ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠪᠠᠶᠠᠨᠨᠠᠭᠤᠷ ᠬᠤᠲᠠ ᠶᠢᠨ 2023 ᠣᠨ ᠤ ᠲᠣᠭᠲᠠᠭᠤᠨ ᠤ ᠳᠤᠮᠳᠠ ᠲᠦᠷᠭᠡᠨ ᠠᠬᠢᠭᠤᠯᠬᠤ ᠲᠣᠭᠲᠠᠭᠤᠨ ᠤ ᠳᠤᠮᠳᠠ ᠰᠢᠯᠢᠳᠡᠭ ᠢ | ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠲᠠᠨᠠᠷ | ᠲᠤ ᠳᠠᠷᠤᠮᠠᠯᠯᠠᠨ ᠶᠠᠪᠤᠭᠤᠯᠤᠯ᠎ᠠ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽2022 ᠣᠨ ᠤ ᠪᠠᠶᠠᠨᠨᠠᠭᠤᠷ | ᠬᠤᠲᠠ ᠶᠢᠨ ︿ᠲᠣᠭᠲᠠᠭᠤᠨ ᠤ ᠳᠤᠮᠳᠠ ᠠᠬᠢᠭᠤᠯᠬᠤ﹀ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ | ᠶᠠᠪᠤᠭᠤᠯᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠠᠶᠠᠨᠨᠠᠭᠤᠷ ᠲᠠᠷᠬᠠᠭᠠᠭᠰᠠᠨ ﹇2022﹈ 29 ᠳ᠋ᠦᠭᠡᠷ | ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ | ᠴᠢᠩᠭᠠᠳᠬᠠᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠳᠠ ᠶᠢᠨ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠰᠤᠷᠤᠯᠴᠠᠨ ᠣᠶᠢᠯᠠᠭᠠᠵᠤ᠂ ᠲᠤᠰ ᠠᠵᠢᠯ ᠲᠦᠷᠦᠯ ᠲᠤᠰ ᠬᠦᠷᠢᠶᠡᠨ ᠤ | ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ᠂ | ᠠᠵᠢᠯ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 2 ᠰᠠᠷ᠎ᠠ ᠶᠢᠨ 24 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | |