| ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠨᠠᠮ ᠤᠨ | ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 1 ᠰᠠᠷ᠎ᠠ ᠶᠢᠨ 18 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ | ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠦᠢᠯ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ | ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ | ᠬᠤᠲᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠠᠬᠢ ᠬᠠᠷᠢᠶ᠎ᠠ ᠪᠥᠬᠦᠶ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠳᠤ ᠲᠣᠰ ᠠᠷᠭ᠎ᠠ ᠶᠢ ᠬᠡᠷᠡᠭᠵᠢᠭᠦᠯᠵᠦ᠂ ᠠᠯᠪᠠᠲᠠᠨ ᠤ ᠬᠠᠤᠯᠢ ᠪᠠᠷ | ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠳᠤ ᠲᠣᠰ ᠠᠷᠭ᠎ᠠ ᠳᠣᠭᠢᠷᠠᠬᠤ ᠥᠬᠡᠶ᠃ | ᠭᠤᠷᠪᠠᠳᠤᠭᠠᠷ ᠵᠦᠢᠯ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠥᠨᠳᠥᠷ ᠬᠢᠷᠢ ᠲᠦᠪᠰᠢᠨ ᠪᠦᠬᠦᠢ ᠠᠮᠢ ᠠᠬᠤᠶ ᠶᠢᠨ ᠬᠠᠮᠠᠭᠠᠯᠠᠯᠲᠠ ᠶᠢᠨ | ᠲᠣᠭᠤᠷᠢᠨ ᠳᠤ ᠰᠢᠨ᠎ᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠰᠢᠨ᠎ᠡ ᠳᠠᠪᠠᠭᠤᠯᠢᠭ ᠢ ᠡᠭᠦᠳᠴᠦ᠂ ᠴᠢᠨᠠᠷ ᠰᠠᠶᠢᠲᠠᠢ | ᠠᠷᠠᠳ ᠤᠨ ᠠᠮᠢᠳᠤᠷᠠᠯ ᠰᠢᠨ᠎ᠡ ᠲᠦᠪᠰᠢᠨ ᠳᠤ ᠬᠦᠷᠴᠦ᠂ ᠥᠨᠳᠥᠷ ᠦᠷ᠎ᠡ ᠪᠦᠲᠦᠮᠵᠢ ᠲᠠᠢ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ | ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠲᠡᠮᠡᠴᠡᠯ ᠤᠨ ᠬᠠᠷᠠᠯᠲᠠ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠤᠷᠢᠳᠠᠪᠠᠷ ᠬᠡᠷᠡᠭᠵᠢᠭᠦᠯᠬᠦ ᠣᠷᠣᠨ᠂ ᠮᠠᠯ ᠠᠵᠤ | ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ᠂ ᠠᠷᠢᠭᠤᠨ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ︽ᠬᠤᠶᠠᠷ ᠰᠠᠭᠤᠷᠢᠨ | ᠭᠠᠵᠠᠷ︾ ᠵᠢᠴᠢ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ | ᠬᠢᠮᠢ ᠶᠢᠨ ᠠᠵᠤ ᠦᠢᠯᠡᠳᠪᠦᠷᠢ ᠶᠢᠨ ︽ᠳᠥᠷᠪᠡᠨ ᠰᠦᠷᠦᠭᠵᠢᠯ︾ ᠢ ᠪᠠᠶᠢᠭᠤᠯᠬᠤ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ᠭᠤᠣᠯᠳᠠᠯᠭ᠎ᠠ ᠲᠠᠢ | ᠠᠵᠤ ᠦᠢᠯᠡᠰ᠂ ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠣᠷᠣᠭᠤᠯᠵᠤ ᠠᠪᠴᠢᠷᠠᠬᠤ ᠪᠠ | ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ ᠬᠠᠲᠠᠭᠤ ᠴᠢᠨᠠᠷᠲᠠᠶ ᠪᠠᠷ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠵᠥᠭᠡᠯᠡᠨ ᠴᠢᠨᠠᠷᠲᠠᠶ ᠪᠠᠷ ᠤᠶᠤᠨ ᠢ | ᠣᠷᠣᠭᠤᠯᠵᠤ ᠠᠪᠴᠢᠷᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠨᠢᠭᠡᠴᠡ ᠡᠵᠡᠨ ᠮᠡᠳᠡᠬᠦ᠂ | ᠬᠤᠪᠢ ᠬᠥᠮᠦᠨ ᠰᠠᠶᠢᠨ ᠳᠤᠷ᠎ᠠ ᠠᠴᠠ ᠪᠠᠨ ᠪᠠᠶᠢᠬᠤ᠂ ᠵᠠᠬ᠎ᠠ ᠳᠡᠯᠭᠡᠭᠦᠷ ᠠᠴᠠ ᠲᠣᠬᠢᠷᠠᠭᠤᠯᠤᠭᠰᠠᠨ ᠤᠯᠠᠨ ᠡᠰᠢᠲᠦ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ | ᠬᠥᠮᠦᠵᠢᠭᠦᠯᠬᠦ ᠲᠣᠭᠲᠠᠴᠠ ᠶᠢ ᠪᠤᠢ ᠪᠣᠯᠭᠠᠨ᠎ᠠ᠃ | ᠳᠥᠷᠪᠡᠳᠦᠭᠡᠷ ᠵᠦᠢᠯ ᠮᠠᠨ ᠤ ᠬᠤᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠠᠵᠢᠯ ᠤᠨ ᠪᠠᠶᠢᠷᠢ ᠶᠢᠨ ᠬᠠᠷᠠᠭᠠᠯᠵᠠᠯ᠂ ᠠᠮᠢᠳᠤᠷᠠᠯ ᠤᠨ | ᠪᠠᠲᠤᠯᠠᠭ᠎ᠠ ᠵᠡᠷᠭᠡ ᠲᠠᠯ᠎ᠠ ᠪᠠᠷ ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ | ᠳᠡᠮᠵᠢᠯᠭᠡ ᠦᠵᠡᠭᠦᠯᠦᠨ᠎ᠡ᠃ | ᠬᠤᠲᠠ ᠶᠢᠨ ᠳᠣᠲᠣᠷᠠᠬᠢ ᠰᠢᠯᠢᠳᠡᠭ ᠴᠢᠳᠠᠪᠤᠷᠢᠲᠠᠨ ᠨᠢ ᠲᠣᠰ ᠠᠷᠭ᠎ᠠ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠪᠥᠭᠡᠳ ᠴᠢᠬᠤᠯᠠ ᠶᠡᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠢ ᠡᠭᠦᠷᠭᠡᠯᠡᠵᠦ ᠪᠠᠶᠢᠭ᠎ᠠ ᠪᠤᠶᠤ ᠡᠷᠭᠢᠯᠡᠵᠦ ᠪᠠᠶᠢᠭ᠎ᠠ ᠪᠠᠶᠢᠪᠠᠯ᠂ ᠬᠥᠮᠦᠨ ᠬᠡᠷᠡᠭᠯᠡᠬᠦ ᠨᠢᠭᠡᠴᠡ ᠨᠢ ᠲᠣᠰ ᠠᠷᠭ᠎ᠠ ᠶᠢᠨ | ᠳᠣᠲᠣᠷᠠᠬᠢ ᠠᠳᠠᠯᠢ ᠲᠥᠷᠥᠯ ᠤᠨ ᠴᠢᠳᠠᠪᠤᠷᠢᠲᠠᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠣᠬᠢᠴᠠᠩᠭᠤᠶ ᠤᠷᠮᠠᠰᠢᠭᠤᠯᠬᠤ ᠪᠠᠲᠤᠯᠠᠭ᠎ᠠ ᠶᠢᠨ ᠣᠯᠭᠤᠮᠵᠢ ᠶᠢ | ᠨᠠᠶᠢᠳᠠᠪᠤᠷᠢᠵᠢᠭᠤᠯᠵᠤ ᠪᠣᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠳᠠᠪᠬᠤᠷᠳᠠᠭᠤᠯᠤᠨ ᠡᠳ᠋ᠯᠡᠬᠦ ᠦᠭᠡᠢ᠃ | ᠲᠠᠪᠤᠳᠤᠭᠠᠷ ᠵᠦᠢᠯ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠢ ᠪᠠᠶᠢᠭᠤᠯᠵᠤ᠂ ᠪᠥᠬᠦ ᠬᠤᠲᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠡᠳᠦᠷ ᠲᠤᠲᠤᠮ ᠤᠨ ᠬᠡᠷᠡᠭ ᠡᠷᠭᠢᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠵᠢᠯ ᠤᠨ ᠴᠢᠬᠤᠯᠠ ᠶᠡᠭᠡ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠪᠣᠳᠠᠲᠠᠶ ᠪᠠᠷ ᠬᠡᠷᠡᠭᠵᠢᠭᠦᠯᠬᠦ᠂ ᠣᠷᠣᠭᠤᠯᠤᠨ | ᠠᠪᠴᠢᠷᠠᠬᠤ ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠰᠢᠪᠠᠳᠠᠨ | ᠨᠠᠶᠢᠳᠠᠪᠤᠷᠢᠵᠢᠭᠤᠯᠬᠤ ᠵᠡᠷᠭᠡ ᠶᠢ ᠬᠠᠷᠢᠭᠤᠴᠠᠬᠤ ᠶᠢᠨ ᠬᠠᠮᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠵᠢᠯ ᠢ ᠵᠢᠯᠣᠭᠤᠳᠴᠤ᠂ ᠬᠥᠮᠦᠨ ᠬᠡᠷᠡᠭᠯᠡᠬᠦ ᠨᠢᠭᠡᠴᠡ ᠶᠢᠨ ᠣᠯᠠᠨ ᠵᠦᠢᠯ ᠤᠨ ᠪᠦᠲᠦᠮᠵᠢᠲᠡᠶ ᠬᠡᠯᠪᠡᠷᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ | ᠳᠡᠮᠵᠢᠨ᠎ᠡ᠃ ᠠᠯᠪᠠᠨ ᠭᠡᠷ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠤ ᠪᠠᠶᠢᠷᠢᠯᠠᠭᠤᠯᠤᠨ᠎ᠠ᠃ | ᠬᠤᠶᠠᠳᠤᠭᠠᠷ ᠪᠦᠯᠦᠭ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠬᠡᠪᠴᠢᠶ᠎ᠡ | ᠵᠢᠷᠭᠤᠳᠤᠭᠠᠷ ᠵᠦᠢᠯ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠦᠷᠢᠶ᠎ᠡ ᠬᠡᠪᠴᠢᠶ᠎ᠡ᠃ | ᠨᠢᠭᠡᠳᠦᠭᠡᠷ ᠲᠦᠷᠦᠯ᠄ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ | ︵ᠭᠠᠳᠠᠭᠠᠳᠤ ᠶᠢᠨ ᠠᠺᠠᠳᠧᠮᠢᠴᠢ ᠪᠠᠭᠲᠠᠨ᠎ᠠ︶᠃ | ᠬᠤᠶᠠᠳᠤᠭᠠᠷ ᠲᠦᠷᠦᠯ᠄ | ︵ᠨᠢᠭᠡ︶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠰᠢᠯᠢᠨ ᠰᠣᠩᠭᠤᠬᠤ ᠬᠦᠴᠦᠨ ᠲᠠᠢ ᠵᠢᠱᠢᠭᠳᠡᠭᠰᠡᠳ᠃ | ︵ᠬᠤᠶᠠᠷ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠪᠰᠢᠯᠳᠠ ᠶᠢᠨ ᠬᠤᠶᠠᠳᠤᠭᠠᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠱᠠᠩᠨᠠᠯ ᠬᠦᠷᠳᠡᠭᠰᠡᠳ᠃ | ︵ᠭᠤᠷᠪᠠ︶ ︽ᠤᠯᠤᠰ ᠤᠨ ᠣᠨᠴᠠ ᠳᠡᠮᠵᠢᠯᠭᠡ ᠲᠠᠢ ᠲᠥᠯᠥᠪᠯᠡᠭᠡ︾ ᠶᠢᠨ ᠰᠢᠯᠭᠠᠷᠠᠭᠰᠠᠨ ᠴᠢᠳᠠᠪᠤᠷᠢᠲᠠᠨ᠂ ᠳᠠᠭᠠᠭᠤᠯᠤᠭᠴᠢ ᠴᠢᠳᠠᠪᠤᠷᠢᠲᠠᠨ ᠪᠠ ᠵᠠᠯᠠᠭᠤ | ᠣᠷᠦ᠋ᠢᠯᠠᠭᠰᠠᠨ ᠴᠢᠳᠠᠪᠤᠷᠢᠲᠠᠨ︔ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠤ ᠪᠦᠲᠦᠭᠡᠯᠴᠢ ᠴᠢᠨᠠᠷᠲᠠᠶ ᠠᠮᠵᠢᠯᠲᠠ ᠪᠦᠲᠦᠮᠵᠢ ᠪᠠ | ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ᠂ ᠡᠷᠳᠡᠮ ᠰᠢᠨᠵᠢᠯᠡᠭᠡᠨ ᠤ ᠨᠡᠷ᠎ᠡ ᠬᠦᠨᠳᠦ ᠪᠠᠷ ᠥᠨᠳᠥᠷ ᠨᠢᠭᠡᠳᠦᠭᠡᠷ ᠳᠡᠰ ᠤᠨ ᠫᠷᠣᠹᠧᠰᠰᠣᠷ ︵ᠨᠡᠷ᠎ᠡ ᠬᠦᠨᠳᠦᠲᠦ | ᠫᠷᠣᠹᠧᠰᠰᠣᠷ︶︔ ᠭᠠᠳᠠᠭᠠᠳᠤ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠨᠠᠰᠤᠨ | ᠲᠤᠷᠰᠢᠳᠠ ᠶᠢᠨ ᠫᠷᠣᠹᠧᠰᠰᠣᠷ᠃ | ︵ᠳᠥᠷᠪᠡ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠲᠥᠷᠥᠯ | ᠵᠦᠢᠯ ᠤᠨ ᠡᠷᠬᠢᠯᠡᠭᠴᠢ ᠪᠤᠶᠤ ᠬᠠᠷᠢᠭᠤᠴᠠᠯᠭᠠᠲᠠᠨ︔ ᠤᠯᠤᠰ ᠤᠨ ᠰᠢᠯᠭᠠᠷᠠᠭᠰᠠᠨ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠬᠦᠷᠲᠡᠭᠴᠢ︔ | ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ ᠵᠦᠢᠯ ᠤᠨ ᠡᠷᠬᠢᠯᠡᠭᠴᠢ ᠪᠤᠶᠤ ᠬᠠᠷᠢᠭᠤᠴᠠᠯᠭᠠᠲᠠᠨ︔ ᠪᠦᠬᠦ | ᠤᠯᠤᠰ ᠤᠨ ᠰᠢᠯᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠷᠳᠡᠭᠰᠡᠳ︔ ︽ᠴᠠᠩᠵᠢᠶᠠᠩ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ | ᠣᠨᠴᠠ ᠤᠷᠢᠭᠰᠠᠨ ᠫᠷᠣᠹᠧᠰᠰᠣᠷ᠃ | ︵ᠲᠠᠪᠤ︶ ᠤᠯᠤᠰ ᠤᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ | ᠲᠥᠪ ᠤᠨ ᠡᠷᠳᠡᠮ ᠰᠢᠨᠵᠢᠯᠡᠭᠡᠨ ︵ᠮᠡᠷᠭᠡᠵᠢᠯ︶ ᠤ ᠳᠠᠭᠠᠭᠤᠯᠤᠭᠴᠢ︔ ︽ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠤᠨ ᠤᠯᠤᠰ ᠤᠨ ᠲᠡᠰ ᠤᠨ | ᠵᠢᠱᠢᠭᠳᠡᠭᠴᠢ︔ ︽ᠬᠥᠬᠡᠮᠥ᠋ᠷᠡᠨ ᠤ ᠵᠠᠯᠠᠭᠤ ᠡᠷᠳᠡᠮᠲᠡᠨ︾ ᠳᠤ ᠰᠣᠩᠭᠤᠭᠳᠠᠭᠰᠠᠳ︔ ︽ᠰᠢᠨ᠎ᠡ ᠶᠢ ᠡᠭᠦᠳᠬᠦ ᠴᠢᠳᠠᠪᠤᠷᠢᠲᠠᠨ ᠢ ᠠᠬᠢᠭᠤᠯᠬᠤ ᠲᠥᠯᠥᠪᠯᠡᠭᠡ︾ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠳᠡᠷ ᠵᠠᠯᠠᠭᠤ ᠨᠠᠰᠤᠨ ᠤ ᠳᠠᠭᠠᠭᠤᠯᠤᠭᠴᠢ ᠴᠢᠳᠠᠪᠤᠷᠢᠲᠠᠨ︔ ᠤᠯᠤᠰ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦ ᠶᠢᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠬᠦᠷᠲᠡᠭᠴᠢ︔ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ︽ᠵᠠᠭᠤᠨ ᠬᠥᠮᠦᠨ ᠤ ᠲᠥᠯᠥᠪᠯᠡᠭᠡ︾ ᠳᠤ ᠰᠣᠩᠭᠤᠭᠳᠠᠭᠰᠠᠳ᠃ | ︵ᠵᠢᠷᠭᠤᠭ᠎ᠠ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠵᠢᠴᠢ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ | ᠴᠢᠳᠠᠪᠤᠷᠢᠲᠠᠨ᠃ | ᠭᠤᠷᠪᠠᠳᠤᠭᠠᠷ ᠲᠦᠷᠦᠯ᠄ | ︵ᠨᠢᠭᠡ︶ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠳᠡᠭᠡᠳᠦ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠳ᠋ᠣᠺᠲ᠋ᠣᠷ᠂ ᠫᠤᠰᠲ ᠳ᠋ᠣᠺᠲ᠋ᠣᠷ ᠤᠨ ᠥᠩᠭᠡᠷᠡᠯᠲᠡ ᠲᠠᠢ ᠮᠥᠷᠲᠡᠭᠡᠨ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠮᠵᠢᠯᠲᠠ ᠪᠦᠲᠦᠮᠵᠢ ᠣᠯᠤᠭᠰᠠᠨ᠃ | ︵ᠬᠤᠶᠠᠷ︶ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠮᠥᠷᠲᠡᠭᠡᠨ ᠡᠷᠳᠡᠮ ᠰᠢᠨᠵᠢᠯᠡᠭᠡᠨ ᠤ ᠲᠣᠪᠤᠶᠢᠮ᠎ᠠ ᠠᠮᠵᠢᠯᠲᠠ ᠪᠦᠲᠦᠮᠵᠢ | ᠣᠯᠤᠭᠰᠠᠨ᠃ | ︵ᠭᠤᠷᠪᠠ︶ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ ᠤ ᠠᠯᠲᠠ᠂ ᠮᠥᠩᠭᠦ᠂ ᠭᠠᠤᠯᠢᠨ ᠮᠧᠳᠠᠯ ᠪᠠ ᠤᠯᠤᠰ ᠤᠨ ᠲᠠᠰ ᠤᠨ ᠨᠢᠭᠡᠳᠦᠭᠡᠷ | ᠲᠥᠷᠥᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠲᠦᠷᠦᠭᠦᠤ ᠲᠠᠪᠤᠨ ᠨᠡᠷᠡᠰ ᠲᠤ ᠣᠷᠣᠭᠰᠠᠳ︔ ᠳᠤᠮᠳᠠᠳᠤ ᠶᠢᠨ ᠤᠷ᠎ᠠ ᠮᠡᠷᠭᠡᠵᠢᠯ ᠤᠨ ᠱᠠᠩᠨᠠᠯ ᠢ | ᠬᠦᠷᠳᠡᠭᠴᠢ ᠪᠠ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ︔ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠭᠤᠤᠯ | ᠬᠠᠷᠢᠭᠤᠴᠠᠯᠭᠠᠲᠠᠨ ᠮᠤᠵᠢ ᠶᠠᠮᠤᠨ ᠤ ᠲᠠᠰ ᠤᠨ ᠬᠥᠬᠢᠭᠦᠯᠦᠯ ᠢ ᠭᠥᠷᠳᠡᠭᠰᠡᠨ ᠬᠠᠮᠤᠭ ᠤᠨ ᠳᠡᠭᠡᠳᠦ ᠲᠠᠰ ᠳᠠᠪᠬᠤᠷᠭ᠎ᠠ ᠶᠢᠨ ᠤᠷ᠎ᠠ ᠮᠡᠷᠭᠡᠰᠢᠯᠳᠦ ᠴᠢᠳᠠᠪᠤᠷᠢᠲᠠᠨ︔ | ᠭᠤᠴᠣ ᠮᠡᠷᠭᠡᠵᠢᠯ ᠭᠤᠴᠣ ᠡᠷᠳᠡᠮ ᠲᠠᠢ ᠣᠨᠴᠠᠭᠠᠶ ᠤᠷ᠎ᠠ ᠴᠢᠳᠠᠪᠤᠷᠢ ᠲᠠᠢ ᠴᠢᠳᠠᠪᠤᠷᠢᠲᠠᠨ ᠵᠢᠴᠢ ᠪᠤᠰᠤᠳ ᠨᠡᠯᠢᠶᠡᠳ ᠲᠠᠰ ᠳᠠᠪᠬᠤᠷᠭ᠎ᠠ ᠶᠢᠨ ᠤᠷ᠎ᠠ ᠴᠢᠳᠠᠪᠤᠷᠢ ᠲᠠᠢ | ᠴᠢᠳᠠᠪᠤᠷᠢᠲᠠᠨ᠃ | ︵ᠳᠥᠷᠪᠡ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠵᠢᠴᠢ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ | ᠴᠢᠳᠠᠪᠤᠷᠢᠲᠠᠨ᠃ | ᠳᠥᠷᠪᠡᠳᠦᠭᠡᠷ ᠲᠦᠷᠦᠯ᠄ | ︵ᠨᠢᠭᠡ︶ ᠵᠢᠩᠬᠢᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠣᠯᠤᠭᠰᠠᠨ ᠠᠵᠢᠯᠲᠠᠨ᠃ | ︵ᠬᠤᠶᠠᠷ︶ ᠳ᠋ᠣᠺᠲ᠋ᠣᠷ ᠤᠨ ᠡᠷᠳᠡᠮ ᠤᠨ ᠴᠣᠯᠠ ᠣᠯᠤᠭᠰᠠᠳ᠃ | ︵ᠭᠤᠷᠪᠠ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠵᠢᠴᠢ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ | ᠴᠢᠳᠠᠪᠤᠷᠢᠲᠠᠨ᠃ | ᠲᠠᠪᠤᠳᠤᠭᠠᠷ ᠲᠦᠷᠦᠯ᠄ | ︵ᠨᠢᠭᠡ︶ ᠮᠠᠨ ᠤ ᠬᠤᠲᠠ ᠶᠢᠨ ᠪᠠᠴᠢᠮ ᠱᠠᠭᠠᠷᠳᠠᠭᠳᠠᠵᠤ ᠪᠠᠶᠢᠭ᠎ᠠ ᠪᠠ ᠳᠤᠲᠠᠭᠳᠠᠵᠤ ᠪᠠᠶᠢᠭ᠎ᠠ ᠳᠡᠳ᠋ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠴᠣᠯᠠ ᠲᠠᠢ ᠠᠵᠢᠯᠲᠠᠨ᠃ | ︵ᠬᠤᠶᠠᠷ︶ ᠮᠠᠨ ᠤ ᠬᠤᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠤᠯᠬᠤ ᠡᠩ ᠤᠨ ᠳᠡᠭᠡᠳᠦ | ᠰᠤᠷᠭᠠᠭᠤᠯᠢ ᠶᠢᠨ ᠠᠰᠫᠢᠷᠠᠨᠲ᠃ | ︵ᠭᠤᠷᠪᠠ︶ ᠤᠯᠤᠰ ᠤᠨ ᠲᠡᠰ ᠤᠨ ᠰᠢᠯᠢᠳᠡᠭ ᠰᠣᠶᠣᠯ ᠤᠷᠠᠯᠢᠭ ᠪᠡᠶ᠎ᠡ ᠶᠢᠨ ᠲᠠᠮᠢᠷ ᠤᠨ ᠴᠢᠳᠠᠪᠤᠷᠢᠲᠠᠨ᠂ ᠪᠣᠳᠠᠰ ᠤᠨ ᠪᠤᠰᠤ ᠰᠣᠶᠣᠯ ᠤᠨ ᠥᠪ ᠤᠨ | ᠵᠠᠯᠭᠠᠮᠵᠢᠯᠠᠭᠴᠢ ᠵᠡᠷᠭᠡ᠃ | ︵ᠳᠥᠷᠪᠡ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠵᠢᠴᠢ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠴᠢᠳᠠᠪᠤᠷᠢᠲᠠᠨ᠃ | ᠳᠣᠯᠣᠳᠤᠭᠠᠷ ᠵᠦᠢᠯ ᠤᠯᠤᠰ ᠤᠨ ᠭᠠᠳᠠᠭᠠᠳᠤ ᠳᠣᠲᠣᠭᠠᠳᠤ ᠶᠢᠨ ᠴᠢᠳᠠᠪᠤᠷᠢᠲᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠨᠡᠭᠡᠭᠡᠨ ᠠᠰᠢᠭᠯᠠᠵᠤ᠂ | ᠭᠠᠳᠠᠭᠠᠳᠤ ᠶᠢᠨ ᠴᠢᠳᠠᠪᠤᠷᠢᠲᠠᠨ ᠪᠠ ᠵᠦᠢᠯᠡᠰ ᠢ ᠢᠳᠡᠪᠬᠢᠲᠡᠶ ᠪᠠᠷ ᠣᠷᠣᠭᠤᠯᠵᠤ ᠠᠪᠴᠢᠷᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ | ᠲᠤᠰᠬᠠᠶ ᠮᠡᠷᠭᠡᠵᠢᠯᠲᠡᠨ ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠭᠠᠳᠠᠭᠠᠳᠤ ᠶᠢᠨ ᠲᠦᠷᠦᠭᠦᠤ ᠲᠤᠰᠬᠠᠶ | ᠮᠡᠷᠭᠡᠵᠢᠯᠲᠡᠨ ᠤ ᠲᠥᠷᠥᠯ ᠵᠦᠢᠯ᠂ ᠳᠡᠭᠡᠳᠦ ᠲᠠᠰ ᠤᠨ ᠣᠶᠤᠨ ᠣᠷᠣᠭᠤᠯᠵᠤ ᠠᠪᠴᠢᠷᠠᠬᠤ ᠲᠥᠷᠥᠯ ᠵᠦᠢᠯ᠂ ᠭᠤᠤᠯᠳᠠᠯᠭ᠎ᠠ ᠲᠠᠢ ᠣᠶᠤᠨ ᠣᠷᠣᠭᠤᠯᠵᠤ | ᠠᠪᠴᠢᠷᠠᠬᠤ ᠲᠥᠷᠥᠯ ᠵᠦᠢᠯ᠂ ᠭᠠᠳᠠᠭᠠᠳᠤ ᠶᠢᠨ ᠰᠣᠶᠣᠯ ᠰᠤᠷᠭᠠᠨ ᠬᠥᠮᠦᠵᠢᠯ ᠤᠨ ᠳᠡᠭᠡᠳᠦ ᠲᠠᠰ ᠤᠨ ᠤᠷᠢᠬᠤ ᠲᠥᠯᠥᠪᠯᠡᠭᠡ ᠶᠢᠨ ᠲᠥᠷᠥᠯ ᠵᠦᠢᠯ ᠵᠡᠷᠭᠡ | ᠳᠡᠭᠡᠳᠦ ᠲᠠᠰ ᠤᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠳᠡᠭᠡᠳᠦ ᠲᠠᠰ ᠤᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠲᠤᠰᠬᠠᠶ | ᠮᠡᠷᠭᠡᠵᠢᠯᠲᠡᠨ᠂ ᠭᠠᠳᠠᠭᠠᠳᠤ ᠶᠢᠨ ᠳᠡᠭᠡᠳᠦ ᠲᠠᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠨᠢ ᠵᠣᠬᠢᠬᠤ ᠣᠷᠣᠭᠤᠯᠤᠨ ᠠᠪᠴᠢᠷᠠᠬᠤ | ᠴᠢᠳᠠᠪᠤᠷᠢᠲᠠᠨ ᠤ ᠲᠥᠷᠥᠯ ᠢᠯᠭᠠᠯ ᠳᠤ ᠨᠡᠶᠢᠴᠡᠪᠡᠯ᠂ ᠵᠣᠬᠢᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠭᠤᠷᠪᠠᠳᠤᠭᠠᠷ ᠪᠦᠯᠦᠭ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠵᠠᠷᠴᠢᠮ ᠪᠠ ᠠᠷᠭ᠎ᠠ ᠮᠠᠶ᠋ᠢᠭ | ᠨᠠᠢᠮᠠᠳᠤᠭᠠᠷ ᠵᠦᠢᠯ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠳᠤ ᠬᠠᠳᠠᠨ ᠴᠢᠨᠠᠷ ᠪᠠ ᠤᠶᠠᠨ ᠴᠢᠨᠠᠷ ᠢ ᠵᠡᠷᠭᠡ ᠪᠠᠷ ᠴᠢᠬᠤᠯᠠᠴᠢᠯᠠᠬᠤ ᠵᠠᠷᠴᠢᠮ ᠢ | ᠪᠠᠷᠢᠮᠲᠠᠯᠠᠨ᠎ᠠ᠃ | ᠵᠠᠪᠠᠯ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠭᠡᠳᠡᠭ ᠨᠢ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠤᠷᠢᠵᠤ ᠬᠡᠷᠡᠭᠯᠡᠬᠦ᠂ ᠰᠢᠯᠵᠢᠭᠦᠯᠬᠦ ᠵᠡᠷᠭᠡ | ᠬᠡᠯᠪᠡᠷᠢ ᠪᠠᠷ ᠮᠠᠨ ᠤ ᠬᠤᠲᠠ ᠳᠤ ᠰᠢᠯᠵᠢᠭᠦᠯᠦᠨ ᠣᠷᠣᠭᠤᠯᠤᠭᠰᠠᠨ ᠴᠢᠳᠠᠪᠤᠷᠢᠲᠠᠨ ᠢ ᠵᠢᠭᠠᠵᠤ ᠪᠣᠢ᠃ | ᠵᠥᠭᠡᠯᠡᠨ ᠴᠢᠨᠠᠷᠲᠠᠶ ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠭᠡᠳᠡᠭ ᠨᠢ ᠠᠵᠢᠯᠲᠠᠨ ᠤ ᠶᠠᠪᠤᠳᠠᠯ᠂ ᠳᠠᠩᠰᠠ ᠡᠪᠬᠡᠮᠡᠯ᠂ ᠡᠷᠦᠬᠡ ᠠᠮᠠ ᠶᠢᠨ ᠳᠠᠩᠰᠠ᠂ | ᠨᠡᠶᠢᠭᠡᠮ ᠤᠨ ᠪᠠᠲᠤᠯᠠᠭ᠎ᠠ ᠵᠡᠷᠭᠡ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠶ ᠤᠷᠢᠲᠠᠯ ᠳᠣᠣᠷ᠎ᠠ᠂ ᠵᠥᠪᠯᠡᠭᠴᠢ ᠪᠠᠷ ᠵᠢᠯᠣᠭᠤᠳᠣᠭᠤᠯᠬᠤ᠂ ᠲᠤᠰᠢᠶᠠᠯ | ᠡᠭᠦᠷᠭᠡᠯᠡᠭᠦᠯᠦᠨ ᠲᠤᠰᠢᠶᠠᠯ ᠬᠠᠪᠰᠤᠷᠭᠠᠬᠤ᠂ ᠮᠡᠷᠭᠡᠵᠢᠯ ᠤᠨ ᠵᠥᠪᠯᠡᠯᠭᠡ ᠥᠭᠬᠦ᠂ ᠠᠵᠢᠯ ᠠᠴᠠ ᠪᠠᠨ ᠪᠠᠭᠤᠵᠤ ᠠᠮᠠᠷᠠᠬᠤ ᠳᠤ ᠣᠨᠴᠠ ᠤᠷᠢᠬᠤ᠂ ᠲᠥᠷᠥᠯ | ᠵᠦᠢᠯ ᠤᠨ ᠬᠠᠮᠲᠤᠷᠠᠯᠴᠠᠭ᠎ᠠ ᠬᠢᠬᠦ᠂ ᠬᠠᠮᠲᠤᠷᠠᠨ ᠰᠤᠳᠤᠯᠤᠨ ᠨᠡᠭᠡᠭᠡᠬᠦ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ᠂ ᠴᠢᠳᠠᠪᠤᠷᠢᠲᠠᠨ ᠢ ᠲᠦᠷᠢᠶᠡᠰᠦᠯᠡᠬᠦ᠂ | ᠬᠠᠷᠢᠯᠴᠠᠨ ᠲᠣᠮᠢᠯᠠᠵᠤ ᠬᠥᠮᠦᠵᠢᠭᠦᠯᠬᠦ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠯᠦᠭᠡ | ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠬᠡᠯᠡᠯᠴᠡᠭᠡᠷ ᠲᠣᠭᠲᠠᠵᠤ᠂ ᠪᠣᠳᠠᠲᠠᠶ ᠪᠥᠭᠡᠳ ᠲᠣᠳᠣᠷᠬᠠᠶ ᠠᠵᠢᠯ ᠤᠨ ᠠᠭᠤᠯᠭ᠎ᠠ ᠲᠠᠢ᠂ ᠬᠥᠮᠦᠨ ᠬᠡᠷᠡᠭᠯᠡᠬᠦ | ᠨᠢᠭᠡᠴᠡ ᠶᠢ ᠬᠠᠪᠰᠤᠷᠤᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠵᠡᠷᠭᠡ ᠬᠠᠮᠢᠶ᠎ᠠ ᠪᠥᠬᠦᠶ ᠠᠵᠢᠯ ᠢ ᠪᠡᠶᠡᠯᠡᠭᠦᠯᠬᠦ ᠶᠢᠨ ᠬᠠᠮᠲᠤ | ᠴᠢᠬᠤᠯᠠ ᠦᠢᠯᠡᠳᠦᠯ ᠪᠠᠳᠠᠷᠠᠭᠤᠯᠬᠤ ᠴᠢᠳᠠᠪᠤᠷᠢᠲᠠᠨ᠃ ᠲᠣᠰ ᠠᠷᠭ᠎ᠠ ᠶᠢᠨ ᠳᠣᠲᠣᠷᠠᠬᠢ ᠨᠢᠭᠡ ᠠᠴᠠ ᠳᠥᠷᠪᠡᠳᠦᠭᠡᠷ ᠲᠥᠷᠥᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠡᠷᠭᠢᠯᠡᠬᠦ ᠴᠢᠳᠠᠪᠤᠷᠢᠲᠠᠨ ᠢ ᠤᠶᠠᠨ ᠬᠠᠲᠠᠨ ᠢᠶᠠᠷ ᠣᠷᠣᠭᠤᠯᠤᠨ ᠠᠪᠴᠢᠷᠠᠵᠤ ᠪᠣᠯᠤᠨ᠎ᠠ᠃ | ᠶᠢᠰᠦᠳᠦᠭᠡᠷ ᠵᠦᠢᠯ ᠠᠵᠢᠯ ᠦᠢᠯᠡᠰ ᠤᠨ ᠨᠢᠭᠡᠴᠡ ᠨᠦᠭᠦᠳ ᠠᠳᠠᠯᠢ ᠪᠤᠰᠤ ᠲᠥᠷᠥᠯ ᠢᠯᠭᠠᠯ ᠤᠨ ᠳᠡᠭᠡᠳᠦ ᠲᠠᠰ ᠳᠠᠪᠬᠤᠷᠭ᠎ᠠ ᠶᠢᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠠᠳᠠᠯᠢ ᠪᠤᠰᠤ ᠠᠷᠭ᠎ᠠ ᠮᠠᠶ᠋ᠢᠭ ᠢᠶᠠᠷ ᠣᠷᠣᠭᠤᠯᠤᠨ ᠠᠪᠴᠢᠷᠠᠵᠤ ᠪᠣᠯᠤᠨ᠎ᠠ᠃ | ︵ᠨᠢᠭᠡ︶ ᠨᠢᠭᠡ ᠠᠴᠠ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ︽ᠨᠢᠭᠡ ᠬᠡᠷᠡᠭ ᠢ ᠨᠢᠭᠡ ᠵᠥᠪᠯᠡᠬᠦ᠂ ᠣᠨᠴᠠᠭᠠᠢ | ᠬᠡᠷᠡᠭ ᠢ ᠣᠨᠴᠠᠭᠠᠢ ᠰᠢᠢᠳᠪᠦᠷᠢᠯᠡᠬᠦ︾ ᠵᠠᠷᠴᠢᠮ ᠢ ᠬᠡᠷᠡᠭᠵᠢᠭᠦᠯᠵᠦ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ | ᠰᠢᠭᠤᠳ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ᠂ ᠣᠷᠣᠨ ᠲᠤᠭ᠎ᠠ ᠶᠢ | ᠬᠡᠷᠡᠭᠯᠡᠭᠰᠡᠨ ᠪᠠᠶᠢᠳᠠᠯ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠢᠷᠢ ᠬᠡᠮ ᠤᠨ ᠭᠡᠷᠡᠴᠢᠯᠡᠯ᠂ ᠣᠷᠣᠭᠤᠯᠤᠨ ᠠᠪᠴᠢᠷᠠᠬᠤ ᠪᠠᠷ ᠪᠠᠶᠢᠭ᠎ᠠ | ᠴᠢᠳᠠᠪᠤᠷᠢᠲᠠᠨ ᠳᠤ ᠴᠠᠯᠢᠩ ᠬᠥᠯᠥᠰᠥ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠵᠢᠴᠢ ᠣᠷᠣᠨ ᠰᠠᠭᠤᠴᠠ ᠶᠢᠨ ᠨᠥᠬᠦᠪᠥᠷᠢ ᠵᠡᠷᠭᠡ ᠮᠠᠲ᠋ᠧᠷᠢᠶᠠᠯ ᠢ | ᠬᠠᠩᠭᠠᠨ᠎ᠠ᠃ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠣᠷᠣᠭᠤᠯᠤᠨ | ᠠᠪᠴᠢᠷᠠᠬᠤ ᠭᠡᠵᠦ ᠪᠠᠶᠢᠭ᠎ᠠ ᠴᠢᠳᠠᠪᠤᠷᠢᠲᠠᠨ ᠤ ᠬᠢᠷᠢ ᠬᠡᠮ ᠵᠡᠷᠭᠡ ᠪᠠᠶᠢᠳᠠᠯ ᠳᠤ ᠦᠨᠡᠯᠡᠨ ᠵᠢᠱᠢᠯᠲᠡ ᠬᠢᠨ᠎ᠠ᠃ | ︵ᠬᠤᠶᠠᠷ︶ ᠳᠥᠷᠪᠡᠳᠦᠭᠡᠷ᠂ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ | ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠲᠣᠭᠲᠠᠭᠠᠬᠤ ᠶᠢᠨ | ᠬᠠᠮᠲᠤ᠂ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠠᠴᠠ ᠡᠮᠬᠢᠳᠬᠡᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠰᠢᠯᠭᠠᠨ ᠲᠣᠭᠲᠠᠭᠠᠬᠤ | ᠲᠥᠰᠦᠯ ᠢ ᠲᠣᠭᠲᠠᠭᠠᠨ᠎ᠠ᠂ ᠡᠭᠦᠨ ᠳᠤ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠳ ᠲᠤ᠂ ᠬᠤᠲᠠ ᠶᠢᠨ ᠰᠢᠭᠤᠳ ᠬᠠᠷᠢᠶ᠎ᠠ | ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠲᠤᠰᠬᠠᠶ ᠮᠡᠷᠭᠡᠵᠢᠯᠲᠡᠨ ᠤ ᠲᠤᠰᠬᠠᠶ ᠵᠦᠢᠯ ᠢᠶᠠᠷ ᠰᠢᠯᠭᠠᠨ ᠦᠨᠡᠯᠡᠬᠦ ᠠᠷᠭ᠎ᠠ ᠮᠠᠶ᠋ᠢᠭ ᠢ ᠬᠡᠷᠡᠭᠯᠡᠨ | ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢ ᠲᠣᠭᠲᠠᠭᠠᠵᠤ ᠪᠣᠯᠤᠨ᠎ᠠ︔ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠨᠢᠭᠤᠷᠲᠠᠨ ᠰᠢᠯᠭᠠᠬᠤ ᠪᠤᠶᠤ ᠪᠢᠷ ᠤᠨ ᠰᠢᠯᠭᠠᠯᠲᠠ ᠬᠢᠬᠦ ᠵᠡᠷᠭᠡ | ᠴᠢᠬᠤᠯᠠ ᠪᠥᠬᠦᠶ ᠰᠢᠯᠭᠠᠨ ᠲᠣᠭᠲᠠᠭᠠᠬᠤ ᠠᠷᠭ᠎ᠠ ᠶᠢ ᠬᠡᠷᠡᠭᠯᠡᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢ ᠲᠣᠭᠲᠠᠭᠠᠬᠤ ᠬᠡᠷᠡᠭᠲᠡᠶ᠃ | ︵ᠭᠤᠷᠪᠠ︶ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠴᠢᠳᠠᠪᠤᠷᠢᠲᠠᠨ ᠣᠷᠣᠭᠤᠯᠬᠤ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ᠂ | ᠡᠷᠬᠡ ᠲᠡᠭᠰᠢ ᠲᠥᠪ ᠭᠤᠤᠯᠴᠢ ᠪᠠᠷ ᠴᠢᠳᠠᠪᠤᠷᠢᠲᠠᠨ ᠣᠷᠣᠭᠤᠯᠬᠤ ᠠᠵᠢᠯ ᠢ ᠥᠷᠨᠢᠭᠦᠯᠦᠨ᠎ᠡ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠣᠭᠲᠠᠭᠠᠭᠰᠠᠨ ᠤ ᠳᠠᠷᠠᠭ᠎ᠠ ᠰᠢᠭᠤᠳ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ | ᠠᠯᠪᠠᠨ ᠬᠡᠷ ᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠬᠤᠰᠢᠭᠤ ᠰᠢᠶᠠᠨ ᠲᠣᠭᠤᠷᠢᠭ ᠨᠢ ᠲᠣᠰ ᠱᠠᠲᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠵᠢᠯ ᠤᠨ ᠤᠳᠤᠷᠢᠳᠬᠤ ᠳᠤᠭᠤᠶᠢᠯᠠᠩ ᠢᠶᠠᠷ ᠳᠡᠮᠵᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠰᠤᠳᠤᠯᠤᠨ ᠲᠣᠭᠲᠠᠭᠠᠭᠰᠠᠨ ᠤ ᠳᠠᠷᠠᠭ᠎ᠠ᠂ ᠬᠤᠲᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ ᠳᠠᠩᠰᠠᠯᠠᠭᠤᠯᠤᠨ᠎ᠠ᠃ | ︵ᠳᠥᠷᠪᠡ︶ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ | ᠲᠦᠷᠢᠮ ᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠮᠥᠷᠲᠡᠭᠡᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠳᠡᠭᠡᠭᠰᠢ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ 10 ᠠᠵᠢᠯᠯᠠᠬᠤ | ᠡᠳᠦᠷ ᠤᠨ ᠳᠣᠲᠣᠷ᠎ᠠ ᠣᠷᠣᠭᠤᠯᠤᠨ ᠠᠪᠴᠢᠷᠠᠬᠤ ᠭᠠᠷᠳᠠᠮ ᠢ ᠭᠦᠢᠴᠡᠳᠬᠡᠵᠦ᠂ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ | ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠠᠷᠳᠠᠮ ᠢ ᠭᠠᠷᠭᠠᠭᠰᠠᠨ ᠤ ᠳᠠᠷᠠᠭᠠᠬᠢ 15 ᠠᠵᠢᠯᠯᠠᠬᠤ | ᠡᠳᠦᠷ ᠤᠨ ᠳᠣᠲᠣᠷ᠎ᠠ ᠣᠷᠣᠨ ᠲᠤᠭ᠎ᠠ ᠳᠤ ᠵᠢᠭᠰᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠬᠤ ᠬᠡᠷᠡᠭᠲᠡᠶ᠃ | ᠠᠷᠪᠠᠳᠤᠭᠠᠷ ᠵᠦᠢᠯ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠪᠠᠶᠢᠭᠤᠯᠬᠤ ᠳᠤ᠂ ᠬᠤᠲᠠ ᠶᠢᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠨᠢ | ᠣᠷᠣᠨ ᠲᠤᠭ᠎ᠠ ᠳᠦᠭᠦᠷᠦᠭᠰᠡᠨ ᠪᠠᠶᠢᠳᠠᠯ ᠳᠣᠤᠷ᠎ᠠ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠭᠡᠪᠡᠯ᠂ ᠣᠷᠣᠨ ᠲᠤᠭ᠎ᠠ ᠶᠢᠨ ᠰᠠᠯᠠᠭ᠎ᠠ ᠮᠥᠴᠢᠷ ᠲᠤ | ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠬᠡᠷᠡᠭᠯᠡᠬᠦ ᠪᠠᠷ ᠭᠤᠶᠤᠴᠢᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠣᠷᠣᠨ | ᠲᠤᠭ᠎ᠠ ᠶᠢᠨ ᠪᠠᠶᠢᠳᠠᠯ ᠢᠶᠠᠨ ᠦᠨᠳᠦᠰᠦᠯᠡᠨ᠂ ᠵᠣᠬᠢᠬᠤ ᠲᠤᠭ᠎ᠠ ᠬᠡᠮᠵᠢᠶᠡᠨ ᠤ ᠴᠢᠳᠠᠪᠤᠷᠢᠲᠠᠨ ᠤ ᠲᠤᠰᠬᠠᠶ ᠲᠥᠷᠥᠯ ᠤᠨ ᠣᠷᠣᠨ ᠲᠤᠭ᠎ᠠ ᠶᠢ ᠪᠠᠶᠢᠭᠤᠯᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠮᠠᠨ ᠤ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ︵ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠪᠠ | ᠭᠠᠶᠢᠯᠢ ᠲᠤᠰᠢᠶᠠᠬᠤ ᠭᠠᠵᠠᠷ ᠨᠢ ᠴᠥᠮ ᠮᠠᠨ ᠤ ᠬᠤᠲᠠ ᠳᠤ ᠪᠤᠢ︶ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠲᠣᠭᠲᠠᠭᠠᠬᠤ ᠶᠢ | ᠵᠣᠷᠢᠭᠵᠢᠭᠤᠯᠵᠤ᠂ ᠴᠢᠩᠭ᠎ᠠ ᠪᠤᠶᠤ ᠵᠥᠭᠡᠯᠡᠨ ᠠᠷᠭ᠎ᠠ ᠬᠡᠯᠪᠡᠷᠢ ᠪᠠᠷ ᠳᠡᠭᠡᠳᠦ ᠳᠡᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠮᠡᠳᠡᠭᠦᠯᠦᠭᠰᠡᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠭᠠᠷᠴᠠᠭ ᠢ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠠᠴᠠ ᠴᠠᠭ ᠲᠤᠬᠠᠶ ᠳᠤᠨᠢ ᠭᠥᠯᠢᠶᠡᠨ ᠠᠪᠴᠤ᠂ ᠴᠠᠭ ᠲᠤᠬᠠᠶ ᠳᠤᠨᠢ | ᠨᠡᠶᠢᠲᠡᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ | ᠳᠥᠷᠪᠡᠳᠦᠭᠡᠷ ᠪᠦᠯᠦᠭ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ | ᠠᠷᠪᠠᠨ ᠬᠤᠶᠠᠳᠤᠭᠠᠷ ᠵᠦᠢᠯ ᠮᠡᠳᠡᠯᠭᠡ ᠶᠢᠨ ᠦᠨ᠎ᠡ ᠥᠷᠲᠡᠭ ᠢ ᠬᠠᠷᠠᠭᠤᠯᠤᠭᠰᠠᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠳᠤ ᠣᠨ ᠤ ᠴᠠᠯᠢᠩ ᠤᠨ ᠲᠦᠷᠢᠮ᠂ ᠬᠡᠯᠡᠯᠴᠡᠭᠡᠷ ᠤᠨ | ᠴᠠᠯᠢᠩ ᠤᠨ ᠲᠦᠷᠢᠮ ᠵᠡᠷᠭᠡ ᠶᠢ ᠬᠡᠷᠡᠭᠯᠡᠵᠦ ᠪᠣᠯᠤᠨ᠎ᠠ᠂ ᠡᠭᠦᠨ ᠢ ᠨᠢᠭᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠪᠤᠳᠤᠵᠤ | ᠣᠷᠣᠭᠤᠯᠬᠤ ᠥᠬᠡᠶ᠂ ᠬᠡᠷᠡᠭᠰᠡᠬᠦ ᠪᠠᠯᠠ ᠮᠥᠩᠭᠦ ᠶᠢ ᠬᠥᠮᠦᠨ ᠬᠡᠷᠡᠭᠯᠡᠬᠦ ᠨᠢᠭᠡᠴᠡ ᠥᠪᠡᠰᠦᠪᠡᠨ ᠰᠢᠢᠳᠪᠦᠷᠢᠯᠡᠨ᠎ᠡ᠃ | ᠠᠷᠪᠠᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ | ᠮᠥᠷᠲᠡᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠡᠷᠭᠢᠯᠡᠵᠦ ᠪᠠᠶᠢᠪᠠᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠭᠤᠯᠤᠨ ᠠᠪᠴᠢᠷᠠᠭᠰᠠᠨ | ᠴᠢᠳᠠᠪᠤᠷᠢᠲᠠᠨ ᠯᠤᠭ᠎ᠠ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠵᠤ ᠪᠣᠯᠤᠨ᠎ᠠ᠃ ᠮᠠᠨ ᠤ ᠬᠤᠲᠠ ᠶᠢᠨ ᠨᠥᠬᠦᠴᠡᠯ ᠳᠤ ᠨᠡᠶᠢᠴᠡᠬᠦ | ᠰᠢᠯᠢᠳᠡᠭ ᠴᠢᠳᠠᠪᠤᠷᠢᠲᠠᠨ ᠪᠠᠰᠠ ᠲᠤᠰ ᠨᠢᠭᠡᠴᠢ ᠲᠠᠢ ᠪᠠᠨ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠵᠤ ᠪᠣᠯᠤᠨ᠎ᠠ᠃ ᠲᠤᠰᠬᠠᠶ | ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠵᠥᠪᠯᠡᠯᠴᠡᠭᠡᠷ ᠲᠤ ᠠᠵᠢᠯ ᠤᠨ ᠶᠡᠷᠦᠩᠬᠡᠶ ᠬᠠᠷᠠᠯᠲᠠ᠂ ᠵᠣᠬᠢᠬᠤ ᠬᠢᠷᠢ ᠬᠡᠮᠵᠢᠶ᠎ᠡ ᠲᠠᠢ ᠡᠷᠳᠡᠮ ᠰᠢᠨᠵᠢᠯᠡᠭᠡᠨ ᠤ ᠵᠢᠭᠠᠨ | ᠰᠤᠷᠭᠠᠯᠲᠠ ᠶᠢᠨ ᠡᠭᠦᠷᠭᠡ᠂ ᠤᠷᠢᠨ ᠬᠡᠷᠡᠭᠯᠡᠬᠦ ᠬᠤᠭᠤᠴᠠᠭ᠎ᠠ ᠬᠢᠵᠠᠭᠠᠷ᠂ ᠠᠵᠢᠯ ᠤᠨ ᠪᠠᠶᠢᠷᠢ ᠶᠢᠨ ᠣᠯᠭᠤᠮᠵᠢ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠬᠦ ᠵᠡᠷᠭᠡ ᠠᠭᠤᠯᠭ᠎ᠠ ᠶᠢ ᠪᠣᠯᠵᠣᠨ ᠲᠣᠭᠲᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠵᠥᠪᠯᠡᠯᠴᠡᠭᠡᠷ ᠲᠤ ᠡᠷᠬᠡᠪᠰᠢ ᠬᠤᠲᠠ ᠶᠢᠨ ᠴᠢᠳᠠᠪᠤᠷᠢᠲᠠᠨ ᠣᠷᠣᠭᠤᠯᠤᠨ | ᠠᠪᠴᠢᠷᠠᠬᠤ ᠠᠵᠢᠯ ᠤᠨ ᠠᠯᠪᠠᠨ ᠬᠡᠷ ᠢᠶᠠᠷ ᠳᠡᠮᠵᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠯᠲᠡ ᠬᠢᠯᠭᠡᠵᠦ᠂ ᠦᠨᠡᠯᠡᠨ ᠵᠢᠱᠢᠯᠲᠡ ᠪᠠᠷ | ᠪᠠᠲᠤᠯᠠᠭᠳᠠᠭᠰᠠᠨ ᠪᠠᠶᠢᠪᠠᠯ ᠤᠷᠢᠨ ᠬᠡᠷᠡᠭᠯᠡᠬᠦ ᠬᠤᠭᠤᠴᠠᠭᠠᠨ ᠳᠤ ᠳᠣᠤᠷᠠᠬᠢ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠭᠡᠨ᠎ᠡ᠃ | ᠨᠢᠭᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ᠤᠨ ᠭᠠᠶᠢᠯᠢ | ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 80 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 500 ᠲᠦᠮᠡᠨ ᠲᠥᠭᠦᠷᠢᠭ ᠠᠴᠠ 1.5 ᠳ᠋ᠦᠩᠰᠢᠭᠤᠷ ᠲᠥᠭᠦᠷᠢᠭ ᠤᠨ ᠲᠤᠷᠰᠢᠯᠲᠠ ᠶᠢᠨ | ᠲᠠᠰᠤᠭ ᠤᠨ ᠪᠥᠲᠥᠭᠡᠨ ᠪᠠᠶᠢᠭᠤᠯᠤᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ︔ ᠨᠡᠶᠢᠭᠡᠮ ᠤᠨ ᠰᠢᠨᠵᠢᠯᠡᠬᠦ | ᠤᠬᠠᠭᠠᠨ ᠤ ᠰᠤᠳᠤᠯᠭᠠᠨ ᠬᠢᠭᠰᠡᠳ ᠲᠤ 150 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ | ᠳᠡᠮᠵᠢᠯᠭᠡ ᠣᠯᠭᠤᠨ᠎ᠠ᠃ | ᠬᠤᠶᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠠᠴᠠ 80 ᠲᠦᠮᠡᠨ ᠲᠥᠭᠦᠷᠢᠭ ᠤᠨ ᠭᠠᠶᠢᠯᠢ | ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 150 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 50 ᠲᠦᠮᠡᠨ ᠲᠥᠭᠦᠷᠢᠭ ᠠᠴᠠ | 100 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ᠃ | ᠭᠤᠷᠪᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠳᠡᠮᠵᠢᠯᠭᠡ ᠣᠯᠭᠤᠨ᠎ᠠ᠃ 30 ᠲᠦᠮᠡᠨ ᠲᠥᠭᠦᠷᠢᠭ ᠠᠴᠠ 50 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ | ᠨᠢᠭᠡ ᠤᠳᠠᠭ᠎ᠠ ᠶᠢᠨ ᠴᠢᠨᠠᠷᠲᠠᠶ 30 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ | ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 20 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠳᠡᠮᠵᠢᠯᠭᠡ ᠣᠯᠭᠤᠨ᠎ᠠ᠃ 10 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ | ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ | ᠨᠥᠬᠦᠴᠡᠯ ᠲᠠᠢ ᠨᠢᠭᠡᠴᠡ ᠨᠦᠭᠦᠳ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠨᠢ ᠮᠠᠨ ᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠤᠭᠰᠠᠨ ᠠᠵᠤ | ᠦᠢᠯᠡᠰ ᠤᠨ ᠬᠡᠷᠡᠭᠴᠡᠭᠡ ᠳᠤ ᠨᠡᠶᠢᠴᠡᠵᠦ᠂ ᠰᠢᠨᠵᠢᠯᠡᠬᠦ ᠤᠬᠠᠭᠠᠨ ᠤ ᠰᠤᠳᠤᠯᠤᠯ᠂ ᠦᠢᠯᠡᠳᠪᠦᠷᠢᠯᠡᠯ ᠤᠨ ᠳᠤᠮᠳᠠ ᠴᠢᠬᠤᠯᠠ ᠶᠡᠭᠡ ᠦᠢᠯᠡᠳᠦᠯ ᠢᠶᠠᠨ ᠪᠠᠳᠠᠷᠠᠭᠤᠯᠵᠤ | ᠴᠢᠳᠠᠪᠠᠯ᠂ ᠰᠤᠳᠤᠯᠬᠤ ᠪᠠᠷ ᠳᠠᠮᠵᠢᠨ᠂ ᠰᠢᠨᠵᠢᠯᠡᠬᠦ ᠤᠬᠠᠭᠠᠨ ᠤ ᠰᠤᠳᠤᠯᠤᠯ ᠪᠠ ᠠᠵᠢᠯ ᠤᠨ ᠵᠠᠷᠤᠳᠠᠯ ᠤᠨ ᠲᠠᠯ᠎ᠠ ᠪᠠᠷ ᠨᠡᠩ ᠥᠨᠳᠥᠷ ᠳᠡᠮᠵᠢᠯᠭᠡ ᠦᠵᠡᠭᠦᠯᠵᠦ | ᠪᠣᠯᠤᠨ᠎ᠠ᠃ | ᠠᠷᠪᠠᠨ ᠲᠠᠪᠤᠳᠤᠭᠠᠷ ᠵᠦᠢᠯ ᠬᠤᠲᠠ ᠶᠢᠨ ᠲᠠᠰ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠥᠲᠥᠭᠡᠨ ᠪᠠᠶᠢᠭᠤᠯᠬᠤ ᠳᠤ᠂ ᠣᠷᠣᠭᠤᠯᠤᠨ ᠠᠪᠴᠢᠷᠠᠬᠤ | ᠴᠢᠳᠠᠪᠤᠷᠢᠲᠠᠨ ᠤ ᠲᠥᠷᠥᠯ ᠢᠯᠭᠠᠯ ᠢ ᠦᠨᠳᠦᠰᠦᠯᠡᠨ᠂ ︽ᠳᠡᠭᠡᠳᠦ ᠲᠠᠰ ᠳᠠᠪᠬᠤᠷᠭ᠎ᠠ ᠶᠢ ᠤᠷᠢᠳ ᠢᠶᠠᠷ ᠪᠣᠳᠣᠯᠬᠢᠯᠠᠬᠤ︾ ᠵᠠᠷᠴᠢᠮ ᠶᠣᠰᠣᠭᠠᠷ᠂ ᠬᠥᠮᠦᠨ ᠬᠡᠷᠡᠭᠯᠡᠬᠦ | ᠨᠢᠭᠡᠴᠡ ᠶᠢᠨ ᠭᠤᠶᠤᠴᠢᠯᠠᠯ ᠢᠶᠠᠷ ᠳᠡᠮᠵᠢᠨ᠂ ᠣᠷᠣᠭᠤᠯᠤᠨ ᠠᠪᠴᠢᠷᠠᠬᠤ ᠨᠢᠭᠡᠴᠡ ᠶᠢᠨ ᠰᠠᠭᠤᠭ᠎ᠠ ᠭᠠᠵᠠᠷ ᠲᠤ ᠥᠪᠡᠷ ᠤᠨ ᠣᠷᠣᠨ ᠰᠠᠭᠤᠴᠠ ᠥᠬᠡᠶ | ᠴᠢᠳᠠᠪᠤᠷᠢᠲᠠᠨ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠨ᠎ᠠ᠃ | ᠠᠷᠪᠠᠨ ᠵᠢᠷᠭᠤᠳᠤᠭᠠᠷ ᠵᠦᠢᠯ ᠠᠯᠪᠠᠳᠠᠯᠭ᠎ᠠ ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠨᠢ ᠣᠷᠣᠭᠤᠯᠵᠤ ᠠᠪᠴᠢᠷᠠᠭᠰᠠᠨ ᠨᠢᠭᠡᠴᠡ ᠶᠢᠨ ᠰᠠᠭᠤᠭ᠎ᠠ | ᠭᠠᠵᠠᠷ ᠲᠤ ᠥᠪᠡᠷ ᠤᠨ ᠣᠷᠣᠨ ᠰᠠᠭᠤᠴᠠ ᠪᠠᠶᠢᠬᠤ ᠥᠭᠡᠢ ᠮᠥᠷᠲᠡᠭᠡᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠥᠭᠡᠢ ᠪᠣᠯ ᠭᠤᠷᠪᠠᠨ | ᠵᠢᠯ ᠤᠨ ᠬᠤᠭᠤᠴᠠᠭ᠎ᠠ ᠲᠠᠢ ᠭᠡᠷ ᠲᠦᠷᠢᠶᠡᠰᠦᠯᠡᠬᠦ ᠨᠥᠬᠦᠪᠥᠷᠢ ᠣᠯᠭᠤᠨ᠎ᠠ᠃ ᠬᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠶᠢᠨ ᠪᠠᠷᠢᠮᠵᠢᠶ᠎ᠠ᠄ ᠨᠢᠭᠡᠳᠦᠭᠡᠷ | ᠲᠥᠷᠥᠯ ᠤᠨ ᠴᠢᠳᠠᠪᠤᠷᠢᠲᠠᠨ ᠵᠢᠯ ᠪᠦᠷᠢ 4 ᠲᠦᠮᠡᠨ ᠲᠥᠭᠦᠷᠢᠭ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠵᠢᠯ ᠪᠦᠷᠢ 3 ᠲᠦᠮᠡᠨ ᠲᠥᠭᠦᠷᠢᠭ᠂ | ᠳᠥᠷᠪᠡᠳᠦᠭᠡᠷ ᠲᠥᠷᠥᠯ ᠤᠨ ᠴᠢᠳᠠᠪᠤᠷᠢᠲᠠᠨ ᠵᠢᠯ ᠪᠦᠷᠢ 2 ᠲᠦᠮᠡᠨ ᠲᠥᠭᠦᠷᠢᠭ᠃ | ᠠᠷᠪᠠᠨ ᠳᠣᠯᠣᠳᠤᠭᠠᠷ ᠵᠦᠢᠯ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠵᠠᠪᠠᠯ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠂ ᠯᠢᠨ ᠾᠧ | ᠲᠣᠭᠤᠷᠢᠭ ᠤᠨ ᠰᠢᠨ᠎ᠡ ᠪᠠᠷ ᠠᠵᠢᠯ ᠣᠯᠤᠭᠰᠠᠳ ᠤᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠪᠡᠯ᠂ ᠯᠢᠨ | ᠾᠧ ᠲᠣᠭᠤᠷᠢᠭ ᠲᠤ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠲᠦᠷᠢᠶᠡᠰᠦᠯᠡᠬᠦ ᠪᠠᠷ ᠭᠤᠶᠤᠴᠢᠯᠠᠵᠤ᠂ ᠨᠡᠶᠢᠲᠡ ᠶᠢᠨ ᠲᠦᠷᠢᠶᠡᠰᠦᠯᠡᠯ ᠤᠨ ᠣᠷᠣᠨ | ᠰᠠᠭᠤᠴᠠ ᠬᠤᠳᠠᠯᠳᠤᠨ ᠠᠪᠴᠤ ᠪᠣᠯᠤᠨ᠎ᠠ᠃ | ᠳᠡᠭᠡᠷᠡᠬᠢ ᠵᠦᠢᠯ ᠵᠤᠷᠪᠤᠰ ᠲᠠᠬᠢ ᠰᠠᠭᠤᠬᠤ ︵ᠲᠦᠷᠢᠶᠡᠰᠦᠯᠡᠬᠦ︶ ᠬᠡᠷ ᠪᠠᠶᠢᠰᠢᠩ ᠤᠨ ᠨᠥᠬᠦᠪᠥᠷᠢ᠂ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ | ᠬᠤᠳᠠᠯᠳᠤᠨ ᠠᠪᠬᠤ ᠪᠤᠶᠤ ᠲᠦᠷᠢᠶᠡᠰᠦᠯᠡᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠴᠢᠳᠠᠪᠤᠷᠢᠲᠠᠨ ᠣᠷᠣᠭᠤᠯᠤᠨ ᠠᠪᠴᠢᠷᠠᠬᠤ ᠳᠤ | ᠵᠥᠪᠬᠡᠨ ᠲᠡᠭᠦᠨ ᠤ ᠳᠣᠲᠣᠷᠠᠬᠢ ᠨᠢᠭᠡ ᠶᠢ ᠨᠢ ᠭᠥᠷᠳᠡᠨ᠎ᠡ᠂ ᠳᠠᠪᠬᠤᠷᠳᠠᠭᠤᠯᠤᠨ ᠨᠥᠬᠦᠪᠥᠷᠢ ᠥᠭᠬᠦ ᠥᠬᠡᠶ᠃ | ᠠᠷᠪᠠᠨ ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠥᠭᠡᠯᠡᠨ ᠢᠶᠠᠷ ᠣᠷᠣᠭᠤᠯᠤᠨ | ᠠᠪᠴᠢᠷᠠᠵᠤ᠂ ᠲᠥᠷᠥᠯ ᠵᠦᠢᠯ ᠤᠨ ᠭᠤᠣᠯ ᠪᠦᠷᠢᠯᠳᠦᠬᠦᠨ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ | ᠪᠠ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠬᠢᠵᠦ ᠪᠠᠶᠢᠭ᠎ᠠ | ᠡᠭᠦᠨ ᠤ ᠬᠠᠮᠲᠤ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ︵ᠮᠤᠵᠢ᠂ ᠰᠢᠭᠤᠳ ᠬᠠᠷᠢᠶ᠎ᠠ ᠬᠤᠲᠠ︶ ᠤ ᠲᠠᠰ ᠤᠨ ᠲᠥᠷᠥᠯ ᠵᠦᠢᠯ ᠲᠣᠭᠲᠠᠭᠠᠭᠰᠠᠨ | ᠲᠥᠷᠥᠯ ᠵᠦᠢᠯ ᠢ ᠭᠥᠷᠳᠡᠵᠦ᠂ ᠲᠥᠷᠥᠯ ᠵᠦᠢᠯ ᠢ ᠶᠠᠪᠤᠭᠳᠠᠭᠤᠯᠬᠤ ᠬᠤᠭᠤᠴᠠᠭᠠᠨ ᠳᠤ᠂ ᠳᠣᠤᠷᠠᠬᠢ ᠪᠠᠷᠢᠮᠵᠢᠶ᠎ᠠ ᠶᠣᠰᠣᠭᠠᠷ ᠣᠷᠣᠭᠤᠯᠤᠨ ᠠᠪᠴᠢᠷᠠᠬᠤ | ᠨᠢᠭᠡᠴᠡ ᠳᠤ ᠠᠵᠢᠯ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠳᠡᠮᠵᠢᠬᠦ ᠵᠠᠷᠤᠳᠠᠯ ᠢ ᠲᠥᠷᠥᠯ ᠵᠦᠢᠯ ᠤᠨ ᠰᠤᠳᠤᠯᠭᠠᠨ᠂ ᠣᠷᠣᠭᠤᠯᠤᠨ ᠠᠪᠴᠢᠷᠠᠬᠤ | ᠴᠢᠳᠠᠪᠤᠷᠢᠲᠠᠨ ᠤ ᠬᠡᠷ ᠲᠦᠷᠢᠶᠡᠰᠦᠯᠡᠬᠦ ᠨᠥᠬᠦᠪᠥᠷᠢ ᠪᠤᠶᠤ ᠢᠷᠡᠵᠦ ᠪᠤᠴᠠᠬᠤ ᠵᠠᠮ ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ ᠵᠡᠷᠭᠡ ᠳᠤ | ᠬᠡᠷᠡᠭᠯᠡᠵᠦ ᠪᠣᠯᠤᠨ᠎ᠠ᠃ | ︵ᠨᠢᠭᠡ︶ ᠨᠢᠭᠡᠳᠦᠭᠡᠷ ᠲᠥᠷᠥᠯ ᠤᠨ ᠴᠢᠳᠠᠪᠤᠷᠢᠲᠠᠨ᠂ ᠵᠢᠯ ᠪᠦᠷᠢ 20 ᠲᠦᠮᠡᠨ ᠲᠥᠭᠦᠷᠢᠭ᠃ | ︵ᠬᠤᠶᠠᠷ︶ ᠬᠤᠶᠠᠳᠤᠭᠠᠷ ᠲᠥᠷᠥᠯ ᠤᠨ ᠴᠢᠳᠠᠪᠤᠷᠢᠲᠠᠨ᠂ ᠵᠢᠯ ᠪᠦᠷᠢ 15 ᠲᠦᠮᠡᠨ ᠲᠥᠭᠦᠷᠢᠭ᠃ | ︵ᠭᠤᠷᠪᠠ︶ ᠭᠤᠷᠪᠠᠳᠤᠭᠠᠷ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ᠂ ᠵᠢᠯ ᠪᠦᠷᠢ 10 ᠲᠦᠮᠡᠨ ᠲᠥᠭᠦᠷᠢᠭ᠃ | ᠠᠷᠪᠠ ᠶᠢᠰᠦᠳᠦᠭᠡᠷ ᠵᠦᠢᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢᠭᠡ ᠠᠴᠠ ᠳᠥᠷᠪᠡᠳᠦᠭᠡᠷ ᠲᠦᠷᠦᠯ ᠤᠨ ᠴᠢᠳᠠᠪᠤᠷᠢᠲᠠᠨ ᠢ ᠵᠠᠪᠠᠯ | ᠣᠷᠣᠭᠤᠯᠤᠨ ᠠᠪᠴᠢᠷᠠᠬᠤ ᠶᠢᠨ ᠬᠠᠮᠲᠤ 3 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠠᠶᠢᠪᠠᠯ᠂ ᠬᠤᠳᠠ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠠᠵᠢᠯ ᠤᠨ ᠠᠯᠪᠠᠨ ᠭᠡᠷ ᠨᠢ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠲᠡᠮᠳᠡᠭᠯᠡᠯ ᠢ ᠦᠨᠳᠦᠰᠦᠯᠡᠨ᠂ | ᠣᠷᠣᠭᠤᠯᠤᠨ ᠠᠪᠴᠢᠷᠠᠬᠤ ᠴᠢᠳᠠᠪᠤᠷᠢᠲᠠᠨ ᠳᠤ 3 ᠵᠢᠯ ᠠᠴᠠ ᠦᠯᠦ ᠬᠡᠲᠦᠷᠡᠬᠦ ᠬᠤᠭᠤᠴᠠᠭ᠎ᠠ ᠲᠠᠢ ᠠᠵᠢᠯ ᠤᠨ ᠨᠥᠬᠦᠪᠥᠷᠢ ᠥᠭᠭᠦᠨ᠎ᠡ᠃ ᠨᠥᠬᠦᠪᠥᠷᠢ ᠶᠢᠨ | ᠪᠠᠷᠢᠮᠵᠢᠶ᠎ᠠ ᠨᠢ᠄ ᠨᠢᠭᠡᠳᠦᠭᠡᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 2000 ᠲᠥᠭᠦᠷᠢᠭ᠂ ᠬᠤᠶᠠᠳᠤᠭᠠᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ | 1500 ᠲᠥᠭᠦᠷᠢᠭ᠂ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 1000 ᠲᠥᠭᠦᠷᠢᠭ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠳᠤ | ᠰᠠᠷ᠎ᠠ ᠪᠦᠷᠢ 800 ᠲᠥᠭᠦᠷᠢᠭ ᠪᠣᠯᠤᠨ᠎ᠠ᠃ | ᠬᠤᠷᠢᠳᠤᠭᠠᠷ ᠵᠦᠢᠯ ᠤᠯᠤᠰ ᠤᠨ ᠥᠮᠴᠢᠯᠡᠯᠳᠤ ᠠᠵᠤ ᠠᠬᠤᠶᠢᠯᠠᠯ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠶ ᠪᠠᠷ | ᠣᠷᠣᠭᠤᠯᠵᠤ ᠢᠷᠡᠬᠦ ᠶᠢᠨ ᠬᠠᠮᠲᠤ 3 ᠵᠢᠯ ᠠᠴᠠ ᠳᠡᠭᠡᠭᠰᠢ ᠦᠢᠯᠡᠴᠢᠯᠡᠭᠡᠨ ᠤ ᠭᠡᠷ᠎ᠡ ᠲᠣᠭᠲᠠᠵᠤ᠂ ᠵᠢᠯ ᠪᠦᠷᠢ ᠮᠠᠨ ᠤ ᠬᠤᠳᠠ ᠳᠤ ᠨᠡᠶᠢᠳᠡ 3 ᠰᠠᠷ᠎ᠠ ᠠᠴᠠ ᠳᠤᠲᠠᠭᠤ | ᠥᠭᠡᠢ ᠠᠵᠢᠯᠯᠠᠵᠤ᠂ ᠦᠨᠡᠮᠰᠢᠭᠰᠡᠨ ᠤ ᠲᠠᠷᠠᠭ᠎ᠠ ᠠᠵᠢᠯ ᠤᠨ ᠨᠥᠬᠦᠪᠥᠷᠢ ᠬᠥᠷᠳᠡᠵᠤ ᠪᠣᠯᠤᠨ᠎ᠠ᠂ ᠪᠠᠷᠢᠮᠵᠢᠶ᠎ᠠ ᠶᠢ ᠮᠠᠨ ᠤ ᠬᠤᠳᠠ ᠳᠤ ᠭᠠᠶᠢᠯᠢ ᠲᠤᠰᠢᠶᠠᠬᠤ ᠣᠨ ᠤ | ᠴᠠᠯᠢᠩ ᠤᠨ 1% - 5% ᠪᠠᠷ ᠬᠡᠷᠡᠭᠵᠢᠭᠦᠯᠵᠦ᠂ ᠵᠢᠯ ᠪᠦᠷᠢ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠨᠥᠬᠦᠪᠥᠷᠢᠯᠡᠵᠦ᠂ ᠨᠥᠬᠦᠪᠥᠷᠢ ᠥᠭᠬᠦ | ᠬᠤᠭᠤᠴᠠᠭ᠎ᠠ ᠨᠢ ᠬᠠᠮᠤᠭ ᠤᠨ ᠤᠷᠳᠤ ᠳᠠᠭᠠᠨ 3 ᠵᠢᠯ ᠪᠣᠯᠤᠨ᠎ᠠ᠃ | ᠬᠤᠷᠢᠨ ᠨᠢᠭᠡᠳᠦᠭᠡᠷ ᠵᠦᠢᠯ ᠠᠵᠤ ᠠᠬᠤᠶᠢᠯᠠᠯ ᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠪᠤᠶᠤ ᠳ᠋ᠣᠺᠲ᠋ᠣᠷ ᠤᠨ ᠴᠣᠯᠠ ᠲᠠᠢ ᠵᠡᠷᠭᠡ | ᠳᠡᠭᠡᠳᠦ ᠲᠠᠰ ᠤᠨ ᠴᠢᠳᠠᠪᠤᠷᠢᠲᠠᠨ ᠪᠠ ᠳᠡᠭᠡᠳᠦ ᠵᠡᠷᠭᠡ ᠶᠢᠨ ᠮᠠᠰᠲ᠋ᠧᠷ ᠤᠨ ᠬᠢᠷᠢ ᠬᠡᠮ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ | ᠣᠯᠭᠤᠭᠰᠠᠨ ᠨᠢᠭᠡ ᠤᠳᠠᠭ᠎ᠠ ᠶᠢᠨ ᠴᠢᠨᠠᠷᠲᠠᠶ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ᠂ ᠰᠢᠨᠵᠢᠯᠡᠬᠦ ᠤᠬᠠᠭᠠᠨ ᠤ ᠰᠤᠳᠤᠯᠤᠯ ᠢ ᠡᠬᠢᠯᠡᠭᠦᠯᠬᠦ ᠵᠠᠷᠤᠳᠠᠯ | ᠵᠡᠷᠭᠡ ᠶᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠴᠠ ᠡᠮᠦᠨ᠎ᠡ ᠰᠠᠭᠤᠯᠭᠠᠨ ᠠᠪᠴᠤ ᠪᠣᠯᠤᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ | ᠲᠤᠰᠬᠠᠶ ᠣᠷᠣᠭᠤᠯᠤᠯᠲᠠ ᠶᠢᠨ ᠥᠪᠡᠷ ᠤᠨ ᠥᠷᠲᠡᠭ ᠢ ᠲᠤᠬᠠᠶ ᠶᠢᠨ ᠵᠢᠯ ᠤᠨ ᠰᠢᠯᠭᠠᠨ ᠦᠨᠡᠯᠡᠯᠲᠡ ᠶᠢᠨ ᠠᠰᠢᠭ ᠬᠤᠨᠵᠢᠪᠣᠷᠢ ᠪᠠᠷ ᠦᠵᠡᠵᠦ ᠪᠣᠯᠣᠨ᠎ᠠ᠃ | ᠬᠤᠷᠢᠨ ᠬᠤᠶᠠᠳᠤᠭᠠᠷ ᠵᠦᠢᠯ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠭᠦᠳᠦᠨ ᠡᠷᠭᠢᠯᠡᠭᠰᠡᠨ ᠠᠵᠤ ᠠᠬᠤᠶᠢᠯᠠᠯ ᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠠᠴᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠬᠠᠷᠢᠶᠠᠯᠠᠭᠳᠠᠨ᠎ᠠ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠬᠠᠮᠢᠶ᠎ᠠ ᠪᠥᠬᠦᠶ ᠲᠣᠭᠲᠠᠭᠠᠯ | ᠶᠣᠰᠣᠭᠠᠷ 15% ᠶᠢᠨ ᠭᠠᠶᠢᠯᠢ ᠶᠢᠨ ᠨᠣᠷᠮ᠎ᠠ ᠪᠠᠷ ᠬᠠᠰᠤᠵᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠨ᠎ᠠ᠃ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠤ ᠡᠭᠦᠳᠦᠨ ᠡᠷᠭᠢᠯᠡᠭᠰᠡᠨ ᠠᠵᠤ ᠠᠬᠤᠶᠢᠯᠠᠯ ᠤᠨ ᠮᠡᠷᠭᠡᠵᠢᠯ ᠰᠢᠯᠵᠢᠭᠦᠯᠦᠨ ᠥᠭᠬᠦ᠂ ᠮᠡᠷᠭᠡᠵᠢᠯ ᠨᠡᠭᠡᠭᠡᠨ ᠬᠥᠭᠵᠢᠭᠦᠯᠬᠦ ᠪᠠ | ᠡᠭᠦᠨ ᠯᠦᠭᠡ ᠬᠤᠯᠪᠣᠭᠳᠠᠬᠤ ᠮᠡᠷᠭᠡᠵᠢᠯ ᠤᠨ ᠯᠠᠪᠯᠠᠭ᠎ᠠ᠂ ᠮᠡᠷᠭᠡᠵᠢᠯ ᠤᠨ ᠦᠢᠯᠡᠴᠢᠯᠡᠭᠡ ᠡᠷᠭᠢᠯᠡᠭᠡᠳ ᠣᠯᠤᠭᠰᠠᠨ ᠠᠰᠢᠭ ᠣᠯᠵᠠᠪᠤᠷᠢ ᠨᠢ ᠤᠯᠤᠰ ᠤᠨ ᠭᠠᠶᠢᠯᠢ | ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠪᠡᠯ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃ | ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ᠂ ᠨᠥᠬᠦᠴᠡᠯ ᠳᠤ ᠨᠡᠶᠢᠴᠡᠭᠰᠡᠨ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠠᠴᠠ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠪᠤᠶᠤ ᠬᠥᠩᠭᠡᠯᠡᠨ ᠲᠠᠲᠠᠪᠤᠷᠢᠯᠠᠵᠤ᠂ ᠰᠠᠭᠤᠭᠠᠯᠢ ᠠᠷᠠᠳ ᠠᠵᠤ ᠠᠬᠤᠶᠢᠯᠠᠯ ᠤᠨ ᠮᠡᠷᠭᠡᠵᠢᠯ ᠢ | ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠨᠢ 500 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠬᠡᠰᠡᠭ ᠠᠴᠠ ᠬᠠᠤᠯᠢ ᠶᠣᠰᠣᠭᠠᠷ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠦᠨ᠎ᠡ︔ 500 ᠲᠦᠮᠡᠨ ᠲᠥᠭᠦᠷᠢᠭ ᠠᠴᠠ ᠬᠡᠲᠦᠷᠡᠭᠰᠡᠨ ᠬᠡᠰᠡᠭ ᠠᠴᠠ ᠠᠵᠤ ᠠᠬᠤᠶᠢᠯᠠᠯ ᠤᠨ ᠣᠯᠵᠠᠪᠤᠷᠢ ᠶᠢᠨ | ᠭᠠᠶᠢᠯᠢ ᠶᠢ ᠬᠠᠤᠯᠢ ᠶᠣᠰᠣᠭᠠᠷ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ | ᠬᠤᠷᠢᠨ ᠭᠤᠷᠪᠠᠳᠤᠭᠠᠷ ᠵᠦᠢᠯ ᠡᠯ᠎ᠡ ᠲᠦᠷᠦᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠢᠳᠠᠪᠤᠷᠢᠲᠠᠨ ᠤ ᠵᠠᠭᠤᠴᠢᠯᠠᠬᠤ ᠵᠣᠬᠢᠶᠠᠨ | ᠪᠠᠶᠢᠭᠤᠯᠤᠯᠲᠠ᠂ ᠬᠤᠪᠢ ᠬᠥᠮᠦᠨ ᠵᠡᠷᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠡᠷᠭᠦᠨ ᠲᠠᠨᠢᠯᠴᠠᠭᠤᠯᠬᠤ ᠶᠢ ᠵᠣᠷᠢᠭᠵᠢᠭᠤᠯᠤᠨ᠎ᠠ᠃ ᠨᠢᠭᠡᠳᠦᠭᠡᠷ | ᠲᠥᠷᠥᠯ ᠤᠨ ᠴᠢᠳᠠᠪᠤᠷᠢᠲᠠᠨ ᠵᠢᠴᠢ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠠᠮᠵᠢᠯᠲᠠ ᠲᠠᠢ ᠪᠠᠷ ᠵᠠᠪᠠᠯ ᠣᠷᠣᠭᠤᠯᠤᠨ | ᠠᠪᠴᠢᠷᠠᠭᠰᠠᠳ ᠲᠤ 50 ᠲᠦᠮᠡ ᠠᠴᠠ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠲᠠᠪᠤᠳᠤᠭᠠᠷ ᠪᠦᠯᠦᠭ ᠴᠢᠳᠠᠪᠤᠷᠢᠲᠠᠨ ᠢ ᠬᠥᠮᠦᠵᠢᠭᠦᠯᠬᠦ | ᠬᠤᠷᠢᠨ ᠳᠥᠷᠪᠡᠳᠦᠭᠡᠷ ᠵᠦᠢᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠲᠦᠷᠦᠭᠦᠯᠡᠬᠦ ᠨᠢᠭᠡᠴᠡ ᠶᠢᠨ ᠴᠢᠳᠠᠪᠤᠷᠢᠲᠠᠨ ᠤ ᠡᠩᠨᠡᠭᠡ ᠶᠢᠨ ᠬᠥᠮᠦᠵᠢᠭᠦᠯᠦᠯ ᠢ ᠴᠢᠩᠭᠠᠳᠬᠠᠬᠤ ᠶᠢ ᠵᠣᠷᠢᠭᠵᠢᠭᠤᠯᠤᠨ ᠳᠡᠮᠵᠢᠬᠦ | ᠬᠡᠷᠡᠭᠲᠡᠶ᠃ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠢᠯ ᠪᠦᠷᠢ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶ᠎ᠡ ᠬᠡᠪᠴᠢᠶ᠎ᠡ ᠶᠢ ᠰᠣᠩᠭᠤᠵᠤ᠂ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢᠨ ᠬᠠᠮᠲᠤ ᠲᠦᠷᠦᠭᠦᠯᠡᠨ ᠬᠢᠬᠦ | ᠨᠢᠭᠡᠴᠡ ᠳᠤ 10-20 ᠲᠦᠮᠡᠨ ᠲᠥᠭᠦᠷᠢᠭ ᠤᠨ ᠲᠤᠰᠠᠯᠠᠮᠵᠢ ᠥᠭᠴᠦ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ | ᠰᠤᠳᠤᠯᠤᠨ ᠰᠤᠷᠤᠯᠴᠠᠵᠤ ᠳᠠᠪᠲᠠᠨ ᠪᠣᠯᠪᠠᠰᠤᠷᠠᠬᠤ ᠵᠡᠷᠭᠡ ᠠᠵᠢᠯᠯᠠᠭ᠎ᠠ ᠥᠷᠨᠢᠭᠦᠯᠬᠦ ᠳᠤ ᠬᠡᠷᠡᠭᠯᠡᠨ᠎ᠡ᠃ | ᠬᠤᠷᠢᠨ ᠲᠠᠪᠤᠳᠤᠭᠠᠷ ᠵᠦᠢᠯ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠤᠯᠤᠰ ᠤᠨ ᠳᠣᠲᠣᠭᠠᠳᠤ | ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠤᠯᠤᠰ ᠤᠨ | ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ | ᠡᠷᠭᠢᠯᠡᠭᠰᠡᠨ ᠪᠠᠶᠢᠪᠠᠯ᠂ ᠲᠣᠰ ᠲᠣᠰ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠪᠠ 10 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃ | ᠬᠤᠷᠢᠨ ᠵᠢᠷᠭᠤᠳᠤᠭᠠᠷ ᠵᠦᠢᠯ ᠵᠠᠪᠠᠯ ᠣᠷᠣᠭᠤᠯᠤᠨ ᠠᠪᠴᠢᠷᠠᠭᠰᠠᠨ ᠳ᠋ᠣᠺᠲ᠋ᠣᠷᠠᠨᠲ ᠤᠨ ᠰᠤᠳᠤᠯᠬᠤ ᠰᠣᠷᠣᠭᠴᠢ ᠶᠢ ᠮᠠᠨ ᠤ ᠬᠤᠲᠠ ᠶᠢᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠪᠠ ᠪᠤᠰᠤᠳ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠳᠣᠲᠣᠷ᠎ᠠ ᠳ᠋ᠣᠺᠲ᠋ᠣᠷᠠᠨᠲ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠥᠷᠲᠡᠭᠡ ᠪᠠᠶᠢᠭᠤᠯᠵᠤ᠂ ᠬᠤᠲᠠ ᠶᠢᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠪᠠᠶᠢᠪᠠᠯ᠂ ᠥᠷᠲᠡᠭᠡ ᠪᠠᠶᠢᠭᠤᠯᠬᠤ ᠵᠠᠷᠤᠳᠠᠯ ᠢ | ᠨᠢᠭᠡ ᠤᠳᠠᠭ᠎ᠠ ᠳᠤ 10 ᠲᠦᠮᠡᠨ ᠲᠥᠭᠦᠷᠢᠭ ᠤᠨ ᠵᠠᠷᠤᠳᠠᠯ ᠢ ᠨᠢᠭᠡ ᠤᠳᠠᠭ᠎ᠠ ᠳᠤ ᠣᠯᠭᠤᠨ᠎ᠠ᠃ | ᠬᠤᠷᠢᠨ ᠳᠣᠯᠣᠳᠤᠭᠠᠷ ᠵᠦᠢᠯ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠥᠷᠲᠡᠭᠡ ᠪᠠᠶᠢᠭᠤᠯᠬᠤ ᠶᠢ ᠶᠡᠬᠡᠪᠡᠷ ᠠᠬᠢᠭᠤᠯᠵᠤ᠂ ᠬᠤᠶᠠᠷ ᠬᠦᠷᠢᠶᠡᠯᠡᠩ ᠤᠨ ᠠᠺᠠᠳᠧᠮᠢᠴᠢ ᠵᠢᠴᠢ ᠰᠢᠨ᠎ᠡ ᠶᠢ ᠡᠭᠦᠳᠬᠦ | ᠪᠦᠯᠬᠦᠮ ᠨᠡᠶᠢᠲᠡ᠂ ᠨᠠᠷᠠᠲᠤ ᠳᠡᠭᠡᠳᠦ ᠰᠤᠷᠭᠠᠭᠤᠯᠢ ᠶᠢᠨ ᠳ᠋ᠣᠺᠲ᠋ᠣᠷ ᠢ ᠢᠳᠡᠪᠬᠢᠲᠡᠶ ᠪᠠᠷ ᠲᠠᠲᠠᠵᠤ ᠥᠷᠲᠡᠭᠡᠨ ᠳᠤ ᠣᠷᠣᠭᠤᠯᠤᠨ ᠠᠵᠢᠯ ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ᠂ ᠥᠪᠡᠷᠲᠡᠭᠡᠨ ᠵᠠᠰᠠᠬᠤ | ᠣᠷᠣᠨ ᠠᠴᠠ ᠣᠯᠭᠤᠭᠰᠠᠨ ᠡᠬᠢᠯᠡᠭᠦᠯᠬᠦ ᠵᠠᠷᠤᠳᠠᠯ ᠠᠴᠠ ᠭᠠᠳᠠᠨ᠎ᠠ᠂ ᠮᠠᠨ ᠤ ᠬᠤᠲᠠ ᠨᠢᠭᠡ ᠤᠳᠠᠭ᠎ᠠ ᠳᠤ 30 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃ | ᠤᠯᠤᠰ ᠤᠨ ᠵᠥᠪᠰᠢᠶᠡᠷᠡᠯ ᠢ ᠣᠯᠤᠭᠰᠠᠨ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠳᠤ ᠨᠢᠭᠡ ᠤᠳᠠᠭ᠎ᠠ ᠳᠤ 20 ᠲᠦᠮᠡᠨ ᠲᠥᠭᠦᠷᠢᠭ ᠤᠨ | ᠲᠤᠰᠠᠯᠠᠮᠵᠢ ᠣᠯᠭᠤᠨ᠎ᠠ᠃ | ᠬᠤᠷᠢᠨ ᠨᠠᠢᠮᠠᠳᠤᠭᠠᠷ ᠵᠦᠢᠯ ᠤᠯᠤᠰ ᠤᠨ ᠲᠠᠰ ᠲᠤ ᠰᠣᠩᠭᠤᠭᠳᠠᠭᠰᠠᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠨᠢᠭᠡ ᠤᠳᠠᠭ᠎ᠠ ᠳᠤ 100 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ | ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠰᠣᠩᠭᠤᠭᠳᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 10 — 15 ᠲᠦᠮᠡᠨ ᠲᠥᠭᠦᠷᠢᠭ ᠤᠨ | ᠵᠣᠭᠤᠰ ᠢᠶᠠᠷ ᠲᠤᠰᠠᠯᠠᠨ᠎ᠠ᠃ ᠲᠤᠰᠠᠯᠠᠮᠵᠢ ᠶᠢᠨ ᠪᠡᠯᠡ ᠮᠥᠩᠭᠦ ᠶᠢ ᠰᠤᠳᠤᠯᠬᠤ᠂ ᠰᠢᠯᠭᠠᠬᠤ ᠵᠡᠷᠭᠡ ᠵᠥᠭᠡᠯᠡᠨ ᠬᠠᠲᠠᠭᠤ ᠬᠡᠷᠡᠭᠰᠡᠯ ᠤᠨ ᠪᠥᠳᠥᠭᠡᠨ ᠪᠠᠶᠢᠭᠤᠯᠤᠯᠲᠠ | ᠵᠢᠴᠢ ᠲᠦᠭᠦᠬᠡᠶ ᠮᠠᠲ᠋ᠧᠷᠢᠶᠠᠯ᠂ ᠠᠵᠢᠯᠳᠠᠨ ᠵᠡᠷᠭᠡ ᠶᠢᠨ ᠣᠷᠣᠭᠤᠯᠤᠯᠲᠠ ᠳᠤ ᠬᠡᠷᠡᠭᠯᠡᠨ᠎ᠡ᠃ | ᠬᠤᠷᠢ ᠶᠢᠰᠦᠳᠦᠭᠡᠷ ᠵᠦᠢᠯ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠦᠨᠡᠮᠰᠢᠭᠰᠡᠨ ᠪᠥᠭᠡᠳ ᠬᠡᠪ ᠤᠨ ᠶᠣᠰᠣᠭᠠᠷ ᠠᠵᠢᠯᠯᠠᠭᠰᠠᠨ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯ ᠨᠢᠭᠡ | ᠤᠳᠠᠭ᠎ᠠ ᠳᠤ 10 ᠲᠦᠮᠡᠨ ᠲᠥᠭᠦᠷᠢᠭ ᠤᠨ ᠵᠣᠭᠤᠰ ᠢᠶᠠᠷ ᠲᠤᠰᠠᠯᠠᠨ᠎ᠠ᠃ ᠦᠨᠡᠮᠰᠢᠭᠰᠡᠨ ᠪᠥᠭᠡᠳ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠲᠤ ᠨᠢᠭᠡ ᠤᠳᠠᠭ᠎ᠠ ᠶᠢᠨ ᠴᠢᠨᠠᠷᠲᠠᠶ ᠪᠠᠷ 10 | ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃ | ᠭᠤᠴᠢᠳᠤᠭᠠᠷ ᠵᠦᠢᠯ ᠡᠯ᠎ᠡ ᠬᠦᠷᠢᠶᠡᠨ ᠤ ᠴᠢᠳᠠᠪᠤᠷᠢᠲᠠᠨ ︵ᠪᠦᠯᠬᠦᠮ ᠨᠡᠶᠢᠲᠡ︶ ᠨᠢ ᠮᠠᠨ ᠤ ᠬᠤᠲᠠ ᠶᠢᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠳᠠᠪᠤᠷᠢᠲᠠᠨ ᠤ ᠢᠨᠵᠧᠨᠧᠷᠢᠩ ᠢ ᠭᠤᠶᠤᠴᠢᠯᠠᠨ ᠮᠡᠳᠡᠭᠦᠯᠦᠭᠰᠡᠨ ᠪᠥᠭᠡᠳ | ᠠᠮᠵᠢᠯᠲᠠ ᠲᠠᠢ ᠪᠠᠷ ᠰᠣᠩᠭᠤᠭᠳᠠᠭᠰᠠᠨ ᠪᠠᠶᠢᠪᠠᠯ᠂ 1 ᠬᠥᠮᠦᠨ ︵ᠬᠤᠪᠢ︶ ᠠᠮᠵᠢᠯᠲᠠ ᠣᠯᠤᠭᠰᠠᠨ ᠪᠠᠶᠢᠪᠠᠯ᠂ ᠲᠣᠰ ᠲᠣᠰ ᠬᠥᠮᠦᠨ ᠬᠡᠷᠡᠭᠯᠡᠬᠦ ᠨᠢᠭᠡᠴᠡ ᠳᠤ 10 | ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︵ᠪᠦᠯᠬᠦᠮ ᠨᠡᠶᠢᠲᠡ︶ ᠢ ᠬᠥᠮᠦᠵᠢᠭᠦᠯᠦᠨ ᠱᠠᠩᠨᠠᠨ᠎ᠠ᠃ | ᠭᠤᠴᠢᠨ ᠨᠢᠭᠡᠳᠦᠭᠡᠷ ᠵᠦᠢᠯ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠳᠡᠭᠡᠳᠦ ᠰᠢᠨ᠎ᠡ ᠮᠡᠷᠭᠡᠵᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠂ | ᠲᠤᠰᠬᠠᠶ ᠠᠰᠢᠭ ᠤᠨ ᠮᠡᠷᠭᠡᠵᠢᠯ ᠵᠡᠷᠭᠡ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥᠯ ᠵᠦᠢᠯ ᠢ ᠳᠠᠭᠠᠭᠤᠯᠤᠨ ᠮᠠᠨ ᠤ | ᠬᠤᠲᠠ ᠶᠢᠨ ᠠᠵᠤ ᠠᠬᠤᠶᠢᠯᠠᠯ ᠳᠤ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠵᠢᠬᠢᠨᠠᠨ ᠲᠣᠭᠲᠠᠭᠠᠬᠤ ᠪᠠᠷ ᠳᠡᠮᠵᠢᠨ ᠬᠡᠷᠡᠭᠵᠢᠭᠦᠯᠵᠦ ᠪᠣᠯᠬᠤ | ᠪᠥᠭᠡᠳ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠬᠦ ᠪᠠᠷ ᠦᠨᠡᠮᠰᠢᠭᠰᠡᠨ ᠲᠥᠷᠥᠯ ᠵᠦᠢᠯ ᠳᠤ ᠬᠠᠮᠤᠭ ᠥᠨᠳᠥᠷ ᠲᠡᠭᠡᠨ 20 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠲᠤᠰᠠᠯᠠᠮᠵᠢ ᠣᠯᠭᠤᠨ᠎ᠠ᠃ | ᠭᠤᠴᠢᠨ ᠬᠤᠶᠠᠳᠤᠭᠠᠷ ᠵᠦᠢᠯ ᠠᠯᠪᠠᠳᠠᠯᠭ᠎ᠠ ᠪᠠᠷ ᠣᠷᠣᠭᠤᠯᠤᠨ ᠠᠪᠴᠢᠷᠠᠭᠰᠠᠨ ᠭᠤᠷᠪᠠ ᠠᠴᠠ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠠᠴᠠ ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠢ ᠢᠳᠡᠪᠬᠢᠲᠡᠶ ᠪᠠᠷ ᠲᠠᠨᠢᠯᠴᠠᠭᠤᠯᠤᠨ ᠰᠢᠯᠭᠠᠷᠠᠭᠤᠯᠬᠤ ᠳᠤ | ᠣᠷᠣᠯᠴᠠᠭᠤᠯᠤᠨ᠎ᠠ᠃ ᠵᠥᠭᠡᠯᠡᠨ ᠴᠢᠨᠠᠷᠲᠠᠶ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠨᠢ ᠵᠥᠭᠡᠯᠡᠨ ᠴᠢᠨᠠᠷᠲᠠᠶ ᠪᠠᠷ ᠰᠢᠯᠵᠢᠬᠦ ᠠᠵᠢᠯ ᠤᠨ ᠪᠠᠶᠢᠷᠢ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠣᠷᠣᠭᠤᠯᠤᠨ ᠠᠪᠴᠢᠷᠠᠭᠰᠠᠨ ᠨᠢᠭᠡᠴᠡ ᠠᠴᠠ ︽ᠪᠣᠷᠣᠲᠣᠬᠤᠶ ᠶᠢᠨ ᠰᠣᠳᠣᠨ ᠴᠢᠳᠠᠪᠤᠷᠢᠲᠠᠨ︾᠂ ︽ᠲᠠᠯ᠎ᠠ | ᠨᠤᠲᠤᠭ ᠤᠨ ᠰᠣᠳᠣᠨ ᠴᠢᠳᠠᠪᠤᠷᠢᠲᠠᠨ︾ ᠵᠡᠷᠭᠡ ᠴᠢᠳᠠᠪᠤᠷᠢᠲᠠᠨ ᠤ ᠰᠢᠯᠭᠠᠷᠠᠭᠤᠯᠤᠯᠲᠠ ᠶᠢᠨ ᠲᠥᠷᠥᠯ ᠵᠦᠢᠯ ᠢ ᠡᠩ ᠲᠡᠷᠢᠭᠦᠨ ᠳᠤ ᠲᠠᠨᠢᠯᠴᠠᠭᠤᠯᠤᠨ | ᠰᠢᠯᠭᠠᠷᠠᠭᠤᠯᠬᠤ ᠳᠤ ᠣᠷᠣᠯᠴᠠᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠲᠤᠰ ᠭᠠᠵᠠᠷ ᠣᠷᠣᠨ ᠤ ᠴᠢᠳᠠᠪᠤᠷᠢᠲᠠᠨ ᠬᠥᠮᠦᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠠᠵᠢᠯ ᠲᠥᠷᠥᠯ ᠤᠨ ᠬᠦᠷᠢᠶᠡᠨ ᠳᠠᠬᠢ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠶᠢ ᠵᠣᠷᠢᠭᠵᠢᠭᠤᠯᠤᠨ | ᠳᠡᠮᠵᠢᠵᠦ᠂ ᠲᠣᠰ ᠭᠠᠵᠠᠷ ᠣᠷᠣᠨ ᠤ ᠴᠢᠳᠠᠪᠤᠷᠢᠲᠠᠨ ᠤ ᠬᠥᠭᠵᠢᠯᠲᠡ ᠶᠢᠨ ᠬᠠᠷᠠᠯᠲᠠ᠂ ᠬᠥᠮᠦᠵᠢᠭᠦᠯᠬᠦ ᠲᠥᠯᠥᠪᠯᠡᠭᠡ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ᠂ ᠵᠠᠷᠤᠳᠠᠯ ᠵᠡᠷᠭᠡ ᠳᠤ ᠳᠡᠮᠵᠢᠯᠭᠡ ᠦᠵᠡᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠲᠤᠰᠬᠠᠶ | ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠠᠵᠤ ᠠᠬᠤᠶᠢᠯᠠᠯ ᠳᠤ ᠲᠦᠷ ᠴᠠᠭ ᠲᠤᠰᠢᠶᠠᠯ ᠡᠭᠦᠷᠭᠡᠯᠡᠭᠦᠯᠬᠦ ᠪᠤᠶᠤ ᠲᠥᠷᠥᠯ ᠵᠦᠢᠯ ᠤᠨ ᠬᠠᠮᠲᠤᠷᠠᠯᠴᠠᠭ᠎ᠠ ᠳᠤ | ᠣᠷᠣᠯᠴᠠᠭᠤᠯᠬᠤ ᠶᠢ ᠳᠡᠮᠵᠢᠨ ᠵᠣᠷᠢᠭᠵᠢᠭᠤᠯᠵᠤ᠂ ᠬᠤᠭᠤᠴᠠᠭᠠᠨ ᠳᠤ ᠤᠤᠯ ᠤᠨ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠯᠤᠭ᠎ᠠ ᠬᠠᠮᠢᠶ᠎ᠠ ᠪᠥᠬᠦᠶ | ᠡᠷᠬᠡ ᠶᠢ ᠠᠳᠠᠯᠢ ᠲᠡᠭᠰᠢ ᠪᠠᠷ ᠡᠳ᠋ᠯᠡᠬᠦ ᠶᠢᠨ ᠬᠠᠮᠲᠤ᠂ ᠬᠡᠯᠡᠯᠴᠡᠭᠡᠷ ᠤᠨ ᠶᠣᠰᠣᠭᠠᠷ ᠦᠷ᠎ᠡ ᠪᠦᠲᠦᠭᠡᠯ ᠢᠶᠠᠨ ᠰᠢᠯᠵᠢᠭᠦᠯᠦᠨ ᠥᠭᠭᠦᠭᠰᠡᠨ᠂ ᠨᠡᠭᠡᠭᠡᠨ ᠬᠥᠭᠵᠢᠭᠦᠯᠦᠭᠰᠡᠨ | ᠠᠰᠢᠭ ᠣᠯᠵᠠᠪᠤᠷᠢ ᠶᠢ ᠣᠯᠵᠤ ᠪᠣᠯᠤᠨ᠎ᠠ᠃ ︽ᠴᠢᠳᠠᠪᠤᠷᠢᠲᠠᠨ ᠢ ᠬᠥᠮᠦᠵᠢᠭᠦᠯᠬᠦ ᠠᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠶᠢᠷᠡᠭᠦᠯᠦᠨ | ᠥᠷᠭᠡᠳᠬᠡᠵᠦ ᠂ ︽ᠴᠢᠳᠠᠪᠤᠷᠢᠲᠠᠨ + ᠲᠥᠷᠥᠯ ᠵᠦᠢᠯ + ᠲᠠᠪᠴᠠᠩ︾ ᠤᠨ ᠵᠠᠭᠪᠤᠷ ᠢᠶᠠᠷ ᠳᠠᠮᠵᠢᠭᠤᠯᠤᠨ᠂ ᠲᠣᠰ ᠭᠠᠵᠠᠷ ᠣᠷᠣᠨ ᠤ ᠪᠠᠨ ᠴᠢᠳᠠᠪᠤᠷᠢᠲᠠᠨ ᠢ | ᠨᠡᠭᠡᠭᠡᠨ ᠬᠥᠭᠵᠢᠭᠦᠯᠬᠦ᠂ ᠬᠡᠷᠡᠭᠯᠡᠬᠦ ᠪᠠ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠠᠵᠢᠯ ᠲᠦᠷᠦᠯ ᠤᠨ ᠬᠦᠷᠢᠶᠡᠨ ᠤ ︽ ᠲᠦᠷᠦᠭᠦᠦ ᠲᠤᠰᠬᠠᠢ | ᠮᠡᠷᠭᠡᠵᠢᠯᠲᠡᠨ︾᠂ ︽ᠳᠡᠳ᠋ ᠰᠠᠭᠤᠳᠠᠯ ᠤᠨ ᠲᠤᠰᠬᠠᠢ ᠮᠡᠷᠭᠡᠵᠢᠯᠲᠡᠨ︾ ᠵᠡᠷᠭᠡ ᠢᠷᠠᠭᠤ ᠠᠯᠳᠠᠷ ᠤᠨ ᠴᠣᠯᠠ ᠶᠢ ᠦᠨᠡᠯᠡᠨ ᠲᠣᠭᠲᠠᠭᠠᠵᠤ ᠣᠯᠭᠤᠬᠤ ᠠᠵᠢᠯ ᠢ | ᠰᠦᠪᠡᠭᠴᠢᠯᠡᠨ ᠥᠷᠨᠢᠭᠦᠯᠵᠦ᠂ ᠪᠣᠳᠠᠲᠠᠢ ᠠᠵᠢᠯᠯᠠᠵᠤ ᠦᠢᠯᠡᠰ ᠪᠦᠲᠦᠭᠡᠬᠦ ᠰᠢᠯᠢᠳᠡᠭ ᠴᠢᠳᠠᠪᠤᠷᠢᠲᠠᠨ ᠳᠤ ᠶᠣᠰᠣᠷᠬᠠᠭ ᠬᠠᠷᠠᠭᠠᠯᠵᠠᠯ ᠪᠠ ᠬᠦᠨᠳᠦᠳᠬᠡᠯ ᠪᠢᠰᠢᠷᠡᠯ ᠢ | ᠬᠦᠷᠲᠡᠭᠡᠨ᠎ᠡ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠴᠢᠳᠠᠪᠤᠷᠢᠲᠠᠨ ᠤ ᠭᠤᠣᠯ ᠰᠡᠳᠦᠪᠲᠦ ᠰᠠᠯᠤᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠯ᠎ᠡ | ᠬᠦᠷᠢᠶᠡᠨ ᠤ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠬᠠᠷᠢᠯᠴᠠᠨ ᠰᠣᠯᠢᠯᠴᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠳᠤ ᠲᠠᠪᠴᠠᠩ ᠪᠠᠶᠢᠭᠤᠯᠵᠤ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠦᠢᠯᠡᠳᠦᠯ ᠢ ᠬᠠᠮᠤᠭ ᠤᠨ | ᠶᠡᠭᠡ ᠪᠠᠷ ᠪᠠᠳᠠᠷᠠᠭᠤᠯᠵᠤ᠂ ︽ᠤᠶᠤᠨ ᠤᠬᠠᠭᠠᠨ ᠲᠠᠢ᠂ ᠤᠯᠠᠨ ᠡᠰᠢ ᠲᠠᠢ᠂ ᠲᠠᠪᠰᠢᠯᠳᠠ ᠲᠠᠢ᠂ ᠰᠢᠨ᠎ᠡ ᠶᠢ ᠡᠭᠦᠳᠬᠦ︾ ᠴᠢᠳᠠᠪᠤᠷᠢᠲᠠᠨ ᠤ ︽ ᠨᠠᠶᠢᠵᠠ ᠶᠢᠨ | ᠲᠣᠭᠤᠷᠢᠭ︾ ᠢ ᠬᠦᠴᠦᠯᠡᠨ ᠪᠠᠶᠢᠭᠤᠯᠬᠤ ᠬᠡᠷᠡᠭᠲᠡᠢ᠃ | ᠵᠢᠷᠭᠤᠳᠤᠭᠠᠷ ᠪᠦᠯᠦᠭ ᠴᠢᠳᠠᠪᠤᠷᠢᠲᠠᠨ ᠢ ᠬᠠᠮᠢᠶᠠᠷᠬᠤ ᠪᠠ ᠬᠡᠷᠡᠭᠯᠡᠬᠦ | ᠭᠤᠴᠢᠨ ᠲᠠᠪᠤᠳᠤᠭᠠᠷ ᠵᠦᠢᠯ ᠬᠥᠮᠦᠨ ᠬᠡᠷᠡᠭᠯᠡᠬᠦ ᠨᠢᠭᠡᠴᠡ ᠴᠢᠳᠠᠪᠤᠷᠢᠲᠠᠨ ᠣᠷᠣᠭᠤᠯᠵᠤ ᠠᠪᠴᠢᠷᠠᠬᠤ ᠠᠵᠢᠯ ᠥᠷᠨᠢᠭᠦᠯᠬᠦ ᠳᠤ ᠲᠠᠯᠠᠪᠤᠷ᠂ ᠪᠡᠯᠡᠳᠬᠡᠮᠵᠢ᠂ | ᠠᠵᠢᠯᠳᠠᠨ ᠵᠡᠷᠭᠡ ᠴᠢᠬᠤᠯᠠ ᠪᠥᠬᠦᠢ ᠨᠥᠬᠦᠴᠡᠯ ᠬᠠᠩᠭᠠᠵᠤ᠂ ᠴᠢᠳᠠᠪᠤᠷᠢᠲᠠᠨ ᠣᠷᠣᠭᠤᠯᠵᠤ ᠢᠷᠡᠬᠦ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ | ᠬᠤᠳᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠭᠤᠶᠤᠴᠢᠯᠠᠬᠤ ᠶᠢ ᠳᠡᠮᠵᠢᠬᠦ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠬᠠᠷᠢᠭᠤᠴᠠᠯᠭᠠᠲᠠᠨ ᠪᠣᠯᠭᠠᠭᠰᠠᠨ ᠪᠠᠶᠢᠪᠠᠯ᠂ ᠬᠠᠮᠲᠤ ᠳᠤᠨᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠵᠦᠢᠯᠡᠰ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠵᠡᠨ ᠮᠡᠳᠡᠬᠦ ᠡᠷᠬᠡ᠂ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠪᠠ ᠵᠠᠷᠤᠳᠠᠯ ᠢ ᠵᠠᠬᠢᠷᠬᠤ ᠡᠷᠬᠡ ᠶᠢ ᠡᠳ᠋ᠯᠡᠵᠦ ᠪᠣᠯᠤᠨ᠎ᠠ᠃ | ᠭᠤᠴᠢᠨ ᠵᠢᠷᠭᠤᠳᠤᠭᠠᠷ ᠵᠦᠢᠯ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠬᠤᠭᠤᠴᠠᠭᠠᠨ ᠳᠤ᠂ | ᠨᠥᠬᠦᠴᠡᠯ ᠲᠠᠢ ᠬᠥᠮᠦᠨ ᠬᠡᠷᠡᠭᠯᠡᠬᠦ ᠨᠢᠭᠡᠴᠢ ᠨᠢ ᠲᠡᠭᠦᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠪᠰᠤᠷᠤᠭᠴᠢ ᠲᠣᠬᠢᠷᠠᠭᠤᠯᠵᠤ᠂ ᠤᠯᠠᠮᠵᠢᠯᠠᠬᠤ ᠬᠠᠪᠰᠤᠷᠬᠤ | ᠳᠠᠭᠠᠭᠤᠯᠬᠤ ᠪᠠᠷ ᠳᠠᠮᠵᠢᠭᠤᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠪᠣᠯᠤᠨ᠎ᠠ᠃ | ᠭᠤᠴᠢᠨ ᠳᠣᠯᠣᠳᠤᠭᠠᠷ ᠵᠦᠢᠯ ᠡᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠲᠤᠷᠰᠢᠨ ᠬᠡᠷᠡᠭᠯᠡᠬᠦ ᠬᠤᠭᠤᠴᠠᠭ᠎ᠠ ᠨᠢ | ᠳᠦᠭᠦᠷᠴᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠤ ᠲᠠᠷᠠᠭ᠎ᠠ᠂ ᠳ᠋ᠣᠺᠲ᠋ᠣᠷᠠᠨᠲ ᠢᠶᠠᠷ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ | ᠪᠠᠶᠢᠷᠢ ᠶᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ᠂ ᠠᠰᠫᠢᠷᠠᠨᠲ ᠢᠶᠠᠷ ᠨᠠᠢᠮᠠᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ | ᠲᠤᠰᠢᠶᠠᠯ ᠡᠭᠦᠷᠭᠡᠯᠡᠭᠦᠯᠵᠦ ᠪᠣᠯᠤᠨ᠎ᠠ︔ ᠬᠤᠲᠠ ᠶᠢᠨ ᠳᠣᠲᠣᠷᠠᠬᠢ ᠣᠲᠣ ᠶᠢᠨ ᠪᠠᠶᠢᠭ᠎ᠠ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠳ᠋ᠣᠺᠲ᠋ᠣᠷᠠᠨᠲ | ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ | ᠤᠳᠤᠷᠢᠳᠬᠤ ᠲᠤᠰᠢᠶᠠᠯ ᠢ ᠡᠭᠦᠷᠭᠡᠯᠡᠵᠦ ᠪᠣᠯᠤᠨ᠎ᠠ᠃ ᠣᠨᠴᠠ ᠰᠢᠯᠢᠳᠡᠭ ᠢ ᠨᠢ ᠱᠠᠳᠤ ᠠᠯᠭᠠᠰᠠᠭᠤᠯᠤᠨ ᠨᠡᠩ ᠥᠨᠳᠥᠷ ᠲᠤᠰᠢᠶᠠᠯ ᠤᠨ ᠲᠡᠰ ᠳᠠᠪᠬᠤᠷᠭ᠎ᠠ ᠶᠢᠨ | ᠤᠳᠤᠷᠢᠳᠬᠤ ᠪᠠᠶᠢᠷᠢᠨ ᠳᠤ ᠳᠡᠪᠰᠢᠭᠦᠯᠵᠦ ᠪᠣᠯᠤᠨ᠎ᠠ᠃ | ᠭᠤᠴᠢᠨ ᠨᠠᠢᠮᠠᠳᠤᠭᠠᠷ ᠵᠦᠢᠯ ᠡᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠶᠢᠷᠢᠨ ᠳᠤ ᠬᠤᠭᠤᠰᠣᠨ ᠣᠷᠣ ᠭᠠᠷᠪᠠᠯ᠂ ᠲᠤᠰᠢᠶᠠᠯ ᠡᠭᠦᠷᠭᠡᠯᠡᠬᠦ | ᠨᠥᠬᠦᠴᠡᠯ ᠳᠤ ᠨᠡᠶᠢᠴᠡᠭᠰᠡᠨ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠤᠷᠢᠳᠠᠪᠠᠷ ᠳᠡᠪᠰᠢᠭᠦᠯᠵᠦ ᠪᠣᠯᠤᠨ᠎ᠠ᠃ ᠲᠥᠯᠥᠪᠯᠡᠭᠡ ᠲᠠᠢ ᠪᠠᠷ ᠴᠢᠳᠠᠪᠤᠷᠢᠲᠠᠨ ᠢ ᠰᠣᠩᠭᠤᠨ | ᠲᠣᠮᠢᠯᠠᠵᠤ ᠬᠤᠰᠢᠭᠤ ᠰᠢᠶᠠᠨ ᠲᠣᠭᠤᠷᠢᠭ ᠵᠢᠴᠢ ᠰᠤᠮᠤ ᠰᠢᠶᠠᠩ ᠪᠠᠯᠭᠠᠰᠤ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠭᠤᠯᠤᠨ ᠲᠤᠰᠢᠶᠠᠯ | ᠡᠭᠦᠷᠭᠡᠯᠡᠭᠦᠯᠦᠨ ᠪᠣᠯᠪᠠᠰᠤᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠩᠭᠡᠷᠡᠯᠲᠡ ᠪᠠᠨ ᠪᠠᠶᠠᠯᠢᠭᠵᠢᠭᠤᠯᠬᠤ᠂ ᠬᠠᠷᠠᠭ᠎ᠠ ᠪᠠᠨ ᠥᠷᠭᠡᠳᠬᠡᠬᠦ᠂ ᠬᠡᠪ | ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠤᠷᠢ ᠪᠠᠨ ᠨᠡᠮᠡᠭᠳᠡᠭᠦᠯᠬᠦ ᠳᠤ ᠪᠣᠯᠪᠠᠰᠤᠷᠠᠭᠤᠯᠬᠤ ᠲᠣᠬᠢᠶᠠᠯ ᠬᠠᠩᠭᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠨᠥ᠋ᠬᠦᠴᠡᠯ ᠳᠤ ᠨᠡᠶᠢᠴᠡᠭᠰᠡᠨ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠳᠣᠲᠣᠷ᠎ᠠ ᠠᠴᠠ ᠨᠠᠮ ᠤᠨ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠵᠤ᠂ ᠮᠣᠷᠠᠯ ᠴᠢᠳᠠᠪᠤᠷᠢ | ᠬᠤᠣᠰᠯᠠᠭᠰᠠᠨ᠂ ᠣᠷᠦ᠋ᠢᠯᠠᠭᠰᠠᠨ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠵᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠳᠤ ᠲᠤᠰᠢᠶᠠᠯ ᠡᠭᠦᠷᠭᠡᠯᠡᠭᠦᠯᠬᠦ ᠶᠢ ᠴᠢᠬᠤᠯᠠᠴᠢᠯᠠᠨ᠎ᠠ᠃ | ᠳᠥᠴᠢᠳᠦᠭᠡᠷ ᠵᠦᠢᠯ ᠦᠨᠳᠦᠰᠦᠨ ᠱᠠᠲᠤ᠂ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠳᠤ ᠬᠠᠨᠳᠤᠭᠤᠯᠤᠨ ︽ᠬᠠᠨᠳᠤᠯᠭ᠎ᠠ ᠲᠠᠢ ᠪᠠᠷ ᠦᠨᠡᠯᠡᠬᠦ᠂ | ᠬᠠᠨᠳᠤᠯᠭ᠎ᠠ ᠲᠠᠢ ᠪᠠᠷ ᠬᠡᠷᠡᠭᠯᠡᠬᠦ︾ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ | ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠠᠵᠢᠯ ᠤᠨ | ᠪᠦᠲᠦᠮᠵᠢ ᠪᠠᠷ ᠣᠨᠴᠠᠭᠠᠶ ᠲᠣᠪᠤᠶᠢᠮ᠎ᠠ᠂ ᠲᠤᠰᠬᠠᠶ ᠮᠡᠷᠭᠡᠵᠢᠯ ᠤᠨ ᠬᠦᠷᠢᠶ᠎ᠡ ᠵᠢᠴᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ | ᠶᠡᠭᠡ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠴᠢᠳᠠᠪᠤᠷᠢᠲᠠᠨ ᠳᠤ ᠰᠠᠭᠠᠳ ᠥᠬᠡᠶ ᠨᠡᠪᠲᠡᠷᠡᠬᠦ ᠵᠠᠮ ᠢᠶᠠᠷ ᠰᠢᠭᠤᠳ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ | ᠭᠤᠶᠤᠴᠢᠯᠠᠨ ᠮᠡᠳᠡᠭᠦᠯᠵᠦ ᠪᠣᠯᠤᠨ᠎ᠠ᠃ | ᠠᠵᠢᠯ ᠦᠢᠯᠡᠰ ᠤᠨ ᠨᠢᠭᠡᠴᠡ ᠨᠢᠭᠡᠳᠦᠭᠡᠷ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠪᠠ ᠮᠠᠨ ᠤ ᠬᠤᠲᠠ ᠶᠢᠨ ᠠᠵᠢᠯ ᠦᠢᠯᠡᠰ ᠤᠨ ᠨᠢᠭᠡᠴᠡ ᠳᠠᠬᠢ | ᠠᠵᠢᠯ ᠤᠨ ᠪᠦᠲᠦᠮᠵᠢ ᠪᠠᠷ ᠮᠡᠳᠡᠭᠳᠡᠮ᠎ᠡ᠂ ᠬᠤᠪᠢ ᠨᠡᠮᠡᠷᠢ ᠪᠠᠷ ᠲᠣᠪᠤᠶᠢᠮ᠎ᠠ᠂ ᠠᠵᠢᠯ ᠲᠥᠷᠥᠯ ᠪᠠ ᠣᠯᠠᠨ ᠲᠦᠮᠡᠨ ᠳᠤ ᠮᠡᠳᠡᠷᠡᠭᠳᠡᠭᠰᠡᠨ ᠣᠳᠣ ᠶᠢᠨ ᠪᠠᠶᠢᠭ᠎ᠠ | ᠰᠢᠯᠢᠳᠡᠭ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ᠂ ᠵᠣᠬᠢᠬᠤ ᠬᠢᠷᠢ ᠬᠡᠮ ᠤᠨ ᠦᠨᠡᠮᠯᠡᠯ ᠣᠯᠤᠭᠰᠠᠨ ᠪᠣᠯᠪᠠᠴᠤ ᠵᠣᠬᠢᠬᠤ ᠠᠵᠢᠯ ᠤᠨ ᠪᠠᠶᠢᠷᠢ ᠶᠢᠨ | ᠬᠤᠭᠤᠰᠣᠨ ᠣᠷᠣ ᠥᠬᠡᠶ ᠪᠣᠯ᠂ ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ ᠭᠠᠷᠭᠠᠬᠤ ᠪᠠᠷ ᠳᠠᠮᠵᠢᠭᠤᠯᠤᠨ ᠤᠷᠢᠨ ᠬᠡᠷᠡᠭᠯᠡᠬᠦ ᠪᠠᠷ ᠭᠤᠶᠤᠴᠢᠯᠠᠵᠤ ᠪᠣᠯᠤᠨ᠎ᠠ᠃ | ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠵᠡᠷᠭᠡ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠢᠶᠠᠷ ᠦᠨᠡᠯᠡᠭᠳᠡᠭᠰᠡᠨ ᠡᠯ᠎ᠡ ᠲᠥᠷᠥᠯ ᠤᠨ | ᠴᠢᠳᠠᠪᠤᠷᠢᠲᠠᠨ ᠨᠢ ᠳᠡᠭᠡᠳᠦ ᠨᠢᠭᠡ ᠳᠡᠰ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠱᠠᠲᠤ ᠠᠯᠭᠠᠰᠠᠨ ᠭᠤᠶᠤᠴᠢᠯᠠᠵᠤ ᠪᠣᠯᠤᠨ᠎ᠠ︔ ᠪᠠᠶᠢᠭ᠎ᠠ ᠨᠢᠭᠡᠴᠡ ᠨᠢ ᠵᠣᠬᠢᠬᠤ | ᠵᠡᠷᠭᠡ ᠳᠡᠰ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠤᠭᠤᠰᠣᠨ ᠣᠷᠣ ᠥᠬᠡᠶ ᠪᠣᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠣᠨᠴᠠᠭᠠᠢ ᠠᠵᠢᠯ ᠤᠨ ᠪᠠᠶᠢᠷᠢ ᠪᠠᠷ ᠳᠡᠮᠵᠢᠨ ᠤᠷᠢᠨ ᠬᠡᠷᠡᠭᠯᠡᠵᠦ ᠪᠣᠯᠤᠨ᠎ᠠ᠃ | ᠬᠠᠮᠢᠶᠠᠷᠤᠯᠲᠠ ᠶᠢᠨ ᠠᠵᠢᠯ ᠤᠨ ᠪᠦᠲᠦᠮᠵᠢ ᠪᠠᠷ ᠲᠣᠪᠤᠶᠢᠮ᠎ᠠ᠂ ᠲᠤᠬᠠᠶ ᠶᠢᠨ ᠭᠠᠵᠠᠷ ᠤᠨ ᠠᠵᠤ ᠠᠬᠤᠶ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠪᠤᠶᠤ ᠮᠤᠵᠢ ᠶᠠᠮᠤᠨ ᠤ ᠲᠠᠰ ᠵᠢᠴᠢ ᠮᠤᠵᠢ ᠶᠠᠮᠤᠨ ᠤ ᠲᠠᠰ ᠠᠴᠠ ᠳᠡᠭᠡᠭᠰᠢᠬᠢ ᠬᠥᠬᠢᠭᠦᠯᠦᠯ ᠱᠠᠩᠨᠠᠯ ᠭᠥᠷᠳᠡᠭᠰᠡᠨ ᠺᠠᠳ᠋ᠷ ︵ᠬᠤᠶᠠᠷ ᠮᠥᠷᠥ ᠲᠠᠢ ᠠᠵᠢᠯᠲᠠᠨ︶ ᠢ | ᠬᠥᠮᠦᠨ ᠬᠡᠷᠡᠭᠯᠡᠬᠦ ᠨᠢᠭᠡᠴᠡ ᠠᠴᠠ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠯᠪᠣᠭᠳᠠᠯ ᠪᠥᠬᠦᠶ ᠲᠠᠰ ᠳᠠᠷᠠᠭᠠᠯᠠᠯ ᠢᠶᠠᠷ ᠨᠢᠭᠡᠴᠡ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠬᠢᠨᠠᠨ ᠬᠠᠷᠭᠤᠭᠤᠯᠤᠭᠰᠠᠨ ᠤ ᠳᠠᠷᠠᠭ᠎ᠠ᠂ ᠤᠷᠢᠨ ᠬᠡᠷᠡᠭᠯᠡᠬᠦ ᠨᠥᠬᠦᠴᠡᠯ ᠢ ᠠᠭᠤᠵᠢᠭᠤ ᠲᠠᠯᠪᠢᠬᠤ ᠪᠤᠶᠤ ᠱᠠᠲᠤ ᠠᠯᠤᠰᠯᠠᠨ ᠤᠷᠢᠨ ᠬᠡᠷᠡᠭᠯᠡᠵᠦ ᠪᠣᠯᠤᠨ᠎ᠠ᠃ | ᠠᠵᠢᠯ ᠦᠢᠯᠡᠰ ᠤᠨ ᠨᠢᠭᠡᠴᠡ ᠶᠢᠨ ᠵᠠᠪᠠᠯ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠤᠤᠯ ᠤᠨ ᠨᠢᠭᠡᠴᠡ ᠳᠡᠭᠡᠨ ᠨᠢᠭᠡᠨᠲᠡ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠳᠤ ᠤᠷᠢᠨ ᠲᠣᠮᠢᠯᠠᠭᠰᠠᠨ ᠪᠠᠶᠢᠪᠠᠯ᠂ ᠣᠷᠣᠭᠤᠯᠤᠨ ᠠᠪᠴᠢᠷᠠᠭᠰᠠᠨ ᠤ ᠳᠠᠷᠠᠭ᠎ᠠ ᠨᠢᠭᠡᠴᠡ ᠶᠢᠨ ᠬᠢᠨᠠᠨ ᠲᠣᠭᠲᠠᠭᠠᠭᠰᠠᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠲᠤᠭ᠎ᠠ ᠬᠡᠮᠵᠢᠶ᠎ᠡ ᠳᠤ ᠬᠢᠵᠠᠭᠠᠷᠯᠠᠭᠳᠠᠬᠤ ᠥᠬᠡᠶ ᠪᠠᠶᠢᠵᠤ᠂ ᠤᠤᠯ ᠤᠨ ᠲᠠᠰ ᠤᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠳᠤ ᠤᠷᠢᠨ ᠲᠣᠮᠢᠯᠠᠵᠤ ᠪᠣᠯᠤᠨ᠎ᠠ᠃ | ᠠᠵᠢᠯ ᠦᠢᠯᠡᠰ ᠤᠨ ᠨᠢᠭᠡᠴᠡ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ | ᠲᠣᠭᠲᠠᠭᠰᠠᠨ ᠪᠠᠶᠢᠪᠠᠯ᠂ ᠤᠷᠢᠨ ᠲᠣᠮᠢᠯᠠᠬᠤ ᠬᠤᠭᠤᠴᠠᠭᠠᠨ ᠳᠤ ᠵᠠᠰᠠᠭ ᠵᠠᠬᠢᠷᠭᠠᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠪᠣᠯᠬᠤ ᠥᠬᠡᠶ᠃ ᠵᠠᠰᠠᠭ ᠵᠠᠬᠢᠷᠭᠠᠨ ᠤ | ᠤᠳᠤᠷᠢᠳᠬᠤ ᠲᠤᠰᠢᠶᠠᠯ ᠡᠭᠦᠷᠭᠡᠯᠡᠭᠰᠡᠨ ᠪᠠᠶᠢᠪᠠᠯ᠂ ᠤᠷᠢᠵᠤ ᠬᠡᠷᠡᠭᠯᠡᠬᠦ ᠬᠡᠯᠡᠯᠴᠡᠭᠡᠷ ᠢ ᠡᠷᠬᠡᠪᠰᠢ ᠵᠣᠭᠰᠣᠭᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ ᠡᠵᠢᠯ ᠦᠢᠯᠡᠰ ᠤᠨ ᠨᠢᠭᠡᠴᠢ ᠴᠢᠳᠠᠪᠤᠷᠢᠲᠠᠨ ᠢ ᠵᠠᠪᠠᠯ ᠣᠷᠣᠭᠤᠯᠵᠤ ᠠᠪᠴᠢᠷᠠᠬᠤ ᠳᠤ ᠦᠢᠯᠡᠴᠢᠯᠡᠬᠦ ᠬᠤᠭᠤᠴᠠᠭ᠎ᠠ ᠶᠢ ᠲᠠᠪᠤᠨ | ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠦᠢᠯᠡᠴᠢᠯᠡᠬᠦ ᠬᠤᠭᠤᠴᠠᠭᠠᠨ ᠳᠤ ᠡ᠊ᠩ ᠤᠨ ᠪᠠᠶᠢᠳᠠᠯ ᠳᠤ ᠠᠵᠢᠯ ᠰᠢᠯᠵᠢᠬᠦ ᠪᠠᠷ ᠭᠤᠶᠤᠴᠢᠯᠠᠵᠤ ᠪᠣᠯᠬᠤ ᠦᠭᠡᠢ᠃ | ᠡᠷᠬᠡᠪᠰᠢ ᠰᠢᠯᠵᠢᠭᠦᠯᠬᠦ ᠴᠢᠬᠤᠯᠠᠲᠠᠶ ᠪᠠᠶᠢᠪᠠᠯ᠂ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠢᠶᠠᠷ ᠬᠢᠨᠠᠨ | ᠬᠠᠷᠭᠤᠭᠤᠯᠤᠭᠤᠯᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠰᠢᠯᠵᠢᠭᠦᠯᠵᠦ ᠪᠣᠯᠤᠨ᠎ᠠ᠂ ᠰᠢᠯᠵᠢᠭᠦᠯᠦᠭᠰᠡᠨ ᠴᠢᠳᠠᠪᠤᠷᠢᠲᠠᠨ ᠢ ᠡᠷᠬᠡᠪᠰᠢ ᠦᠢᠯᠡᠴᠢᠯᠡᠭᠡᠨ ᠤ ᠵᠢᠯ | ᠬᠤᠭᠤᠴᠠᠭ᠎ᠠ ᠪᠤᠶᠤ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠢ ᠦᠨᠳᠦᠰᠦᠯᠡᠨ᠂ ᠬᠠᠮᠢᠶ᠎ᠠ ᠪᠥᠬᠦᠶ ᠵᠠᠷᠤᠳᠠᠯ ᠢ ᠪᠤᠴᠠᠭᠠᠬᠤ ᠬᠡᠷᠡᠭᠲᠡᠶ᠃ | ᠳᠥᠴᠢᠨ ᠬᠤᠶᠠᠳᠤᠭᠠᠷ ᠵᠦᠢᠯ ᠬᠥᠮᠦᠨ ᠬᠡᠷᠡᠭᠯᠡᠬᠦ ᠨᠢᠭᠡᠴᠡ ᠨᠢ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠯᠡᠯᠴᠡᠭᠡᠷ ᠪᠤᠶᠤ ᠲᠤᠰᠬᠠᠶ ᠠᠵᠢᠯ ᠤᠨ | ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠵᠡᠷᠭᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠢ ᠰᠢᠯᠭᠠᠨ ᠬᠢᠨᠠᠬᠤ ᠬᠡᠷᠡᠭᠲᠡᠶ᠂ ᠰᠢᠯᠭᠠᠨ ᠬᠢᠨᠠᠬᠤ ᠠᠭᠤᠯᠭ᠎ᠠ ᠳᠤ | ᠠᠵᠢᠯ ᠤᠨ ᠠᠮᠵᠢᠯᠲᠠ ᠪᠦᠲᠦᠮᠵᠢ᠂ ᠰᠤᠳᠤᠯᠭᠠᠨ ᠤ ᠦᠷ᠎ᠡ ᠪᠦᠲᠦᠭᠡᠯ᠂ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠡᠳᠦᠷ ᠲᠤᠲᠤᠮ ᠤᠨ ᠢᠯᠡᠷᠡᠯ ᠵᠡᠷᠭᠡ ᠲᠠᠯ᠎ᠠ ᠶᠢ | ᠪᠠᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠵᠢᠩᠬᠢᠨᠢᠴᠢᠯᠡᠵᠦ ᠲᠠᠰ ᠲᠣᠭᠲᠠᠭᠠᠬᠤ᠂ ᠲᠤᠰᠢᠶᠠᠯ ᠳᠤ ᠤᠷᠢᠨ ᠲᠣᠮᠢᠯᠠᠬᠤ᠂ ᠨᠥᠬᠦᠪᠥᠷᠢ ᠮᠥᠩᠭᠦ ᠣᠯᠭᠤᠬᠤ᠂ | ᠵᠠᠷᠤᠳᠠᠯ ᠤᠨ ᠳᠡᠮᠵᠢᠯᠭᠡ ᠦᠵᠡᠭᠦᠯᠬᠦ᠂ ᠱᠠᠩᠨᠠᠯ ᠬᠥᠬᠢᠭᠦᠯᠦᠯ ᠢ ᠬᠡᠷᠡᠭᠵᠢᠭᠦᠯᠬᠦ ᠶᠢᠨ ᠦᠨᠳᠦᠰᠦᠯᠡᠯ ᠪᠣᠯᠭᠠᠨ᠎ᠠ᠃ ᠬᠢᠨᠠᠨ ᠰᠢᠯᠭᠠᠬᠤ ᠳᠤ ᠣᠷᠣᠯᠴᠠᠬᠤ ᠥᠬᠡᠶ ᠪᠤᠶᠤ | ᠬᠢᠨᠠᠨ ᠰᠢᠯᠭᠠᠭᠠᠳ ᠪᠣᠯᠵᠣᠨ ᠲᠣᠭᠲᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠬᠦ ᠥᠬᠡᠶ ᠭᠡᠵᠦ ᠲᠣᠭᠲᠠᠭᠠᠭᠰᠠᠨ ᠪᠠᠶᠢᠪᠠᠯ᠂ ᠵᠣᠬᠢᠬᠤ | ᠲᠥᠷᠥ ᠶᠢᠨ ᠪᠣᠳᠣᠯᠭ᠎ᠠ ᠶᠢᠨ ᠣᠯᠭᠤᠮᠵᠢ ᠶᠢ ᠳᠠᠭᠢᠵᠤ ᠭᠥᠷᠳᠡᠬᠦ ᠥᠬᠡᠶ ᠪᠥᠭᠡᠳ ᠤᠷᠢᠨ ᠬᠡᠷᠡᠭᠯᠡᠬᠦ ᠭᠡᠷ᠎ᠡ ᠪᠤᠶᠤ ᠬᠥᠳᠡᠯᠮᠦᠷᠢ ᠶᠢᠨ ᠭᠡᠷ᠎ᠡ ᠶᠢ ᠬᠦᠴᠦᠨ ᠥᠬᠡᠶ | ᠪᠣᠯᠭᠠᠨ᠎ᠠ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ | ᠳᠣᠯᠣᠳᠤᠭᠠᠷ ᠪᠦᠯᠦᠭ ᠦᠢᠯᠡᠴᠢᠯᠡᠭᠡᠨ ᠤ ᠪᠠᠲᠤᠯᠠᠭ᠎ᠠ | ᠳᠥᠴᠢᠨ ᠭᠤᠷᠪᠠᠳᠤᠭᠠᠷ ᠵᠦᠢᠯ ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠦᠢᠯᠡᠰ ᠤᠨ ᠨᠢᠭᠡᠴᠡ ᠨᠢᠭᠡ ᠠᠴᠠ | ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠳᠤ ᠭᠦᠷᠪᠡᠯ᠂ ᠬᠤᠯᠪᠣᠰᠤ ᠪᠠ ᠦᠷ᠎ᠡ ᠬᠡᠤᠬᠡᠳ ᠲᠡᠭᠡᠨ ᠠᠵᠢᠯ ᠣᠯᠭᠤᠬᠤ | ᠲᠠᠯ᠎ᠠ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠢᠭᠡᠳᠦᠭᠡᠷ ᠲᠥᠷᠥᠯ ᠤᠨ ᠴᠢᠳᠠᠪᠤᠷᠢᠲᠠᠨ ᠤ ᠬᠤᠯᠪᠣᠰᠤ ᠪᠠ ᠦᠷ᠎ᠡ ᠬᠡᠤᠬᠡᠳ ᠨᠢ ᠠᠵᠢᠯ | ᠤᠯᠬᠤ ᠴᠢᠬᠤᠯᠠᠲᠠᠶ ᠪᠠᠶᠢᠪᠠᠯ᠂ ᠲᠤᠬᠠᠶ ᠶᠢᠨ ᠭᠠᠵᠠᠷ ᠤᠨ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠴᠠ ᠠᠵᠢᠯ ᠣᠯᠭᠤᠯᠲᠠ ᠶᠢ ᠬᠠᠷᠢᠭᠤᠴᠠᠨ ᠰᠢᠢᠳᠪᠦᠷᠢᠯᠡᠨ᠎ᠡ︔ ᠬᠤᠶᠠᠳᠤᠭᠠᠷ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ | ᠣᠷᠣᠭᠤᠯᠤᠨ ᠠᠪᠴᠢᠷᠠᠬᠤ ᠬᠤᠯᠪᠣᠰᠤ ︵ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ︶ ᠳᠤ ᠠᠵᠢᠯ ᠣᠯᠭᠤᠬᠤ | ᠴᠢᠬᠤᠯᠠᠲᠠᠶ ᠪᠠᠶᠢᠪᠠᠯ᠂ ᠣᠷᠣᠭᠤᠯᠤᠨ ᠠᠪᠴᠢᠷᠠᠬᠤ ᠨᠢᠭᠡᠴᠡ ᠪᠠᠷ ᠵᠥᠪᠰᠢᠶᠡᠷᠡᠭᠦᠯᠦᠭᠡᠳ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ | ᠵᠠᠮ︾ ᠢᠶᠠᠷ ᠳᠠᠮᠵᠢᠭᠤᠯᠤᠨ ᠣᠷᠣᠭᠤᠯᠤᠨ ᠠᠪᠴᠢᠷᠠᠬᠤ ᠨᠢᠭᠡᠴᠡ ᠳᠤ ᠲᠥᠪᠬᠢᠨᠡᠭᠦᠯᠵᠦ ᠪᠣᠯᠤᠨ᠎ᠠ᠃ | ᠳᠥᠴᠢᠨ ᠳᠥᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ᠂ | ᠵᠢᠴᠢ ᠮᠠᠨ ᠤ ᠬᠤᠲᠠ ᠳᠤ ᠪᠠᠶᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠵᠤ ᠠᠬᠤᠶᠢᠯᠠᠯ ᠤᠨ ᠵᠢᠯ ᠤᠨ ᠲᠤᠰᠢᠶᠠᠬᠤ ᠭᠠᠶᠢᠯᠢ ᠶᠢᠨ | ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠤᠬᠡᠳ ᠨᠢ ᠮᠠᠨ ᠤ ᠬᠤᠲᠠ ᠳᠤ ᠰᠤᠷᠭᠠᠭᠤᠯᠢ ᠳᠤ ᠣᠷᠣᠬᠤ | ᠴᠢᠬᠤᠯᠠ ᠲᠠᠢ ᠪᠣᠯ᠂ ᠣᠷᠣᠭᠤᠯᠵᠤ ᠠᠪᠴᠢᠷᠠᠭᠰᠠᠨ ᠨᠢᠭᠡᠴᠡ ᠶᠢᠨ ᠰᠠᠭᠤᠭ᠎ᠠ ᠭᠠᠵᠠᠷ ᠲᠤ ᠠᠯᠪᠠᠨ ᠠᠴᠠ ᠪᠠᠶᠢᠭᠤᠯᠤᠭᠰᠠᠨ ᠰᠢᠯᠢᠳᠡᠭ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠶᠢ ᠰᠣᠩᠭᠤᠨ ᠰᠤᠷᠤᠯᠴᠠᠭᠤᠯᠵᠤ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠴᠠᠭᠤᠯᠵᠤ | ᠪᠠᠶᠢᠭᠠᠳ ᠰᠤᠷᠭᠠᠭᠤᠯᠢ ᠳᠤ ᠣᠷᠣᠬᠤ ᠭᠠᠷᠳᠠᠮ ᠢ ᠭᠦᠢᠴᠡᠳᠬᠡᠨ᠎ᠡ᠃ | ᠳᠥᠴᠢᠨ ᠲᠠᠪᠤᠳᠤᠭᠠᠷ ᠵᠦᠢᠯ ᠴᠢᠳᠠᠪᠤᠷᠢᠲᠠᠨ ᠣᠷᠣᠭᠤᠯᠵᠤ ᠢᠷᠡᠭᠰᠡᠨ ᠲᠤᠰ ᠬᠥᠮᠦᠨ ᠪᠤᠶᠤ ᠲᠡᠭᠦᠨ ᠤ ᠰᠢᠭᠤᠳ ᠲᠥᠷᠥᠯ ᠰᠠᠳᠤᠨ ᠨᠢ ᠡᠮᠨᠡᠭᠦᠯᠬᠦ | ᠱᠠᠭᠠᠷᠳᠠᠯᠭ᠎ᠠ ᠲᠠᠢ ᠪᠣᠯ ᠮᠠᠨ ᠤ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ︽ᠰᠠᠭᠠᠳ ᠥᠭᠡᠢ ᠨᠡᠪᠲᠡᠷᠡᠬᠦ ᠵᠠᠮ︾ ᠢ ᠬᠦᠷᠲᠡᠭᠡᠵᠦ᠂ | ᠲᠤᠰᠬᠠᠶ ᠮᠡᠷᠭᠡᠵᠢᠯᠲᠡᠨ ᠤ ᠡᠭᠦᠳᠡᠨ ᠡᠮᠨᠡᠯᠭᠡ ᠶᠢ ᠡᠩ ᠲᠡᠷᠢᠭᠦᠨ ᠳᠤ ᠬᠠᠩᠭᠠᠵᠤ ᠪᠣᠯᠤᠨ᠎ᠠ᠃ ᠭᠠᠳᠠᠷ ᠣᠷᠣᠨ ᠳᠤ ᠣᠴᠢᠵᠤ ᠡᠮᠨᠡᠭᠦᠯᠬᠦ ᠴᠢᠬᠤᠯᠠᠲᠠᠶ ᠪᠠᠶᠢᠪᠠᠯ᠂ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠰᠢᠯᠵᠢᠭᠦᠯᠦᠨ ᠡᠮᠨᠡᠭᠦᠯᠬᠦ ᠶᠢ ᠳᠠᠩᠰᠠᠯᠠᠭᠤᠯᠬᠤ ᠭᠠᠷᠳᠠᠮ ᠢ ᠴᠠᠭ ᠲᠤᠬᠠᠶ ᠳᠤᠨᠢ ᠭᠦᠢᠴᠡᠳᠬᠡᠵᠦ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠨᠥᠭᠦᠭᠡ ᠡᠲᠡᠭᠡᠳ ᠤᠨ ᠢᠶᠠᠨ ᠡᠮᠨᠡᠯᠭᠡ ᠶᠢᠨ ᠬᠤᠷᠢᠶ᠎ᠠ ᠶᠢ ᠢᠳᠡᠪᠬᠢᠲᠡᠶ ᠵᠣᠬᠢᠴᠠᠭᠤᠯᠵᠤ᠂ ᠬᠠᠮᠤᠭ ᠤᠨ ᠶᠡᠭᠡ | ᠬᠡᠮᠵᠢᠶ᠎ᠡ ᠪᠠᠷ ᠬᠠᠪᠰᠤᠷᠤᠯᠭ᠎ᠠ ᠦᠵᠡᠭᠦᠯᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠡᠮ ᠡᠮᠨᠡᠯᠭᠡ ᠡᠷᠡᠭᠦᠯ ᠮᠡᠨᠳᠤ ᠶᠢ ᠬᠠᠮᠠᠭᠠᠯᠠᠬᠤ ᠲᠦᠷᠢᠮ ᠢ ᠪᠠᠶᠢᠭᠤᠯᠵᠤ᠂ | ᠬᠥᠮᠦᠨ ᠬᠡᠷᠡᠭᠯᠡᠬᠦ ᠨᠢᠭᠡᠴᠢ ᠨᠢ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠤ ᠶᠢᠨ ᠪᠡᠶ᠎ᠡ ᠶᠢᠨ ᠪᠠᠶᠢᠴᠠᠭᠠᠯᠲᠠ ᠬᠢᠬᠦ | ᠬᠡᠷᠡᠭᠲᠡᠶ᠃ | ᠳᠥᠴᠢᠨ ᠳᠣᠯᠣᠳᠤᠭᠠᠷ ᠵᠦᠢᠯ ᠪᠠᠶᠠᠨᠨᠠᠭᠤᠷ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠤᠨ᠎ᠠ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠲᠤᠭ᠎ᠠ ᠪᠠᠷᠢᠮᠲᠠ ᠨᠢ ᠪᠥᠬᠦ ᠲᠠᠯ᠎ᠠ ᠶᠢᠨ᠂ ᠪᠦᠲᠦᠴᠡ ᠨᠢ ᠵᠦᠶ ᠵᠣᠬᠢᠰᠲᠠᠶ᠂ | ᠴᠢᠳᠠᠮᠵᠢ ᠨᠢ ᠰᠢᠯᠢᠳᠡᠭᠵᠢᠭᠰᠡᠨ᠂ ᠬᠥᠳᠡᠯᠦᠩᠭᠦᠶ ᠪᠠᠷ ᠰᠢᠨᠡᠳᠬᠡᠭᠳᠡᠭᠰᠡᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠶ ᠳᠤᠨᠢ᠂ | ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠦᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠳᠠᠪᠲᠠᠨ | ᠪᠣᠯᠪᠠᠰᠤᠷᠠᠭᠤᠯᠵᠤ ᠳᠡᠭᠡᠭᠰᠢᠯᠡᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ ᠲᠠᠯ᠎ᠠ ᠪᠠᠷ ᠬᠠᠪᠰᠤᠷᠤᠯᠭ᠎ᠠ ᠦᠵᠡᠭᠦᠯᠵᠦ᠂ ᠴᠢᠳᠠᠪᠤᠷᠢᠲᠠᠨ ᠤ ᠠᠵᠢᠯ ᠤᠨ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠳᠥᠴᠢᠨ ᠨᠠᠢᠮᠠᠳᠤᠭᠠᠷ ᠵᠦᠢᠯ ᠪᠥᠬᠦ ᠬᠤᠲᠠ ᠶᠢ ᠬᠠᠮᠤᠷᠤᠭᠰᠠᠨ ᠴᠢᠳᠠᠪᠤᠷᠢᠲᠠᠨ ᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ | ᠨᠢᠭᠡᠳᠦᠯᠲᠡᠶ ᠲᠥᠯᠥᠪᠯᠡᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠣᠭᠲᠠᠭᠠᠯᠲᠤ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠳᠥᠴᠢ ᠶᠢᠰᠦᠳᠦᠭᠡᠷ ᠵᠦᠢᠯ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 3000 ᠲᠦᠮᠡᠨ ᠲᠥᠭᠦᠷᠢᠭ ᠠᠴᠠ ᠳᠤᠲᠠᠭᠤ ᠥᠬᠡᠶ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠴᠢᠳᠠᠪᠤᠷᠢᠲᠠᠨ ᠢ ᠬᠥᠲᠥᠯᠦᠨ ᠳᠠᠭᠠᠭᠤᠯᠬᠤ ᠢᠨᠵᠧᠨᠧᠷᠢᠩ ᠤᠨ ᠲᠤᠰᠬᠠᠶ ᠵᠦᠢᠯ ᠤᠨ | ᠵᠠᠷᠤᠳᠠᠯ ᠢ ᠳᠣᠭᠢᠷᠠᠭᠤᠯᠬᠤ ᠶᠢᠨ ᠬᠠᠮᠲᠤ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠵᠢᠯ ᠳᠠᠷᠠᠭᠠᠯᠠᠨ ᠨᠡᠮᠡᠭᠳᠡᠭᠦᠯᠦᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠨᠢ ᠲᠤᠰᠬᠠᠶ ᠵᠦᠢᠯ ᠤᠨ ᠵᠠᠷᠤᠳᠠᠯ ᠳᠣᠭᠢᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠳᠤ ᠬᠡᠷᠡᠭᠰᠡᠬᠦ | ᠪᠠᠯᠠ ᠮᠥᠩᠭᠦ ᠶᠢ ᠡᠭᠦᠷᠭᠡᠯᠡᠬᠦ ᠬᠡᠷᠡᠭᠲᠡᠶ᠃ ᠠᠵᠤ ᠠᠬᠤᠶᠢᠯᠠᠯ ᠪᠣᠯᠤᠨ ᠪᠤᠰᠤᠳ ᠡᠳ ᠤ ᠵᠠᠰᠠᠭ ᠠᠴᠠ ᠵᠣᠭᠤᠰ ᠰᠠᠯᠭᠠᠨ ᠥᠭᠬᠦ ᠪᠤᠰᠤ ᠨᠢᠭᠡᠴᠡ ᠨᠦᠭᠦᠳ | ᠴᠢᠳᠠᠪᠤᠷᠢᠲᠠᠨ ᠣᠷᠣᠭᠤᠯᠵᠤ ᠢᠷᠡᠬᠦ ᠪᠠ ᠬᠥᠮᠦᠵᠢᠭᠦᠯᠬᠦ ᠳᠤ ᠬᠡᠷᠡᠭᠰᠡᠬᠦ ᠪᠡᠯᠡ ᠮᠥᠩᠭᠦ ᠪᠠᠨ ᠥᠪᠡᠷ ᠲᠡᠭᠡᠨ ᠰᠢᠢᠳᠪᠦᠷᠢᠯᠡᠵᠦ᠂ ᠡᠯ᠎ᠡ ᠱᠠᠲᠤᠨ ᠤ ᠣᠨ ᠤ | ᠵᠠᠰᠠᠭ ᠠᠴᠠ ᠵᠣᠬᠢᠬᠤ ᠱᠠᠩᠨᠠᠯ ᠨᠥᠬᠦᠪᠥᠷᠢ ᠥᠭᠴᠦ ᠪᠣᠯᠤᠨ᠎ᠠ᠃ | ᠲᠠᠪᠢᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠰᠠᠯᠠᠭ᠎ᠠ ᠮᠥᠴᠢᠷ ᠤᠳ ᠴᠢᠳᠠᠪᠤᠷᠢᠲᠠᠨ ᠣᠷᠣᠭᠤᠯᠵᠤ ᠢᠷᠡᠬᠦ ᠠᠵᠢᠯ ᠤᠨ ᠵᠠᠷᠤᠳᠠᠯ ᠢ ᠴᠠᠭ ᠲᠤᠬᠠᠶ ᠳᠤᠨᠢ | ᠰᠠᠯᠭᠠᠨ ᠥᠭᠬᠦ ᠬᠡᠷᠡᠭᠲᠡᠶ᠃ ᠬᠤᠯᠪᠣᠭᠳᠠᠯ ᠪᠥᠬᠦᠢ ᠨᠢᠭᠡᠴᠡ ᠨᠦᠭᠦᠳ ᠬᠤᠯᠪᠣᠭᠳᠠᠯ ᠪᠥᠬᠦᠢ ᠵᠠᠷᠤᠳᠠᠯ ᠢ ᠲᠣᠭᠲᠠᠭᠠᠯ ᠶᠣᠰᠣᠭᠠᠷ ᠴᠢᠩᠭ᠎ᠠ ᠬᠢᠨᠠᠨ ᠬᠠᠮᠢᠶᠠᠷᠴᠤ | ᠰᠠᠶᠢᠲᠤᠷ ᠬᠡᠷᠡᠭᠯᠡᠨ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠪᠠ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠨᠢᠭᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠠᠶᠠᠨᠨᠠᠭᠤᠷ ᠬᠤᠲᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠪᠠᠶᠠᠨᠨᠠᠭᠤᠷ ᠬᠤᠲᠠ ᠶᠢᠨ ᠴᠢᠳᠠᠪᠤᠷᠢᠲᠠᠨ | ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠪᠠᠶᠠᠨᠨᠠᠭᠤᠷ ᠬᠤᠲᠠ ﹇2017﹈ 232 ᠳ᠋ᠤᠭᠠᠷ | ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ᠲᠣᠰ ᠠᠷᠭ᠎ᠠ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠣᠷᠣᠭᠤᠯᠤᠨ ᠠᠪᠴᠢᠷᠠᠭᠰᠠᠨ ᠡᠯ᠎ᠡ | ᠲᠥᠷᠥᠯ ᠤᠨ ᠴᠢᠳᠠᠪᠤᠷᠢᠲᠠᠨ ᠤ ᠬᠠᠮᠢᠶ᠎ᠠ ᠪᠥᠬᠦᠶ ᠣᠯᠭᠤᠮᠵᠢ ᠶᠢᠨ ᠪᠠᠲᠤᠯᠠᠭ᠎ᠠ ᠵᠡᠷᠭᠡ ᠶᠢ ᠮᠥᠨ ᠬᠦ ᠤᠤᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ | ᠬᠡᠷᠡᠭᠵᠢᠭᠦᠯᠦᠨ᠎ᠡ᠃ | | | |