ᠦᠶᠤᠸᠠᠨ᠄ ᠲᠠᠷᠢᠶᠠᠯᠠᠩ ᠤᠨ ᠴᠢᠨᠠᠷ ᠰᠠᠶᠢᠲᠠᠢ ᠣᠨᠴᠠ ᠭᠠᠷᠤᠯᠲᠠ ᠶᠢᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2023/3/7
      ᠨᠢᠭᠡ ᠭᠠᠵᠠᠷ ᠣᠷᠣᠨ ᠤ ᠠᠵᠤ ᠠᠬᠤᠢ ᠶᠢ ᠬᠥᠭᠵᠢᠭᠦᠯᠬᠦ ᠳᠤ ᠥᠪᠡᠷ ᠤᠨ ᠶᠠᠭᠤᠮ᠎ᠠ ᠲᠠᠢ ᠪᠠᠶᠢᠬᠤ ᠬᠡᠷᠡᠭᠲᠡᠢ᠂ ᠥᠪᠡᠷᠮᠢᠴᠡ ᠣᠨᠴᠠᠯᠢᠭ ᠲᠠᠢ ᠪᠠᠶᠢᠬᠤ ᠬᠡᠷᠡᠭᠲᠡᠢ᠃ ᠭᠠᠭᠴᠠ ᠬᠦ ᠥᠪᠡᠷᠮᠢᠴᠡ ᠣᠨᠴᠠᠯᠢᠭ ᠲᠠᠢ᠂ ᠥᠪᠡᠷᠮᠢᠴᠡ ᠣᠨᠴᠠᠯᠢᠭ ᠲᠠᠢ ᠪᠠᠶᠢᠪᠠᠯ ᠰᠠᠶ᠋ᠢ ᠬᠠᠩᠭᠢᠨᠠᠭᠤᠯᠤᠨ ᠴᠤᠤᠷᠢᠶᠠᠲᠤᠭᠤᠯᠵᠤ᠂ ᠠᠭᠤᠵᠢᠷᠠᠲᠠᠯ᠎ᠠ ᠢᠳᠡᠭᠦᠯᠵᠦ ᠴᠢᠳᠠᠬᠤ ᠶᠤᠮ ᠭᠡᠳᠡᠭ ᠢ ᠪᠢᠳᠡ ᠣᠯᠵᠤ ᠮᠡᠳᠡᠨ᠋᠎ᠡ᠃ ᠣᠨᠴᠠᠯᠢᠭᠲᠤ ᠲᠠᠷᠢᠶᠠᠯᠠᠩ ᠪᠣᠯ ᠦᠶᠤᠸᠠᠨ ᠰᠢᠶᠠᠨ ᠤ ᠨᠢᠭᠡ ᠶᠡᠭᠡ ᠬᠢᠯᠠᠰ ᠴᠡᠭ ᠮᠥᠨ᠂ ᠳ᠋ᠧᠩᠯᠦ ᠶᠢᠨ ᠤᠯᠠᠭᠠᠨ ᠠᠮᠲᠠᠲᠤ ᠬᠡᠮᠬᠡ ᠪᠠ ᠰᠢᠷ᠎ᠠ ᠱᠠᠪᠲᠠᠯ᠎ᠠ ᠮᠡᠲᠦ ᠶᠢᠨ ᠰᠢᠯᠢᠳᠡᠭ ᠰᠠᠶᠢᠨ ᠣᠷᠣᠨ ᠨᠤᠲᠤᠭ ᠤᠨ ᠡᠭᠦᠯᠳᠡᠷ ᠨᠢ ᠦᠶᠤᠸᠠᠨ ᠤ ᠣᠨᠴᠠᠯᠢᠭ ᠢ ᠨᠡᠩ ᠢᠯᠡᠭᠦᠦ ᠲᠥᠯᠥᠭᠡᠯᠡᠵᠦ ᠴᠢᠳᠠᠬᠤ ᠶᠤᠮ᠃ ᠣᠨᠴᠠᠯᠢᠭ ᠲᠠᠢ᠂ ᠣᠨᠴᠠᠯᠢᠭ ᠲᠠᠢ ᠪᠣᠯᠴᠢᠪᠠᠯ ᠵᠠᠬ᠎ᠠ ᠳᠡᠯᠭᠡᠭᠦᠷ ᠲᠠᠢ ᠪᠣᠯᠵᠤ᠂ ᠠᠮᠢᠵᠢᠷᠠᠯ ᠤᠨ ᠬᠦᠴᠦᠨ ᠲᠠᠢ ᠪᠣᠯᠵᠤ᠂ ᠦᠷᠭᠦᠯᠵᠢᠯᠡᠬᠦ ᠬᠥᠭᠵᠢᠯᠲᠡ ᠲᠠᠢ ᠪᠣᠯᠵᠤ ᠴᠢᠳᠠᠨ᠎ᠠ᠃      ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠶᠢᠨ ᠬᠠᠮᠲᠤ᠂ ᠦᠶᠤᠸᠠᠨ ᠰᠢᠶᠠᠨ ᠲᠦᠷᠦᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ᠃ ᠣᠳᠣᠬᠠᠨ ᠳᠤ᠂ ᠪᠦᠬᠦ ᠰᠢᠶᠠᠨ ᠳᠤ ᠳ᠋ᠧᠩᠯᠦ  ᠤᠯᠠᠭᠠᠨ ᠠᠮᠲᠠᠲᠤ ᠬᠡᠮᠬᠡ᠂ ᠰᠢᠷ᠎ᠠ ᠱᠠᠪᠲᠠᠯ᠎ᠠ ᠵᠡᠷᠭᠡ 4 ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ᠂ ᠳ᠋ᠧᠩᠯᠦ ᠤᠯᠠᠭᠠᠨ ᠠᠮᠲᠠᠲᠤ ᠬᠡᠮᠬᠡ᠂ ᠦᠶᠤᠸᠠᠨ ᠤ ᠰᠢᠷ᠎ᠠ ᠱᠠᠪᠲᠠᠯ᠎ᠠ ᠵᠡᠷᠭᠡ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 9 ᠪᠤᠢ᠃ ᠣᠶᠢᠷ᠎ᠠ ᠳᠤ᠂ ᠱᠧᠩ ᠹᠧᠩ ᠪᠠᠯᠭᠠᠰᠤᠨ ᠤ ᠳ᠋ᠧᠩᠯᠦ  ᠤᠯᠠᠭᠠᠨ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠪᠠᠰᠠ ᠪᠥᠬᠦ ᠤᠯᠤᠰ ᠤᠨ ᠲᠠᠷᠢᠮᠠᠯ ᠤᠨ ᠦᠢᠯᠡᠰ ᠤᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠰᠠᠭᠤᠷᠢᠨ ᠭᠠᠵᠠᠷ ᠲᠤ ᠰᠣᠩᠭᠤᠭᠳᠠᠪᠠ᠃ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ᠲᠠᠷᠢᠶᠠᠯᠠᠩ ᠤᠨ ᠣᠨᠴᠠ ᠭᠠᠷᠤᠯᠲᠠ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠶᠤᠸᠠᠨ ᠭᠡᠬᠦ ᠡᠨᠡᠬᠦ ᠲᠠᠷᠢᠶᠠᠯᠠᠩ ᠤᠨ ᠲᠣᠮᠣ ᠰᠢᠶᠠᠨ ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠵᠠᠢ ᠭᠡᠵᠦ ᠬᠡᠯᠡᠵᠦ ᠪᠣᠯᠣᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ