ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/3/7
·                                 ᠵᠠᠰᠠᠭ ᠤᠨ ᠣᠷᠳᠣᠨ ᠤ ᠠᠵᠢᠯ ᠤᠨ ᠢᠯᠡᠳᠬᠡᠯ              ︱ 2022 ᠣᠨ ᠤ 12 ᠰᠠᠷ᠎ᠠ ᠶᠢᠨ 30 ᠤ ᠡᠳᠦᠷ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ                           ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ                    ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ    ᠸᠠᠩ ᡁᠢ ᠫᠢᠩᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃         ᠨᠢᠭᠡ᠂ 2022 ᠣᠨ ᠤ ᠠᠵᠢᠯ ᠤᠨ ᠡᠷᠭᠢᠴᠡᠭᠦᠯᠦᠯ        2022 ᠣᠨ ᠪᠣᠯ ᠨᠠᠮ ᠪᠠ ᠤᠯᠤᠰ ᠤᠨ ᠲᠡᠦᠬᠡᠨ ᠳᠠᠬᠢ ᠲᠤᠶᠢᠯ ᠤᠨ ᠴᠢᠬᠤᠯᠠ ᠨᠢᠭᠡ ᠵᠢᠯ ᠮᠥᠨ᠂ ᠪᠠᠰᠠ ᠴᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠮᠥᠨ᠃ ᠠᠵᠤ ᠠᠬᠤᠢ ᠶᠢᠨ ᠪᠠᠭᠤᠷᠠᠯᠲᠠ᠂ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠣᠯᠠᠨ ᠳᠠᠪᠬᠤᠷ ᠰᠢᠯᠭᠠᠯᠲᠠ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠬᠦᠴᠢᠷ ᠪᠡᠷᠬᠡ ᠶᠢ ᠲᠠᠪᠠᠨ ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠣᠯᠪᠠ᠃        ᠨᠢᠭᠡ ᠳᠤ᠂ ᠠᠵᠤ ᠠᠬᠤᠢ ᠶᠢᠨ ᠬᠥᠭᠵᠢᠯᠲᠡ ᠰᠡᠷᠭᠦᠯᠲᠡ ᠶᠢᠨ ᠬᠠᠨᠳᠤᠰᠢ ᠲᠠᠢ ᠪᠣᠯᠪᠠ᠃ ᠠᠵᠤ ᠠᠬᠤᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ 48᠂ ᠵᠠᠯᠭᠠᠭᠤᠯᠬᠤ ᠠᠷᠭ᠎ᠠ ᠬᠡᠮᠵᠢᠶ᠎ᠡ ᠶᠢ 21᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ 135 ᠲᠣᠭᠲᠠᠭᠠᠨ ᠨᠠᠶᠢᠳᠠᠪᠤᠷᠢᠵᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠦᠯᠡᠳᠡᠪᠦᠷᠢ ᠭᠠᠶᠢᠯᠢ ᠶᠢ ᠪᠤᠴᠠᠭᠠᠬᠤ᠂ ᠬᠤᠶᠢᠰᠢᠯᠠᠭᠤᠯᠤᠨ ᠲᠤᠰᠢᠶᠠᠬᠤ ᠭᠠᠶᠢᠯᠢ ᠶᠢᠨ ᠰᠦᠢᠳᠬᠡᠯ ᠢ 25.20 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠵᠢᠭᠡᠯᠡᠯᠭᠡ ᠶᠢ ᠬᠤᠶᠢᠰᠢᠯᠠᠭᠤᠯᠤᠨ ᠪᠤᠴᠠᠭᠠᠬᠤ ᠶᠢ 32.16 ᠳ᠋ᠦᠩᠰᠢᠭᠤᠷ ᠲᠥᠭᠦᠷᠢᠭ ᠭᠦᠢᠴᠡᠳᠬᠡᠵᠦ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠤᠯᠵᠠᠪᠤᠷᠢ ᠶᠢ 2.58 ᠳ᠋ᠦᠩᠰᠢᠭᠤᠷ ᠲᠥᠭᠦᠷᠢᠭ ᠤᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 2.39 ᠲᠦᠮᠡᠨ ᠡᠷᠦᠬᠡ ᠰᠢᠨ᠎ᠡ ᠪᠠᠷ ᠪᠠᠶᠢᠭᠤᠯᠤᠭᠳᠠᠪᠠ᠃ 202 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 311.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠪᠠᠶᠢᠷᠢᠨ ᠳᠤ ᠤᠷᠤᠭᠰᠠᠨ ᠪᠡᠯᠡ ᠮᠥᠩᠭᠦ ᠶᠢ 176.61 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 10.7% ᠪᠠᠷ ᠨᠡᠮᠡᠭᠳᠡᠪᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ ᠲᠥᠯᠥᠵᠦ ᠵᠢᠯ ᠤᠨ ᠡᠭᠦᠷᠭᠡ ᠪᠠᠨ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠲᠦᠭᠰᠢᠭᠦᠷᠢ᠂ ᠭᠡᠷ ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠦᠭᠰᠢᠭᠦᠷᠢ ᠶᠢ ᠲᠣᠬᠢᠲᠠᠢ ᠰᠢᠢᠳᠪᠦᠷᠢᠯᠡᠵᠦ᠂ ᠥᠩᠭᠡᠷᠡᠭᠰᠡᠨ ᠵᠢᠯ ᠤᠳ ᠤᠨ ᠵᠢᠯ ᠤᠨ ᠦᠷᠢᠲᠦᠭᠰᠡᠨ ᠴᠠᠯᠢᠩ᠂ ᠲᠥᠷᠥᠯ ᠵᠦᠢᠯ ᠢ ᠢᠵᠢ ᠪᠦᠷᠢᠳᠦᠭᠦᠯᠬᠦ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠪᠡᠯᠡ ᠮᠥᠩᠭᠦ ᠶᠢ 19.87 ᠳ᠋ᠦᠩᠰᠢᠭᠤᠷ ᠲᠥᠭᠦᠷᠢᠭ ᠥᠭᠪᠡ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2.6% ᠣᠷᠴᠢᠮ ᠨᠡᠮᠡᠭᠳᠡᠭᠦᠯᠵᠦ᠂ 1000 ᠳ᠋ᠦᠩᠰᠢᠭᠤᠷ ᠲᠥᠭᠦᠷᠢᠭ ᠢ ᠳᠠᠪᠠᠭᠤᠯᠤᠨ᠂  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 2% ᠣᠷᠴᠢᠮ ᠪᠠᠭᠤᠷᠠᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠭᠠᠷᠤᠢ ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 30% ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 9% ᠣᠷᠴᠢᠮ ᠨᠡᠮᠡᠭᠳᠡᠭᠦᠯᠵᠦ᠂ ᠠᠵᠤ ᠠᠬᠤᠢ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠨ᠂ ᠲᠣᠭᠲᠠᠭᠤᠨ ᠤ ᠳᠠᠭᠠᠤ ᠳᠤ ᠰᠠᠶᠢᠨ ᠬᠠᠨᠳᠤᠰᠢ ᠲᠠᠢ ᠪᠤᠯᠪᠠ᠃    ᠬᠤᠶᠠᠷ ᠲᠤ᠂ ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠣᠭᠰᠠᠨ ᠪᠥᠭᠡᠳ ᠲᠦᠷᠭᠡᠪᠴᠢᠯᠡᠨ ᠪᠦᠲᠦᠭᠡᠨ ᠪᠠᠶᠢᠭᠤᠯᠤᠭᠳᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠲᠠᠭᠤ ᠪᠤᠭᠤᠳᠠᠢ᠂ ᠠᠯᠠᠰᠢᠨ ᠬᠤᠨᠢ᠂ ᠨᠡᠷᠡᠨ ᠬᠤᠸᠠᠷ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠪᠠ᠃ ᠰᠢᠨ᠎ᠡ ᠪᠠᠷ ᠨᠡᠮᠡᠭᠳᠡᠭᠰᠡᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ 32.50 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ 58.17 ᠳ᠋ᠦᠩᠰᠢᠭᠤᠷ ᠵᠢᠩ ᠳᠤ ᠬᠥᠷᠪᠡ᠃ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭ᠎ᠠ ᠬᠡᠮᠵᠢᠶ᠎ᠡ 30.19 ᠲᠦᠮᠡᠨ ᠲᠣᠯᠣᠭᠠᠢ ᠳᠤ ᠬᠦᠷᠴᠦ᠂ 39.5% ᠪᠠᠷ ᠨᠡᠮᠡᠭᠳᠡᠨ᠂ ᠲᠦᠭᠦᠬᠡᠢ ᠰᠦ ᠶᠢᠨ ᠭᠠᠷᠤᠯᠲᠠ ᠶᠢ 112.35 ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ 30.2% ᠪᠠᠷ ᠨᠡᠮᠡᠭᠳᠡᠪᠡ᠃ ᠳ᠋ᠧᠩᠺᠸᠦ ᠰᠢᠶᠠᠨ᠂ ᠬᠠᠩᠭᠢᠨ ᠬᠤᠶᠢᠲᠤ ᠬᠤᠰᠢᠭᠤ ᠨᠢ ᠪᠦᠬᠦ ᠤᠯᠤᠰ ᠤᠨ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠦᠬᠦ ᠰᠢᠶᠠᠨ ᠢᠶᠠᠷ ᠢᠶᠠᠨ ᠠᠬᠢᠭᠤᠯᠬᠤ ᠰᠢᠶᠠᠨ ᠪᠣᠯᠵᠠᠢ᠃ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ  ᠨᠢ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠶᠢ ᠪᠥᠬᠦ ᠰᠢᠶᠠᠨ ᠢᠶᠠᠷ ᠢᠶᠠᠨ ᠲᠦᠯᠬᠢᠨ ᠠᠬᠢᠭᠤᠯᠬᠤ ᠰᠢᠶᠠᠨ ᠪᠣᠯᠵᠠᠢ᠃ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠥᠷᠲᠡᠭ 260.18 ᠳ᠋ᠦᠩᠰᠢᠭᠤᠷ ᠲᠥᠭᠦᠷᠢᠭ ᠲᠤ ᠬᠦᠷᠴᠦ᠂ ︽ᠰᠢᠨ᠎ᠡ ᠴᠠᠭ ᠦᠶ᠎ᠡ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠡᠮᠳᠡᠭ ᠤᠨ 10 ᠵᠢᠯ ᠤᠨ ᠭᠠᠷᠮᠠᠭᠠᠢ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭ︾ ᠢᠶᠠᠷ ᠦᠨᠡᠯᠡᠭᠳᠡᠪᠡ᠃ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠤᠨ ᠪᠦᠲᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 222.20 ᠲᠦᠮᠡᠨ ᠺᠢᠯᠣᠸᠠᠲ ᠲᠤ ᠬᠦᠷᠴᠦ᠂ 1-11 ᠳ᠋ᠤᠭᠡᠷ ᠰᠠᠷ᠎ᠠ ᠳᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ 12.7% ᠨᠡᠮᠡᠭᠳᠡᠵᠦ ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 83.3%᠂ 7.1 ᠳᠠᠬᠢᠨ ᠨᠡᠮᠡᠭᠳᠡᠨ᠂ ᠬᠡᠪᠴᠢᠶᠡᠵᠢᠯ  ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠶᠡᠷᠦᠩᠬᠡᠢ ᠬᠡᠮᠵᠢᠶ᠎ᠡ 17.4% ᠪᠠᠷ ᠨᠡᠮᠡᠭᠳᠡᠪᠡ᠃ ᠵᠢᠱᠢᠯᠲᠡ ᠪᠠᠷ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠤᠨ ᠣᠨ ᠤ ᠬᠠᠷᠠᠯᠲᠠ ᠡᠭᠦᠷᠭᠡ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠴᠥᠮ 1000 ᠳ᠋ᠦᠩᠰᠢᠭᠤᠷ ᠲᠥᠭᠦᠷᠢᠭ ᠢ ᠳᠠᠪᠠᠪᠠ᠃    ᠭᠤᠷᠪᠠ ᠳᠤ᠂ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠪᠠᠷ ᠠᠮᠢᠳᠤᠯᠢᠭ ᠪᠣᠯᠭᠠᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ 520 ᠵᠦᠢᠯᠡᠰ ᠢ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠵᠦ᠂ 20 ︽ᠬᠠᠭᠠᠰ ᠳᠤᠷᠭᠤᠨ︾ ᠢᠨᠵᠧᠨᠧᠷᠢᠩ ᠤᠨ ᠵᠦᠢᠯᠡᠰ ᠢ ᠪᠦᠬᠦᠨ ᠢ ᠰᠡᠷᠭᠦᠭᠡᠨ ᠡᠬᠢᠯᠡᠭᠦᠯᠵᠤ᠂ 3.43 ᠳ᠋ᠦᠩᠰᠢᠭᠤᠷ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠲᠤᠰᠢᠶᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ 0.56 ᠲᠦᠮᠡᠨ ᠮᠦ ᠰᠢᠩᠭᠡᠭᠡᠵᠦ᠂ ᠰᠤᠯᠠ ᠪᠠᠶᠢᠭ᠎ᠠ ᠭᠠᠵᠠᠷ ᠰᠢᠷᠣᠢ ᠶᠢ 0.16 ᠲᠦᠮᠡᠨ ᠮᠦ ᠰᠢᠢᠳᠪᠦᠷᠢᠯᠡᠪᠡ᠃ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢᠨ ᠡᠷᠴᠢᠮ᠂ ᠪᠠᠭᠲᠠᠭᠠᠮᠵᠢ ᠶᠢᠨ ᠨᠣᠷᠮ᠎ᠠ᠂ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠥᠷᠲᠡᠭ᠂ ᠭᠠᠶᠢᠯᠢ ᠲᠠᠲᠠᠪᠤᠷᠢ ᠵᠡᠷᠭᠡ 4 ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠲᠣᠭᠲᠠᠭᠠᠵᠤ᠂ 11 ᠡᠷᠦᠬᠡ ᠦᠢᠯᠡᠳᠪᠦᠷᠢᠯᠡᠬᠦ ᠪᠠᠨ ᠵᠣᠭᠰᠣᠭᠰᠠᠨ ᠠᠵᠤ ᠠᠬᠤᠶᠢᠯᠠᠯ᠂ 2  ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠲᠡᠢ ᠳᠡᠭᠡᠭᠰᠢᠯᠡᠪᠡ᠃ ᠲᠠᠷᠢᠶᠠᠯᠠᠩ ᠤᠨ ᠤᠰᠤ ᠶᠢ ᠭᠦᠨᠵᠡᠭᠡᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠰᠤ ᠶᠢ 0.90 ᠳ᠋ᠦᠩᠰᠢᠭᠤᠷ ᠺᠦᠪ ᠮᠧᠲᠷ ᠠᠷᠪᠢᠯᠠᠪᠠ ᠃ 5 ᠲᠦᠮᠡᠨ ᠮᠦ ᠲᠠᠷᠢᠶᠠᠨ ᠭᠠᠵᠠᠷ ᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ 1000 ᠮᠦ ᠪᠠᠶᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠷᠠᠯᠵᠢᠶᠠᠯᠠᠬᠤ ᠶᠢ 3327.42 ᠮᠦ ᠪᠡᠶᠡᠯᠡᠭᠦᠯᠵᠦ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ 587.70 ᠮᠦ ᠠᠷᠠᠯᠵᠢᠶᠠᠯᠠᠪᠠ᠃      ᠳᠥᠷᠪᠡ ᠳᠤ᠂ ᠠᠮᠢ ᠠᠬᠤᠢ ᠶᠢᠨ ᠣᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠪᠡ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ   ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ︽︿ᠠᠷᠪᠠᠨ ᠳᠥᠷᠪᠡᠳᠦᠭᠡᠷ ᠲᠠᠪᠤᠨ ᠵᠢᠯ﹀  ᠤᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠲᠥᠯᠦᠪᠵᠢᠭᠦᠯᠭᠡ︾ ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 67.9% ᠢ ᠪᠡᠶᠡᠯᠡᠭᠦᠯᠵᠦ᠂ ᠠᠮᠢ ᠠᠬᠤᠢ ᠶᠢᠨ ᠤᠰᠤ ᠶᠢ 5.17 ᠳ᠋ᠦᠩᠰᠢᠭᠤᠷ ᠺᠦᠪ ᠮᠧᠲᠷ ᠨᠥᠬᠦᠪᠦᠷᠢᠯᠡᠪᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠪᠠ ᠬᠠᠳᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠣᠨ ᠤ ᠡᠭᠦᠷᠭᠡ ᠪᠠᠨ ᠪᠡᠶᠡᠯᠡᠭᠦᠯᠪᠡ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠤᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠷᠡᠭᠯᠡᠬᠦ ᠬᠡᠮᠵᠢᠶ᠎ᠡ ᠶᠢ ᠲᠣᠰ ᠲᠣᠰ 5.1%᠂ 2.7% ᠪᠠᠷ ᠪᠠᠭᠤᠷᠠᠭᠤᠯᠵᠤ᠂ ᠣᠶ ᠰᠢᠭᠤᠢ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 57.90 ᠲᠦᠮᠡᠨ ᠮᠦ ᠪᠡᠶᠡᠯᠡᠭᠦᠯᠪᠡ᠃ 47.66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠵᠦᠢᠯᠡᠰ ᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠠᠭᠠᠷ ᠤᠨ ᠴᠢᠨᠠᠷ ᠤᠨ ᠰᠢᠯᠢᠳᠡᠭ ᠰᠠᠶᠢᠨ ᠨᠣᠷᠮ᠎ᠠ 88.2% ᠲᠤ ᠬᠦᠷᠴᠦ᠂ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠥᠷᠪᠡ᠃ ᠦᠶᠤᠸᠠᠨ ᠰᠢᠶᠠᠨ ᠨᠢ ᠪᠦᠬᠦ ᠤᠯᠤᠰ ᠤᠨ ᠵᠢᠷᠭᠤᠳᠤᠭᠠᠷ ᠪᠦᠯᠦᠭ ᠤᠨ   ︽ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃     ᠲᠠᠪᠤ ᠳᠤ᠂ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠢ ᠲᠥᠪᠯᠡᠷᠡᠭᠦᠯᠦᠨ ᠪᠤᠭᠤᠮᠲᠠ ᠰᠢᠪᠲᠤᠯᠬᠤ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 183 ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠳᠦᠷᠪᠡᠨ ᠭᠦᠢᠴᠡᠳᠭᠡᠯ︾ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 80.6% ᠳᠤ ᠬᠦᠷᠴᠦ᠂ 6422 ᠵᠦᠢᠯᠡᠰ ᠢ ᠭᠠᠷ ᠤᠲᠠᠰᠤ ᠪᠠᠷ ᠭᠦᠢᠴᠡᠳᠬᠡᠬᠦ ᠶᠢ ᠪᠡᠶᠡᠯᠡᠭᠦᠯᠵᠦ᠂13302 ᠵᠦᠢᠯ ᠤᠨ ᠤᠴᠢᠷ ᠶᠠᠪᠤᠳᠠᠯ ᠢ ᠡᠯᠧᠺᠲᠷᠣᠨ ᠦᠨᠡᠮᠯᠡᠯ ᠢᠶᠠᠷ ᠰᠢᠢᠳᠪᠦᠷᠢᠯᠡᠵᠦ᠂ 298 ᠵᠦᠢᠯ ᠤᠨ ᠤᠴᠢᠷ ᠶᠠᠪᠤᠳᠠᠯ  ᠢ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠪᠡᠶᠡᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠶ ᠨᠣᠷᠮ᠎ᠠ ᠲᠤᠰ ᠲᠤᠰ 100%᠂ 89.9%᠂ 90.2% ᠲᠤ ᠬᠦᠷᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠳᠠ ᠳᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ᠂ ᠡᠵᠡᠩᠨᠡᠯᠲᠡ ᠶᠢᠨ ᠶᠡᠷᠦᠩᠬᠡᠢ ᠣᠷᠣᠯᠭ᠎ᠠ ᠵᠡᠷᠭᠡ ᠭᠤᠣᠯ ᠪᠣᠯᠬᠤ ᠡᠵᠡᠩᠨᠡᠯᠲᠡ ᠶᠢᠨ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠯᠳᠠᠪᠤᠷᠢ ᠲᠠᠢ ᠪᠠᠶᠢᠭᠰᠠᠨ ᠠᠴᠠ ᠣᠯᠵᠠᠪᠤᠷᠢ ᠲᠠᠢ ᠪᠤᠯᠵᠤ ᠦᠷ᠎ᠡ ᠪᠦᠲᠦᠮᠵᠢ ᠢᠯᠡᠳᠲᠡ ᠪᠣᠯᠪᠠ᠃ ᠪᠣᠭᠤᠮᠲᠠ ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠰᠢᠨ᠎ᠡ ᠶᠢ ᠡᠭᠦᠳᠴᠦ ᠠᠵᠢᠯᠯᠠᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠪᠠᠶᠢᠩᠭᠤᠵᠢᠭᠤᠯᠤᠨ ᠠᠵᠢᠯᠯᠠᠭᠤᠯᠪᠠ᠃ ᠵᠢᠱᠢᠯᠲᠡ ᠪᠠᠷ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ 331 ᠳ᠋ᠦᠩᠰᠢᠭᠤᠷ ᠲᠥᠭᠦᠷᠢᠭ ᠲᠤ ᠬᠦᠷᠴᠦ᠂ 41.7% ᠪᠠᠷ ᠨᠡᠮᠡᠭᠳᠡᠵᠦ᠂ ᠭᠠᠭᠴᠠᠮᠤᠳᠤ ᠪᠣᠭᠤᠮᠲᠠ ᠪᠠᠷ ᠨᠡᠪᠲᠡᠷᠡᠭᠰᠡᠨ ᠪᠠᠷᠠᠭᠠᠨ ᠤ ᠬᠡᠮᠵᠢᠶ᠎ᠡ 1900 ᠲᠦᠮᠡᠨ ᠲᠣᠨ ᠳᠤ ᠬᠦᠷᠴᠦ᠂ 135.7% ᠪᠠᠷ ᠨᠡᠮᠡᠭᠳᠡᠵᠦ᠂ ᠣᠨᠴᠠᠯᠢᠭᠲᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 14 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠣᠷᠣᠵᠤ᠂ 6 ᠶᠡᠭᠡ ᠲᠢᠪ᠂ 102 ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃    ᠵᠢᠷᠭᠤᠭ᠎ᠠ ᠳᠤ᠂ ᠵᠣᠯ ᠵᠢᠷᠭᠠᠯ ᠤᠨ ᠵᠢᠭᠠᠯᠲᠠ ᠲᠤᠭ᠎ᠠ ᠶᠡᠭᠡ ᠪᠠᠷ ᠳᠡᠭᠡᠭᠰᠢᠯᠡᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠵᠢᠯ ᠤᠨ ᠳᠤᠮᠳᠠᠴᠢ ᠴᠡᠪᠡᠷ ᠣᠷᠣᠯᠭ᠎ᠠ 15.2% ᠢᠶᠠᠷ ᠨᠡᠮᠡᠭᠳᠡᠵᠦ᠂ ᠦᠶᠤᠸᠠᠨ ᠰᠢᠶᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢᠶᠠᠷ ᠰᠣᠩᠭᠤᠭᠳᠠᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8% ᠪᠠᠷ ᠬᠢᠵᠠᠭᠠᠷᠯᠠᠪᠠ᠃ ᠪᠤᠷᠤ ᠭᠡᠷᠲᠤ ᠲᠣᠭᠤᠷᠢᠭ ᠤᠨ 4412 ᠢᠵᠢ ᠭᠡᠷ ᠪᠠᠶᠢᠰᠢᠩ᠂  ᠬᠠᠭᠤᠴᠢᠨ ᠰᠠᠭᠤᠭᠠᠯᠢ ᠲᠣᠭᠤᠷᠢᠭ ᠤᠨ 11873 ᠡᠷᠦᠬᠡ ᠶᠢ ᠰᠢᠨᠡᠳᠬᠡᠨ ᠵᠠᠰᠠᠵᠤ᠂ ᠨᠢᠭᠡᠨᠲᠡ ᠬᠤᠳᠠᠯᠳᠤᠭᠠᠳ ᠬᠤᠭᠤᠴᠠᠭ᠎ᠠ ᠬᠡᠲᠦᠷᠡᠲᠡᠯ᠎ᠡ ᠲᠤᠰᠢᠶᠠᠨ ᠥᠭᠬᠦ ᠳᠤ ᠬᠦᠴᠢᠷᠲᠡᠢ ᠭᠡᠷ ᠬᠥᠷᠥᠩᠭᠡ ᠶᠢᠨ ᠲᠥᠷᠥᠯ ᠵᠦᠢᠯ ᠢ 28 ᠰᠡᠷᠭᠦᠭᠡᠨ ᠠᠵᠢᠯᠯᠠᠭᠤᠯᠪᠠ᠃  ᠪᠤᠭᠤᠲᠤ ᠠᠴᠠ ᠢᠷᠭᠠᠢ ᠬᠦᠷᠬᠦ ᠳᠡᠭᠡᠲᠦ ᠬᠤᠷᠳᠤ ᠶᠢᠨ ᠲᠡᠮᠦᠷ ᠵᠠᠮ ᠤᠨ ᠪᠥᠬᠦ ᠱᠤᠭᠤᠮ ᠤᠨ ᠠᠵᠢᠯ ᠢ ᠡᠬᠢᠯᠡᠭᠦᠯᠵᠦ᠂ G335  ᠬᠦᠨᠬᠤᠳᠳᠤᠭ ᠠᠴᠠ ᠬᠠᠯᠢᠭᠤᠲᠤ ᠬᠦᠷᠬᠦ ᠬᠡᠰᠡᠭ᠂ S311 ᠴᠤᠤ ᠶᠠᠩ ᠠᠴᠠ ᠵᠢᠶᠠᠨ ᠹᠧᠩ ᠲᠠᠷᠢᠶᠠᠯᠠᠩ ᠤᠨ ᠲᠠᠯᠠᠪᠠᠶ ᠬᠦᠷᠬᠦ ᠬᠡᠰᠡᠭ ᠤᠨ ᠵᠠᠰᠠᠮᠠᠯ ᠵᠠᠮ᠂ ᠯᠢᠨ ᠾᠧ ᠶᠢᠨ ᠬᠤᠶᠢᠲᠤ ᠭᠠᠷᠤᠴᠠ ᠶᠢᠨ ᠵᠠᠰᠠᠮᠠᠯ ᠵᠠᠮ ᠤᠨ ᠰᠢᠨᠡᠴᠢᠯᠡᠯᠲᠡ ᠶᠢ ᠳᠠᠭᠤᠰᠬᠠᠵᠤ ᠲᠡᠷᠭᠡ ᠨᠡᠪᠲᠡᠷᠡᠭᠦᠯᠪᠡ᠃ 1537 ᠺᠢᠯᠣᠮᠧᠲᠷ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠪᠠ᠃ 7 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠠᠵᠢᠯᠲᠠᠨ ᠤ ᠶᠡᠷᠦᠩᠬᠡᠢ ᠬᠡᠮᠵᠢᠶᠡᠨ ᠤ ᠬᠠᠮᠢᠶᠠᠷᠤᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ᠂ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ︾ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠮᠠᠨ ᠤ ᠬᠤᠲᠠ ᠳᠤ ᠣᠷᠣᠭᠤᠯᠬᠤ ᠶᠢᠨ ᠬᠠᠮᠲᠤ ᠲᠦᠷᠭᠡᠪᠴᠢᠯᠡᠨ ᠪᠠᠶᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠦᠷᠭᠦᠯᠵᠢᠯᠡᠨ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠦᠮᠦᠰ ᠤᠨ ᠰᠡᠳᠬᠢᠯ ᠳᠤ ᠭᠦᠨ ᠰᠠᠭᠤᠭᠳᠠᠵᠤ᠂ ᠤᠷᠠᠳ ᠤᠨ ᠬᠤᠶᠢᠲᠤ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠰᠤᠩᠭᠤᠭᠳᠠᠪᠠ᠃ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠡᠯᠡᠶ ᠶᠢᠨ ᠴᠡᠷᠢᠭ ᠤᠨ ᠪᠠᠶᠠᠨᠨᠠᠭᠤᠷ ᠣᠩᠭᠤᠴᠠ ᠵᠢᠭᠰᠠᠭᠠᠯ ᠳᠤ ᠣᠷᠣᠪᠠ᠃ ᠨᠡᠶᠢᠭᠡᠮ ᠤᠨ ᠠᠮᠤᠷ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠲᠤᠭᠲᠠᠭᠤᠨ ᠪᠠᠶᠢᠳᠠᠯ ᠢ ᠬᠠᠮᠠᠭᠠᠯᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃    ᠲᠤᠯᠤᠭ᠎ᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠡᠵᠡᠮᠰᠢᠵᠦ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠡᠩᠨᠡᠭᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠰᠢᠨ᠎ᠡ ᠪᠣᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠬᠠᠨᠤᠮᠵᠢ ᠶᠢᠨ ᠨᠤᠷᠮ᠎ᠠ ᠶᠢ ᠲᠤᠰ ᠲᠤᠰ 98.0%᠂ 100% ᠳᠤ ᠬᠦᠷᠭᠡᠪᠡ᠃ ᠦᠨᠡᠨᠬᠦ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠤᠳᠠ ᠶᠢᠨ ᠲᠤᠰ ᠱᠠᠲᠤᠨ ᠤ ᠭᠤᠣᠯᠳᠠᠯᠭ᠎ᠠ ᠶᠢᠨ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠶᠢ 3.50 ᠳ᠋ᠦᠩᠰᠢᠭᠤᠷ ᠲᠥᠭᠦᠷᠢᠭ ᠪᠠᠭᠠᠰᠬᠠᠨ᠂ ᠶᠡᠷᠦᠩᠬᠡᠶᠢᠯᠡᠭᠰᠡᠨ ᠪᠠᠭᠠᠰᠬᠠᠭᠰᠠᠨ ᠨᠤᠷᠮ᠎ᠠ 14.4% ᠪᠠᠶᠢᠵᠤ᠂ ᠪᠦᠬᠦ ᠬᠤᠳᠠ ᠶᠢᠨ ︽ᠠᠯᠪᠠᠨ ᠤ ᠭᠤᠷᠪᠠᠨ ᠵᠠᠷᠤᠳᠠᠯ︾ ᠢ 13.4% ᠪᠠᠷ ᠪᠠᠭᠤᠷᠠᠭᠤᠯᠪᠠ᠃    ᠲᠥᠯᠥᠭᠡᠯᠡᠭᠴᠢᠳ ᠠ᠋︕ ᠥᠩᠭᠡᠷᠡᠬᠦ ᠭᠡᠵᠦ ᠪᠠᠶᠢᠭ᠎ᠠ ᠨᠢᠭᠡ ᠵᠢᠯ ᠤᠨ ᠬᠦᠴᠢᠷᠳᠡᠯ ᠵᠢᠱᠢᠭᠰᠡᠨ ᠠᠴᠠ ᠤᠯᠠᠨ ᠪᠠᠶᠢᠵᠤ᠂ ᠦᠷ᠎ᠡ ᠪᠦᠲᠦᠮᠵᠢ ᠨᠢ ᠵᠢᠱᠢᠭᠰᠡᠨ ᠠᠴᠠ ᠰᠠᠶᠢᠨ ᠪᠣᠯᠪᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢᠨ ᠵᠣᠷᠢᠭᠵᠢᠭᠤᠯᠤᠯ ᠪᠠ ᠤᠷᠢᠶᠠᠯᠠᠯ  ᠤᠨ ᠳᠣᠣᠷ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠭᠵᠢᠯᠲᠡ ᠶᠢ ᠠᠳᠬᠤᠨ᠂ ᠬᠢᠵᠢᠭ ᠲᠠᠢ ᠪᠠᠶᠢᠯᠳᠤᠵᠤ᠂ ᠲᠣᠭᠲᠠᠭᠤᠨ ᠢ ᠪᠠᠲᠤᠯᠠᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠦᠭᠰᠢᠭᠦᠷᠢ ᠥᠷᠢᠰᠦᠯᠳᠦᠭᠡᠨ ᠰᠣᠯᠪᠢᠴᠠᠨ ᠳᠠᠪᠬᠤᠴᠠᠭᠰᠠᠨ ᠳᠠᠷᠤᠯᠲᠠ ᠶᠢ ᠲᠤᠭᠤᠯᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃    ᠡᠳᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠳᠠᠭᠠᠭᠤᠯᠤᠨ ᠵᠠᠮᠴᠢᠯᠠᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠦᠷ᠎ᠡ ᠪᠦᠲᠦᠮᠵᠢ ᠮᠦᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ  ᠪᠦᠬᠦ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠤᠷᠤᠭᠰᠢᠯᠠᠯᠲᠠ ᠶᠢᠨ ᠠᠶᠠᠨ ᠳᠤ ᠪᠡᠯᠡᠨ ᠵᠠᠮ ᠭᠡᠵᠦ ᠦᠭᠡᠢ᠃ ᠪᠢᠳᠡ ᠬᠥᠭᠵᠢᠯᠲᠡ ᠶᠢᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠬᠠᠮᠤᠭ ᠤᠨ ᠶᠡᠭᠡ ᠠᠰᠠᠭᠤᠳᠠᠯ ᠪᠣᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠭᠦᠢᠴᠡᠳ ᠪᠤᠰᠤ ᠪᠠᠶᠢᠬᠤ ᠶᠠᠪᠤᠳᠠᠯ ᠪᠣᠯᠣᠨ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠤᠳᠠᠭᠠᠨ ᠪᠠᠶᠢᠵᠤ᠂ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠨᠤᠲᠤᠭᠰᠢᠯᠠᠭᠤᠯᠤᠨ ᠪᠤᠯᠪᠠᠰᠤᠷᠠᠭᠤᠯᠬᠤ ᠴᠢᠳᠠᠮᠵᠢ ᠬᠦᠷᠦᠯᠴᠡᠬᠦ ᠦᠭᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠤᠪᠢ ᠶᠢᠨ ᠵᠢᠩ ᠪᠠᠭ᠎ᠠ᠂ ᠲᠤᠯᠭᠠᠭᠤᠷᠢ ᠠᠵᠤ ᠦᠢᠯᠡᠰ ᠤᠨ ᠬᠡᠯᠬᠢᠶ᠎ᠡ ᠣᠬᠤᠷ᠂ ᠪᠦᠲᠦᠭᠡᠭᠳᠡᠬᠦᠨ ᠤ ᠨᠡᠮᠡᠯᠲᠡ ᠥᠷᠲᠡᠭ ᠳᠣᠣᠷ᠎ᠠ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠᠭᠤᠷᠠᠢ ᠪᠠᠶᠢᠨ᠎ᠠ᠃ ᠬᠠᠮᠤᠭ ᠤᠨ ᠶᠡᠭᠡ ᠬᠢᠵᠠᠭᠠᠷᠯᠠᠯ ᠪᠣᠯ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠪᠦᠲᠦᠴᠡ ᠰᠢᠯᠢᠳᠡᠭ ᠪᠢᠰᠢ᠂ ᠢᠯᠠᠩᠭᠤᠶ᠎ᠠ ᠳᠡᠭᠡᠳᠦ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠤᠶᠢᠯ ᠢᠶᠠᠷ ᠲᠤᠲᠠᠭᠳᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠤᠷᠮ᠎ᠠ ᠳᠣᠣᠷ᠎ᠠ ᠪᠠᠶᠢᠬᠤ ᠶᠠᠪᠤᠳᠠᠯ ᠪᠣᠯᠣᠨ᠎ᠠ᠃ ᠬᠠᠮᠤᠭ ᠤᠨ ᠶᠡᠭᠡ ᠳᠠᠯᠳᠠ ᠲᠦᠭᠰᠢᠭᠦᠷᠢ ᠪᠤᠯ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠮᠥᠨ ᠬᠦ ᠣᠮᠲᠣᠭᠠᠶᠢᠯᠠᠵᠤ ᠪᠣᠯᠣᠰᠢ ᠦᠭᠡᠢ᠂ ᠣᠷᠴᠢᠨ ᠲᠤᠭᠤᠷᠢᠨ ᠤ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠣᠷᠴᠢᠨ ᠲᠤᠭᠤᠷᠢᠨ ᠮᠥᠨ ᠬᠦ ᠬᠡᠪᠡᠷᠡᠭ ᠪᠠᠶᠢᠭᠰᠠᠭᠠᠷ᠃ ᠬᠠᠮᠤᠭ ᠤᠨ ᠶᠡᠭᠡ ᠳᠤᠲᠠᠭᠤᠳᠠᠯ ᠪᠣᠯ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠲᠤᠲᠠᠭᠳᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ ᠪᠠᠭᠤᠷᠠᠢ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠢᠯᠡᠳᠲᠡ ᠲᠤᠲᠠᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠬᠤ ᠶᠠᠪᠤᠳᠠᠯ ᠪᠣᠯᠣᠨ᠎ᠠ᠃ ᠬᠠᠮᠤᠭ ᠤᠨ ᠶᠡᠭᠡ ᠰᠢᠯᠭᠠᠯᠲᠠ ᠪᠣᠯ ᠲᠦᠭᠡᠮᠡᠯ ᠬᠠᠷᠢᠯᠴᠠᠭ᠎ᠠ ᠲᠠᠢ᠂ ᠪᠦᠬᠦ ᠲᠠᠯ᠎ᠠ ᠶᠢᠨ ᠰᠢᠰᠲ᠋ᠧᠮ ᠲᠠᠢ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ ᠢ ᠠᠵᠢᠭᠯᠠᠬᠤ ᠪᠠ ᠪᠣᠳᠣᠯᠬᠢᠯᠠᠭᠰᠠᠨ ᠢᠶᠠᠷ ᠬᠦᠷᠦᠯᠴᠡᠬᠦ ᠦᠭᠡᠢ᠂ ᠢᠷᠡᠭᠡᠳᠦᠶᠢᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠪᠠᠷ ᠬᠦᠷᠦᠯᠴᠡᠬᠦ ᠦᠭᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠯᠤᠭ᠎ᠠ ᠶᠢ ᠲᠠᠶᠠᠭᠳᠠᠬᠤ︾ ᠪᠠ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠮᠠᠰᠢ ᠤᠯᠠᠨ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠨᠢᠭᠡᠨᠲᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠣᠳᠣ ᠶᠠᠭ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠪᠠᠶᠢᠨ᠎ᠠ᠂ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃      ᠬᠤᠶᠠᠷ᠂ 2023 ᠣᠨ ᠤ ᠭᠤᠣᠯᠳᠠᠯᠭ᠎ᠠ ᠲᠠᠢ ᠠᠵᠢᠯ     2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠠᠨ ᠤ ᠬᠤᠲᠠ ᠶᠢᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠲᠠᠰ ᠳᠡᠪᠰᠢᠬᠦ ᠶᠢ ᠪᠡᠶᠡᠯᠡᠭᠦᠯᠬᠦ᠂ ᠳᠠᠪᠠᠯᠲᠠ ᠦᠰᠦᠷᠡᠯᠲᠡ ᠶᠢᠨ ᠵᠠᠩᠭᠢᠯᠠᠭ᠎ᠠ ᠶᠢᠨ ᠵᠢᠯ ᠮᠥᠨ᠃ ᠪᠢᠳᠡ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃     ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠰᠠᠭᠤᠷᠢᠨ ᠳᠡᠭᠡᠷ᠎ᠡ ᠲᠦᠷᠭᠡᠨ ᠤᠷᠤᠭᠰᠢᠯᠠᠨ ᠰᠢᠯᠢᠳᠡᠭ ᠢᠶᠠᠷ ᠤᠷᠤᠭᠰᠢᠯᠠᠵᠤ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠪᠠᠷ ᠭᠤᠣᠯ ᠪᠣᠯᠭᠠᠵᠤ᠂ ᠥᠨᠳᠥᠷ ᠬᠢᠷᠢ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠤᠷᠢᠲᠠᠯ ᠪᠣᠯᠭᠠᠵᠤ᠂ ᠴᠢᠨᠠᠷ ᠰᠠᠶᠢᠲᠠᠢ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠥᠨᠳᠥᠷ ᠪᠦᠲᠦᠮᠵᠢᠲᠡᠶ ᠨᠡᠶᠢᠭᠡᠮ ᠤᠨ ᠵᠠᠰᠠᠯᠲᠠ ᠪᠠᠷ ᠲᠦᠰᠢᠭ ᠪᠣᠯᠭᠠᠨ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ︽ᠳᠥᠷᠪᠡᠨ ᠲᠣᠭᠤᠷᠢᠭ︾ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠢ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃     ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 2022 ᠣᠨ ᠤ ᠲᠥᠰᠥᠪ ᠤᠨ ᠲᠤᠭ᠎ᠠ ᠠᠴᠠ 4% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10%᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠣᠷᠴᠢᠮ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠣᠷᠣᠯᠭ᠎ᠠ ᠶᠢ ᠲᠤᠰ ᠲᠤᠰ 6%᠂ 8% ᠣᠷᠴᠢᠮ ᠢᠶᠠᠷ ᠨᠡᠮᠡᠭᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠪᠣᠯᠣᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃     ᠡᠶᠢᠮᠦ ᠬᠠᠷᠠᠯᠲᠠ ᠶᠢ ᠲᠣᠭᠲᠠᠭᠠᠭᠰᠠᠨ ᠨᠢ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ᠂ ᠤᠳᠤ ᠪᠠᠶᠢᠭ᠎ᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠬᠢᠷᠠᠭᠤᠯᠤᠯᠲᠠ ᠵᠢᠴᠢ ᠠᠯᠢ ᠤᠯᠠᠨ ᠲᠣᠭᠲᠠᠭᠠᠯᠲᠤ ᠪᠤᠰᠤ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠵᠣᠯᠭᠠᠭᠤᠯᠵᠤ᠂ ᠬᠦᠴᠢᠷᠳᠡᠯ ᠪᠠ ᠥᠷᠢᠰᠦᠯᠳᠦᠭᠡᠨ ᠢ ᠪᠠᠷᠤᠭᠴᠠᠭᠠᠯᠠᠭᠰᠠᠨ ᠪᠣᠯᠬᠤᠷ ᠵᠢᠱᠢᠯᠲᠡ ᠶᠢ ᠬᠥᠲᠥᠯᠥᠨ ᠵᠢᠯᠤᠭᠤᠳᠴᠤ᠂ ᠢᠲᠡᠭᠡᠯ ᠵᠣᠷᠢᠭ ᠢ ᠬᠥᠪᠴᠢᠯᠡᠨ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠰᠢᠭᠲᠠᠢ ᠶᠤᠮ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠪᠢᠳᠡ ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠢ ᠶᠡᠭᠡ ᠪᠠᠷ ᠠᠳᠬᠤᠬᠤ ᠤᠨᠤᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠳᠣᠣᠷᠠᠬᠢ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄       ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢ ᠳᠠᠶᠢᠴᠢᠯᠠᠬᠤ᠂ ᠪᠡᠯᠡ ᠣᠷᠣᠭᠤᠯᠤᠯᠲᠠ ᠪᠠᠷ ᠨᠡᠮᠡᠭᠳᠡᠯ ᠤᠨ ᠬᠡᠮᠵᠢᠶ᠎ᠡ ᠶᠢ ᠠᠬᠢᠭᠤᠯᠬᠤ᠂ ᠨᠡᠮᠡᠭᠳᠡᠯ ᠤᠨ ᠬᠡᠮᠵᠢᠶ᠎ᠡ ᠪᠠᠷ ᠪᠦᠲᠦᠴᠡ ᠶᠢ ᠰᠢᠯᠢᠳᠡᠭᠵᠢᠭᠦᠯᠬᠦ ᠳᠤ ᠲᠦᠰᠢᠭᠯᠡᠨ᠂ ᠲᠥᠷᠥᠯ ᠵᠦᠢᠯ ᠤᠨ ︽ᠣᠷᠣᠭᠤᠯᠤᠯᠲᠠ︾ ᠪᠠᠷ ᠠᠵᠤ ᠠᠬᠤᠢ ᠶᠢᠨ ︽ᠲᠣᠭᠲᠠᠭᠤᠨ︾ ᠢ ᠠᠬᠢᠭᠤᠯᠤᠨ᠎ᠠ᠃       ᠲᠥᠷᠥᠯ ᠵᠦᠢᠯ ᠢ ᠥᠨᠳᠥᠷ ᠦᠷ᠎ᠡ ᠪᠦᠲᠦᠮᠵᠢ ᠲᠠᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠷᠲᠡᠯᠡᠵᠦ ᠪᠣᠳᠠᠲᠠᠶᠢᠵᠢᠭᠤᠯᠵᠤ᠂ ᠬᠢᠨᠠᠨ ᠵᠥᠪᠰᠢᠶᠡᠷᠡᠬᠦ᠂ ᠡᠯᠧᠮᠧᠨ᠋ᠲ ᠨᠦᠬᠦᠴᠡᠯ ᠤᠨ ᠪᠠᠲᠤᠯᠠᠭ᠎ᠠ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠠᠰᠠᠭᠤᠳᠠᠯ ᠢ ᠪᠥᠬᠦ ᠶᠠᠪᠤᠴᠠ ᠳᠤ ᠮᠥᠷᠳᠡᠨ ᠰᠢᠢᠳᠪᠦᠷᠢᠯᠡᠵᠦ᠂ 194 ᠵᠦᠢᠯ ᠤᠨ ᠴᠢᠬᠤᠯᠠ ᠶᠡᠭᠡ ᠲᠥᠷᠥᠯ ᠵᠦᠢᠯ ᠢ ᠡᠬᠢᠯᠡᠭᠦᠯᠦᠨ ᠠᠵᠢᠯᠯᠠᠭᠤᠯᠵᠤ᠂ 396 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠤ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ 39 ᠵᠦᠢᠯ ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠲᠥᠷᠥᠯ ᠵᠦᠢᠯ᠂ ᠹᠯᠣᠷ ᠠᠭᠤᠯᠤᠭᠰᠠᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ 39᠂ 100 ᠲᠦᠮᠡᠨ ᠺᠢᠯᠣᠸᠠᠲ ᠤᠨ ︽ᠬᠡᠷᠡᠯ ᠤᠨ ᠬᠠᠳᠠᠭᠠᠯᠠᠯᠲᠠ + ᠠᠮᠢ ᠠᠬᠤᠢ ᠶᠢᠨ ᠵᠠᠰᠠᠯᠲᠠ︾ ᠵᠡᠷᠭᠡ ᠡᠨᠧᠷᠭᠢ ᠶᠢᠨ ᠲᠥᠷᠥᠯ ᠵᠦᠢᠯ 12᠂ G110 ᠬᠤᠶᠠᠷ ᠮᠤᠳᠤ ᠠᠴᠠ ᠳ᠋ᠧᠩᠺᠸᠦ ᠬᠦᠷᠬᠦ ᠬᠡᠰᠡᠭ ᠤᠨ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠲᠥᠷᠥᠯ ᠵᠦᠢᠯ 17᠂ ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠢᠰᠦ ᠲᠥᠪ ᠵᠡᠷᠭᠡ ᠪᠠᠷᠠᠭᠠᠨ ᠤ ᠭᠦᠢᠯᠭᠡᠭᠡᠨ ᠤ ᠲᠥᠷᠥᠯ ᠵᠦᠢᠯ 10᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠵᠡᠷᠭᠡ ᠬᠤᠲᠠ ᠪᠠᠯᠭᠠᠰᠤ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ 14᠂ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ 15᠂ ᠨᠡᠶᠢᠭᠡᠮ ᠤᠨ ᠦᠢᠯᠡᠰ ᠤᠨ ᠲᠥᠷᠥᠯ ᠵᠦᠢᠯ 23᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠬᠥᠷᠥᠩᠭᠡ ᠶᠢᠨ ᠲᠥᠷᠥᠯ ᠵᠦᠢᠯ 25 ᠶᠢ ᠬᠡᠷᠡᠭᠵᠢᠭᠦᠯᠦᠨ᠎ᠡ᠃ 5G  ᠶᠢᠨ ᠰᠠᠭᠤᠷᠢ ᠥᠷᠲᠡᠭᠡ ᠶᠢ 800 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠪᠠᠶᠠᠨᠨᠠᠭᠤᠷ ᠥᠷᠲᠡᠭᠡ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃     ᠥᠨᠳᠥᠷ ᠡᠬᠢᠯᠡᠯᠲᠡ ᠲᠠᠢ ᠪᠠᠷ ᠲᠦᠷᠦᠯ ᠵᠦᠢᠯ ᠢ ᠲᠦᠯᠦᠪᠵᠢᠭᠦᠯᠦᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠳᠠᠭᠠᠵᠤ᠂ ᠰᠠᠭᠤᠷᠢ ᠲᠦᠬᠦᠭᠡᠷᠦᠮᠵᠢ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠥᠷᠥᠯ ᠵᠦᠢᠯ ᠤᠨ ᠰᠤᠳᠤᠯᠤᠨ ᠲᠥᠰᠥᠪᠯᠡᠬᠦ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠨᠢᠭᠡ ᠪᠦᠯᠦᠭ ᠰᠠᠭᠤᠷᠢ ᠲᠦᠬᠦᠭᠡᠷᠦᠮᠵᠢ ᠶᠢᠨ ᠨᠢᠷᠤᠭᠤᠪᠴᠢ ᠴᠢᠨᠠᠷᠲᠠᠢ᠂ ᠪᠦᠲᠦᠴᠡ ᠶᠢᠨ ᠲᠣᠬᠢᠷᠠᠭᠤᠯᠤᠯᠲᠠ ᠶᠢᠨ ᠲᠤᠯᠭᠠᠭᠤᠷᠢᠯᠠᠬᠤ ᠴᠢᠨᠠᠷᠲᠠᠢ᠂ ᠠᠵᠤ ᠦᠢᠯᠡᠰ ᠤᠨ ᠰᠦᠷᠦᠭᠵᠢᠯ ᠤᠨ ᠤᠳᠤᠷᠢᠳᠤᠮᠵᠢ ᠶᠢᠨ ᠴᠢᠨᠠᠷᠲᠠᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠲᠥᠷᠥᠯ ᠵᠦᠢᠯ ᠢ ᠲᠥᠯᠥᠪᠵᠢᠭᠦᠯᠵᠦ᠂ ᠰᠢᠯᠢᠨ ᠰᠣᠩᠭᠤᠵᠤ ᠢᠯᠭᠠᠨ ᠲᠣᠳᠣᠯᠠᠵᠤ᠂ ᠲᠣᠬᠢᠷᠠᠭᠤᠯᠤᠨ ᠰᠢᠯᠢᠳᠡᠭᠵᠢᠭᠦᠯᠵᠦ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠮᠵᠢᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃      ᠲᠥᠷᠥᠯ ᠵᠦᠢᠯ ᠢ ᠴᠢᠨᠠᠷ ᠰᠠᠶᠢᠲᠠᠢ ᠪᠠᠷ ᠤᠷᠢᠨ ᠤᠷᠤᠭᠤᠯᠤᠨ᠎ᠠ᠃ ᠠᠷᠠᠯᠵᠢᠶᠠᠴᠢᠨ ᠤᠷᠢᠬᠤ ᠠᠵᠢᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠶ ᠪᠣᠯᠭᠠᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠵᠢᠴᠢ ᠮᠠᠨ ᠤ ᠬᠤᠲᠠ ᠶᠢᠨ 12 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠵᠢᠯ ᠲᠥᠷᠥᠯ ᠤᠨ ᠳᠠᠭᠠᠭᠤᠯᠤᠭᠴᠢ ᠪᠠ ᠨᠠᠷᠠᠲᠤ ᠠᠵᠤ ᠠᠬᠤᠶᠢᠯᠠᠯ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠬᠤ ᠣᠨᠣᠯᠵᠢᠬᠤᠨ ᠢ ᠬᠤᠪᠢᠷᠠᠭᠤᠯᠤᠨ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠬᠦᠷᠢᠶ᠎ᠡ ᠴᠠᠷᠠᠭ᠎ᠠ ᠪᠥᠬᠦ ᠰᠠᠯᠠᠭ᠎ᠠ ᠮᠥᠴᠢᠷ ᠢᠶᠠᠷ ᠢᠶᠠᠨ ᠬᠤᠳᠠᠯᠳᠤᠭᠠᠴᠢᠨ ᠤᠷᠢᠵᠤ᠂ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠦᠨ᠎ᠡ᠃ ᠬᠤᠳᠠᠯᠳᠤᠭᠠᠴᠢᠨ ᠤᠷᠢᠬᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠵᠦ᠂ ᠶᠠᠷᠢᠯᠴᠠᠬᠤ᠂ ᠭᠡᠷ᠎ᠡ ᠲᠣᠭᠲᠠᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠡᠯ᠎ᠡ ᠭᠤᠭᠴᠤᠭ᠎ᠠ ᠶᠢᠨ ᠪᠥᠬᠦ ᠴᠤᠪᠤᠷᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠶᠢ ᠲᠣᠰ ᠲᠣᠰ 65%᠂ 45% ᠳᠤ ᠴᠢᠷᠮᠠᠶᠢᠨ ᠬᠦᠷᠦᠭᠦᠯᠵᠦ᠂ ᠪᠠᠶᠢᠷᠢᠨ ᠳᠤ ᠬᠦᠷᠦᠭᠰᠡᠨ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ᠂ ᠬᠤᠷᠰᠢᠨ ᠪᠡᠯᠡ ᠣᠷᠣᠭᠤᠯᠬᠤ᠂ ᠡᠯᠧᠮᠧᠨ᠋ᠲ ᠨᠦᠬᠦᠴᠡᠯ ᠢᠶᠠᠷ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠲᠥᠷᠥᠯ ᠵᠦᠢᠯ ᠢ ᠤᠷᠢᠨ ᠤᠷᠤᠭᠤᠯᠬᠤ ᠪᠠ ᠪᠦᠲᠦᠭᠡᠨ ᠪᠠᠶᠢᠭᠤᠯᠬᠤ ᠳᠤ ᠣᠷᠤᠯᠴᠠᠬᠤ ᠶᠢ ᠳᠡᠮᠵᠢᠨ᠎ᠡ᠃      ︵ᠬᠤᠶᠠᠷ︶ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠪᠠᠷ ᠴᠢᠭᠯᠡᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ︽ᠶᠢᠰᠦᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠤᠷᠤᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ ᠢ ᠲᠦᠷᠭᠡᠪᠴᠢᠯᠡᠨ ᠪᠠᠶᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠨ᠎ᠠ᠃    ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠠᠷᠠᠲᠤ ᠲᠡᠮᠳᠡᠭᠵᠢᠯᠲᠡ ᠶᠢ ᠠᠬᠢᠭᠤᠯᠤᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠣᠳᠠᠲᠠᠢ ᠪᠠᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠤᠨ ᠳᠡᠭᠡᠭᠰᠢᠯᠡᠭᠦᠯᠬᠦ ᠶᠢ ᠪᠣᠳᠣᠯᠬᠢᠯᠠᠵᠤ᠂ ᠪᠥᠬᠦ ᠬᠤᠲᠠ ᠪᠠᠷ ᠢᠶᠠᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠵᠠᠭᠤᠨ ᠲᠦᠮᠡᠨ ᠮᠦ ᠶᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠵᠠᠭᠤᠨ ᠲᠦᠮᠡᠨ ᠰᠠᠭᠠᠯᠢ ᠶᠢᠨ ᠦᠨᠢᠶ᠎ᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠥᠬᠦ ᠬᠤᠲᠠ ᠪᠠᠷ ᠢᠶᠠᠨ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠤᠨ ᠵᠢᠱᠢᠶ᠎ᠡ ᠦᠵᠡᠭᠦᠯᠬᠦ ᠤᠷᠤᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠤᠯᠵᠤ᠂ 5 ᠵᠢᠯ ᠤᠨ ᠬᠤᠭᠤᠴᠠᠭᠠᠨ ᠳᠤ ᠪᠥᠬᠦ ᠬᠤᠲᠠ ᠶᠢᠨ 1089.53 ᠲᠦᠮᠡᠨ ᠮᠦ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠴᠥᠮ ᠳᠡᠭᠡᠳᠦ ᠰᠢᠨ᠎ᠡ ᠮᠡᠷᠭᠡᠵᠢᠯ ᠤᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 100 ᠲᠦᠮᠡᠨ ᠮᠦ ᠶᠢ ᠪᠡᠶᠡᠯᠡᠭᠦᠯᠬᠦ ᠪᠠᠷ ᠴᠢᠷᠮᠠᠶᠢᠨ᠎ᠠ︔ ᠪᠡᠯᠡᠳᠭᠡᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ ᠲᠣᠭᠤᠷᠢᠭ ᠢ 100 ᠪᠠᠶᠢᠭᠤᠯᠤᠨ᠎ᠠ︔ ᠰᠠᠭᠠᠯᠢ ᠶᠢᠨ ᠦᠨᠢᠶ᠎ᠡ ᠲᠡᠵᠢᠭᠡᠨ ᠠᠷᠠᠴᠢᠯᠠᠬᠤ ᠬᠡᠮᠵᠢᠶ᠎ᠡ ᠶᠢ 33 ᠲᠦᠮᠡ ᠠᠴᠠ ᠳᠡᠭᠡᠭᠰᠢ ᠳᠤ ᠬᠦᠷᠦᠭᠦᠯᠵᠦ᠂ ᠰᠠᠭᠠᠯᠢ ᠶᠢᠨ ᠲᠥᠷᠥᠯ ᠤᠨ ᠭᠠᠷᠤᠯᠲᠠ ᠶᠢ 120 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠡᠳᠦᠷ ᠲᠤ 2000 ᠲᠣᠨ ᠴᠠᠭᠠᠨ ᠢᠳᠡᠭᠡ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠢᠯᠢᠳᠡᠭ ᠢ ᠪᠣᠶᠢᠵᠢᠭᠤᠯᠤᠨ ᠬᠦᠴᠦᠷᠬᠡᠭ ᠢ ᠲᠡᠳᠬᠦᠬᠦ ᠳᠤ ᠠᠩᠬᠠᠷᠤᠯ ᠢᠶᠠᠨ ᠬᠠᠨᠳᠤᠭᠤᠯᠵᠤ᠂ ᠠᠮᠢ ᠠᠬᠤᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠠᠲᠠᠭᠤ ᠪᠤᠭᠤᠳᠠᠢ ᠶᠢᠨ ᠨᠡᠮᠡᠭᠳᠡᠯ ᠢ ᠨᠡᠮᠡᠭᠳᠡᠭᠦᠯᠦᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ 200 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠂ ᠣᠷᠭᠠᠨᠢᠭ ᠪᠣᠬᠢᠷᠳᠤᠯ ᠦᠭᠡᠢ ᠪᠦᠲᠦᠭᠡᠭᠳᠡᠬᠦᠨ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠶ ᠶᠢ 100 ᠲᠦᠮᠡᠨ ᠮᠦ ᠶᠢ ᠳᠡᠯᠭᠡᠷᠡᠭᠦᠯᠦᠨ᠎ᠡ︔ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ 2200 ᠲᠦᠮᠡᠨ ᠲᠤᠯᠤᠭᠠᠢ ᠣᠷᠴᠢᠮ ᠳᠤ ᠲᠣᠭᠲᠠᠪᠤᠷᠢᠵᠢᠭᠤᠯᠤᠨ᠎ᠠ︔ ᠪᠠᠶᠠᠨᠨᠠᠭᠤᠷ ᠪᠤᠭᠤᠳᠠᠢ ᠶᠢᠨ ᠰᠢᠷᠢᠰ ᠰᠢᠨ᠎ᠡ ᠡᠭᠦᠯᠳᠡᠷ ᠢ ᠳᠡᠯᠭᠡᠷᠡᠭᠦᠯᠵᠦ᠂ ᠪᠤᠭᠤᠳᠠᠢ ᠲᠠᠷᠢᠬᠤ ᠲᠠᠯᠠᠪᠠᠢ ᠶᠢ 100 ᠲᠦᠮᠡᠨ ᠮᠦ ᠣᠷᠴᠢᠮ ᠳᠤ ᠬᠦᠷᠭᠡᠨ᠎ᠡ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠪᠣᠳᠣᠯᠬᠢᠯᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ᠂ ᠨᠠᠷᠠᠲᠤ ᠲᠡᠮᠳᠡᠭᠲᠦ ᠶᠢ ᠪᠠᠶᠢᠭᠤᠯᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠠᠲᠠᠭᠤ ᠪᠤᠭᠤᠳᠠᠢ᠂ ᠠᠯᠠᠰᠢᠨ ᠬᠤᠨᠢ ᠵᠡᠷᠭᠡ ᠶᠢᠨ ᠲᠣᠭᠤᠷᠢᠨ ᠳᠤ ᠡᠭᠦᠯᠳᠡᠷ ᠰᠣᠩᠭᠤᠨ ᠪᠣᠶᠢᠵᠢᠭᠤᠯᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ 15 ᠠᠴᠠ ᠳᠡᠭᠡᠭᠰᠢ ᠰᠢᠨ᠎ᠡ ᠡᠭᠦᠯᠳᠡᠷ ᠢ ᠬᠢᠨᠠᠨ ᠲᠣᠭᠲᠠᠭᠠᠵᠤ ᠳᠠᠩᠰᠠᠯᠠᠬᠤ ᠪᠠᠷ ᠴᠢᠷᠮᠠᠶᠢᠨ᠎ᠠ︔ ᠲᠤᠰᠬᠠᠢ ᠠᠵᠢᠯ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 100 ᠶᠢ ᠪᠣᠶᠢᠵᠢᠭᠤᠯᠤᠨ ᠲᠡᠳᠬᠦᠵᠦ᠂ ᠬᠥᠯᠳᠡᠭᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠡᠯᠡᠳᠬᠡᠮᠵᠢ ᠶᠢ 100 ᠶᠢ ᠪᠠᠶᠢᠭᠤᠯᠤᠨ ᠳᠠᠭᠤᠰᠬᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 100 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ︔ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠡᠷᠬᠡ ᠣᠯᠭᠤᠭᠰᠠᠨ ᠪᠦᠲᠦᠭᠡᠭᠳᠡᠬᠦᠨ ᠢ 10  ᠠᠴᠠ ᠳᠡᠭᠡᠭᠰᠢ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃     ᠦᠷ᠎ᠡ ᠪᠦᠲᠦᠮᠵᠢ ᠶᠢ ᠪᠠᠬᠢᠵᠢᠭᠦᠯᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠬᠦᠴᠦᠯᠡᠨ ᠴᠢᠷᠮᠠᠶᠢᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠠᠷᠠᠳ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠠᠷᠠᠳ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠬᠤᠲᠠ ᠶᠢᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ  ᠠᠴᠠ ᠥᠨᠳᠥᠷ ᠪᠠᠶᠢᠬᠤ ᠶᠢ ᠪᠠᠲᠤᠯᠠᠨ᠎ᠠ᠃ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠨᠠᠩ ᠨᠢᠭᠲᠠ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ ᠬᠥᠳᠡᠯᠮᠦᠷᠢ ᠬᠦᠴᠦᠨ ᠤ ᠭᠠᠷᠭᠠᠯᠭ᠎ᠠ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠵᠦ᠂ ᠪᠣᠳᠠᠰ ᠤᠨ ᠠᠮᠢᠳᠤᠷᠠᠯ ᠢ ᠴᠢᠨᠡᠭᠡᠯᠢᠭᠵᠢᠭᠦᠯᠦᠨ᠎ᠡ᠃     ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠲᠦᠯᠬᠢᠨ ᠠᠬᠢᠭᠤᠯᠤᠨ᠎ᠠ᠃ ᠰᠢᠷᠭᠠᠭᠤ ᠴᠢᠷᠮᠠᠶᠢᠨ ᠣᠷᠣᠰᠢᠨ ᠰᠠᠭᠤᠬᠤ᠂ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠲᠣᠰᠬᠤᠨ ᠤ ᠱᠠᠲᠤᠨ ᠤ ᠠᠷᠠᠳ ᠲᠦᠮᠡᠨ ᠳᠤ ᠦᠢᠯᠡᠴᠢᠯᠡᠬᠦ ᠴᠢᠳᠠᠮᠵᠢ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠬᠤᠣᠰ ᠴᠢᠭᠯᠡᠯ ᠢᠶᠠᠷ ᠰᠢᠯᠵᠢᠬᠦ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠤᠯᠠᠨ ᠵᠦᠢᠯ ᠤᠨ ᠴᠢᠳᠠᠮᠵᠢ ᠶᠢ ᠥᠷᠭᠡᠳᠬᠡᠵᠦ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ ᠠᠭᠤᠳᠠᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ᠂ ᠡᠷᠡᠭᠦᠯᠵᠢᠯ ᠰᠤᠪᠢᠯᠠᠯᠲᠠ ᠰᠡᠯᠡᠭᠦᠴᠡᠯ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 800 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ 350 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 4.26 ᠲᠦᠮᠡᠨ ᠡᠷᠦᠬᠡ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠵᠦ᠂ 111 ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 4880 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠪᠣᠬᠢᠷ ᠤᠰᠤ ᠶᠢ ᠰᠢᠢᠳᠪᠦᠷᠢᠯᠡᠬᠦ ᠴᠢᠳᠠᠮᠵᠢ ᠲᠠᠢ ᠪᠠᠶᠢᠭᠤᠯᠤᠮᠵᠢᠲᠤ ᠪᠠᠯᠭᠠᠰᠤ ᠶᠢ 75% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠠᠤᠯᠢᠵᠢᠯ ᠤᠨ ᠬᠥᠮᠦᠵᠢᠯ ᠢ ᠴᠢᠩᠭᠠᠳᠬᠠᠵᠤ᠂ ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠪᠢᠴᠢᠯ ᠵᠠᠰᠠᠯᠲᠠ ᠵᠡᠷᠭᠡ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠢ ᠳᠡᠯᠭᠡᠷᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠲᠠᠷᠢᠶᠠᠯᠠᠬᠤ᠂ ᠲᠠᠷᠢᠶᠠᠯᠠᠩ ᠤᠨ ᠰᠤᠨᠢᠷᠬᠠᠯᠲᠠᠢ᠂ ᠲᠠᠷᠢᠶᠠᠯᠠᠩ ᠤᠨ ᠦᠨᠦᠷ ᠠᠮᠲᠠ ᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶᠤᠨ ᠤ ᠠᠮᠢᠳᠤᠷᠠᠯ ᠤᠨ ᠡᠯᠪᠡᠭ ᠳᠡᠯᠪᠡᠭ ᠪᠠᠶᠢᠬᠤ ᠶᠢ ᠪᠡᠶᠡᠯᠡᠭᠦᠯᠦᠨ᠎ᠡ᠃     ︵ᠭᠤᠷᠪᠠ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠳᠪᠦᠷᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠳᠤᠯ ᠦᠭᠡᠢ ᠴᠢᠭᠯᠡᠯ ᠢ ᠪᠠᠷᠢᠮᠲᠠᠯᠠᠵᠤ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠬᠠᠮ ᠠᠷᠭ᠎ᠠ ᠪᠠᠷᠢᠯ ᠢ ᠰᠠᠶᠢᠲᠤᠷ ᠬᠡᠷᠡᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠨ ᠪᠦᠯᠦᠭᠯᠡᠬᠦ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢᠨ ᠬᠤᠰᠢᠭᠤᠴᠢ ᠣᠷᠣᠨ ᠢ ᠲᠦᠷᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃     ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠪᠦᠲᠦᠭᠡᠭᠳᠡᠬᠦᠨ ᠤ ᠰᠢᠨ᠎ᠡ ᠶᠢ ᠡᠭᠦᠳᠬᠦ᠂ ᠢᠳᠡᠭᠡᠨ ᠤ ᠰᠤᠳᠤᠯᠤᠨ ᠨᠡᠭᠡᠭᠡᠬᠦ ᠶᠢ ᠢᠳᠡᠪᠬᠢᠲᠡᠢ ᠥᠷᠨᠢᠭᠦᠯᠵᠦ᠂ ᠤᠷᠢᠳᠴᠢᠯᠠᠨ ᠦᠢᠯᠡᠳᠦᠭᠰᠡᠨ ᠨᠣᠭᠤᠭ᠎ᠠ ᠵᠠᠭᠤᠰᠢ᠂ ᠰᠤᠯᠠ ᠢᠳᠡᠭᠡᠨ ᠵᠡᠷᠭᠡ ᠦᠢᠯᠡᠳᠦᠯᠲᠦ ᠴᠢᠨᠠᠷᠲᠠᠢ ᠢᠳᠡᠭᠡᠨ ᠢ ᠶᠡᠬᠡᠪᠡᠷ ᠬᠥᠭᠵᠢᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ ᠪᠠ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠᠨ ᠬᠤᠨᠢ︾ ᠶᠢᠨ ᠠᠵᠤ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠤᠨᠢᠨ ᠨᠣᠣᠰᠣ ᠶᠢ ᠰᠠᠯᠭᠠᠨ ᠰᠠᠮᠨᠠᠬᠤ ᠠᠵᠤ ᠦᠢᠯᠡᠰ ᠤᠨ ᠬᠦᠷᠢᠶᠡᠯᠡᠩ᠂ ᠨᠣᠣᠰᠣ ᠨᠣᠯᠤᠥᠷ ᠤᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠬᠤᠨᠢᠨ ᠠᠷᠠᠰᠤᠨ ᠤ ᠢᠳᠡᠭᠡᠨᠵᠢᠭᠦᠯᠦᠨ ᠡᠳ᠋ᠰᠢᠭᠦᠯᠬᠦ ᠲᠥᠪ ᠵᠡᠷᠭᠡ ᠶᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠨᠡᠮᠡᠭᠳᠡᠯ ᠥᠷᠲᠡᠭ ᠢ 10%  ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠬᠦ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠲᠣᠭᠠᠵᠢᠭᠤᠯᠤᠭᠰᠠᠨ ᠦᠨᠡᠯᠡᠨ ᠵᠢᠱᠢᠵᠦ ᠣᠨᠣᠰᠢᠯᠠᠬᠤ ᠶᠢ ᠪᠡᠶᠡᠯᠡᠭᠦᠯᠵᠦ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ᠂ ᠣᠶᠤᠨᠲᠤ ᠦᠢᠯᠡᠳᠪᠦᠷᠢ ᠶᠢ 10  ᠠᠴᠠ ᠳᠡᠭᠡᠭᠰᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠲᠤᠰᠬᠠᠢ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 15 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃      ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠨ ᠪᠦᠯᠦᠭᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠬᠡᠷᠡᠯ ᠢᠯᠴᠢ ᠶᠢᠨ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠦᠷᠢᠶᠡᠯᠡᠩ ︵ᠨᠢᠭᠡᠳᠦᠭᠡᠷ ᠬᠤᠭᠤᠴᠠᠭ᠎ᠠ︶᠂ ᠭᠤᠷᠪᠠᠨ ᠨᠢᠭᠡ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠠᠵᠤ ᠦᠢᠯᠡᠰ ᠤᠨ ᠬᠦᠷᠢᠶᠡᠯᠡᠩ ᠢ ᠲᠦᠷᠭᠡᠪᠴᠢᠯᠡᠨ ᠪᠠᠶᠢᠭᠤᠯᠵᠤ᠂ ᠲᠠᠢ ᠶᠠᠩ ᠭᠸᠦ ᠰᠤᠪᠠᠭ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠢᠨᠠᠨ ᠵᠥᠪᠰᠢᠶᠡᠷᠡᠬᠦ ᠶᠢ ᠠᠬᠢᠭᠤᠯᠤᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠲᠣᠮᠣ ᠬᠡᠯᠪᠡᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠢ ᠵᠥᠪᠰᠢᠶᠡᠷᠡᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠨᠡᠮᠡᠭᠳᠡᠯ ᠥᠷᠲᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠠᠯᠠᠰᠲᠤ ᠴᠠᠬᠢᠭᠤᠷ᠂ ᠪᠢᠳᠤᠷᠢᠶ᠎ᠠ᠂ ᠪᠠᠯ ᠴᠢᠯᠠᠭᠤᠨ ᠠᠯᠺᠧᠨ ᠵᠡᠷᠭᠡ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠬᠡᠷᠡᠯ ᠴᠡᠨᠡᠭ ᠤᠨ ᠴᠠᠬᠢᠭᠤᠷ ᠮᠠᠲ᠋ᠧᠷᠢᠶᠠᠯ᠂ ᠲᠠᠯᠠᠰᠵᠢᠭᠰᠠᠨ ᠰᠢᠳᠠᠮ᠂ ᠢᠯᠲᠠᠰᠤ᠂ ᠳ᠋ᠢᠶᠠᠨ ᡂᠢ᠂ ᠲᠣᠨᠣᠭᠯᠠᠭᠠᠰᠤ ᠶᠢ ᠬᠡᠯᠬᠢᠶᠡᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠩᠬᠢᠨᠢ ᠡᠮ ᠤᠨ ᠮᠠᠲ᠋ᠧᠷᠢᠶᠠᠯ ᠤᠨ ᠬᠡᠪᠴᠢᠶᠡᠲᠦ ᠲᠠᠷᠢᠮᠠᠯ ᠢ ᠨᠡᠮᠡᠭᠳᠡᠭᠦᠯᠵᠦ᠂ ᠠᠮᠢᠳᠤ ᠪᠣᠳᠠᠰ ᠤᠨ ᠡᠮ ᠦᠶᠯᠡᠳᠬᠦ ᠠᠵᠤ ᠠᠬᠤᠶᠢᠯᠠᠯ ᠤᠨ ᠳᠣᠣᠷᠠᠳᠤ ᠤᠷᠤᠰᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠣᠶ ᠪᠣᠯᠭᠠᠨ᠎ᠠ᠃ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠢᠯᠴᠢ ᠶᠢᠨ ᠲᠣᠨᠤᠭ ᠲᠥᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠦᠶᠯᠡᠳᠬᠦ ᠶᠢ ᠶᠡᠬᠡᠪᠡᠷ ᠬᠥᠭᠵᠢᠭᠦᠯᠵᠦ᠂ ᠪᠣᠳᠠᠲᠠᠶᠢᠵᠢᠭᠤᠯᠤᠨ ᠠᠵᠢᠯ ᠡᠬᠢᠯᠡᠭᠦᠯᠦᠭᠰᠡᠨ ᠲᠣᠨᠤᠭ ᠲᠥᠬᠦᠭᠡᠷᠦᠮᠵᠢ ᠦᠶᠯᠡᠳᠬᠦ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠣᠷᠤᠯᠴᠠᠬᠤ ᠶᠢ ᠳᠡᠮᠵᠢᠨ᠎ᠡ᠃      ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ︽ᠮᠦ ᠪᠦᠷᠢ ᠶᠢᠨ ᠳᠤᠮᠳᠠᠴᠢ ᠤᠷᠤᠯᠭ᠎ᠠ ᠪᠠᠷ ᠮᠠᠩᠯᠠᠢ ᠰᠢᠯᠭᠠᠷᠠᠭᠤᠯᠬᠤ︾ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠵᠦᠷᠢᠶᠡᠴᠢᠯᠡᠨ ᠲᠣᠬᠢᠷᠠᠭᠤᠯᠬᠤ ᠶᠢ ᠬᠡᠷᠡᠭᠵᠢᠭᠦᠯᠦᠨ᠎ᠡ᠃ ︽ᠨᠢᠰᠦᠭᠦᠷ ᠠᠵᠤ ᠠᠬᠤᠢ︾ ᠶᠢ ᠵᠣᠷᠢᠭᠵᠢᠭᠤᠯᠤᠨ ᠳᠡᠯᠭᠡᠷᠡᠭᠦᠯᠵᠦ᠂ ᠦᠢᠯᠡᠳᠪᠦᠷᠢᠯᠡᠯ ᠤᠨ ᠥᠷᠲᠡᠭ ᠪᠠ ᠭᠠᠶᠢᠯᠢ ᠲᠠᠲᠠᠪᠤᠷᠢ ᠶᠢ ᠲᠥᠷᠥᠯ ᠵᠦᠢᠯ ᠤᠨ ᠬᠠᠷᠢᠶᠠᠯᠠᠯ ᠤᠨ ᠬᠤᠪᠢᠳᠠᠯ ᠢᠶᠠᠷ ᠲᠣᠭᠠᠴᠠᠭ᠎ᠠ ᠬᠢᠨ᠎ᠡ᠃ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ︾ ᠭᠠᠵᠠᠷ ᠰᠢᠷᠣᠢ ᠶᠢᠨ ᠵᠠᠭᠪᠤᠷ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠲᠤ ᠬᠠᠩᠭᠠᠬᠤ ᠭᠠᠵᠠᠷ ᠰᠢᠷᠣᠢ ᠶᠢᠨ ᠬᠠᠷᠢᠴᠠᠯ ᠢ 30% ᠠᠴᠠ ᠳᠡᠭᠡᠭᠰᠢ ᠳᠤ ᠬᠦᠷᠭᠡᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠣᠬᠢᠷᠳᠤᠯ ᠦᠭᠡᠢ ᠠᠵᠤ ᠠᠬᠤᠶᠢᠯᠠᠯ ᠪᠠ ᠪᠣᠬᠢᠷᠳᠤᠯ ᠦᠭᠡᠢ ᠪᠦᠲᠦᠭᠡᠭᠳᠡᠬᠦᠨ ᠢ 10  ᠠᠴᠠ ᠳᠡᠭᠡᠭᠰᠢ ᠡᠭᠦᠳᠦᠨ ᠪᠠᠶᠢᠭᠤᠯᠵᠤ᠂ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 20  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃     ︵ᠳᠥᠷᠪᠡ︶ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠪᠠᠷ ᠭᠤᠣᠯᠳᠠᠯᠭ᠎ᠠ ᠪᠣᠯᠭᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠪᠠ ᠣᠯᠠᠨ ᠶᠠᠩᠵᠤᠲᠤ ᠲᠡᠶᠢᠰᠢ ᠲᠠᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃       ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ᠂ ᠦᠨ᠎ᠡ ᠴᠠᠨ᠎ᠠ ᠪᠠᠷ ᠨᠠᠩ ᠥᠨᠳᠥᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠤᠨ᠂ ᠬᠡᠷᠡᠭᠯᠡᠭᠡᠨ ᠤ ᠠᠬᠤᠢ ᠪᠠᠶᠢᠳᠠᠯ ᠢ ᠰᠢᠨ᠎ᠡ ᠪᠠᠷ ᠡᠭᠦᠳᠦᠨ᠎ᠡ ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠶᠢ ᠠᠬᠢᠭᠤᠯᠵᠤ᠂ ᠮᠠᠰᠢᠨ ᠲᠡᠷᠭᠡ᠂ ᠣᠶᠤᠨᠯᠢᠭ ᠭᠡᠷ ᠤᠨ ᠬᠡᠷᠡᠭᠯᠡᠯ ᠭᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠡᠷᠡᠭᠯᠡᠭᠡ ᠶᠢ ᠬᠥᠭᠵᠢᠭᠡᠵᠦ᠂ ᠬᠢᠵᠠᠭᠠᠷᠯᠠᠭᠳᠠᠭᠰᠠᠨ ᠬᠡᠷᠡᠭᠯᠡᠭᠡ ᠶᠢ ᠠᠯᠢ ᠲᠦᠷᠭᠡᠨ ᠢᠶᠠᠷ ᠬᠥᠭᠵᠢᠭᠡᠵᠦ᠂ ᠲᠠᠯᠳᠠ ᠬᠦᠴᠦᠨ ᠲᠠᠢ ᠬᠡᠷᠡᠭᠯᠡᠭᠡ ᠶᠢ ᠬᠥᠭᠵᠢᠭᠡᠨ᠎ᠡ᠃ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠵᠠᠪᠠᠯ ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠲᠠᠪᠴᠠᠩ ᠤᠨ ᠠᠵᠤ ᠠᠬᠤᠢ ᠶᠢ ᠬᠥᠭᠵᠢᠭᠦᠯᠵᠦ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠪᠥᠬᠦ ᠵᠢᠯ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠬᠤᠭᠤᠯᠠᠨ ᠤ ᠠᠵᠤ ᠠᠬᠤᠶᠢᠯᠠᠯ ᠢ 50 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 10 ᠡᠷᠦᠬᠡ ᠠᠴᠠ ᠳᠡᠭᠡᠭᠰᠢ ᠨᠡᠮᠡᠭᠳᠡᠭᠦᠯᠦᠨ᠎ᠡ᠃      ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠰᠡᠷᠭᠦᠭᠡᠨ᠎ᠡ᠃ ᠰᠣᠶᠣᠯ ᠤᠨ ᠠᠭᠤᠯᠬᠤᠨ ᠪᠠ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠬᠤᠳᠠᠯᠳᠤᠭ᠎ᠠ᠂ ᠲᠠᠷᠢᠶᠠᠯᠠᠩ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢ ᠪᠠᠷ ᠢᠶᠠᠨ ᠲᠡᠷᠭᠡ ᠵᠢᠯᠤᠭᠤᠳᠴᠤ ᠪᠠᠷᠲᠠᠭ᠎ᠠ ᠰᠢᠨᠵᠢᠯᠡᠬᠦ᠂ ᠡᠷᠡᠭᠦᠯᠵᠢᠯ ᠰᠤᠪᠢᠯᠠᠯᠲᠠ ᠠᠮᠠᠷᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠨᠠᠷᠢᠨ ᠨᠠᠭᠤᠷ ᠤᠨ ᠤᠰᠤᠨ ᠤ ᠣᠩᠭᠤᠴᠠᠨ ᠪᠠᠭᠤᠴᠠ᠂ ᠡᠩᠭᠡᠷᠭᠡᠨ ᠡᠯᠡᠰᠦᠨ ᠨᠠᠭᠤᠷ ᠤᠨ ᠬᠤᠪᠢ ᠶᠢᠨ ᠲᠡᠷᠭᠡᠨ ᠪᠠᠭᠤᠴᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠪᠢ ᠶᠢᠨ ᠰᠦᠯᠵᠢᠶᠡᠨ ᠳᠤᠤᠷᠠᠬᠢ ᠰᠣᠶᠣᠯ ᠤᠨ ᠪᠦᠲᠦᠭᠡᠯᠴᠢ ᠠᠵᠢᠯᠯᠠᠭ᠎ᠠ ᠶᠢ ᠰᠠᠶᠢᠲᠤᠷ ᠡᠷᠬᠢᠯᠡᠵᠥ᠂ ᠬᠠᠲᠤᠨ ᠭᠤᠣᠯ ᠤᠨ ᠲᠤᠬᠤᠢ ᠶᠠᠪᠠᠭᠠᠨ ᠵᠡᠭᠡᠯᠢ ᠶᠢ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠵᠡᠭᠡᠯᠢ ᠲᠣᠭᠤᠷᠢᠭ ᠪᠣᠯᠭᠠᠨ ᠪᠦᠲᠦᠭᠡᠨ ᠪᠠᠶᠢᠭᠤᠯᠤᠨ᠎ᠠ᠃ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠦᠨ᠂ ᠮᠥᠰᠥ ᠴᠠᠰᠤᠨ ᠤ ᠨᠠᠶᠢᠷ ᠨᠠᠭᠠᠳᠤᠮ ᠤᠨ ᠠᠵᠢᠯᠯᠠᠭ᠎ᠠ ᠵᠡᠷᠭᠡ ᠰᠣᠶᠣᠯ ᠵᠤᠭᠠᠴᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠪᠥᠬᠦ ᠵᠢᠯ ᠤᠨ ᠵᠢᠭᠤᠯᠴᠢᠯᠠᠯ ᠤᠨ ᠬᠥᠮᠥᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠶᠢ ᠲᠣᠰ ᠲᠣᠰ 15%᠂ 20% ᠠᠴᠠ ᠳᠡᠭᠡᠭᠰᠢ ᠨᠡᠮᠡᠭᠳᠡᠭᠦᠯᠦᠨ᠎ᠡ᠃      ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠲᠠᠶᠢᠯᠬᠤ ᠶᠢ ᠳᠡᠮᠵᠢᠬᠦ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠷᠢᠯᠢᠭ ᠨᠠᠶᠢᠳᠠᠪᠤᠷᠢᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠦᠢᠯᠡᠳᠬᠦᠨ ᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠪᠥᠬᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ︽ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠭᠦᠯᠡᠨ ᠲᠠᠪᠴᠠᠩ︾ ᠢ ᠰᠠᠶᠢᠲᠤᠷ ᠬᠡᠷᠡᠭᠯᠡᠨ᠂ ᠵᠠᠰᠠᠭ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠬᠠᠨᠳᠤᠯᠭ᠎ᠠ ᠲᠠᠢ ᠪᠠᠷ ᠲᠡᠳᠬᠦᠨ ᠳᠡᠮᠵᠢᠵᠦ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 20 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠤ ᠭᠠᠷᠴᠤ ᠪᠣᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠪᠰᠤᠷᠤᠨ ᠵᠢᠯᠤᠭᠤᠳᠴᠤ ᠳᠠᠩᠰᠠᠯᠠᠭᠤᠯᠤᠭᠰᠠᠨ ᠠᠵᠤ ᠠᠬᠤᠶᠢᠯᠠᠯ 2 ᠰᠢᠨ᠎ᠡ ᠪᠠᠷ ᠨᠡᠮᠡᠭᠳᠡᠭᠦᠯᠦᠨ᠎ᠡ᠃       ︵ᠲᠠᠪᠤ︶ ᠠᠮᠢ ᠠᠬᠤᠢ ᠶᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠬᠠᠮᠠᠭᠠᠯᠠᠵᠤ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠲᠠᠪᠤᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠡᠭᠦᠷᠭᠡᠯᠡᠯ ᠢ ᠪᠡᠶᠡᠯᠡᠭᠦᠯᠦᠨ᠎ᠡ᠃       ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠦᠰᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃ ᠬᠠᠲᠤᠨ ᠭᠤᠣᠯ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠲᠤᠨ ᠭᠤᠣᠯ ᠤᠨ ᠲᠠᠩ ᠣᠷᠣᠨ ᠤ ᠣᠨ ᠤ ᠰᠠᠭᠤᠭᠠᠯᠢ ᠠᠷᠠᠳ ᠢ ᠨᠡᠭᠦᠯᠭᠡᠬᠦ᠂ ᠪᠠᠶᠢᠭᠤᠯᠬᠤ ᠪᠠ ᠲᠠᠩ ᠣᠷᠣᠨ ᠤ ᠲᠠᠷᠢᠶᠠᠯᠠᠬᠤ ᠶᠢ ᠴᠠᠭᠠᠵᠠᠯᠠᠬᠤ ᠬᠢᠵᠠᠭᠠᠷᠯᠠᠬᠤ ᠡᠭᠦᠷᠭᠡ ᠶᠢ ᠪᠡᠶᠡᠯᠡᠭᠦᠯᠦᠨ᠎ᠡ᠃ ᠤᠯᠠᠭᠠᠨᠰᠤᠬᠠᠢ ᠶᠢᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂  ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠲᠥᠯᠦᠪᠵᠢᠭᠦᠯᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠭᠠᠨᠰᠤᠬᠠᠢ ᠢ ᠤᠯᠤᠰ ᠤᠨ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠲᠠᠪᠤ᠂ ᠳᠣᠯᠣᠳᠤᠭᠠᠷ ᠤᠰᠤ ᠲᠠᠲᠠᠷᠠᠭᠤᠯᠬᠤ ᠶᠡᠷᠦᠩᠬᠡᠢ ᠰᠤᠪᠠᠭ ᠤᠨ ᠬᠠᠵᠠᠭᠤ ᠶᠢᠨ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯ ᠰᠤᠪᠠᠭ ᠤᠨ ᠨᠠᠭᠤᠷ ᠲᠤ ᠣᠷᠣᠬᠤ ᠤᠰᠤᠨ ᠤ ᠴᠢᠨᠠᠷ ᠢ ᠳᠡᠭᠡᠭᠰᠢᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ︵ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠭᠦᠢᠴᠡᠳ ᠲᠦᠢᠯᠪᠤᠷᠢᠲᠠᠢ ᠨᠠᠶᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠶᠢ ᠵᠣᠭᠰᠣᠭᠠᠵᠤ ᠦᠨᠵᠢᠭᠦᠯᠦᠨ ᠮᠠᠯᠵᠢᠬᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 55.45 ᠲᠦᠮᠡᠨ ᠮᠦ ᠶᠢᠨ ᠣᠶ ᠰᠢᠭᠤᠢ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠬᠠᠶᠢᠨ ᠰᠦᠪᠡᠭᠴᠢᠯᠡᠵᠦ᠂ ︽ᠠᠭᠤᠷᠬᠠᠢ + ᠭᠡᠷᠡᠯ ᠸᠣᠯᠲ︾ ︽ᠡᠯᠡᠰᠦ ᠮᠠᠩᠬ᠎ᠠ + ᠭᠡᠷᠡᠯ ᠸᠣᠯᠲ︾ ᠵᠡᠷᠭᠡ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠠᠵᠤ ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃       ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 14.64 ᠲᠦᠮᠡᠨ ᠠᠴᠠ ᠳᠡᠭᠡᠭᠰᠢ ᠡᠷᠦᠬᠡ ᠶᠢ ᠥᠭᠡᠷᠡᠴᠢᠯᠡᠨ ᠳᠠᠭᠤᠰᠬᠠᠵᠤ᠂ ᠠᠭᠠᠷ ᠤᠨ ᠴᠢᠨᠠᠷ ᠤᠨ ᠰᠢᠯᠢᠳᠡᠭ ᠨᠣᠷᠮ᠎ᠠ ᠶᠢ 86.7% ᠠᠴᠠ ᠳᠡᠭᠡᠭᠰᠢ ᠳᠤ ᠬᠦᠷᠦᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠲᠦᠷᠪᠡᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠰᠠᠯᠲᠠ ᠶᠢᠨ ᠵᠢᠱᠢᠶ᠎ᠡ ᠦᠵᠡᠭᠦᠯᠬᠦ ᠴᠡᠭ ᠢ 100 ᠰᠢᠨ᠎ᠡ ᠪᠠᠷ ᠨᠡᠮᠡᠭᠳᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠷᠡᠭᠯᠡᠬᠦ ᠬᠡᠮᠵᠢᠶ᠎ᠡ ᠶᠢ ᠲᠤᠰ ᠲᠤᠰ 5%᠂ 2.5% ᠠᠴᠠ ᠳᠡᠭᠡᠭᠰᠢ ᠪᠠᠭᠤᠷᠠᠭᠤᠯᠵᠤ᠂ ᠠᠰᠢᠭᠯᠠᠯᠲᠠ ᠶᠢᠨ ᠨᠤᠷᠮ᠎ᠠ ᠶᠢ ᠴᠥᠮ 42% ᠲᠤ ᠬᠦᠷᠭᠡᠨ᠎ᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃       ᠡᠯ᠎ᠡ ᠲᠦᠷᠦᠯ ᠤᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ 5 ᠲᠦᠮᠡᠨ ᠮᠦ ᠲᠠᠷᠢᠶᠠᠨ ᠭᠠᠵᠠᠷ ᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠢᠯ ᠢ 300 ᠮᠦ ᠬᠡᠷᠡᠭᠵᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 4900 ᠮᠦ ᠭᠠᠵᠠᠷ ᠰᠢᠷᠣᠢ ᠶᠢ ᠰᠢᠩᠭᠡᠭᠡᠵᠦ ᠂ ᠰᠤᠯᠠ ᠪᠠᠶᠢᠭ᠎ᠠ 700 ᠮᠦ ᠭᠠᠵᠠᠷ ᠰᠢᠷᠣᠢ ᠶᠢ ᠰᠢᠢᠳᠪᠦᠷᠢᠯᠡᠪᠡ᠃ ︽ᠤᠰᠤ ᠶᠢ ᠳᠦᠷᠪᠡ  ᠪᠠᠷ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠡᠷᠴᠢᠮ ᠤᠨ ᠬᠢᠵᠠᠭᠠᠷᠯᠠᠯ ᠢ ᠴᠢᠩᠳᠠᠯᠠᠵᠤ᠂ 1.17 ᠳ᠋ᠦᠩᠰᠢᠭᠤᠷ ᠺᠦᠪ ᠮᠧᠲᠷ ᠠᠴᠠ ᠳᠡᠭᠡᠭᠰᠢ ᠲᠠᠷᠢᠶᠠᠯᠠᠩ ᠤᠨ ᠤᠰᠤ ᠠᠷᠪᠢᠯᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.479 ᠪᠣᠯᠲᠠᠯ᠎ᠠ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠤᠷᠣᠭᠳᠠᠯ ᠢ ᠪᠠᠭᠠᠰᠬᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠢᠨ᠎ᠡ ᠪᠠᠷ ᠪᠠᠶᠢᠭᠤᠯᠬᠤ ᠵᠦᠢᠯᠡᠰ ᠲᠤ ᠴᠥᠮ ︽ᠬᠤᠶᠠᠷ ᠲᠡᠷᠢᠭᠦᠨ︾ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠲᠥᠯᠥᠮᠵᠢ ᠪᠣᠯᠭᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠬᠠᠮᠵᠢᠯᠴᠠᠨ ᠬᠦᠭᠵᠢᠬᠦ ᠶᠢ ᠠᠬᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠨ᠂ ᠰᠤᠷᠭᠠᠨ ᠬᠥᠮᠦᠵᠢᠯ ᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠤᠳᠤᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠰᠠᠭᠤᠷᠢ ᠶᠢ ᠰᠠᠶᠢᠲᠤᠷ ᠲᠠᠯᠪᠢᠵᠤ ᠪᠠᠲᠤᠳᠬᠠᠨ᠎ᠠ᠃       ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠲᠦᠭᠡᠮᠡᠯ ᠠᠰᠢᠭ ᠬᠦᠷᠲᠡᠭᠡᠬᠦ ᠠᠮᠤᠷ ᠲᠦᠪᠰᠢᠨ ᠴᠢᠨᠠᠷ ᠰᠠᠶᠢᠲᠠᠢ ᠪᠠᠶᠢᠬᠤ ᠶᠢ ᠲᠦᠭᠡᠮᠡᠯᠵᠢᠭᠦᠯᠬᠦ ᠪᠠᠷ ᠤᠳᠤᠷᠢᠳᠤᠮᠵᠢ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠷᠤᠮᠵᠢᠯ ᠲᠠᠢ ᠬᠥᠭᠵᠢᠯᠲᠡ ᠶᠢ ᠠᠬᠢᠭᠤᠯᠤᠨ᠎ᠠ︔ ᠪᠥᠬᠦ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢ ᠠᠬᠢᠭᠤᠯᠤᠨ᠎ᠠ︔ ᠠᠵᠢᠯ ᠣᠯᠭᠤᠬᠤ ᠪᠠ ᠰᠤᠷᠭᠠᠭᠤᠯᠢ ᠳᠡᠪᠰᠢᠬᠦ ᠶᠢ ᠵᠡᠷᠭᠡᠪᠡᠷ ᠴᠢᠬᠤᠯᠠᠴᠢᠯᠠᠬᠤ ᠪᠠᠷ ᠤᠳᠤᠷᠢᠳᠤᠮᠵᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠯᠢᠳᠡᠭ ᠴᠢᠳᠠᠪᠤᠷᠢᠲᠠᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠠᠶᠠᠨᠨᠠᠭᠤᠷ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ ᠵᠡᠷᠭᠡ 6 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 3930 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠦᠨ᠎ᠡ᠃ ᠵᠡᠭᠦᠨ ᠡᠮᠦᠨᠡᠲᠦ ᠶᠢᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ  ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠳᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠤ᠂ ᠤᠯᠤᠰ ᠤᠨ ᠲᠠᠷᠢᠶᠠᠯᠠᠩ ᠤᠨ ᠳᠡᠭᠡᠳᠤ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ᠂ ᠬᠥᠷᠥᠰᠥ ᠰᠢᠷᠣᠢ ᠭᠠᠵᠠᠷ ᠤᠨ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠶᠢ ᠡᠭᠦᠳᠬᠦ ᠲᠥᠪ ᠵᠡᠷᠭᠡ 10 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠰᠢᠨ᠎ᠡ ᠡᠭᠦᠯᠳᠡᠷ ᠢ ᠪᠣᠶᠢᠵᠢᠭᠤᠯᠬᠤ᠂ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ 10 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠲᠦᠮᠡᠨ ᠮᠦ ᠬᠠᠲᠠᠭᠤ ᠪᠤᠭᠤᠳᠠᠢ᠂ ᠠᠷᠪᠠᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠵᠡᠷᠭᠡ 10 ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠯᠤᠰ ᠤᠨ ᠭᠤᠤᠯᠯᠠᠭᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠨᠡᠷᠡᠨ ᠬᠤᠸᠠᠷ ᠤᠨ ᠠᠵᠤ ᠦᠢᠯᠡᠰ ᠤᠨ ᠰᠦᠷᠦᠭᠵᠢᠯ ᠵᠡᠷᠭᠡ 10 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠦᠢᠯᠡᠰ ᠤᠨ ᠠᠭᠤᠰᠤᠯᠴᠠᠨ ᠨᠡᠶᠢᠯᠡᠯ᠂ ᠠᠳᠠᠯ ᠦᠢᠯᠡᠰ ᠴᠣᠭᠴᠠᠯᠠᠵᠤ ᠨᠡᠪᠴᠢᠭᠦᠯᠬᠦ ᠵᠡᠷᠭᠡ 10 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠲᠠᠷᠢᠮᠠᠯ ᠤᠨ ᠰᠢᠨ᠎ᠡ ᠡᠭᠦᠯᠳᠡᠷ ᠢ 10 ᠠᠴᠠ ᠳᠡᠭᠡᠭᠰᠢ ᠪᠣᠶᠢᠵᠢᠭᠤᠯᠵᠤ᠂ ᠲᠠᠷᠢᠶᠠᠯᠠᠩ ᠤᠨ ᠳᠡᠭᠡᠳᠤ ᠰᠢᠨ᠎ᠡ ᠮᠡᠷᠭᠡᠵᠢᠯ ᠤᠨ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 140 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︽ᠬᠤᠰᠢᠭᠤᠴᠢᠯᠠᠬᠤ︾᠂ ︽ᠬᠠᠨᠳᠤᠯᠭ᠎ᠠ ᠲᠠᠢ ᠪᠠᠷ ᠨᠠᠶᠢᠳᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠦᠷ᠎ᠡ ᠶᠢᠨ ᠦᠢᠯᠡᠰ ᠢ ᠬᠥᠭᠵᠢᠭᠦᠯᠬᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠬᠡᠷᠡᠭᠵᠢᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠤᠢ ᠪᠣᠯᠭᠠᠬᠤ ᠪᠠ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃        ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃  ᠪᠣᠳᠠᠲᠤ᠂ ᠬᠡᠷᠡᠭᠯᠡᠭᠡᠨ ᠤ᠂ ᠦᠷ᠎ᠡ ᠪᠦᠲᠦᠮᠵᠢ ᠶᠢᠨ ᠤᠳᠤᠷᠢᠳᠤᠮᠵᠢ ᠶᠢ ᠲᠤᠪᠤᠶᠢᠯᠭᠠᠵᠦ᠂ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ᠂ ᠦᠯᠡᠳᠡᠭᠡᠬᠦ ᠪᠦᠬᠦ ᠬᠡᠯᠬᠢᠶ᠎ᠡ ᠪᠠᠷ ᠬᠦᠴᠦᠯᠡᠵᠦ᠂ ᠴᠢᠳᠠᠪᠤᠷᠢᠲᠠᠨ ᠤ ᠡᠩᠨᠡᠭᠡ ᠶᠢᠨ ︽ᠲᠤᠭ᠎ᠠ ᠬᠡᠮᠵᠢᠶ᠎ᠡ︾ ᠂ ︽ᠴᠢᠨᠠᠷ︾ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠣᠶᠤᠲᠠᠳ ᠤᠨ ︽ᠪᠤᠴᠠᠵᠤ ᠢᠷᠡᠬᠦ ᠢᠨᠵᠧᠨᠧᠷᠢᠩ︾ ᠪᠠ ᠲᠣᠰ ᠨᠤᠲᠤᠭ ᠤᠨ ᠴᠢᠳᠠᠪᠤᠷᠢᠲᠠᠨ ᠤ ︽ᠪᠤᠴᠠᠵᠤ ᠢᠷᠡᠬᠦ ᠢᠨᠵᠧᠨᠧᠷᠢᠩ︾ ᠢ ᠬᠡᠷᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠨ ᠠᠪᠴᠢᠷᠠᠵᠤ ᠮᠠᠨ ᠤ ᠬᠤᠲᠠ ᠳᠤ ᠪᠡᠯᠡ ᠣᠷᠣᠭᠤᠯᠤᠨ ᠦᠢᠯᠡᠰ ᠬᠦᠭᠵᠢᠭᠦᠯᠵᠦ ᠪᠦᠲᠦᠭᠡᠨ ᠴᠤᠭᠴᠠᠯᠠᠭᠤᠯᠤᠨ᠎ᠠ᠃ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢ 10 ᠰᠢᠨ᠎ᠡ ᠪᠠᠷ ᠬᠥᠮᠥᠵᠢᠭᠦᠯᠦᠨ ᠪᠣᠶᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠰᠡᠬᠦ ᠪᠠ ᠲᠤᠲᠠᠭᠳᠠᠵᠤ ᠪᠠᠶᠢᠭ᠎ᠠ ᠴᠢᠳᠠᠪᠤᠷᠢᠲᠠᠨ ᠢ 50 ᠬᠥᠮᠥᠨ ᠠᠴᠠ ᠳᠡᠭᠡᠭᠰᠢ ᠣᠷᠣᠭᠤᠯᠤᠨ ᠠᠪᠴᠢᠷᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ 1000 ᠬᠥᠮᠥᠨ ᠠᠴᠠ ᠳᠡᠭᠡᠭᠰᠢ ᠢᠯᠡ ᠪᠠᠷ ᠤᠷᠢᠨ ᠬᠡᠷᠡᠭᠯᠡᠨ᠎ᠡ᠃ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠴᠠᠯᠢᠩ ᠬᠥᠯᠥᠰᠦ ᠣᠯᠭᠤᠮᠵᠢ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠭᠡᠷ ᠪᠦᠯᠢ ᠶᠢᠨ ᠬᠢᠨ ᠤ ᠠᠵᠢᠯ ᠣᠯᠬᠤ᠂ ᠡᠮᠴᠢᠯᠡᠭᠡ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠢ ᠦᠨᠡᠨ ᠰᠡᠳᠬᠢᠯ ᠠᠴᠠ ᠪᠠᠨ ᠬᠠᠶᠢᠷᠠᠯᠠᠵᠤ᠂ ᠴᠢᠳᠠᠪᠤᠷᠢᠲᠠᠨ ᠢ ᠪᠥᠬᠦ ᠰᠡᠳᠬᠢᠯ ᠢᠶᠠᠷ ᠢᠶᠠᠨ ᠬᠥᠮᠥᠵᠢᠭᠦᠯᠵᠦ᠂ ᠴᠢᠳᠠᠪᠤᠷᠢᠲᠠᠨ ᠢ ᠪᠥᠬᠦ ᠰᠡᠳᠬᠢᠯ ᠢᠶᠠᠷ ᠢᠶᠠᠨ ᠤᠷᠢᠨ ᠠᠪᠴᠢᠷᠠᠵᠤ᠂ ᠴᠢᠳᠠᠪᠤᠷᠢᠲᠠᠨ ᠪᠠᠶᠠᠨᠨᠠᠭᠤᠷ ᠠᠴᠠ ᠴᠤᠯᠭᠤᠷᠴᠤ᠂ ᠪᠠᠶᠠᠨᠨᠠᠭᠤᠷ ᠢᠶᠠᠨ ᠴᠢᠳᠠᠪᠤᠷᠢᠲᠠᠨ ᠴᠤᠭᠴᠠᠯᠠᠨ᠎ᠠ᠃      ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠪᠠᠷ ᠬᠦᠳᠡᠯᠭᠡᠬᠦ ᠬᠦᠴᠦᠨ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠬᠦᠴᠢᠷ ᠲᠦᠪᠡᠭᠲᠡᠢ ᠲᠦᠭᠵᠢᠷᠡᠯ ᠢ ᠣᠨᠢᠯᠠᠵᠤ᠂ ᠥᠭᠡᠷᠡᠴᠢᠯᠡᠯᠲᠡ ᠶᠢᠨ ᠡᠭᠦᠷᠭᠡ ᠪᠣᠯᠣᠨ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠰᠢᠨ᠎ᠡ ᠳᠠᠪᠠᠭᠤᠯᠢᠭ ᠢ ᠡᠭᠦᠳᠴᠦ᠂ ᠰᠢᠨ᠎ᠡ ᠬᠦᠳᠡᠯᠭᠡᠬᠦ ᠬᠦᠴᠦᠨ ᠢ ᠪᠣᠶᠢᠵᠢᠭᠤᠯᠤᠨ᠎ᠠ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂      ︽ᠮᠦᠩᠬᠡ ᠰᠤᠪᠠᠭ · ᠳᠦᠷᠪᠡᠨ ᠭᠦᠢᠴᠡᠳᠭᠡᠯ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ︽ᠣᠨᠳᠣᠣ ᠭᠠᠵᠠᠷ ᠲᠤ ᠭᠦᠢᠴᠡᠳᠬᠡᠵᠦ ᠪᠣᠯᠬᠤ︾ ︽ᠡᠯᠧᠺᠲᠷᠣᠨ ᠦᠨᠡᠮᠯᠡᠯ ᠢᠶᠠᠷ ᠭᠦᠢᠴᠡᠳᠬᠡᠬᠦ︾ ᠶᠢ ᠥᠷᠨᠢᠭᠦᠯᠵᠦ᠂ ︽ᠭᠡᠷᠡᠴᠢᠯᠡᠯ ᠦᠭᠡᠢ ᠬᠤᠲᠠ︾ ᠶᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠤᠴᠢᠷ ᠶᠠᠪᠤᠳᠠᠯ ᠢ ᠳᠦᠭᠦᠮ ᠢᠶᠠᠷ ᠪᠦᠲᠦᠭᠡᠯᠭᠡᠵᠦ᠂ ᠰᠠᠭᠠᠲᠠᠭᠠᠬᠤ ᠦᠭᠡᠢ ᠪᠠᠶᠢᠯᠭᠠᠨ᠎ᠠ᠃ 12345 ᠬᠠᠯᠠᠭᠤᠨ ᠤᠲᠠᠰᠤᠨ ᠤ ᠦᠢᠯᠡᠴᠢᠯᠡᠭᠡᠨ ᠤ ᠦᠷ᠎ᠡ ᠪᠦᠲᠦᠮᠵᠢ ᠪᠠ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠬᠠᠷᠢᠭᠤ ᠥᠭᠬᠦ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠡᠳ᠋ᠯᠡᠬᠦ︾ ︽ᠡᠳ᠋ᠯᠡᠬᠦ ᠶᠣᠰᠣᠲᠠᠢ ᠶᠢ ᠨᠢ ᠴᠥᠮ ᠡᠳ᠋ᠯᠡᠬᠦ︾ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠠᠷᠠᠳ ᠤᠨ ᠡᠵᠡᠩᠨᠡᠭᠰᠡᠨ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠬᠥᠳᠡᠯᠦᠩᠭᠦᠢ ᠪᠠᠷ ᠴᠡᠪᠡᠷᠯᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠢᠳᠪᠦᠷᠢᠯᠡᠯᠲᠡ ᠶᠢᠨ ︽ᠲᠣᠷᠭᠠᠬᠤ  ᠠᠴᠠ ᠬᠡᠯᠲᠦᠷᠢᠭᠦᠯᠬᠦ᠂ ᠬᠥᠩᠭᠡᠨ ᠢᠶᠠᠷ ᠲᠣᠷᠭᠠᠬᠤ︾ ᠨᠠᠷᠢᠨ ᠬᠠᠭᠤᠳᠠᠰᠤ ᠶᠢᠨ ᠲᠣᠭᠲᠠᠴᠠ ᠪᠠ ︽ᠱᠠᠭᠠᠷᠳᠠᠯᠭ᠎ᠠ ᠪᠠᠶᠢᠪᠠᠯ ᠵᠠᠪᠠᠯ ᠬᠠᠩᠭᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ︾ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠲᠠᠴᠠ ᠶᠢ ᠪᠠᠶᠢᠭᠤᠯᠤᠨ᠎ᠠ᠃      ᠨᠡᠭᠡᠭᠡᠯᠲᠡ ᠬᠢᠵᠦ ᠬᠠᠮᠲᠤᠷᠠᠯᠴᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠳᠠᠪᠠᠭᠤᠯᠢᠭ ᠢ ᠡᠭᠦᠳᠦᠨ᠎ᠡ᠃ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠲᠡᠮᠦᠷ ᠵᠠᠮ ᠤᠨ ᠪᠣᠭᠤᠮᠲᠠ᠂ ᠬᠢᠯᠢ ᠠᠯᠤᠰᠯᠠᠭᠰᠠᠨ ᠠᠭᠠᠷ ᠤᠨ ᠲᠡᠮᠦᠷ ᠵᠠᠮ ᠤᠨ ᠴᠤᠪᠤᠭ᠎ᠠ ᠲᠡᠷᠭᠡ ᠶᠢ ᠲᠦᠷᠭᠡᠳᠬᠡᠨ  ᠪᠠᠶᠢᠭᠤᠯᠵᠤ᠂ ᠪᠣᠭᠤᠮᠲᠠ ᠶᠢᠨ ᠵᠢᠯᠣᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠤᠰᠬᠠᠢ ᠨᠡᠪᠲᠡᠷᠡᠬᠦ ᠵᠠᠮ᠂ ᠳᠤᠮᠳᠠᠳᠤ ᠤᠯᠤᠰ ᠤᠨ ᠬᠥᠩᠭᠡᠨ ᠴᠠᠭᠠᠨ ᠤ ᠬᠡᠦᠷᠡᠰᠦᠨ ᠨᠡᠭᠦᠷᠡᠰᠦᠨ ᠤ ᠬᠡᠦᠷᠡᠰᠦᠨ ᠬᠤᠭᠤᠴᠠᠭᠠᠲᠤ ᠪᠠᠷᠠᠭ᠎ᠠ ᠶᠢᠨ ᠭᠠᠷᠳᠠᠮ ᠭᠦᠢᠴᠡᠳᠭᠡᠬᠦ ᠬᠥᠮᠥᠷᠭᠡ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠭᠠᠷᠤᠯᠲᠠ ᠶᠢᠨ ᠪᠦᠲᠦᠭᠡᠭᠳᠡᠬᠦᠨ ᠤ ᠠᠷᠠᠯᠵᠢᠶ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ ᠂ ᠪᠣᠭᠤᠮᠲᠠ ᠪᠠᠷ ᠨᠡᠪᠲᠡᠷᠡᠬᠦ ᠪᠠᠷᠠᠭ᠎ᠠ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠵᠠᠰᠠᠮᠠᠯ ᠵᠠᠮ ᠤᠨ ᠪᠣᠭᠤᠮᠲᠠ ᠪᠠᠷ ᠨᠡᠪᠲᠡᠷᠡᠬᠦ ᠪᠠᠷᠠᠭ᠎ᠠ ᠶᠢᠨ ᠬᠡᠮᠵᠢᠶ᠎ᠡ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ ᠪᠥᠬᠦ ᠣᠷᠣᠨ ᠤ ︽ᠬᠤᠣᠰ ᠨᠢᠭᠡᠳᠦᠭᠡᠷ︾ ᠢ ᠪᠠᠲᠤᠯᠠᠨ᠎ᠠ᠃ ᠨᠠᠷᠮᠠᠢ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠣᠭᠤᠮᠲᠠ ᠪᠠᠷ ᠳᠠᠶᠢᠴᠢᠯᠠᠬᠤ᠂ ᠬᠢᠯᠢ ᠬᠢᠵᠠᠭᠠᠷ ᠲᠤᠳᠤᠭᠠᠲᠤ ᠤᠷᠤᠨ ᠬᠠᠷᠢᠯᠴᠠᠨ ᠬᠥᠳᠡᠯᠦᠯᠴᠡᠬᠦ᠂ ᠣᠷᠣᠨ ᠪᠦᠰᠡ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠭᠤᠮᠲᠠ ᠬᠢᠭᠡᠳ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠣᠭᠤᠮᠲᠠ ᠶᠢᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠳᠠᠭᠠᠭᠠᠨ ᠠᠪᠴᠤ ᠪᠣᠯᠪᠠᠰᠤᠷᠠᠭᠤᠯᠵᠤ ᠬᠤᠪᠢᠷᠠᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠢ ᠪᠣᠯᠪᠠᠰᠤᠷᠠᠭᠤᠯᠵᠤ ᠬᠤᠪᠢᠷᠠᠭᠤᠯᠬᠤ ᠨᠤᠷᠮ᠎ᠠ ᠶᠢ 43.3% ᠠᠴᠠ 60% ᠪᠣᠯᠲᠠᠯ᠎ᠠ ᠳᠡᠭᠡᠭᠰᠢᠯᠡᠭᠦᠯᠦᠨ᠎ᠡ᠃ ︽ᠤᠷᠠᠳ ᠤᠨ ᠬᠤᠶᠢᠲᠤ ᠬᠤᠰᠢᠭᠤ ᠨᠤᠮᠧᠷᠲᠤ︾ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠬᠡᠮᠵᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠯᠠᠢ ᠳᠠᠭᠠᠤ ᠶᠢᠨ ᠬᠥᠭᠵᠢᠭᠰᠡᠨ ᠭᠠᠵᠠᠷ ᠣᠷᠣᠨ᠂ ᠬᠠᠳᠤᠨ ᠭᠤᠣᠯ ᠳᠠᠭᠠᠤ ᠶᠢᠨ ᠬᠤᠳᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠨᠠᠢᠮᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠢᠳᠠᠯ ᠪᠠᠷ ᠢᠶᠠᠨ ᠬᠢᠵᠦ ᠴᠢᠷᠮᠠᠶᠢᠬᠤ ᠶᠢ ᠪᠠᠷᠢᠮᠲᠠᠯᠠᠵᠤ᠂ ᠠᠷᠠᠳ ᠤᠯᠠᠨ ᠤ ᠪᠠᠴᠢᠮ ᠪᠡᠷᠬᠡ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠬᠦᠷᠦᠯᠴᠡᠬᠦᠶᠢᠴᠡ ᠴᠢᠨᠠᠷ ᠢ ᠴᠢᠩᠭᠠᠳᠬᠠᠨ᠎ᠠ᠃        ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠠᠵᠢᠯ ᠲᠠᠢ ᠬᠥᠮᠥᠨ ᠦᠭᠡᠢ︾ ᠭᠡᠷ ᠪᠦᠯᠢ ᠵᠡᠷᠭᠡ ᠬᠦᠴᠢᠷᠳᠡᠯᠲᠡᠢ ᠬᠦᠮᠦᠰ ᠢ ᠨᠠᠷᠢᠨ ᠣᠨᠣᠴᠠᠲᠠᠢ ᠪᠠᠷ ᠬᠠᠪᠰᠤᠷᠤᠨ ᠲᠡᠳᠬᠦᠵᠦ᠂ ᠪᠥᠬᠦ ᠵᠢᠯ ᠳᠤ ᠬᠤᠲᠠ ᠪᠠᠯᠭᠠᠰᠤᠨ ᠤ 8300 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ ᠃ ︽ᠥᠷᠢ ᠰᠢᠷᠢ ᠶᠢ ᠰᠢᠢᠳᠪᠦᠷᠢᠯᠡᠬᠦ︾ ᠶᠢ ︽ᠥᠷᠢ ᠰᠢᠷᠢ ᠶᠢ ᠰᠡᠷᠭᠡᠶᠢᠯᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠵᠤ᠂ ᠲᠤᠰᠠᠯᠠᠪᠠᠰᠤ ᠵᠣᠬᠢᠬᠤ ᠶᠢ ᠨᠢ ᠴᠥᠮ ᠲᠤᠰᠠᠯᠠᠬᠤ ᠶᠢ ᠪᠠᠷᠢᠮᠲᠠᠯᠠᠵᠤ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠪᠦᠷᠬᠦᠴᠡ ᠶᠢᠨ ᠨᠤᠷᠮ᠎ᠠ ᠶᠢ 86% ᠠᠴᠠ ᠳᠡᠭᠡᠭᠰᠢ ᠳᠤ ᠬᠦᠷᠭᠡᠵᠦ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠳᠡᠭᠦᠯᠳᠡᠷᠵᠢᠭᠦᠯᠦᠨ᠎ᠡ᠃      ᠡᠷᠡᠭᠦᠯ ᠮᠡᠨᠳᠦ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠤᠷᠤᠭᠤᠯᠤᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ ᠶᠢ ᠠᠬᠢᠭᠤᠯᠵᠤ᠂ ᠯᠢᠨ ᠾᠧ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠤᠯᠭᠠᠨ ᠪᠠᠶᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠦᠭᠵᠢᠭᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠯᠳᠠᠪᠤᠷᠢᠲᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠦᠨ᠎ᠡ᠃       ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠭᠡᠷ ᠲᠡᠭᠡᠨ ᠰᠠᠭᠤᠬᠤ ᠪᠤᠯᠤᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠭᠡᠷ ᠲᠡᠭᠡᠨ ᠰᠠᠭᠤᠬᠤ ᠮᠠᠶ᠋ᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠠᠵᠢᠯ ᠡᠷᠭᠢᠯᠡᠬᠦ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠯᠠᠨ ᠴᠡᠭ ᠲᠤ ᠣᠴᠢᠵᠤ ᠠᠵᠢᠯ ᠡᠷᠭᠢᠯᠡᠬᠦ ᠶᠢ ᠵᠣᠷᠢᠭᠵᠢᠭᠤᠯᠤᠨ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠭᠠᠷᠭᠠᠬᠤ ᠬᠠᠷᠢᠴᠠᠯ ᠢ 75% ᠳᠤ ᠬᠦᠷᠭᠡᠨ᠎ᠡ᠃ ᠭᠡᠷ ᠲᠡᠭᠡᠨ ᠬᠤᠴᠣᠷᠤᠭᠰᠠᠨ᠂ ᠭᠠᠭᠴᠠᠭᠠᠷ ᠰᠠᠭᠤᠭᠰᠠᠨ᠂ ᠭᠠᠭᠴᠠ ᠬᠡᠦᠬᠡᠳ ᠢᠶᠠᠨ ᠠᠯᠳᠠᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠤᠳᠠᠳᠠᠶᠢᠵᠢᠭᠤᠯᠤᠨ᠎ᠠ᠃       ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ ᠂ ᠤᠯᠠᠭᠠᠨᠮᠥ᠋ᠴᠢᠷ ᠤᠨ ︽ᠰᠤᠷᠤᠯᠴᠠᠬᠤ᠂ ᠡᠭᠦᠳᠬᠦ᠂ ᠲᠣᠭᠯᠠᠬᠤ︾ ᠠᠵᠢᠯᠯᠠᠭ᠎ᠠ ᠶᠢ ᠥᠷᠨᠢᠭᠦᠯᠵᠦ᠂ ︽ᠮᠢᠨᠤ ᠪᠣᠷᠣᠳᠣᠬᠤᠢ︾ ︽ᠦᠵᠡᠰᠬᠦᠯᠡᠩᠲᠦ ᠰᠠᠶᠢᠬᠠᠨ ᠤᠯᠠᠭᠠᠨᠰᠤᠬᠠᠢ︾ ︽ᠬᠠᠲᠤᠨ ᠭᠤᠣᠯ ᠵᠡᠭᠦᠨᠰᠢ ᠤᠷᠤᠰᠤᠨ᠎ᠠ︾ ᠵᠡᠷᠭᠡ ᠨᠢᠭᠡ ᠪᠦᠯᠦᠭ ᠰᠣᠳᠣᠨ ᠪᠦᠲᠦᠭᠡᠯ ᠢ ᠡᠭᠦᠳᠦᠨ ᠪᠦᠲᠦᠭᠡᠪᠡ᠃ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠥᠯᠢᠭᠡᠷ ᠳᠠᠭᠤᠷᠢᠶᠠᠯ ᠪᠣᠯᠬᠤ ᠲᠣᠰᠬᠤᠨ ᠪᠠᠯᠭᠠᠰᠤ᠂ ᠵᠢᠱᠢᠶ᠎ᠡ ᠦᠵᠡᠭᠦᠯᠬᠦ ᠰᠣᠶᠣᠯ ᠤᠨ ᠲᠣᠮᠣ ᠬᠦᠷᠢᠶᠡᠯᠡᠩ ᠢ 20 ᠠᠴᠠ ᠳᠡᠭᠡᠭᠰᠢ ᠪᠠᠶᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ ᠪᠡᠯᠡᠳᠭᠡᠨ᠎ᠡ᠃      ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠤᠳᠠᠲᠠᠢ ᠪᠦᠲᠦᠮᠵᠢᠲᠡᠢ ᠠᠬᠢᠭᠤᠯᠤᠨ᠎ᠠ᠃ ᠬᠤᠲᠠ ᠲᠤᠭᠤᠷᠢᠭ ᠢ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ ᠤᠳᠤᠬᠢᠴᠢᠯᠠᠭᠰᠠᠨ ᠠᠮᠢ ᠠᠬᠤᠢ ᠶᠢᠨ ᠲᠠᠷᠢᠶ᠎ᠠ ᠬᠦᠷᠢᠶᠡᠯᠡᠩ ᠤᠨ ᠬᠤᠳᠠ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 91 ᠬᠠᠭᠤᠴᠢᠨ ᠵᠢᠵᠢᠭ ᠲᠣᠭᠤᠷᠢᠭ᠂ ᠪᠤᠷᠤ ᠭᠡᠷᠲᠤ ᠲᠣᠭᠤᠷᠢᠭ ᠤᠨ 6600 ᠢᠵᠢ ᠪᠠᠶᠢᠰᠢᠩ ᠠᠴᠠ ᠢᠯᠡᠭᠦᠤ ᠥᠭᠡᠷᠡᠴᠢᠯᠡᠨ ᠵᠠᠰᠠᠪᠠ᠃ ᠬᠤᠳᠠ ᠪᠠᠯᠭᠠᠰᠤᠨ ᠤ ᠵᠠᠮ᠂ ᠤᠰᠤ ᠬᠠᠩᠭᠠᠬᠤ ᠤᠰᠤ ᠵᠠᠯᠠᠬᠤ᠂ ᠢᠯᠴᠢ ᠬᠡᠢ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠬᠤᠭᠤᠯᠠᠢ ᠶᠢᠨ ᠲᠣᠣᠷ ᠢ 120 ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ︽ᠰᠢᠷᠬ᠎ᠠ ᠰᠣᠷᠪᠢ︾ ᠶᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠲᠥᠪ ᠬᠤᠲᠠ ᠶᠢᠨ ᠲᠣᠭᠤᠷᠢᠭ ᠤᠨ ︽ᠤᠳᠠᠭᠠᠨ ᠨᠤᠷᠠᠭᠠᠵᠤ ᠳᠡᠶᠢᠯᠬᠦ ᠦᠭᠡᠢ︾ ︽ᠨᠤᠷᠠᠭᠠᠭᠰᠠᠨ ᠴᠤ ᠦᠯᠡᠳᠡᠭᠳᠡᠯ ᠲᠠᠢ︾ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠨᠢᠭᠡᠨᠲᠡ ᠬᠤᠳᠠᠯᠳᠤᠭᠰᠠᠨ ᠬᠤᠭᠤᠴᠠᠭ᠎ᠠ ᠬᠡᠲᠦᠷᠡᠭᠰᠡᠨ ᠭᠡᠷ ᠬᠥᠷᠥᠩᠭᠡ ᠶᠢᠨ ᠲᠥᠷᠥᠯ ᠵᠦᠢᠯ ᠢ ᠰᠡᠷᠭᠦᠭᠡᠵᠦ᠂ ︽ᠲᠤᠰᠢᠶᠠᠬᠤ ᠪᠠᠲᠤᠯᠠᠪᠤᠷᠢᠲᠠᠢ ᠠᠰᠠᠷ︾ ᠤᠨ ᠡᠭᠦᠷᠭᠡ ᠶᠢ 7883 ᠢᠵᠢ ᠪᠡᠶᠡᠯᠡᠭᠦᠯᠪᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ︵ᠶᠢᠰᠦ︶ ᠠᠮᠤᠷ ᠲᠦᠪᠰᠢᠨ ᠲᠣᠭᠲᠠᠭᠤᠨ ᠢᠶᠠᠷ ᠬᠤᠷᠢᠭ᠎ᠠ ᠱᠤᠭᠤᠮ ᠪᠣᠯᠭᠠᠵᠤ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠢ ᠬᠠᠮᠠᠭᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠬᠦᠷᠢᠶᠡᠨ ᠳᠠᠬᠢ ᠲᠦᠭᠰᠢᠭᠦᠷᠢ ᠶᠢᠨ ᠲᠠᠯᠳᠠ ᠭᠡᠮ ᠢ ᠴᠢᠩᠭ᠎ᠠ ᠰᠡᠷᠭᠡᠶᠢᠯᠡᠵᠦ᠂ ᠠᠮᠤᠷ ᠠᠮᠤᠭᠤᠯᠠᠩ ᠵᠣᠯ ᠵᠢᠷᠭᠠᠯᠲᠤ ᠪᠠᠶᠠᠨᠨᠠᠭᠤᠷ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃       ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠬᠦᠴᠦᠯᠡᠨ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠢᠯᠡ᠂ ᠲᠥᠷᠥᠭᠳᠡᠯ ᠲᠠᠢ ᠪᠥᠭᠡᠳ ᠪᠦᠲᠦᠮᠵᠢᠲᠡᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠨᠠᠮ ᠤᠨ ᠠᠴᠢ ᠶᠢ ᠴᠢᠩ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠮᠡᠳᠡᠷᠡᠬᠦ︾ ︽ᠳᠥᠷᠪᠡ ᠶᠢ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠤᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠲᠠᠰᠤᠷᠠᠯᠲᠠ ᠦᠭᠡᠢ ᠠᠬᠢᠭᠤᠯᠤᠨ᠎ᠠ᠃      ᠡᠯ᠎ᠡ ᠬᠦᠷᠢᠶᠡᠨ ᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ᠎ᠡ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠰᠡᠷᠭᠡᠶᠢᠯᠡᠨ ᠡᠵᠡᠮᠳᠡᠬᠦ ᠶᠢ ᠬᠠᠮᠵᠢᠯᠴᠠᠭᠤᠯᠬᠤ᠂ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠪᠠᠶᠢᠭᠠᠯᠢ ᠶᠢᠨ ᠭᠠᠮᠰᠢᠭ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠨᠥᠬᠦᠴᠡᠯ ᠵᠡᠷᠭᠡ ᠬᠦᠷᠢᠶᠡᠨ ᠳᠠᠬᠢ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠲᠦᠭᠰᠢᠭᠦᠷᠢ ᠶᠡᠬᠡᠲᠡᠢ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠭᠡᠷ ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠦᠭᠰᠢᠭᠦᠷᠢ ᠶᠢ ᠦᠷᠭᠦᠯᠵᠢᠯᠡᠨ ᠠᠷᠢᠯᠭᠠᠨ᠎ᠠ᠃       ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠴᠦ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠰᠠᠨᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ 100% ᠳᠤ ᠬᠦᠷᠭᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠠᠶᠢᠩᠭᠤ ᠶᠢᠨ ᠴᠢᠨᠠᠷᠲᠠᠢ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠦᠷᠨᠢᠭᠦᠯᠵᠦ᠂ ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠥᠪᠯᠡᠷᠡᠭᠦᠯᠦᠨ ᠵᠠᠰᠠᠬᠤ ᠂ ᠵᠠᠮ ᠲᠡᠭᠡᠭᠡᠪᠦᠷᠢ᠂  ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠂ ᠬᠢᠵᠠᠭᠠᠷ ᠲᠠᠢ ᠣᠷᠣᠨ ᠵᠠᠢ᠂ ᠥᠨᠳᠥᠷ ᠭᠠᠵᠠᠷ ᠠᠴᠠ ᠤᠨᠠᠬᠤ᠂ ᠮᠠᠰᠢᠨ ᠮᠧᠬᠠᠨᠢᠭ ᠤᠨ ᠭᠡᠮᠲᠦᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃      ︵ᠠᠷᠪᠠ︶ ᠰᠤᠷᠲᠠᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠪᠠᠶᠢᠭᠤᠯᠤᠨ᠎ᠠ ᠃ ︽ᠭᠤᠷᠪᠠᠨ ᠡᠷᠬᠡᠪᠰᠢ︾ ᠶᠢ ᠦᠢᠯᠡᠳᠦᠯᠭᠡᠵᠢᠭᠦᠯᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃     ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠳᠡᠭᠡᠷ᠎ᠡ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ᠂ ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠨ᠎ᠠ᠃  ᠪᠣᠷᠳᠣᠭᠤᠷ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠤᠰᠤ ᠶᠢ ᠠᠷᠪᠢᠯᠠᠨ ᠬᠡᠷᠡᠭᠯᠡᠬᠦ ᠵᠡᠷᠭᠡ ᠬᠠᠤᠯᠢ ᠲᠣᠭᠲᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠳᠣᠷᠬᠠᠢ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠶᠠᠪᠤᠴᠠ ᠳᠤ ︽ᠶᠣᠰᠣ ᠬᠡᠯᠡᠬᠦ ᠮᠠᠶ᠋ᠢᠭ︾ ᠤᠨ ᠵᠠᠰᠠᠭ ᠢ ᠬᠡᠷᠡᠭᠵᠢᠭᠦᠯᠦᠨ᠎ᠡ᠃ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃       ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠨ᠎ᠠ᠃ ᠬᠠᠷᠢᠭᠤ ᠮᠡᠳᠡᠭᠦᠯᠬᠦ ᠦᠵᠡᠯ ᠤᠬᠠᠮᠰᠠᠷ᠂ ᠰᠢᠯᠭᠠᠯᠲᠠ ᠲᠤᠰᠢᠶᠠᠬᠤ ᠦᠵᠡᠯ ᠤᠬᠠᠮᠰᠠᠷ ᠂ ᠦᠷ᠎ᠡ ᠪᠦᠲᠦᠮᠵᠢ ᠶᠢᠨ ᠦᠵᠡᠯ ᠤᠬᠠᠮᠰᠠᠷ ᠢ ᠴᠢᠩᠭᠠᠳᠬᠠᠵᠤ᠂ ︽ᠡᠭᠦᠷᠭᠡ ᠪᠠᠶᠢᠷᠢᠯᠠᠭᠤᠯᠬᠤ᠂ ᠡᠬᠡ ᠲᠠᠩᠰᠠ ᠪᠠᠶᠢᠭᠤᠯᠬᠤ᠂ ᠵᠢᠯᠣᠭᠤᠳᠤᠨ ᠱᠠᠭᠠᠷᠳᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ᠂ ᠦᠷ᠎ᠡ ᠪᠦᠲᠦᠮᠵᠢ ᠶᠢ ᠪᠠᠬᠢᠵᠢᠭᠦᠯᠬᠦ︾ ᠪᠥᠬᠦ ᠬᠡᠯᠬᠢᠶ᠎ᠡ ᠶᠢᠨ ᠠᠵᠢᠯ ᠢ ᠠᠬᠢᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠷᠡᠵᠦ᠂ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢ ᠭᠦᠢᠴᠡᠳᠬᠡᠬᠦ ᠶᠢ ᠪᠡᠶᠡᠯᠡᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ︽ᠳᠣᠯᠤᠭ᠎ᠠ ᠶᠢ ᠲᠠᠶᠠᠭᠳᠠᠬᠤ︾᠂ ︽ᠲᠠᠪᠤ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠷᠬᠠᠭ ᠭᠡᠮ ᠢ ᠬᠦᠴᠦᠯᠡᠨ ᠰᠢᠢᠳᠪᠦᠷᠢᠯᠡᠨ᠎ᠡ᠃ ᠪᠠᠲᠤ ᠪᠠᠬᠢ ᠰᠢᠢᠳᠪᠦᠷᠢᠯᠡᠬᠦ ᠰᠡᠳᠬᠢᠬᠦᠢ᠂ ᠲᠤᠭ᠎ᠠ ᠪᠠᠷᠢᠮᠲᠠ ᠶᠢᠨ ᠰᠡᠳᠬᠢᠬᠦᠢ᠂ ᠪᠢᠲᠡᠭᠦᠦ ᠴᠠᠭᠠᠷᠢᠭ ᠤᠨ ᠰᠡᠳᠬᠢᠬᠦᠢ ᠶᠢ ᠪᠤᠢ ᠪᠣᠯᠭᠠᠵᠤ᠂  ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃       ᠪᠦᠯᠬᠦᠮᠳᠡᠨ ᠲᠡᠮᠡᠴᠡᠬᠦ ᠶᠢ ᠪᠠᠷᠢᠮᠲᠠᠯᠠᠨ᠎ᠠ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ᠶᠠᠪᠤᠳᠠᠯ ᠪᠦᠬᠦᠨ ᠳᠤ ᠶᠡᠭᠡ ᠲᠠᠯ᠎ᠠ ᠶᠢ ᠦᠵᠡᠵᠦ᠂ ᠬᠠᠮᠵᠢᠯᠴᠠᠬᠤ ᠶᠢ ᠡᠷᠬᠢᠮᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠠᠶᠢᠴᠢᠯᠠᠵᠤ ᠪᠣᠯᠬᠤ ᠢᠳᠡᠪᠬᠢ ᠬᠦᠴᠦᠨ ᠪᠦᠬᠦᠨ ᠢ ᠲᠠᠶᠢᠴᠢᠯᠠᠵᠦ᠂ ︽ᠪᠠᠲᠤ ᠪᠣᠯᠣᠳ︾ ᠮᠡᠲᠦ ᠪᠦᠯᠬᠦᠮᠳᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠢᠯ ᠬᠢᠵᠦ ᠦᠢᠯᠡᠰ ᠪᠣᠰᠬᠠᠬᠤ ᠤᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ᠃ ᠠᠷᠠᠳᠴᠢᠯᠠᠯ ᠲᠥᠪᠯᠡᠷᠡᠯ ᠤᠨ ᠶᠣᠰᠣ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠮᠲᠤ ᠶᠢᠨ ᠤᠶᠤᠨ ᠤᠬᠠᠭᠠᠨ ᠳᠤ ᠴᠢᠩᠭ᠎ᠠ ᠲᠦᠰᠢᠭᠯᠡᠨ ᠠᠵᠢᠯ ᠢᠶᠠᠨ ᠠᠬᠢᠭᠤᠯᠬᠤ ᠬᠡᠷᠡᠭᠲᠡᠢ᠃       ᠠᠷᠢᠭᠤᠨ ᠴᠢᠬᠡᠴᠢ ᠶᠢ ᠴᠢᠩᠳᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠂ ᠮᠡᠳᠡᠵᠦ ᠪᠠᠶᠢᠭᠠᠳ ᠵᠣᠷᠢᠭᠤᠳᠠ ᠵᠥᠷᠢᠴᠡᠬᠦ᠂ ᠠᠷᠠᠳ ᠤᠯᠠᠨ ᠢ ᠬᠦᠨᠦᠭᠡᠬᠦ᠂ ᠬᠠᠭ᠋ᠤᠤᠯᠢ ᠢᠳᠡᠵᠦ ᠬᠠᠤᠯᠢ ᠶᠢ ᠭᠠᠵᠢᠭᠤᠳᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠭᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠠᠴᠢᠮ ᠬᠡᠷᠡᠭᠴᠡᠭᠡᠨ ᠤ ᠪᠤᠰᠤ᠂ ᠵᠠᠪᠠᠯ ᠬᠡᠷᠡᠭᠰᠡᠬᠦ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠨ᠎ᠠ᠃      ᠲᠥᠯᠥᠭᠡᠯᠡᠭᠴᠢᠳ ᠠ᠋︕ ᠬᠠᠲᠠᠭᠤᠵᠢᠯᠲᠠᠢ ᠴᠢᠷᠮᠠᠶᠢᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠢᠷᠡᠭᠡᠳᠦᠢ ᠪᠠᠨ ᠲᠡᠮᠡᠴᠡᠨ ᠣᠯᠣᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ