ᠪᠠᠶᠠᠨᠨᠠᠭᠤᠷ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2023/3/7
      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄      ︵ᠨᠢᠭᠡ︶ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠲᠥᠯᠦᠪᠵᠢᠭᠦᠯᠭᠡ ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢ ᠨᠢᠭᠡᠳᠦᠯᠲᠡᠢ ᠲᠥᠯᠥᠪᠯᠡᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ      ︵ᠳᠥᠷᠪᠡ︶ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃      ︵ᠲᠠᠪᠤ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ      ︵ᠵᠢᠷᠭᠤᠭ᠎ᠠ︶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠳᠣᠯᠤᠭ᠎ᠠ︶ ᠴᠢᠭ᠋ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ᠣᠨᠳᠣᠣ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃      ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ