︽ᠲᠡᠭᠷᠢ ᠶᠢᠨ ᠬᠡᠰᠢᠭᠲᠦ ᠪᠣᠷᠣᠲᠣᠬᠤᠢ ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ | ᠡᠷᠬᠡ ᠣᠯᠭᠤᠭᠰᠠᠨ ᠪᠦᠲᠦᠭᠡᠭᠳᠡᠬᠦᠨ ᠢ ᠬᠤᠸᠠ ᠷᠦᠨ ᠸᠠᠨ ᠵᠢᠶᠠ ᠳᠤ ᠣᠷᠣᠭᠤᠯᠬᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠵᠡᠭᠦᠨ ᠸᠠᠨ ᠳ᠋ᠠ ᠲᠠᠯᠠᠪᠠᠶ ᠳᠤ | ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠸᠠ ᠷᠦᠨ ᠸᠠᠨ ᠵᠢᠶᠠ ᠳᠡᠯᠭᠡᠭᠦᠷ ᠲᠤ ᠣᠷᠣᠭᠰᠠᠨ ︽ᠲᠡᠭᠷᠢ ᠶᠢᠨ ᠬᠡᠰᠢᠭᠲᠦ ᠪᠣᠷᠣᠲᠣᠬᠤᠢ︾ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠪᠦᠲᠦᠭᠡᠭᠳᠡᠬᠦᠨ ᠳᠤ ᠠᠮᠤ ᠪᠤᠳᠠᠭ᠎ᠠ᠂ ᠬᠢᠲᠠᠳ | ︵ᠮᠣᠩᠭᠤᠯ︶ ᠡᠮ ᠤᠨ ᠮᠠᠲ᠋ᠧᠷᠢᠶᠠᠯ᠂ ᠦᠷ᠎ᠡ ᠶᠢᠨ ᠲᠥᠷᠥᠯ ᠤᠨ ᠬᠠᠭᠤᠷᠤᠭᠰᠠᠨ ᠪᠠᠷᠠᠭ᠎ᠠ ᠵᠡᠷᠭᠡ 3 ᠲᠥᠷᠥᠯ ᠵᠦᠢᠯ ᠤᠨ 18 ᠵᠦᠢᠯ ᠤᠨ ᠪᠦᠲᠦᠭᠡᠭᠳᠡᠬᠦᠨ ᠪᠣᠶ᠃ | ︽ᠪᠢᠳᠡ ᠡᠨᠡ ᠤᠳᠠᠭ᠎ᠠ ᠶᠢᠨ ᠥᠪᠥᠷ ᠮᠣᠩᠭᠤᠯ ᠤᠨ ᠬᠤᠸᠠ ᠷᠦᠨ ᠸᠠᠨ ᠵᠢᠶᠠ ᠠᠮᠢᠳᠤᠷᠠᠯ ᠤᠨ ᠬᠡᠳᠦ ᠳᠡᠯᠭᠡᠭᠦᠷ ᠤᠨ ᠬᠢᠵᠠᠭᠠᠷᠲᠤ ᠺᠣᠮᠫᠠᠨᠢ ᠵᠢᠴᠢ ᠥᠪᠥᠷ | ᠮᠣᠩᠭᠤᠯ ᠤᠨ ᠬᠥᠬᠡᠬᠤᠲᠠ ᠶᠢᠨ ᠸᠠᠨ ᠳ᠋ᠠ ᠲᠠᠯᠠᠪᠠᠢ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠷ ᠰᠢᠨ᠎ᠡ ᠭᠠᠷᠤᠭ᠎ᠠ | ᠪᠣᠯᠭᠠᠵᠤ᠂ ᠣᠷᠣᠨ ᠤ ᠲᠥᠪ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠵᠦ᠂ ︿ᠲᠡᠭᠷᠢ ᠶᠢᠨ ᠬᠡᠰᠢᠭᠲᠦ ᠪᠣᠷᠣᠲᠣᠬᠤᠢ﹀ ᠶᠢᠨ ᠨᠠᠷᠠᠲᠤ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠨ᠂ ᠨᠠᠩ ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ︿ᠲᠡᠭᠷᠢ ᠶᠢᠨ | ᠬᠡᠰᠢᠭᠲᠦ ᠪᠣᠷᠣᠲᠣᠬᠤᠢ﹀ ᠶᠢᠨ ᠨᠠᠷᠠᠲᠤ ᠲᠡᠮᠳᠡᠭᠲᠦ ᠲᠦᠷᠭᠡᠨ ᠬᠤᠷᠳᠤᠴᠠᠲᠤ ᠭᠠᠯᠲᠤ ᠲᠡᠷᠭᠡᠨ ᠳᠤ ᠰᠠᠭᠤᠯᠭᠠᠵᠤ ᠨᠠᠩ ᠬᠤᠯᠠ ᠪᠣᠷᠣᠯᠠᠭᠤᠯᠤᠨ᠎ᠠ︕︾ ᠭᠡᠵᠦ ᠪᠠᠶᠠᠨ | ᠪᠣᠬᠢᠷᠲᠤᠯ ᠦᠭᠡᠢ ᠦᠢᠯᠡᠰ ᠤᠨ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠠᠩ ᠬᠡᠯᠡᠵᠡᠢ᠃ | 2018 ᠣᠨ ᠤ 9 ᠰᠠᠷ᠎ᠠ ᠶᠢᠨ 7 ᠤ ᠡᠳᠦᠷ ᠨᠡᠶᠢᠲᠡᠯᠡᠭᠳᠡᠭᠰᠡᠨ ᠠᠴᠠ ᠨᠠᠰᠢ᠂ ︽ᠲᠡᠭᠷᠢ ᠶᠢᠨ ᠬᠡᠰᠢᠭᠲᠦ ᠪᠣᠷᠣᠲᠣᠬᠤᠢ︾ ᠰᠠᠯᠬᠢ ᠳᠠᠪᠠᠯᠭᠠᠨ ᠢ ᠵᠦᠰᠦᠨ᠂ | ᠪᠠᠶᠠᠨᠨᠠᠭᠤᠷ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠠᠮ ᠢᠶᠠᠷ ᠬᠤᠷᠳᠤᠴᠠ ᠪᠠᠨ ᠨᠡᠮᠡᠭᠳᠡᠭᠦᠯᠵᠦ᠂ | ᠤᠯᠠᠮ ᠠᠴᠠ ᠤᠯᠠᠮ ᠣᠯᠠᠨ ᠴᠢᠨᠠᠷ ᠰᠠᠶᠢᠲᠠᠢ ᠪᠣᠷᠣᠳᠣᠬᠤᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠭᠡᠳᠦ ᠲᠠᠰ ᠤᠨ ᠵᠠᠬ᠎ᠠ ᠳᠡᠯᠭᠡᠭᠦᠷ ᠲᠤ | ᠣᠷᠣᠭᠤᠯᠵᠤ᠂ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠪᠣᠯᠭᠠᠬᠤ ᠶᠢ ᠪᠡᠶᠡᠯᠡᠭᠦᠯᠦᠭᠰᠡᠨ ᠪᠠᠶᠢᠨ᠎ᠠ᠃ | | | | | |