ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠄ ᠡᠷᠡᠯᠬᠡᠭᠯᠡᠨ ᠤᠷᠤᠭᠰᠢᠯᠠᠬᠤ ᠲᠥᠪᠯᠡᠩᠭᠦᠢ ᠬᠦᠴᠦᠨ ᠢᠶᠠᠨ ᠨᠢᠭᠲᠠᠷᠠᠭᠤᠯᠵᠤ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠨ᠎ᠠ
ᠨᠡᠶᠢᠲᠡᠯᠡᠭᠰᠡᠨ ᠴᠠᠭ᠄
2023/4/13
      ᠬᠥᠲᠥᠯᠥᠭᠴᠢ᠄ ᠲᠠᠪᠢᠨ ᠵᠢᠷᠭᠤᠭᠠᠨ ᠦᠨᠳᠦᠰᠦᠲᠡᠨ ᠲᠠᠪᠢᠨ ᠵᠢᠷᠭᠤᠭᠠᠨ ᠬᠤᠸᠠᠷ᠂ ᠲᠠᠪᠢᠨ ᠵᠢᠷᠭᠤᠭᠠᠨ ᠦᠨᠳᠦᠰᠦᠲᠡᠨ ᠨᠢᠭᠡ ᠭᠡᠷ᠃ ᠮᠠᠨ ᠤ ᠥᠪᠥᠷ ᠮᠣᠩᠭᠤᠯ ᠳᠤ᠂ ᠣᠯᠠᠨ ᠤ ᠲᠥᠷᠥᠭᠳᠡᠯ ᠨᠠᠩ ᠰᠢᠭᠤᠳ᠂ ᠨᠠᠩ ᠭᠦᠨᠵᠡᠭᠡᠶ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠬᠦ ᠬᠡᠷᠡᠭᠲᠡᠢ᠃ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠢᠷᠢ ᠵᠡᠷᠭᠡ ᠬᠢᠭᠰᠡᠨ ᠪᠤᠢ︖ ᠥᠨᠥᠳᠦᠷ ᠪᠢᠳᠡ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠡᠷᠡᠯᠲᠦ ᠪᠣᠯᠤᠨ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠶᠠᠨ ᠢᠦᠶ ᠶᠢ ᠤᠷᠢᠵᠤ ᠲᠣᠭᠯᠠᠯᠲᠠ ᠶᠢᠨ ᠲᠠᠰᠤᠭ ᠪᠣᠯᠭᠠᠪᠠ᠃ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠶ᠎ᠠ᠃      ᠬᠦᠨᠲᠦᠲᠦ ᠵᠤᠴᠢᠨ᠄ ᠬᠦᠲᠦᠯᠦᠭᠴᠢ ᠰᠠᠶᠢᠨ ᠤᠤ︖ ᠦᠵᠡᠭᠴᠢᠳ ᠨᠠᠶᠢᠵᠠ ᠨᠠᠷ ᠰᠠᠶᠢᠨ ᠪᠠᠶᠢᠨ᠎ᠠ ᠤᠤ︕      ᠬᠥᠲᠥᠯᠥᠭᠴᠢ᠄ ᠮᠠᠨ ᠤ ᠪᠠᠶᠠᠨᠨᠠᠭᠤᠷ ᠲᠤ ᠬᠢᠲᠠᠳ᠂ ᠮᠣᠩᠭᠤᠯ᠂ ᠬᠤᠲᠣᠩ᠂ ᠮᠠᠨᠵᠤ ᠵᠡᠷᠭᠡ 42 ᠦᠨᠳᠦᠰᠦᠲᠡᠨ ᠪᠠᠶᠢᠨ᠎ᠠ᠃ ᠤᠷᠠᠳ ᠨᠢ ᠥᠷᠭᠡᠨ ᠠᠭᠤᠳᠠᠮ ᠤᠷᠠᠳ ᠤᠨ ᠲᠠᠯ᠎ᠠ ᠨᠤᠲᠤᠭ ᠲᠤ ᠭᠡᠰᠡᠨ ᠦᠭᠡᠢ᠂ ᠡᠰᠡᠬᠦᠯ᠎ᠡ ᠪᠠᠶᠠᠨ ᠴᠢᠨᠡᠭᠡᠯᠢᠭ ᠪᠣᠷᠣᠲᠣᠬᠤᠢ ᠶᠢᠨ ᠲᠠᠯ᠎ᠠ ᠭᠠᠵᠠᠷ ᠲᠤ ᠭᠡᠰᠡᠨ ᠦᠭᠡᠢ᠂ ᠦᠨᠳᠦᠰᠦᠲᠡᠨ ᠪᠦᠯᠬᠦᠮᠳᠡᠭᠰᠡᠨ ᠴᠡᠴᠡᠭ ᠭᠠᠵᠠᠷ ᠪᠣᠯᠭᠠᠨ ᠳᠤ ᠳᠡᠯᠭᠡᠷᠡᠵᠡᠶ᠃      ᠬᠥᠲᠥᠯᠥᠭᠴᠢ᠄ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾᠂ ︽ᠶᠠᠳᠠᠭᠤ ᠠᠴᠠ ᠠᠩᠭᠢᠵᠢᠷᠠᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠣᠳᠣᠬᠢᠴᠢᠯᠠᠬᠤ ᠨᠢ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾  ᠭᠡᠷᠡᠯᠲᠦ ᠡᠷᠬᠢᠯᠡᠭᠴᠢ ᠡ᠂ ᠡᠯ᠎ᠡ ᠦᠨᠳᠦᠰᠦᠲᠡᠨ ᠪᠦᠯᠬᠦᠮᠳᠡᠨ ᠲᠡᠮᠡᠴᠡᠭᠰᠡᠨ ᠵᠢᠷᠤᠭ ᠤᠨ ᠠᠷᠤ ᠳᠤ ᠪᠢᠳᠡ ᠶᠠᠮᠠᠷ ᠴᠢᠷᠮᠠᠶᠢᠯᠭ᠎ᠠ ᠭᠠᠷᠭᠠᠭᠰᠠᠨ ᠪᠤᠢ︖      ᠭᠡᠷᠡᠯᠲᠦ᠄ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ︽ᠲᠠᠪᠤᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠪᠠ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠲᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ  ᠪᠠᠬᠢᠵᠢᠭᠦᠯᠪᠡ︔ ᠬᠤᠶᠠᠷ ᠲᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠪᠠᠷᠢᠮᠲᠠᠯᠠᠬᠤ ᠪᠣᠳᠠᠰ ᠤᠨ ᠰᠠᠭᠤᠷᠢ ᠶᠢ  ᠪᠠᠬᠢᠵᠢᠭᠦᠯᠪᠡ︔ ᠭᠤᠷᠪᠠ ᠳᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠨᠡᠶᠢᠭᠡᠮ ᠤᠨ ᠰᠠᠭᠤᠷᠢ ᠶᠢ  ᠪᠠᠬᠢᠵᠢᠭᠦᠯᠪᠡ︔ ᠲᠦᠷᠪᠡ ᠳᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠠᠤᠯᠢᠵᠢᠯ ᠤᠨ ᠰᠠᠭᠤᠷᠢ ᠶᠢ ᠪᠠᠬᠢᠵᠢᠭᠦᠯᠪᠡ︔ ᠲᠠᠪᠤ ᠳᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ  ᠪᠦᠷᠢᠯᠳᠦᠭᠦᠯᠪᠡ᠃      ᠬᠥᠲᠥᠯᠥᠭᠴᠢ᠄ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠨᠢ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠢᠯ ᠢ ᠬᠢᠬᠦ ᠪᠠᠷ ᠪᠠᠷᠠᠬᠤ ᠥᠬᠡᠶ᠂ ᠪᠠᠰᠠ ᠶᠡᠭᠡ ᠬᠡᠮᠵᠢᠶᠡᠨ ᠤ  ᠤᠳᠠᠭᠠᠨ ᠳᠠᠭᠠᠭᠠᠮᠠᠭᠠᠢ ᠴᠢᠮᠡᠭᠡ ᠦᠭᠡᠢ ᠶᠠᠪᠤᠳᠠᠯ ᠢ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠶᠠᠨ ᠡᠷᠬᠢᠯᠡᠭᠴᠢ᠂ ᠪᠢᠳᠡ ᠬᠡᠷᠬᠢᠨ ᠤᠳᠠᠭᠠᠨ ᠳᠠᠭᠠᠭᠠᠮᠠᠭᠠᠢ ᠴᠢᠮᠡᠭᠡ ᠦᠭᠡᠢ ᠳᠤᠮᠳᠠ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠪᠤᠢ︖      ᠶᠠᠨ ᠢᠦᠶ᠄ ᠡᠩ ᠲᠡᠷᠢᠭᠦᠨ ᠳᠤ᠂ ᠪᠢᠳᠡ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︽ᠨᠢᠭᠡ ᠭᠠᠷᠠᠭ ᠬᠤᠶᠠᠷ ᠰᠠᠷ᠎ᠠ︾ ᠶᠢᠨ ᠬᠤᠭᠤᠴᠠᠭᠠᠨ ᠳᠤ᠂ ᠪᠢᠳᠡ ᠯᠢᠨ ᠾᠧ ᠲᠣᠭᠤᠷᠢᠭ ᠲᠤ ᠭᠤᠤᠯ ᠬᠤᠷᠠᠯ ᠤᠨ ᠲᠠᠯᠠᠪᠠᠶ ᠭᠠᠷᠭᠠᠵᠤ᠂ ᠡᠯ᠎ᠡ ᠬᠤᠰᠢᠭᠤ ᠰᠢᠶᠠᠨ ᠲᠣᠰ ᠲᠣᠰ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠡᠯ᠎ᠡ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠤᠬᠠᠭᠤᠯᠭ᠎ᠠ ᠶᠢᠨ ᠴᠡᠭ ᠭᠠᠷᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠭᠤᠤᠯ ᠬᠤᠷᠠᠯ ᠤᠨ ᠲᠠᠯᠠᠪᠠᠶ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠤᠬᠠᠭᠤᠯᠭ᠎ᠠ ᠶᠢᠨ ᠴᠡᠭ︾ ᠤᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠣᠯᠭᠠᠪᠠ᠃ ᠡᠨᠡ ᠵᠢᠯ᠂ ᠡᠯ᠎ᠡ ᠲᠥᠷᠥᠯ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠨᠡᠶᠢᠲᠡ 300 ᠭᠠᠷᠤᠶ ᠤᠳᠠᠭ᠎ᠠ᠂ ᠤᠳᠬ᠎ᠠ ᠤᠷᠠᠯᠢᠭ ᠤᠨ ᠠᠵᠢᠯᠯᠠᠭ᠎ᠠ ᠶᠢ ᠨᠡᠶᠢᠲᠡ 400 ᠭᠠᠷᠤᠶ ᠤᠳᠠᠭ᠎ᠠ ᠡᠷᠭᠢᠯᠡᠪᠡ᠃ ᠳᠠᠷᠠᠭᠠᠯᠠᠪᠠᠯ᠂ ᠪᠢᠳᠡ ︽ᠢᠨᠲ᠋ᠧᠷ ᠰᠦᠯᠵᠢᠶᠡᠨ ᠤ ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠯᠠᠪᠳᠠᠭᠤᠨ ᠪᠠᠲᠤ ᠲᠠᠢ ᠠᠬᠢᠭᠤᠯᠵᠤ᠃ ᠸᠢᠴᠠᠲ᠂ ᠴᠤᠤᠷᠢᠶ᠎ᠠ᠂ ᠪᠤᠰᠢᠭᠤ ᠭᠠᠷ ᠵᠡᠷᠭᠡ ᠰᠦᠯᠵᠢᠶᠡᠨ ᠤ ᠠᠴᠢᠶᠠᠯᠠᠪᠤᠷᠢ ᠶᠢ ᠭᠦᠢᠴᠡᠳ ᠬᠡᠷᠡᠭᠯᠡᠵᠦ᠂ ᠪᠥᠬᠦ ᠲᠠᠯ᠎ᠠ ᠪᠠᠷ᠂ ᠣᠯᠠᠨ ᠠᠷᠭ᠎ᠠ ᠵᠠᠮ᠂ ᠪᠣᠰᠤᠭ᠎ᠠ ᠴᠣᠭᠴᠠᠲᠤ ᠬᠡᠯᠪᠡᠷᠢ ᠪᠠᠷ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ︽ᠤᠯᠠᠭᠠᠨ ᠠᠨᠠᠷ ᠬᠤᠨᠳᠠᠭᠠᠲᠤ︾ ᠭᠤᠣᠯ ᠰᠡᠳᠦᠪᠲᠦ ᠣᠬᠤᠷ ᠸᠢᠳᠢᠤ᠋ ᠶᠢᠨ ᠤᠷᠤᠯᠳᠤᠭᠠᠨ ᠪᠣᠯᠤᠨ ᠰᠦᠯᠵᠢᠶᠡᠨ ᠳᠡᠭᠡᠷᠡᠬᠢ ᠱᠠᠩᠨᠠᠯ ᠲᠠᠢ ᠥᠷᠢᠰᠥᠯᠳᠦᠨ ᠬᠠᠷᠢᠭᠤᠯᠬᠤ ᠵᠡᠷᠭᠡ ᠠᠵᠢᠯᠯᠠᠭ᠎ᠠ ᠶᠢ ᠬᠤᠶᠠᠷ ᠵᠢᠯ ᠳᠠᠷᠠᠭᠠᠯᠠᠨ ᠥᠷᠨᠢᠭᠦᠯᠵᠦ᠂ ᠨᠡᠶᠢᠲᠡ 400 ᠭᠠᠷᠤᠢ ᠲᠦᠮᠡᠨ ᠬᠥᠮᠦᠨ ᠤᠳᠠᠭ᠎ᠠ ᠳᠤ ᠬᠦᠷᠴᠡᠢ᠃ ᠡᠭᠦᠨ ᠤ ᠬᠠᠮᠲᠤ᠂ ᠪᠠᠶᠠᠨᠨᠠᠭᠤᠷ ᠤᠨ ᠲᠧᠯᠸᠢᠰ ᠬᠤᠷᠢᠶ᠎ᠠ᠂ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ ᠳᠤ ᠲᠤᠰᠬᠠᠶ ᠪᠤᠯᠤᠩ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠬᠥᠲᠥᠯᠥᠭᠴᠢ᠄ ᠥᠷᠭᠡᠨ ᠳᠡᠯᠭᠡᠷ ᠤᠬᠠᠭᠤᠯᠬᠤ ᠪᠠ ᠥᠩᠭᠡ ᠢᠯᠭᠠᠷᠠᠭᠰᠠᠨ ᠠᠵᠢᠯᠯᠠᠭ᠎ᠠ ᠨᠢ ᠦᠨᠡᠬᠡᠷ ᠰᠠᠶᠢᠨ ᠠᠷᠭ᠎ᠠ ᠮᠥᠨ᠂  ᠤᠳᠠᠭᠠᠨ ᠳᠠᠭᠠᠭᠠᠮᠠᠭᠠᠢ ᠴᠢᠮᠡᠭᠡ ᠦᠭᠡᠢ ᠦᠯᠦ ᠮᠡᠳᠡᠭᠳᠡᠮ᠎ᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠵᠦ ᠪᠣᠯᠤᠨ᠎ᠠ᠃ ︽ᠡᠳ᠋ ᠪᠣᠳᠠᠰ ᠢ ᠤᠮᠳᠠᠯᠠᠬᠤ︾ ᠶᠢ ᠪᠡᠶᠡᠯᠡᠭᠦᠯᠬᠦ ᠬᠡᠷᠡᠭᠲᠡᠢ᠂ ᠪᠠᠰᠠ ᠨᠢᠭᠡᠨ ᠰᠠᠶᠢᠨ ᠠᠷᠭ᠎ᠠ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠦᠯᠢᠭᠡᠷ ᠢ ᠰᠠᠶᠢᠲᠤᠷ ᠶᠠᠷᠢᠵᠤ᠂ ᠳᠡᠷᠭᠡᠳᠡᠬᠢ ᠦᠯᠢᠭᠡᠷ ᠢᠶᠠᠨ ᠰᠠᠶᠢᠲᠤᠷ ᠶᠠᠷᠢᠬᠤ ᠶᠠᠪᠤᠳᠠᠯ ᠪᠣᠯᠤᠨ᠎ᠠ᠃ ᠶᠠᠨ ᠡᠷᠬᠢᠯᠡᠭᠴᠢ᠂ ᠪᠣᠳᠠᠲᠠᠢ ᠪᠠᠷ ᠮᠠᠨ ᠤ ᠪᠠᠶᠠᠨᠨᠠᠭᠤᠷ ᠲᠤ ᠬᠦᠷᠦᠭᠡᠳ᠂ ᠪᠢᠳᠡ ᠶᠠᠮᠠᠷ  ᠰᠠᠶᠢᠨ ᠲᠤᠷᠰᠢᠯᠲᠠ ᠬᠢᠵᠦ ᠪᠠᠢᠬᠤ ᠪᠤᠢ︖      ᠶᠠᠨ ᠢᠦᠶ᠄ ᠡᠨᠡ ᠵᠢᠯ᠂ ᠪᠢᠳᠡ ᠬᠦᠴᠦ ᠪᠠᠨ ᠲᠥᠪᠯᠡᠷᠡᠭᠦᠯᠦᠨ ︽ᠬᠤᠶᠠᠷ ᠢ ᠡᠭᠦᠳᠬᠦ︾ ᠶᠢ ᠠᠬᠢᠭᠤᠯᠵᠤ᠂ ︽ᠰᠣᠶᠣᠯ ᠤᠨ ᠮᠡᠳᠡᠷᠡᠮᠵᠢ︾ ᠶᠢ ᠴᠢᠩᠭᠠᠳᠬᠠᠵᠤ᠂ ᠬᠤᠲᠠ ᠶᠢᠨ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠲᠠᠢ ᠬᠠᠮᠵᠢᠯᠴᠠᠨ ︽ᠬᠡᠷ ᠨᠢ ᠬᠠᠲᠤᠨ ᠭᠤᠤᠯ ᠤᠨ ᠬᠥᠪᠡᠭᠡᠨ ᠳᠤ ᠪᠠᠶᠢᠨ᠎ᠠ᠂ 345︾ ︽ᠣᠷᠳᠣ ᠴᠠᠭᠠᠨ ᠬᠡᠷᠡᠮ ᠤᠨ ᠬᠤᠶᠠᠷ ᠲᠠᠯ᠎ᠠ ᠪᠠᠷ ᠡᠬᠡ ᠨᠤᠲᠤᠭ︾ ︽ᠡᠩ ᠤᠨ ᠠᠷᠪᠠᠨ ᠵᠢᠯ · ᠪᠠᠶᠠᠨᠨᠠᠭᠤᠷ ᠤᠨ ᠰᠢᠨ᠎ᠡ ᠳᠠᠪᠠᠯᠲᠠ︾ ︽ᠲᠡᠭᠷᠢ ᠶᠢᠨ ᠬᠡᠰᠢᠭᠲᠦ ᠪᠣᠷᠣᠲᠣᠬᠤᠶ ᠬᠤᠷᠢᠨ ᠳᠥᠷᠪᠡᠨ ᠴᠠᠭ ᠠᠭᠤᠷ︾ ︽ᠠᠯᠲᠠᠨ ᠥᠭᠦᠯᠡᠪᠦᠷᠢ ᠶᠢ ᠰᠠᠶᠢᠨ ᠶᠠᠷᠢᠬᠤ︾ ︽ᠦᠨᠳᠦᠰᠦᠲᠡᠨ ᠤ ᠪᠦᠯᠬᠦᠮᠳᠡᠯ ᠤᠨ ᠲᠠᠭᠤᠨ ᠤ ᠤᠷᠲᠤ -  ᠭᠤᠷᠪᠠᠨ ᠮᠢᠩᠭᠠᠨ ᠥᠨᠥᠴᠢᠨ ᠬᠡᠤᠬᠡᠳ ᠢ ᠥᠪᠥᠷ ᠮᠣᠩᠭᠤᠯ ᠳᠤ ᠠᠪᠴᠢᠷᠠᠨ ᠢᠷᠡᠭᠰᠡᠨ ᠪᠠᠶᠠᠨᠨᠠᠭᠤᠷ ᠤᠨ ᠥᠯᠢᠭᠡᠷ︾ ᠵᠡᠷᠭᠡ 20 ᠭᠠᠷᠤᠶ ᠰᠢᠷᠢᠰ ᠫᠷᠤᠭ᠍ᠷᠠᠮ ᠢ ᠵᠣᠬᠢᠶᠠᠨ ᠪᠦᠲᠦᠭᠡᠵᠦ᠂ ᠬᠤᠯᠪᠣᠭᠳᠠᠯ ᠪᠥᠬᠦᠶ ᠬᠤᠰᠢᠭᠤ ᠰᠢᠶᠠᠨ ᠲᠠᠢ ᠬᠠᠮᠲᠤᠷᠠᠨ ︽ᠤᠯᠤᠰ ᠤᠨ ᠬᠡᠤᠬᠡᠳ︾ ᠤᠨ ᠭᠤᠤᠯ ᠰᠡᠳᠦᠪᠲᠦ ᠤᠷᠠᠨ ᠵᠤᠬᠢᠶᠠᠯ ᠤᠨ ᠪᠦᠲᠦᠭᠡᠯ ︽ᠶᠡᠭᠡ ᠬᠠᠶᠢᠷ᠎ᠠ ᠶᠢᠨ ᠬᠠᠶᠢᠷ᠎ᠠ︾ ᠪᠥᠵᠢᠭ ᠤᠨ ᠲᠠᠶᠢᠰᠠᠨ ᠤ ᠵᠦᠴᠦᠭᠡ ᠶᠢ ᠵᠣᠬᠢᠶᠠᠨ ᠪᠦᠲᠦᠭᠡᠵᠡᠢ᠃      ᠬᠥᠲᠥᠯᠥᠭᠴᠢ᠄ ᠡᠨᠡ ᠪᠦᠲᠦᠭᠡᠯ ᠢ ᠦᠨᠡᠨ ᠪᠣᠳᠠᠲᠠᠶ ᠬᠡᠷᠡᠭ ᠢ ᠦᠨᠳᠦᠰᠦᠯᠡᠨ ᠥᠭᠡᠷᠡᠴᠢᠯᠡᠨ ᠨᠠᠶᠢᠷᠠᠭᠤᠯᠵᠤ ᠪᠦᠲᠦᠭᠡᠭᠰᠡᠨ ᠦᠦ︖      ᠶᠠᠨ ᠢᠤᠢ᠄ ᠲᠡᠶᠢᠮᠦ᠂ ᠡᠨᠡ ᠬᠦ ᠵᠦᠴᠦᠭᠡ ᠨᠢ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠦᠯᠢᠭᠡᠷ ᠢ ᠶᠠᠷᠢᠵᠤ᠂ ᠪᠠᠶᠠᠨᠨᠠᠭᠤᠷ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠬᠡ ᠤᠯᠤᠰ ᠤᠨ ᠶᠡᠭᠡ ᠭᠡᠷ ᠪᠦᠯᠢ ᠳᠤ ᠲᠦᠷ ᠴᠠᠭ ᠤᠨ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃      ᠬᠥᠲᠥᠯᠥᠭᠴᠢ᠄ ᠰᠠᠶᠢᠨ ᠪᠦᠲᠦᠭᠡᠯ᠂ ᠰᠠᠶᠢᠨ ᠦᠯᠢᠭᠡᠷ ᠪᠣᠯ ᠨᠢᠳᠦᠨ ᠳᠤ ᠬᠠᠳᠠᠩᠰᠢᠭᠰᠠᠨ ᠮᠥᠷᠲᠡᠭᠡᠨ ᠪᠠᠰᠠ ᠰᠡᠳᠬᠢᠯ ᠵᠢᠷᠦᠬᠡᠨ ᠳᠤ ᠬᠠᠳᠠᠩᠰᠢᠭᠰᠠᠨ ᠶᠠᠪᠤᠳᠠᠯ ᠪᠣᠯᠤᠨ᠎ᠠ᠃ ᠰᠣᠶᠣᠯ ᠤᠨ ᠰᠢᠮᠡᠵᠢᠭᠦᠯᠦᠯᠲᠡ ᠲᠠᠢ ᠪᠣᠯᠤᠭᠰᠠᠨ ᠳᠤ ᠪᠠᠰᠠ ᠦᠨᠳᠦᠰᠦᠲᠡᠨ ᠤ ᠠᠵᠤ ᠠᠬᠤᠶ ᠶᠢᠨ ᠬᠥᠭᠵᠢᠯᠲᠡ ᠶᠢᠨ ︽ᠪᠠᠶᠠᠵᠢᠯ ᠤᠨ ᠵᠠᠮ︾ ᠢ ᠬᠠᠶᠢᠨ ᠰᠦᠪᠡᠭᠴᠢᠯᠡᠵᠦ᠂ ᠦᠨᠳᠦᠰᠦᠲᠡᠨ ᠨᠦᠭᠦᠳ ᠤᠨ ᠴᠥᠮ ᠬᠥᠭᠵᠢᠯᠲᠡ ᠠᠴᠠ ᠪᠣᠯᠤᠭᠰᠠᠨ ᠠᠰᠢᠭ ᠲᠤᠰᠠ ᠶᠢ ᠡᠳ᠋ᠯᠡᠭᠦᠯᠬᠦ ᠬᠡᠷᠡᠭᠲᠡᠶ᠃ ᠡᠨᠡ ᠲᠠᠯ᠎ᠠ ᠪᠠᠷ᠂ ᠪᠢᠳᠡ ᠶᠠᠭᠠᠬᠢᠵᠤ ᠬᠢᠭᠰᠡᠨ ᠪᠤᠢ︖      ᠶᠠᠨ ᠢᠦᠶ᠄ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠨᠥᠭᠡᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠵᠣᠯᠭᠠᠭᠤᠯᠵᠤ ᠠᠬᠢᠭᠤᠯᠵᠤ᠂ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠠᠯᠠ ᠮᠥᠩᠭᠦ ᠶᠢᠨ ᠲᠥᠷᠥᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠡᠨᠡ ᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢ 4788 ᠲᠦᠮᠡᠨ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠵᠤ᠂ 2021 ᠣᠨ ᠤ ᠬᠢ ᠠᠴᠠ 841 ᠲᠦᠮᠡᠨ ᠲᠥᠭᠦᠷᠢᠭ ᠨᠡᠮᠡᠭᠳᠡᠵᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠣᠯᠠᠨ ᠬᠦᠷᠢᠶᠡᠨ ᠤ 59 ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠭᠰᠡᠨ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠤᠷᠤᠬᠰᠢ ᠬᠥᠭᠵᠢᠬᠦ ᠶᠢ ᠪᠦᠲᠦᠮᠵᠢᠲᠡᠶ ᠠᠬᠢᠭᠤᠯᠪᠠ᠃      ᠬᠥᠲᠥᠯᠥᠭᠴᠢ᠄ ᠦᠨᠳᠦᠰᠦᠲᠡᠨ ᠤ ᠠᠵᠢᠯ ᠡᠯ᠎ᠡ ᠲᠠᠯ᠎ᠠ ᠳᠤ ᠬᠤᠯᠪᠣᠭᠳᠠᠵᠤ᠂ ᠵᠥᠪᠬᠡᠨ ᠨᠢᠭᠡ ᠰᠠᠯᠠᠭ᠎ᠠ ᠮᠥᠴᠢᠷ ᠲᠤ ᠲᠦᠰᠢᠭᠯᠡᠨ ︽ᠭᠠᠭᠴᠠ ᠬᠥᠮᠥᠨ ᠤ ᠵᠦᠴᠦᠭᠡ︾ ᠶᠢ ᠳᠠᠭᠤᠯᠠᠬᠤ ᠳᠤ ᠬᠦᠷᠦᠯᠴᠡᠬᠦ ᠦᠭᠡᠢ ᠶᠤᠮ᠂ ᠪᠦᠬᠦ ᠨᠡᠶᠢᠭᠡᠮ ᠢ ᠳᠠᠶᠢᠴᠢᠯᠠᠨ ᠣᠷᠣᠯᠴᠠᠭᠤᠯᠵᠤ᠂ ᠮᠠᠨ ᠤ ᠶᠠᠮᠠᠷ ᠰᠠᠶᠢᠨ ᠠᠷᠭ᠎ᠠ ᠪᠠᠶᠢᠬᠤ ᠪᠣᠢ︖      ᠭᠡᠷᠡᠯᠲᠦ᠄ ᠪᠢᠳᠡ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠴᠢᠷᠮᠠᠶᠢᠨ ᠪᠦᠷᠢᠯᠳᠦᠭᠦᠯᠦᠨ᠎ᠡ᠃ ᠨᠢᠭᠡ ᠳᠤ ᠡᠭᠦᠳᠦᠨ ᠪᠠᠶᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠳᠤ ᠣᠷᠣᠭᠤᠯᠵᠤ᠂ ᠪᠣᠯᠪᠠᠰᠤᠨ ᠨᠢᠭᠡᠴᠡ ᠶᠢᠨ ᠳᠠᠬᠢᠨ ᠰᠢᠯᠭᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠲᠠᠢ ᠬᠤᠯᠪᠣᠭᠳᠠᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠰᠤᠯᠴᠠᠯ ᠬᠠᠷᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ ᠬᠤᠶᠠᠷ ᠲᠤ᠂ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︽ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ︾ ᠶᠢ ᠪᠦᠬᠦ ᠬᠤᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠨ ᠲᠥᠯᠥᠪᠵᠢᠭᠦᠯᠦᠨ ᠪᠠᠶᠢᠷᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ︽ᠲᠠᠪᠤᠨ ᠶᠡᠭᠡ ᠠᠵᠢᠯᠯᠠᠭ᠎ᠠ︾ ᠳᠤ ᠣᠷᠣᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠳᠤ ᠣᠷᠣᠭᠤᠯᠵᠤ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠲᠤᠨ ᠤ ᠠᠯᠬᠤᠮ ᠢᠶᠠᠨ ᠨᠢᠭᠡᠳᠦᠯᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠲᠦᠷᠢᠮ ᠢ ᠪᠦᠷᠢᠨᠰᠢᠬᠦᠯᠦᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ ᠠᠯᠢᠪᠠ ᠠᠵᠢᠯ ᠢ ᠭᠤᠣᠯ ᠰᠢᠵᠢᠮ ᠲᠡᠰᠢ ᠲᠥᠪᠯᠡᠷᠡᠭᠦᠯᠬᠦ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ ᠳᠤ ᠰᠢᠨ᠎ᠡ ᠪᠠᠷ ᠵᠠᠰᠠᠪᠤᠷᠢ ᠣᠷᠣᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠤᠭᠤᠷᠣᠨᠳᠣᠬᠢ ᠬᠠᠮᠵᠢᠯᠴᠠᠭ᠎ᠠ ᠪᠠ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠢ ᠪᠣᠳᠠᠲᠠᠢ ᠨᠠᠷᠢᠯᠢᠭ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ