ᠴᠢᠨᠠᠷ ᠰᠠᠶᠢᠲᠠᠶ ᠬᠥᠭᠵᠢᠯᠲᠡ ᠶᠢ ᠣᠯᠠᠨ ᠢᠶᠠᠷ ᠢᠶᠠᠨ ᠶᠠᠷᠢᠯᠴᠠᠬᠤ᠂ ᠮᠧᠩ ᠱᠠᠩ ᠬᠤᠳᠠᠯᠳᠤᠭᠠᠨ ᠤ ᠪᠠᠩᠬᠢ᠄ ᠮᠥᠩᠭᠦᠨ ᠭᠦᠢᠯᠭᠡᠭᠡᠨ ᠨᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ︵ᠬᠤᠶᠠᠷ︶
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠠᠷᠠᠳ ᠣᠯᠠᠨ ᠪᠣᠯᠤᠨ ᠣᠷᠣᠨ ᠨᠤᠲᠤᠭ ᠤᠨ ᠬᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠤᠬᠠᠢ ᠬᠦᠰᠡᠯ ᠡᠷᠡᠮᠡᠯᠵᠡᠯ ᠨᠢ ᠨᠢᠭᠡ ᠨᠢ ᠳᠤᠯᠠᠭᠠᠨ᠂ ᠨᠢᠭᠡ ᠨᠢ ᠯᠠᠪᠳᠠᠭᠤᠨ᠃ ᠬᠠᠳᠠᠭᠠᠯᠠᠮᠵᠢ ᠶᠢᠨ ᠡᠷᠦᠬᠡ ᠶᠢᠨ ᠬᠠᠳᠠᠭᠠᠯᠠᠮᠵᠢ ᠶᠢᠨ ᠠᠮᠤᠷ ᠲᠦᠪᠰᠢᠨ ᠢ ᠪᠠᠲᠤᠯᠠᠬᠤ ᠮᠥᠷᠲᠡᠭᠡᠨ ᠪᠠᠰᠠ ᠴᠠᠭ ᠲᠤᠬᠠᠢ ᠳᠤᠨᠢ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠠᠷᠭᠠᠴᠠᠵᠤ᠂ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠂ ᠡᠨᠡ ᠲᠠᠯ᠎ᠠ ᠪᠠᠷ ᠪᠢᠳᠡ ᠬᠡᠷᠬᠢᠨ ᠬᠢᠬᠦ ᠪᠤᠢ︖      ᠬᠦᠨᠳᠦᠲᠦ ᠵᠣᠴᠢᠳ᠄ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠰᠠᠨᠠᠭᠠᠴᠢᠯᠠᠭ᠎ᠠ ᠠᠴᠠ ᠪᠠᠨ ᠵᠠᠷᠤᠳᠠᠯ ᠢ ᠬᠠᠰᠤᠵᠤ ᠠᠰᠢᠭ ᠣᠯᠭᠤᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠢᠵᠢᠭ ᠤᠨ ᠨᠥᠯᠥᠭᠡ ᠪᠠᠷ ᠨᠡᠯᠢᠶᠡᠳ ᠶᠡᠭᠡ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠬᠥᠮᠦᠨ ᠳᠤ 0.5-1 ᠵᠠᠭᠤᠨ ᠤ ᠨᠢᠭᠡᠴᠢ ᠠᠳᠠᠯᠢ ᠪᠤᠰᠤ ᠬᠡᠮᠵᠢᠶ᠎ᠡ ᠪᠠᠷ ᠠᠳᠠᠯᠢ ᠪᠤᠰᠤ ᠬᠡᠮᠵᠢᠶ᠎ᠡ ᠪᠠᠷ ᠠᠰᠢᠭ ᠣᠯᠭᠤᠵᠤ᠂ ᠢᠲᠡᠭᠡᠮᠵᠢᠲᠦ ᠵᠢᠭᠡᠯᠡᠯᠭᠡ ᠶᠢᠨ ᠬᠡᠷᠡᠭᠯᠡᠭᠴᠢᠳ ᠲᠤ 3230.48 ᠲᠦᠮᠡᠨ ᠲᠥᠭᠦᠷᠢᠭ ᠤᠨ ᠬᠦᠦ ᠮᠥᠩᠭᠦ ᠶᠢᠨ ᠵᠠᠷᠤᠯᠭ᠎ᠠ ᠶᠢ ᠠᠷᠪᠢᠯᠠᠵᠤ ᠥᠭᠪᠡ᠃ ᠮᠧᠩ ᠱᠠᠩ ᠪᠠᠩᠬᠢ ᠪᠠᠶᠢᠭᠤᠯᠤᠭᠳᠠᠭᠰᠠᠨ ᠠᠴᠠ ᠨᠠᠰᠢ ᠡᠳ᠋ ᠤᠨ ᠶᠠᠪᠤᠳᠠᠯ ᠢ ᠨᠠᠶᠢᠷ ᠲᠠᠯᠪᠢᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ 867 ᠬᠦᠴᠢᠷᠳᠡᠯᠲᠡᠢ ᠡᠷᠦᠬᠡ ᠶᠢᠨ ᠬᠦᠦ ᠮᠥᠩᠭᠦ ᠶᠢ ᠪᠠᠷᠤᠭ 2500 ᠲᠦᠮᠡᠨ ᠲᠥᠭᠦᠷᠢᠭ ᠪᠤᠴᠠᠭᠠᠨ᠂ ᠬᠡᠷᠡᠭᠯᠡᠭᠴᠢᠳ ᠢ ᠬᠠᠪᠰᠤᠷᠤᠨ ᠬᠦᠴᠢᠷ ᠢ ᠲᠤᠭᠤᠯᠪᠠ᠃ 1567 ᠬᠡᠷᠡᠭᠯᠡᠭᠴᠢ ᠶᠢᠨ ᠡᠷᠦᠬᠡ ᠳᠤ ᠳᠠᠩᠰᠠᠯᠠᠭᠤᠯᠬᠤ ᠵᠠᠷᠤᠳᠠᠯ᠂ ᠦᠨᠡᠯᠡᠨ ᠵᠢᠱᠢᠬᠦ ᠵᠠᠷᠤᠳᠠᠯ᠂ ᠠᠯᠪᠠᠨ ᠭᠡᠷᠡᠴᠢᠯᠡᠭᠡ ᠶᠢᠨ ᠵᠠᠷᠤᠳᠠᠯ ᠨᠡᠶᠢᠲᠡ 125.59 ᠲᠦᠮᠡᠨ ᠲᠥᠭᠦᠷᠢᠭ ᠢ ᠡᠭᠦᠷᠭᠡᠯᠡᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠦᠨᠡᠨᠬᠦ ᠰᠢᠢᠳᠪᠦᠷᠢᠯᠡᠪᠡ᠃      ᠬᠥᠲᠥᠯᠥᠭᠴᠢ᠄ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠮᠥᠨ᠂ ᠲᠡᠳᠡ ᠮᠠᠨ ᠤ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠳᠤ ᠶᠠᠮᠠᠷ ᠰᠠᠨᠠᠭᠤᠯᠭ᠎ᠠ ᠪᠠ ᠬᠦᠰᠡᠯ ᠡᠷᠡᠮᠡᠯᠵᠡᠯ ᠲᠠᠢ ᠪᠠᠶᠢᠪᠠᠯ᠂ ᠪᠢᠳᠡ ᠬᠠᠮᠲᠤ ᠪᠠᠷ ᠦᠵᠡᠨ᠎ᠡ᠃      ᠬᠤᠲᠠ ᠶᠢᠨ ᠠᠷᠠᠳ᠄ ᠮᠠᠨ ᠤ ᠡᠲᠡᠭᠡᠷ ᠬᠤᠳᠠᠯᠳᠤᠭᠠᠴᠢᠨ ᠡᠷᠦᠬᠡ ᠬᠢᠵᠢᠭ ᠤᠨ ᠨᠥᠯᠥᠭᠡ ᠪᠠᠷ ᠨᠡᠯᠢᠶᠡᠳ ᠶᠡᠭᠡ᠂ ᠵᠣᠬᠢᠬᠤ ᠪᠠᠷᠢᠴᠠᠭᠠᠳᠤ ᠡᠳ᠋ ᠪᠠᠶᠢᠬᠤ ᠦᠭᠡᠢ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠮᠠᠨ ᠤ ᠤᠷᠤᠰᠬᠠᠯ ᠢ ᠦᠵᠡᠵᠦ ᠪᠣᠯᠬᠤ ᠡᠰᠡᠬᠦ ᠶᠢ ᠨᠢ ᠦᠵᠡᠵᠦ ᠪᠣᠯᠤᠨ᠎ᠠ᠃      ᠬᠤᠲᠠ ᠶᠢᠨ ᠠᠷᠠᠳ᠄ ᠪᠢᠳᠡ ᠣᠳᠣ ᠪᠠᠭ᠎ᠠ ᠬᠡᠯᠪᠡᠷᠢ ᠶᠢᠨ ᠠᠵᠤ ᠠᠬᠤᠶᠢᠯᠠᠯ ᠡᠵᠡᠩᠨᠡᠨ᠎ᠡ᠂ ᠵᠢᠭᠡᠯᠡᠯᠭᠡ ᠶᠢ ᠡᠳᠦᠷ ᠲᠤᠲᠤᠮ ᠤᠨ ᠪᠡᠯᠡ ᠮᠥᠩᠭᠦ ᠶᠢᠨ ᠡᠷᠭᠢᠯᠲᠡ ᠳᠤ ᠬᠡᠷᠡᠭᠯᠡᠶ᠎ᠡ ᠭᠡᠵᠦ ᠪᠣᠳᠤᠵᠤ ᠪᠠᠶᠢᠨ᠎ᠠ᠂ ᠮᠣᠩᠭᠤᠯ ᠬᠤᠳᠠᠯᠳᠤᠭᠠᠨ ᠤ ᠪᠠᠩᠬᠢ ᠳᠤ ᠬᠦᠦ ᠮᠥᠩᠭᠦ ᠶᠢᠨ ᠢᠷᠤᠭᠠᠷ᠂ ᠭᠠᠷ ᠭᠦᠢᠴᠡᠳᠬᠡᠯ ᠳᠥᠭᠦᠮ᠂ ᠵᠣᠭᠤᠰ ᠬᠡᠷᠡᠭᠯᠡᠬᠦ ᠳᠤ ᠳᠥᠭᠦᠮ ᠵᠢᠭᠡᠯᠡᠯᠭᠡ ᠪᠠᠶᠢᠨ᠎ᠠ ᠦᠦ︖      ᠬᠤᠲᠠ ᠶᠢᠨ ᠠᠷᠠᠳ᠄ ᠪᠢᠳᠡ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠴᠤ ᠪᠠᠶᠢᠨ᠎ᠠ᠂ ᠪᠠᠷᠠᠭ᠎ᠠ ᠠᠷᠪᠢᠨ ᠬᠠᠳᠠᠭᠠᠯᠠᠵᠤ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠪᠠᠷᠠᠭ᠎ᠠ ᠪᠠᠨ ᠳᠠᠨᠵᠢᠯᠠᠵᠤ ᠪᠠᠶᠢᠭᠠᠳ ᠵᠢᠭᠡᠯᠡᠯᠭᠡ ᠠᠪᠴᠤ ᠪᠣᠯᠬᠤ ᠤᠤ︖      ᠬᠥᠲᠥᠯᠥᠭᠴᠢ᠄ ᠡᠩ ᠲᠡᠷᠢᠭᠦᠨ ᠳᠤ ᠪᠠᠷᠢᠴᠠᠭ᠎ᠠ ᠦᠭᠡᠢ ᠵᠢᠭᠡᠯᠡᠯᠭᠡ ᠶᠢᠨ ᠲᠤᠬᠠᠢ ᠠᠰᠠᠭᠤᠯᠲᠠ ᠪᠣᠯᠤᠨ᠎ᠠ᠃      ᠬᠦᠨᠳᠦᠲᠦ ᠵᠣᠴᠢᠨ᠄ ᠡᠨᠡ ᠬᠤᠲᠠ ᠶᠢᠨ ᠠᠷᠠᠳ ᠤᠨ ᠭᠠᠴᠢᠭᠳᠠᠯ ᠢ ᠪᠢᠳᠡ  ᠰᠢᠢᠳᠪᠦᠷᠢᠯᠡᠵᠦ  ᠳᠡᠶᠢᠯᠦᠨ᠎ᠡ᠃ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ 2022 ᠣᠨ ᠳᠤ ᠰᠢᠨ᠎ᠡ ᠦᠢᠯᠡᠳᠬᠦᠨ ᠤ ︽ᠬᠤᠳᠠᠯᠳᠤᠭᠠᠨ ᠤ ᠡᠷᠦᠬᠡ ᠶᠢᠨ ᠵᠢᠭᠡᠯᠡᠯᠭᠡ︾ ᠣᠯᠭᠤᠵᠤ᠂ ᠪᠠᠶᠠᠨᠨᠠᠭᠤᠷ ᠬᠤᠲᠠ ᠶᠢᠨ ᠬᠠᠷᠢᠶ᠎ᠠ ᠪᠥᠬᠦᠶ ᠭᠤᠤᠯᠯᠠᠬᠤ ᠬᠤᠳᠠᠯᠳᠤᠭᠠᠨ ᠤ ᠲᠣᠭᠤᠷᠢᠭ᠂ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠵᠢᠴᠢ ᠪᠤᠰᠤᠳ ᠭᠠᠵᠠᠷ ᠣᠷᠣᠨ ᠳᠤ ᠬᠠᠤᠯᠢ ᠶᠣᠰᠣᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠬᠤᠳᠠᠯᠳᠤᠭᠠᠴᠢᠨ ᠡᠷᠦᠬᠡ ᠪᠤᠶᠤ ᠪᠣᠳᠠᠲᠠᠶ ᠭᠠᠵᠠᠷ ᠤᠨ ᠬᠤᠭᠤᠷᠣᠨᠳᠣᠬᠢ ᠡᠵᠡᠮᠰᠢᠭᠴᠢ ᠪᠠᠶᠢᠪᠠᠯ᠂ ᠡᠵᠡᠩᠨᠡᠯᠲᠡ ᠶᠢᠨ ᠦᠨᠡᠮᠯᠡᠯ ᠵᠢᠴᠢ ᠪᠠᠩᠬᠢ ᠶᠢᠨ ᠤᠷᠤᠰᠤᠩᠭᠢ ᠬᠡᠷᠡᠭᠯᠡᠭᠴᠢ ᠪᠠᠶᠢᠪᠠᠯ ᠳᠠᠷᠤᠶ ᠭᠤᠶᠤᠴᠢᠯᠠᠨ ᠭᠦᠢᠴᠡᠳᠬᠡᠵᠦ ᠪᠣᠯᠤᠨ᠎ᠠ᠂ ᠵᠢᠭᠡᠯᠡᠯᠭᠡ ᠶᠢᠨ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ᠂ ᠴᠡᠪᠡᠷ ᠢᠲᠡᠭᠡᠮᠵᠢᠲᠦ ᠵᠢᠭᠡᠯᠡᠯᠭᠡ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ︔ ᠵᠢᠯ ᠤᠨ ᠬᠦᠤ ᠮᠥᠩᠭᠦ ᠶᠢᠨ ᠨᠤᠷᠮ᠎ᠠ ᠨᠢ 4.6% ᠳᠣᠣᠷ᠎ᠠ ᠪᠠᠶᠢᠨ᠎ᠠ︔ 3 ᠠᠵᠢᠯᠯᠠᠬᠤ ᠡᠳᠦᠷ ᠲᠤ ᠵᠢᠭᠡᠯᠡᠯᠭᠡ ᠲᠠᠯᠪᠢᠵᠤ ᠪᠣᠯᠤᠨ᠎ᠠ᠃      ᠬᠥᠲᠥᠯᠦᠭᠴᠢ᠄ ᠡᠨᠡ ᠲᠥᠷᠥ ᠶᠢᠨ ᠪᠣᠳᠣᠯᠭ᠎ᠠ ᠦᠨᠡᠬᠡᠷ ᠰᠠᠢᠨ᠂ ᠪᠠᠭ᠎ᠠ ᠪᠤᠰᠤ ᠵᠢᠵᠢᠭ ᠠᠵᠤ ᠠᠬᠤᠢᠯᠠᠯ ᠤᠨ ᠪᠣᠳᠠᠲᠠᠢ ᠬᠦᠴᠢᠷᠳᠡᠯ ᠢ  ᠰᠢᠢᠳᠪᠦᠷᠢᠯᠡᠵᠦ ᠳᠡᠢᠯᠦᠨ᠎ᠡ᠃ ᠬᠤᠶᠠᠳᠤᠭᠠᠷ  ᠠᠰᠠᠭᠤᠳᠠᠯ ᠳᠤ ᠬᠦᠦ ᠮᠦᠩᠭᠦ ᠳᠤᠤᠷ᠎ᠠ ᠮᠥᠷᠲᠡᠭᠡᠨ ᠳᠥᠭᠦᠮ ᠳᠥᠲᠡ ᠵᠢᠭᠡᠯᠡᠯᠭᠡ ᠪᠠᠶᠢᠨ᠎ᠠ ᠦᠦ ᠃      ᠬᠦᠨᠳᠦᠲᠦ ᠵᠣᠴᠢᠨ᠄  ᠡᠶᠢᠮᠦ ᠵᠢᠭᠡᠯᠡᠯᠭᠡ ᠶᠢᠨ ᠠᠵᠢᠯ ᠨᠢ ᠪᠢᠳᠡ ᠪᠠᠢᠨ᠎ᠠ᠃ ᠤᠷᠤᠰᠬᠠᠯ ᠤᠰᠤ ᠪᠠ ᠬᠠᠭᠤᠳᠠᠰᠤ ᠬᠤᠷᠢᠶᠠᠬᠤ ᠠᠷᠠᠯᠵᠢᠶᠠᠨ ᠤ ᠲᠤᠭ᠎ᠠ ᠪᠠᠷ ᠵᠢᠭᠡᠯᠡᠯᠭᠡ ᠲᠠᠯᠪᠢᠬᠤ ᠠᠴᠠ ᠭᠠᠳᠠᠨ᠎ᠠ᠂ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠨᠢ ᠪᠠᠰᠠ ᠡᠵᠡᠩᠨᠡᠯᠲᠡ ᠶᠢᠨ ᠭᠤᠤᠯ ᠴᠣᠭᠴᠠ ᠳᠤ 1 ᠵᠢᠯ ᠠᠴᠠ ᠳᠡᠭᠡᠭᠰᠢ ᠳᠠᠩᠰᠠᠯᠠᠭᠤᠯᠵᠤ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠭᠦᠯᠵᠦ ᠳᠡᠩᠰᠡᠯᠡᠨ ᠲᠡᠮᠳᠡᠭᠯᠡᠭᠦᠯᠦᠭᠰᠡᠨ ᠬᠠᠤᠯᠢ ᠶᠣᠰᠣᠭᠠᠷ ᠪᠠᠶᠢᠭᠤᠯᠤᠭᠰᠠᠨ ᠲᠤᠰᠠᠭᠠᠷ ᠪᠠᠯᠠ ᠣᠷᠣᠭᠤᠯᠤᠯᠲᠠ ᠶᠢᠨ ᠠᠵᠤ ᠠᠬᠤᠶᠢᠯᠠᠯ᠂ ᠬᠤᠷᠰᠢᠭᠰᠠᠨ ᠠᠵᠤ ᠠᠬᠤᠶᠢᠯᠠᠯ᠂ ᠬᠤᠯᠪᠣᠭᠠᠯᠠᠨ ᠡᠵᠡᠩᠨᠡᠭᠰᠡᠨ ᠠᠵᠤ ᠠᠬᠤᠶᠢᠯᠠᠯ ᠵᠡᠷᠭᠡ ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠵᠤ ᠪᠣᠯᠤᠨ᠎ᠠ᠃ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ 1000 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠂ ᠴᠡᠪᠡᠷ ᠢᠲᠡᠭᠡᠮᠵᠢᠲᠦ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠂ ᠬᠤᠭᠤᠴᠠᠭ᠎ᠠ ᠨᠢ ᠬᠠᠮᠤᠭ ᠤᠨ ᠤᠷᠲᠤ ᠳᠠᠭᠠᠨ 3 ᠵᠢᠯ᠂ ᠵᠢᠯ ᠤᠨ ᠬᠦᠤ ᠮᠥᠩᠭᠦ ᠶᠢᠨ ᠨᠣᠷᠮ᠎ᠠ ᠶᠢᠨ ᠬᠠᠮᠤᠭ ᠤᠨ ᠳᠣᠤᠷ᠎ᠠ ᠬᠡᠮᠵᠢᠶ᠎ᠡ ᠨᠢ 3.9% ᠪᠣᠯᠤᠨ᠎ᠠ᠃      ᠬᠥᠲᠥᠯᠦᠭᠴᠢ᠄ ᠡᠨᠡ ᠠᠵᠢᠯ ᠴᠤ ᠮᠠᠰᠢ ᠳᠣᠲᠣᠨᠣ᠃  ᠭᠤᠷᠪᠠᠳᠤᠭᠠᠷ  ᠠᠰᠠᠭᠤᠳᠠᠯ ᠪᠤᠯ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠪᠠᠷᠢᠴᠠᠭᠠᠯᠠᠬᠤ ᠵᠢᠭᠡᠯᠡᠯᠭᠡ ᠬᠢᠵᠦ ᠪᠤᠯᠬᠤ ᠡᠰᠡᠬᠦ ᠲᠤᠬᠠᠶ᠃      ᠬᠦᠨᠳᠦᠲᠦ ᠵᠤᠴᠢᠨ᠄ ᠪᠤᠯᠤᠯᠴᠠᠭ᠎ᠠ ᠲᠠᠢ᠃ ᠣᠳᠣᠬᠠᠨ ᠳᠤ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠨᠢᠭᠡᠨᠲᠡ ᠬᠤᠶᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠥᠪᠰᠢᠶᠡᠷᠡᠨ ᠣᠷᠣᠭᠤᠯᠤᠭᠰᠠᠨ ᠠᠬᠤᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠺᠣᠮᠫᠠᠨᠢ ᠪᠣᠯᠤᠨ ᠨᠢᠭᠡ ᠳᠠᠭᠠᠭᠠᠯᠲᠠ ᠶᠢᠨ ᠺᠣᠮᠫᠠᠨᠢ ᠪᠣᠯᠤᠨ᠎ᠠ᠂ ᠡᠨᠡ ᠬᠤᠶᠠᠷ ᠲᠥᠷᠥᠯ ᠤᠨ ᠺᠣᠮᠫᠠᠨᠢ ᠶᠢᠨ ᠠᠶᠤᠯ ᠲᠦᠭᠰᠢᠭᠦᠷᠢ ᠶᠢᠨ ᠲᠠᠭᠠᠰᠢᠶᠠᠯ ᠪᠣᠯ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠲᠥᠷᠥᠯ ᠤᠨ ᠬᠠᠳᠠᠭᠠᠯᠠᠯᠲᠠ ᠶᠢᠨ ᠪᠠᠷᠠᠭ᠎ᠠ ᠪᠠᠷ ᠳᠠᠨᠵᠢᠯᠠᠬᠤ ᠪᠣᠯᠬᠤᠷ᠂ ᠨᠡᠷᠡᠨ ᠬᠤᠸᠠᠷ᠂ ᠦᠷ᠎ᠡ ᠶᠢᠨ ᠴᠥᠮ᠎ᠡ᠂ ᠡᠷᠳᠡᠨᠢ ᠰᠢᠰᠢ ᠶᠢᠨ ᠠᠵᠢᠯ ᠲᠥᠷᠥᠯ ᠤᠨ ᠠᠶᠠᠨᠴᠢᠳ ᠤᠨ ᠰᠦᠷᠦᠭ ᠬᠠᠳᠠᠭᠠᠯᠠᠯᠲᠠ ᠶᠢᠨ ᠪᠠᠷᠠᠭ᠎ᠠ ᠪᠠᠷ ᠳᠠᠨᠵᠢᠯᠠᠬᠤ᠂ ᠳᠠᠭᠠᠭᠠᠯᠲᠠ ᠶᠢᠨ ᠺᠣᠮᠫᠠᠨᠢ ᠳᠠᠭᠠᠭᠠᠯᠲᠠ ᠬᠢᠬᠦ ᠵᠡᠷᠭᠡ ᠵᠠᠭᠪᠤᠷ ᠢ ᠬᠡᠷᠡᠭᠯᠡᠨ ᠲᠤᠬᠠᠶᠢᠯᠠᠭᠰᠠᠨ ᠠᠵᠢᠯ ᠤᠨ ᠢᠲᠡᠭᠡᠮᠵᠢ ᠣᠯᠭᠤᠵᠤ ᠪᠣᠯᠬᠤ ᠪᠥᠭᠡᠳ ᠠᠮᠤ ᠪᠤᠳᠠᠭᠠᠨ ᠤ ᠲᠥᠷᠥᠯ ᠤᠨ ᠪᠠᠷᠠᠭ᠎ᠠ ᠶᠢᠨ ᠳᠠᠨᠵᠢᠯᠠᠬᠤ ᠨᠣᠷᠮ᠎ᠠ 80%᠎ ᠳᠤ ᠬᠦᠷᠴᠦ᠂ ᠳᠥᠭᠦᠮ ᠳᠥᠲᠡ ᠪᠥᠭᠡᠳ ᠲᠦᠷᠭᠡᠨ ᠪᠠᠶᠢᠨ᠎ᠠ᠃      ᠬᠥᠲᠥᠯᠥᠭᠴᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠤᠯᠤᠰ ᠤᠨ ᠥᠮᠴᠢᠯᠡᠯᠲᠦ ᠭᠠᠵᠠᠷ ᠣᠷᠣᠨ ᠤ ᠬᠤᠲᠠ ᠶᠢᠨ ᠬᠤᠳᠠᠯᠳᠤᠭᠠᠨ ᠤ ᠭᠠᠵᠠᠷ ᠪᠣᠯᠣᠭᠰᠠᠨ ᠤ ᠬᠤᠪᠢ ᠳᠤ᠂ ᠡᠨᠡ ᠨᠢ ᠪᠢᠳᠡᠨ ᠤ ᠳᠠᠷᠠᠭ᠎ᠠ ᠠᠯᠬᠤᠮ ᠤᠨ ᠠᠵᠢᠯ ᠳᠤ ᠶᠠᠮᠠᠷ ᠵᠢᠯᠤᠭᠤᠳᠤᠮᠵᠢ ᠲᠠᠢ ᠪᠤᠢ︖      ᠬᠦᠨᠳᠦᠲᠦ ᠵᠣᠴᠢᠳ᠄ 2023 ᠣᠨ ᠳᠤ᠂ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠠᠶᠠᠨᠨᠠᠭᠤᠷ ᠤᠨ ︽ᠳᠥᠷᠪᠡᠨ ᠣᠷᠣᠨ︾ ︽ᠬᠤᠶᠠᠷ ᠰᠠᠭᠤᠷᠢᠨ ᠭᠠᠵᠠᠷ︾ ︽ᠳᠥᠷᠪᠡᠨ ᠪᠥᠭᠡᠮᠨᠡᠷᠡᠯ︾᠎ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠪᠠᠩᠬᠢ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ᠤᠯᠤᠰ ᠲᠥᠷᠥ᠂ ᠠᠵᠤ ᠠᠬᠤᠶ ᠂ ᠨᠡᠶᠢᠭᠡᠮ ᠤᠨ ︽ᠭᠤᠷᠪᠠᠨ ᠶᠡᠭᠡ ᠬᠠᠷᠢᠭᠤᠴᠠᠯᠭ᠎ᠠ︾᠎ ᠶᠢ ᠴᠢᠩᠭ᠎ᠠ ᠡᠵᠡᠮᠳᠡᠵᠦ᠂ ᠪᠠᠶᠠᠨᠨᠠᠭᠤᠷ ᠤᠨ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠷᠡᠰ ᠭᠤᠶᠢᠪᠢᠰᠢ ᠥᠬᠡᠶ ᠬᠦᠴᠦᠨ ᠨᠡᠮᠡᠷᠢᠯᠡᠨ᠎ᠡ᠃ ᠪᠢᠳᠡ ᠪᠠᠰᠠ ᠬᠤᠪᠢᠶᠠᠷᠢ ᠪᠠᠩᠬᠢ ᠶᠢᠨ ︽1231︾ ᠠᠵᠢᠯ ᠤᠨ ᠰᠡᠳᠬᠢᠮᠵᠢ ᠶᠢ ᠲᠣᠭᠲᠠᠭᠠᠵᠤ᠂ ᠲᠤᠬᠠᠶᠢᠯᠠᠪᠠᠯ ᠨᠢᠭᠡ ᠶᠡᠷᠦᠩᠬᠡᠶᠢᠯᠡᠨ ᠵᠢᠯᠣᠭᠤᠳᠬᠤ ︵ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠨ ᠵᠢᠯᠣᠭᠤᠳᠤᠨ᠎ᠠ︶᠂ ᠬᠤᠶᠠᠷ ᠢ ᠳᠡᠭᠡᠭᠰᠢᠯᠡᠭᠦᠯᠬᠦ ︵ᠠᠰᠢᠭ ᠬᠤᠨᠵᠢᠪᠤᠷᠢ ᠶᠢ ᠳᠡᠭᠡᠭᠰᠢᠯᠡᠭᠦᠯᠬᠦ᠂ ᠠᠵᠢᠯᠲᠠᠨ ᠤ ᠡᠩᠨᠡᠭᠡ ᠶᠢ ᠳᠡᠭᠡᠭᠰᠢᠯᠡᠭᠦᠯᠬᠦ︶᠂ ᠭᠤᠷᠪᠠᠨ ᠰᠢᠪᠲᠤᠯᠤᠯᠲᠠ ︵ᠠᠯᠪᠠᠨ ᠲᠤᠬᠠᠶᠢᠯᠠᠭᠰᠠᠨ ᠠᠵᠢᠯ ᠢ ᠰᠢᠪᠲᠤᠯᠬᠤ᠂ ᠲᠦᠭᠡᠮᠡᠯ ᠬᠠᠷᠠᠭᠠᠯᠵᠠᠯ ᠤᠨ ᠲᠤᠬᠠᠶᠢᠯᠠᠭᠰᠠᠨ ᠠᠵᠢᠯ ᠢ ᠰᠢᠪᠲᠤᠯᠬᠤ᠂ ᠡᠳ᠋ ᠬᠥᠷᠥᠩᠭᠡ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠰᠢᠪᠲᠤᠯᠤᠯᠲᠠ︶᠂ ᠨᠢᠭᠡ ᠪᠠᠲᠤ ᠰᠠᠬᠢᠬᠤ ︵ᠲᠣᠭᠲᠠᠭᠠᠯ ᠳᠤ ᠨᠡᠶᠢᠴᠡᠬᠦ ᠬᠤᠷᠢᠭ᠎ᠠ ᠱᠤᠭᠤᠮ ᠢ ᠪᠠᠲᠤ ᠰᠠᠬᠢᠬᠤ︶᠃ ᠪᠢᠳᠡ ᠲᠤᠬᠠᠶᠢᠯᠠᠭᠰᠠᠨ ᠠᠵᠢᠯ ᠤᠨ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠲᠦᠭᠰᠢᠭᠦᠷᠢ ᠶᠢ ᠡᠵᠡᠮᠳᠡᠬᠦ ᠴᠢᠳᠠᠪᠤᠷᠢ᠂ ᠦᠢᠯᠡᠴᠢᠯᠡᠭᠡᠨ ᠤ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠵᠤ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠬᠦᠴᠦᠨ ᠨᠡᠮᠡᠷᠢᠯᠡᠨ᠎ᠡ︕      ᠬᠥᠲᠥᠯᠦᠭᠴᠢ᠄  ᠰᠠᠶᠢᠨ᠂ ᠬᠤᠶᠠᠷ ᠬᠦᠨᠳᠦᠲᠦ ᠵᠣᠴᠢᠨ ᠤ  ᠬᠤᠪᠢᠶᠠᠯᠴᠠᠭᠰᠠᠨ ᠳᠤ ᠲᠠᠯᠠᠷᠬᠠᠵᠤ  ᠪᠠᠶᠢᠨ᠎ᠠ᠃      ᠬᠦᠨᠳᠦᠲᠦ ᠵᠣᠴᠢᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠪᠠᠰᠠ ᠦᠵᠡᠭᠴᠢᠳ ᠨᠠᠶᠢᠵᠠ ᠨᠠᠷ ᠤᠨ ᠮᠠᠨ ᠤ ᠮᠣᠩᠭᠤᠯ ᠬᠤᠳᠠᠯᠳᠤᠭᠠᠨ ᠤ ᠪᠠᠩᠬᠢ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ᠄ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠳᠤ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠳᠤ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠤᠭ᠎ᠠ ᠪᠠᠷᠢᠮᠲᠠ ᠲᠡᠰ ᠳᠡᠪᠰᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠮᠧᠩ ᠱᠠᠩ ᠪᠠᠩᠬᠢ ᠪᠠᠶᠠᠨᠨᠠᠭᠤᠷ ᠤᠨ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠳᠤ ᠨᠢᠭᠡ ᠬᠤᠪᠢ ᠣᠷᠣᠨ ᠨᠤᠲᠤᠭ ᠤᠨ ᠬᠤᠳᠠ ᠶᠢᠨ ᠬᠤᠳᠠᠯᠳᠤᠭᠠᠨ ᠤ ᠪᠠᠩᠬᠢ ᠳᠤ ᠬᠠᠷᠢᠶᠠᠯᠠᠭᠳᠠᠬᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ