᠶᠢᠨ ᠭᠠᠯᠪᠠ ᠶᠢᠨ ᠠᠪᠤᠷᠭᠤ ᠭᠦᠷᠪᠡᠯ ᠤᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠪᠠᠶᠢᠵᠤ᠂ ᠨᠢᠭᠡᠨᠲᠡ ᠢᠯᠡᠷᠡᠭᠦᠯᠦᠭᠰᠡᠨ ᠠᠪᠤᠷᠭᠤ ᠭᠦᠷᠪᠡᠯ ᠤᠨ ᠴᠢᠯᠠᠭᠤᠵᠢᠮᠠᠯ ᠤᠨ ᠲᠤᠭ᠎ᠠ ᠬᠡᠮᠵᠢᠶ᠎ᠡ᠂ ᠡᠯᠪᠡᠭ ᠪᠠᠶᠠᠯᠢᠭ  ᠤᠨ ᠬᠡᠮᠵᠢᠶ᠎ᠡ᠂ ᠴᠢᠯᠠᠭᠤᠵᠢᠮᠠᠯ ᠢ ᠪᠦᠷᠢᠨ ᠪᠦᠲᠦᠨ ᠬᠠᠳᠠᠭᠠᠯᠠᠭᠰᠠᠨ ᠬᠡᠮᠵᠢᠶ᠎ᠡ᠂ ᠠᠮᠢᠳᠤ ᠪᠣᠳᠠᠰ ᠤᠨ ᠪᠦᠯᠦᠭᠯᠡᠯ ᠤᠨ ᠣᠨᠴᠠᠯᠢᠭ ᠵᠢᠴᠢ ᠣᠨᠴᠠᠭᠠᠶ ᠭᠠᠵᠠᠷ ᠰᠢᠨᠵᠢᠯᠡᠭᠡ ᠪᠠ ᠠᠮᠢᠳᠤ ᠪᠣᠳᠠᠰ ᠤᠨ ᠤᠯᠠᠷᠢᠯᠲᠠ ᠶᠢᠨ ᠠᠴᠢ ᠬᠤᠯᠪᠣᠭᠳᠠᠯ ᠨᠢ ᠴᠥᠮ ᠤᠯᠤᠰ ᠤᠨ ᠳᠣᠲᠣᠭᠠᠳᠤ ᠳᠤ ᠬᠤᠪᠣᠷ ᠪᠠᠶᠢᠳᠠᠭ᠃      ᠠᠳᠡ 5 ᠲᠦᠮᠡ ᠭᠠᠷᠤᠢ ᠬᠠᠲᠠᠨ ᠵᠢᠷᠤᠭ ᠮᠤᠨᠢ ᠠᠭᠤᠯᠠᠨ ᠳᠤ ᠲᠠᠷᠬᠠᠵᠤ᠂ ᠡᠲᠡᠭᠡᠷ ᠬᠠᠲᠠᠨ ᠵᠢᠷᠤᠭ ᠤᠨ ᠳᠡᠯᠭᠡᠨ ᠦᠵᠡᠭᠦᠯᠦᠭᠰᠡᠨ ᠨᠢ ᠠᠷᠢᠶᠠᠲᠠᠨ ᠵᠢᠭᠦᠷᠲᠡᠨ᠂ ᠠᠩ ᠠᠩᠨᠠᠯ ᠁ ᠡᠷᠲᠡᠨ ᠤ ᠡᠪᠦᠭᠡ ᠳᠡᠭᠡᠳᠦᠰ ᠤᠨ ᠤᠷᠠᠯᠢᠭ ᠤᠨ ᠪᠦᠲᠦᠭᠡᠯ ᠨᠢ ᠳᠡᠯᠡᠬᠡᠢ ᠳᠤ ᠭᠠᠶᠢᠬᠠᠮᠰᠢᠭᠲᠠᠢ ᠶᠤᠮ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ