ᠪᠠᠶᠠᠨᠨᠠᠭᠤᠷ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/3/7
                 ᠪᠠᠶᠠᠨᠨᠠᠭᠤᠷ ᠵᠠᠰᠠᠭ ᠲᠠᠷᠬᠠᠭᠠᠭᠰᠠᠨ〔2022〕 32 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠵᠢᠴᠢ ᠬᠤᠲᠠ ᠳᠤ ᠰᠠᠭᠤᠭ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 2 ᠳ᠋ᠤᠭᠠᠷ ᠲᠣᠭᠠᠲᠤ︶  ᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂  ︽ᠪᠥᠬᠦ ᠣᠷᠣᠨ ᠤ ᠵᠠᠰᠠᠭ ᠵᠠᠬᠢᠷᠭᠠᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠶᠢᠨ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 19 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠷᠢᠨ ᠪᠦᠲᠦᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠰᠢᠰᠲ᠋ᠧᠮᠵᠢ ᠶᠢ ᠪᠠᠶᠢᠭᠤᠯᠤᠨ ᠪᠦᠷᠢᠯᠳᠦᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠥᠯᠴᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠡᠳᠦᠭᠡ ︽ᠪᠠᠶᠠᠨᠨᠠᠭᠤᠷ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶︾ ᠶᠢ ᠨᠡᠶᠢᠲᠡᠯᠡᠪᠡ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃      ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ᠪᠠᠶᠢᠭᠤᠯᠤᠮᠵᠢ ᠪᠠ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠤᠨ ᠶᠣᠰᠣᠭᠠᠷ᠂ ︽ᠪᠠᠶᠠᠨᠨᠠᠭᠤᠷ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ  ᠠᠴᠠ ᠭᠠᠳᠠᠨ᠎ᠠ ᠴᠥᠮ ᠬᠠᠤᠯᠢ  ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠦᠭᠡᠢ᠃      ᠬᠤᠶᠠᠷ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠲᠠᠩᠰᠠ ᠶᠢ ᠨᠡᠶᠢᠲᠡᠯᠡᠵᠦ ᠠᠵᠢᠯᠯᠠᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠦᠯᠲᠡ ᠶᠢᠨ ᠵᠢᠷᠤᠮᠵᠢᠯ ᠢ ᠨᠢᠭᠡᠳᠦᠯᠲᠡᠢ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠴᠠᠭ ᠲᠤᠬᠠᠢ ᠳᠤᠨᠢ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠨᠡᠶᠢᠲᠡᠯᠡᠵᠦ᠂ ᠬᠡᠷᠡᠭ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠰ ᠳᠠᠷᠠᠭᠠᠯᠠᠯ ᠢ ᠳᠥᠭᠦᠮᠴᠢᠯᠡᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ᠂ ᠮᠠᠲ᠋ᠧᠷᠢᠶᠠᠯ ᠵᠢᠴᠢ ᠴᠠᠭ ᠤᠨ ᠬᠢᠵᠠᠭᠠᠷ ᠢ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠣᠷᠣᠨ ᠲᠤᠭ᠎ᠠ ᠶᠢ ᠡᠮᠬᠢᠯᠡᠨ ᠳᠢᠭᠯᠡᠬᠦ ᠠᠵᠢᠯ ᠢ ᠵᠢᠯᠤᠭᠤᠳᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃      ᠭᠤᠷᠪᠠ᠂ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃      ᠳᠠᠭᠠᠯᠳᠤᠭᠤᠯᠤᠯ᠄ ᠪᠠᠶᠠᠨᠨᠠᠭᠤᠷ ᠬᠤᠲᠠ ᠶᠢᠨ ᠬᠤᠶᠠᠳᠤᠭᠠᠷ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ︵2022 ᠣᠨ ᠤ ᠬᠡᠪᠯᠡᠯ︶                          ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                            2022 ᠣᠨ ᠤ 10 ᠰᠠᠷ᠎ᠠ ᠶᠢᠨ 14 ᠤ ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ