ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ
ᠨᠡᠶᠢᠲᠡᠯᠡᠭᠰᠡᠨ ᠴᠠᠭ᠄
2023/4/13
      ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ  ᠣᠶ  ᠰᠢᠭᠤᠶ ᠎ ᠶᠢᠨ  ᠬᠠᠤᠯᠢ︾ ︽ᠪᠥᠬᠦᠳᠡ  ᠨᠠᠶᠢᠷᠠᠮᠳᠠᠬᠤ  ᠳᠤᠮᠳᠠᠳᠤ  ᠠᠷᠠᠳ ᠤᠯᠤᠰ  ᠤᠨ  ᠨᠤᠲᠤᠭ  ᠪᠡᠯᠴᠢᠭᠡᠷ  ᠤᠨ  ᠬᠠᠤᠯᠢ︾  ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ  ᠣᠨᠴᠠᠭᠠᠶᠢᠯᠠᠨ ᠨᠡᠶᠢᠲᠡᠯᠡᠪᠡ᠄      ᠨᠢᠭᠡ᠂ ᠪᠥᠬᠦ ᠬᠤᠲᠠ ᠶᠢᠨ 2023 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠣᠯᠤᠨ᠎ᠠ︔ 9 ᠰᠠᠷ᠎ᠠ ᠶᠢᠨ 15 — 11 ᠰᠠᠷ᠎ᠠ ᠶᠢᠨ 15᠎ ᠤ ᠡᠳᠦᠷ᠃ ᠡᠭᠦᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭ᠎ᠠ ᠨᠢ 3 ᠰᠠᠷ᠎ᠠ ᠶᠢᠨ 20᠎ ᠤ ᠡᠳᠦᠷ ᠠᠴᠠ 5 ᠰᠠᠷ᠎ᠠ ᠶᠢᠨ 10᠎ ᠤ ᠡᠳᠦᠷ︔ 10 ᠰᠠᠷ᠎ᠠ ᠶᠢᠨ 1᠎ ᠤ ᠡᠳᠦᠷ ᠠᠴᠠ 11 ᠰᠠᠷ᠎ᠠ ᠶᠢᠨ10᠎ ᠤ ᠡᠳᠦᠷ ᠪᠣᠯᠤᠨ᠎ᠠ ᠃      ᠬᠤᠶᠠᠷ᠂ ᠮᠤᠨᠠ ᠠᠭᠤᠯᠠ ᠶᠢᠨ ᠬᠤᠶᠢᠨ᠎ᠠ ᠡᠭᠦᠰᠦᠭᠰᠡᠨ ᠤᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠪᠦᠰᠡ᠂ ᠤᠯᠤᠰ ᠤᠨ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ ᠣᠷᠣᠨ᠂ G6᠂ G7᠂ ᠤᠯᠤᠰ ᠤᠨ ᠵᠠᠮ 110᠂ ᠤᠯᠤᠰ ᠤᠨ ᠵᠠᠮ 242᠂ ᠮᠤᠵᠢ ᠶᠢᠨ ᠵᠠᠮ 212᠂ ᠮᠤᠵᠢ ᠶᠢᠨ ᠵᠠᠮ 215᠂ ᠮᠤᠵᠢ ᠶᠢᠨ ᠵᠠᠮ 315 ︵ᠬᠠᠲᠤᠨ ᠭᠤᠤᠯ ᠳᠠᠭᠠᠤ ᠶᠢᠨ ᠵᠠᠰᠠᠮᠠᠯ ᠵᠠᠮ︶᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 200 ᠮᠧᠲᠷ ᠤᠨ ᠬᠡᠪᠴᠢᠶᠡᠨ ᠳᠣᠲᠣᠷ᠎ᠠ᠂ ᠤᠯᠤᠰ ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠶ ᠶᠢᠨ ᠵᠠᠰᠠᠯᠲᠠ ᠶᠢᠨ ᠣᠷᠣᠨ᠂ ᠤᠷᠠᠳ ᠤᠨ ᠨᠤᠲᠤᠭ ᠪᠡᠯᠴᠢᠭᠡᠷ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠣᠷᠣᠨ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠢ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠭᠠᠨ᠎ᠠ᠃      ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠶ᠄      ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃      ︵ᠬᠤᠶᠠᠷ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠪᠤᠯᠠᠰᠢᠨ ᠳᠤ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠲᠠᠷᠢᠶᠠᠨ ᠲᠠᠯᠠᠩ ᠰᠢᠲᠠᠭᠠᠬᠤ᠂ ᠪᠤᠵᠠᠷ ᠡᠪᠡᠰᠦ᠂ ᠡᠰᠢ ᠰᠦᠷᠡᠯ᠂ ᠪᠡᠯᠴᠢᠭᠡᠷ ᠪᠡᠯᠴᠢᠭᠡᠷ ᠰᠢᠲᠠᠭᠠᠬᠤ᠂ ᠠᠳᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ  ᠪᠤᠰᠤ ᠴᠢᠨᠠᠷᠲᠠᠶ ᠭᠠᠯ ᠬᠡᠷᠡᠭᠯᠡᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠶ ᠨᠢᠭᠡᠴᠡ ᠪᠠ ᠰᠠᠭᠤᠭᠠᠯᠢ ᠠᠷᠠᠳ ᠲᠤ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠨᠡᠨᠬᠦ ᠴᠢᠬᠤᠯᠠ ᠲᠠᠢ ᠨᠢᠭᠡᠴᠡ ᠪᠤᠶᠤ ᠬᠤᠪᠢ ᠬᠥᠮᠦᠨ᠂ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠶ᠂ ᠵᠥᠪᠰᠢᠶᠡᠷᠡᠯ ᠥᠬᠡᠶ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠣᠯᠬᠤ ᠥᠬᠡᠶ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠲᠠᠢ ᠴᠠᠭ ᠠᠭᠤᠷ ᠲᠤ ᠪᠣᠶ ᠪᠥᠬᠦᠶ ᠣᠶᠢᠲᠤ ᠭᠠᠵᠠᠷ ᠵᠢᠴᠢ ᠣᠶᠢᠲᠤ ᠭᠠᠵᠠᠷ ᠠᠴᠠ 100 ᠮᠧᠲᠷ ᠤᠨ ᠵᠠᠶᠢᠲᠠᠶ ᠪᠠᠶᠢᠬᠤ ᠬᠡᠪᠴᠢᠶᠡᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠦᠮ ᠤᠨ ᠬᠡᠷᠡᠭᠯᠡᠭᠡᠨ ᠤ ᠭᠠᠯ ᠳᠤ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ ᠨᠦᠭᠡ ᠵᠡᠷᠭᠡ ᠶᠢ ᠭᠠᠷᠭᠠᠬᠤ ᠬᠡᠷᠡᠭᠲᠡᠶ᠂ ᠭᠠᠯ ᠭᠠᠷᠠᠭ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠠᠯ ᠢ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠲᠦᠷᠪᠡ︶ ᠭᠠᠯ ᠤᠨᠲᠠᠷᠠᠭᠠᠬᠤ ᠶᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠦᠨᠡᠨ ᠰᠤᠮᠤᠨ ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯ ᠬᠢᠬᠦ ᠴᠢᠬᠤᠯᠠ ᠲᠠᠢ ᠪᠣᠯ ᠡᠷᠬᠡᠪᠰᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠲᠤᠬᠠᠶ ᠶᠢᠨ ᠭᠠᠵᠠᠷ ᠤᠨ ᠭᠠᠯ ᠤᠨᠲᠠᠷᠠᠭᠠᠬᠤ ᠶᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠲᠠᠢ ᠬᠠᠮᠵᠢᠯᠴᠠᠨ ᠭᠠᠯ ᠤᠨᠲᠠᠷᠠᠭᠠᠬᠤ ᠶᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃      ︵ᠲᠠᠪᠤ︶ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠵᠡᠷᠭᠡ ᠳᠤ ᠭᠠᠯ ᠰᠡᠷᠭᠡᠶᠢᠯᠡᠬᠦ ᠠᠶᠤᠯᠭᠦᠶ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠰᠠᠭᠤᠳᠠᠯ ᠤᠨ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠭᠡᠵᠦ ᠮᠡᠳᠡᠬᠦ ᠭᠠᠯ ᠤᠨ ᠲᠥᠷᠥᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ︵ᠵᠢᠷᠭᠤᠭ᠎ᠠ︶ ᠡᠯ᠎ᠡ ᠭᠠᠵᠠᠷ ᠤᠨ ᠬᠢᠨ ︽ᠲᠡᠨᠡᠭ᠂ ᠲᠡᠨᠡᠭ᠂ ᠳᠦᠯᠡᠶ᠂ ᠶᠠᠪᠠ᠂ ᠰᠣᠬᠤᠷ︾ ᠵᠡᠷᠭᠡ  ᠣᠨᠴᠠᠭᠠᠢ ᠬᠥᠮᠦᠰ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠡᠷᠭᠡ ᠨᠠᠰᠤᠨ ᠳᠤ ᠥᠯᠥ ᠭᠦᠷᠦᠭᠰᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠭᠡᠭᠰᠡᠨ ᠪᠠᠶᠢᠪᠠᠯ᠂ ᠬᠠᠮᠢᠶ᠎ᠠ ᠪᠥᠬᠦᠶ ᠬᠠᠷᠠᠭᠠᠯᠵᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠳᠣᠯᠤᠭ᠎ᠠ︶ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ  ᠭᠦᠢᠴᠡᠳᠬᠡᠵᠦ᠂ ᠣᠯᠠᠨ ᠲᠦᠮᠡᠨ ᠢ ᠤᠬᠠᠭᠤᠯᠤᠨ ᠬᠥᠮᠦᠵᠢᠭᠦᠯᠵᠦ ᠪᠠᠶᠢᠭᠠᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ︵ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠦᠭᠰᠢᠭᠦᠷᠢ ᠮᠡᠳᠡᠭᠡᠯᠡᠬᠦ ᠳ᠋ᠢᠶᠠᠩᠬᠤᠸᠠ᠄ 12119︶᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠦᠭᠰᠢᠭᠦᠷᠢ ᠮᠡᠳᠡᠭᠦᠯᠬᠦ ᠳᠤ ᠨᠥᠬᠦᠴᠡᠯ ᠥᠬᠡᠶ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠬᠤ ᠬᠡᠷᠡᠭᠲᠡᠶ᠃      ︵  ᠨᠠᠢᠮᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠣᠭᠤᠮᠲᠠ ᠪᠠᠶᠢᠷᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠵᠤ ᠭᠠᠷᠬᠤ ᠭᠠᠵᠠᠷ ᠲᠤ ᠪᠠᠶᠢᠴᠠᠭᠠᠬᠤ ᠥᠷᠲᠡᠭᠡ ᠴᠢᠬ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠭᠤᠯᠵᠤ᠂ ᠭᠠᠯ ᠤᠨ ᠢᠷᠡᠯᠲᠡ ᠶᠢᠨ ᠭᠠᠯ ᠤᠨ ᠲᠥᠷᠥᠯ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠵᠡᠷᠭᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠦᠰ ︽ᠭᠠᠯ ᠰᠡᠷᠭᠡᠶᠢᠯᠡᠬᠦ ᠨᠣᠮᠧᠷ︾᠎ ᠢ ᠱᠦᠭᠦᠷᠳᠡᠨ ᠦᠨᠡᠨ ᠨᠡᠷ᠎ᠡ ᠪᠠᠷ ᠢᠶᠠᠨ ᠳᠡᠩᠰᠡᠯᠡᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠭᠡᠢ᠃      ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠬᠤ ᠶᠢᠨ ᠬᠠᠮᠲᠤ ᠢᠯᠡ ᠪᠠᠷ ᠵᠠᠷᠯᠠᠨ ᠨᠡᠶᠢᠲᠡᠯᠡᠵᠦ ᠢᠯᠡ ᠨᠡᠶᠢᠲᠡᠯᠡᠨ᠎ᠡ︔ ᠠᠯᠪᠠᠨ ᠲᠤᠰᠢᠶᠠᠯᠲᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ  ᠰᠢᠢᠳᠪᠦᠷᠢᠯᠡᠭᠦᠯᠬᠦ ᠬᠡᠷᠡᠭᠲᠡᠶ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠥᠷᠪᠡ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ︽ᠲᠣᠤᠷᠵᠢᠭᠤᠯᠤᠭᠰᠠᠨ︾ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ᠂ ᠬᠤᠰᠢᠭᠤ ᠰᠢᠶᠠᠨ ᠲᠣᠭᠤᠷᠢᠭ ᠪᠣᠯᠤᠨ ᠭᠠᠴᠠᠭ᠎ᠠ ᠲᠣᠰᠬᠤᠨ ᠨᠤᠭᠤᠳ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ︔ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠦᠷᠢᠯᠳᠦᠬᠦᠨ ᠨᠢᠭᠡᠴᠡ ᠨᠦᠭᠦᠳ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠢᠨᠠᠮᠠᠭᠠᠶ  ᠭᠦᠢᠴᠡᠳᠬᠡᠬᠦ ᠬᠡᠷᠡᠭᠲᠡᠶ︔ ᠣᠶ ᠰᠢᠭᠤᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ ᠨᠢ ᠭᠠᠯ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠬᠡᠷᠡᠭᠲᠡᠢ᠂ ᠣᠢ ᠰᠢᠭᠤᠶ ᠬᠠᠮᠠᠭᠠᠯᠠᠭᠴᠢ᠂ ᠡᠪᠡᠰᠦᠨ ᠤ ᠬᠠᠮᠢᠶᠠᠷᠤᠭᠴᠢ᠂ ᠬᠠᠤᠯᠢ ᠬᠡᠷᠡᠭᠵᠢᠭᠦᠯᠬᠦ ᠠᠵᠢᠯᠲᠠᠳ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠳᠠᠨ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠭᠦᠢᠴᠡᠳᠬᠡᠬᠦ ᠬᠡᠷᠡᠭᠲᠡᠶ᠃      ᠲᠠᠪᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠢᠳᠡᠪᠬᠢᠲᠡᠶ ᠪᠠᠷ ᠤᠰᠠᠳᠬᠠᠬᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ  ᠭᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ᠂ ᠣᠶ ᠰᠢᠭᠤᠶ ᠬᠠᠮᠠᠭᠠᠯᠠᠭᠴᠢ ᠶᠢ  ᠭᠦᠢᠴᠡᠳ ᠳᠠᠶᠢᠴᠢᠯᠠᠨ ᠠᠶᠢᠯ ᠲᠣᠰᠬᠤᠨ ᠳᠤ ᠣᠴᠢᠭᠤᠯᠵᠤ᠂ ᠥᠷᠭᠡᠨ ᠣᠯᠠᠨ ᠲᠦᠮᠡᠨ ᠳᠤ ᠬᠠᠨᠳᠤᠭᠤᠯᠤᠨ ᠤᠬᠠᠭᠤᠯᠵᠤ᠂ ᠪᠥᠬᠦ ᠲᠠᠯ᠎ᠠ ᠪᠠᠷ᠂ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃      ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠭᠠᠯ ᠰᠡᠷᠭᠡᠶᠢᠯᠡᠨ ᠤᠨᠲᠠᠷᠠᠭᠠᠬᠤ ᠡᠳ᠋ ᠪᠠᠷᠠᠭ᠎ᠠ ᠶᠢ ᠤᠷᠢᠳᠴᠢᠯᠠᠨ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠡᠳᠦᠷ ᠲᠤᠲᠤᠮ ᠤᠨ ᠪᠣᠯᠪᠠᠰᠤᠷᠠᠭᠤᠯᠤᠯ ᠰᠣᠷᠢᠯᠲᠠ ᠶᠢ ᠴᠢᠩᠭᠠᠳᠬᠠᠬᠤ ᠬᠡᠷᠡᠭᠲᠡᠶ᠃ ᠲᠡᠷᠭᠡ ᠬᠥᠰᠬᠡ ᠶᠢᠨ ᠲᠣᠨᠣᠭᠯᠠᠯ ᠮᠠᠰᠢᠨ ᠪᠠᠭᠠᠵᠢ ᠶᠢ ᠪᠥᠬᠦ ᠲᠠᠯ᠎ᠠ ᠪᠠᠷ ᠪᠠᠶᠢᠴᠠᠭᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠭᠠᠯ ᠰᠡᠷᠭᠡᠶᠢᠯᠡᠬᠦ ᠬᠤᠭᠤᠴᠠᠭᠠᠨ ᠳᠤ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠣᠯᠤᠨ ᠬᠠᠷᠢᠭᠤᠴᠠᠯᠭᠠᠲᠤ ᠨᠢᠭᠡᠴᠡ ᠨᠦᠭᠦᠳ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠮᠡᠳᠡᠭᠦᠯᠬᠦ ᠲᠦᠷᠢᠮ ᠪᠣᠯᠤᠨ ᠰᠢᠰᠲ᠋ᠧᠮᠵᠢᠭᠦᠯᠦᠨ ᠬᠠᠮᠢᠶᠠᠷᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠵᠡᠷᠭᠡ  ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃      ᠲᠤᠯᠤᠭ᠎ᠠ᠂ ᠪᠤᠰᠤᠳ ᠭᠤᠣᠯᠳᠠᠯᠭ᠎ᠠ ᠲᠠᠢ ᠬᠡᠰᠡᠭ ᠤᠨ  ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ  ᠤᠨ ᠤᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠢᠯᠣᠭᠤᠳᠬᠤ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃                             ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                 2023 ᠣᠨ ᠤ 3 ᠰᠠᠷ᠎ᠠ ᠶᠢᠨ 15᠎ ᠤ ᠡᠳᠦᠷ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ