ᠪᠠᠶᠠᠨᠨᠠᠭᠤᠷ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2023/3/7
      ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠦᠨᠳᠦᠰᠦᠲᠡᠨ ᠤ ᠤᠨᠤᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠳᠠ ᠶᠢᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠪᠦᠬᠦ ᠬᠤᠳᠠ ᠶᠢᠨ ᠦᠨᠳᠦᠰᠦᠲᠡᠨ ᠤ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠨ ᠪᠢᠴᠢᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠬᠤᠶᠠᠷ︶ ᠦᠨᠳᠦᠰᠦᠲᠡᠨ  ᠤ ᠣᠷᠣᠨ  ᠤ ᠥᠪᠡᠷᠲᠡᠭᠡᠨ  ᠵᠠᠰᠠᠬᠤ ᠪᠠᠶᠢᠭᠤᠯᠤᠯ  ᠢ ᠲᠤᠤᠱᠯᠠᠭᠤᠯᠤᠨ  ᠨᠠᠶᠢᠳᠠᠪᠤᠷᠢᠵᠢᠭᠤᠯᠬᠤ  ᠶᠢ ᠵᠣᠬᠢᠴᠠᠭᠤᠯᠤᠨ  ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠥᠬᠦ ᠬᠤᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ  ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠪᠠᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ  ᠨᠢ ᠭᠦᠢᠴᠡᠳᠬᠡᠭᠦᠯᠵᠦ᠂  ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃      ︵ᠲᠠᠪᠤ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠵᠢᠯᠤᠭᠤᠳᠴᠤ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠨ᠎ᠡ᠃      ( ᠵᠢᠷᠭᠤᠭ᠎ᠠ ) ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠤᠶᠢᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃      ︵ᠲᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠤ ᠬᠤᠯᠪᠣᠭᠳᠠᠯ ᠪᠦᠬᠦᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠪᠠ᠃      ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ