ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠄ ᠡᠷᠡᠯᠬᠡᠭᠯᠡᠨ ᠤᠷᠤᠭᠰᠢᠯᠠᠬᠤ ᠲᠥᠪᠯᠡᠩᠭᠦᠢ ᠬᠦᠴᠦᠨ ᠢᠶᠠᠨ ᠨᠢᠭᠲᠠᠷᠠᠭᠤᠯᠵᠤ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠨ᠎ᠠ ︵ᠬᠤᠶᠠᠷ︶
ᠨᠡᠶᠢᠲᠡᠯᠡᠭᠰᠡᠨ ᠴᠠᠭ᠄
2023/4/13
      ᠬᠥᠲᠥᠯᠥᠭᠴᠢ᠄ ᠦᠨᠳᠦᠰᠦᠲᠡᠨ ᠤ ᠠᠵᠢᠯ ᠤᠨ ᠡᠴᠦᠰ ᠤᠨ ᠲᠤᠰᠤᠯᠲᠠ ᠬᠠᠰᠢᠯᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠲᠤᠯᠭᠠᠷᠠᠵᠤ ᠪᠠᠶᠢᠭ᠎ᠠ ᠡᠯ᠎ᠡ  ᠵᠦᠢᠯ ᠤᠨ ᠪᠣᠳᠠᠲᠠᠶ ᠠᠰᠠᠭᠤᠳᠠᠯ ᠢ ᠲᠣᠬᠢᠲᠠᠶ ᠰᠠᠶᠢᠲᠤᠷ  ᠰᠢᠢᠳᠪᠦᠷᠢᠯᠡᠵᠦ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠪᠢᠳᠡ ᠬᠤᠲᠠ ᠶᠢᠨ ᠠᠷᠠᠳ ᠤᠨ ᠦᠨᠳᠦᠰᠦᠲᠡᠨ ᠤ ᠠᠵᠢᠯ ᠳᠤ ᠶᠠᠮᠠᠷ  ᠰᠠᠨᠠᠭᠤᠯᠭ᠎ᠠ ᠪᠠ ᠬᠦᠰᠡᠯ ᠲᠠᠯᠪᠢᠵᠤ ᠪᠠᠶᠢᠬᠤ ᠶᠢ ᠰᠣᠨᠣᠰᠴᠤ ᠦᠵᠡᠶ᠎ᠡ᠃      ᠳᠡᠯᠭᠡᠭᠦᠷ ᠤᠨ ᠡᠵᠡᠨ᠄ ᠦᠨᠲᠤᠰᠤᠲᠡᠨ ᠤ ᠠᠷᠠᠯᠵᠢᠶ᠎ᠠ ᠪᠤᠯᠤᠨ ᠦᠨᠲᠤᠰᠤᠲᠡᠨ ᠤ ᠤᠨᠴᠠ ᠬᠡᠷᠡᠭᠴᠡᠬᠡᠲᠤ ᠲᠠᠸᠠᠷ ᠤᠨ ᠦᠢᠯᠡᠳᠪᠤᠷᠢᠯᠠᠯ ᠤᠨ ᠵᠢᠬᠡᠯᠡᠯᠬᠡ ᠶᠢᠨ ᠬᠦᠤ ᠮᠦᠩᠭᠦ ᠶᠢ ᠤᠷᠤᠯᠠᠨ ᠪᠤᠴᠠᠭᠠᠬᠤ ᠲᠦᠷᠥ ᠶᠢᠨ ᠪᠤᠲᠤᠯᠭ᠎ᠠ ᠪᠠᠶᠢᠨ᠎ᠠ᠂ ᠪᠤᠲᠠᠲᠠᠢ ᠤᠶᠢᠯᠠᠭᠠᠬᠤ ᠰᠠᠨᠠᠭᠠᠲᠡᠶ᠃      ᠬᠤᠲᠠ ᠶᠢᠨ ᠠᠷᠠᠳ ︵ᠤᠲᠠᠰᠤ ᠰᠤᠷᠪᠤᠯᠵᠢᠯᠠᠭ᠎ᠠ︶᠄ ᠤᠷᠤᠭ ᠰᠠᠯᠤᠭᠰᠠᠨ ᠤ ᠰᠡᠭᠦᠯᠡᠷ᠂ ᠬᠡᠦᠭᠡᠳ  ᠨᠠᠮ᠎ᠠ ᠲᠠᠢ ᠬᠠᠮᠲᠤ ᠠᠮᠢᠳᠤᠷᠠᠵᠤ᠂ ᠬᠢᠲᠡᠳ ᠦᠨᠲᠦᠰᠦᠲᠡᠨ᠂ ᠲᠠᠭᠢᠨ ᠬᠤᠷᠢᠮᠯᠠᠭᠰᠠᠨ ᠤ ᠰᠡᠭᠦᠯᠡᠷ ᠮᠢᠨᠤ ᠬᠠᠶᠢᠷᠠᠲᠤ ᠬᠦᠮᠦᠨ ᠪᠤᠯ  ᠮᠣᠩᠭᠤᠯ ᠦᠨᠲᠦᠰᠦᠲᠡᠨ᠂ ᠪᠢ ᠠᠰᠠᠭᠤᠶ᠎ᠠ ᠭᠡᠵᠦ ᠰᠠᠨᠠᠪᠠᠯ ᠮᠢᠨᠤ ᠬᠡᠦᠭᠡᠳ ᠢ ᠦᠨᠲᠤᠰᠤᠲᠡᠨ ᠭᠡᠵᠦ ᠥᠭᠡᠷᠡᠴᠢᠯᠡᠵᠦ ᠪᠤᠯᠤᠨ᠎ᠠ ᠤᠤ︖      ᠬᠤᠲᠠ ᠶᠢᠨ ᠠᠷᠠᠳ᠄ ᠥᠩᠭᠡᠷᠡᠭᠰᠡᠨ ᠳᠤ ᠪᠢᠳᠡ ︽ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠦᠢᠯᠡᠳᠬᠦ ᠪᠣᠯᠪᠠᠰᠤᠷᠠᠯ ᠤᠨ ᠠᠩᠭᠢ︾ ᠶᠢ ᠡᠷᠬᠢᠯᠡᠵᠦ ᠥᠩᠭᠡᠷᠡᠵᠡᠶ᠂ ᠬᠤᠪᠢ ᠬᠥᠮᠦᠨ ᠤ ᠰᠢᠯᠲᠠᠭᠠᠨ ᠠᠴᠠ ᠪᠣᠯᠵᠤ ᠠᠯᠳᠠᠭᠰᠠᠨ᠎ᠠ᠂ ᠪᠢ ᠪᠠᠰᠠ ᠣᠷᠣᠯᠴᠠᠬᠤ ᠭᠡᠵᠦ ᠪᠣᠳᠤᠪᠠ᠂ ᠪᠢᠳᠡᠨ ᠠᠴᠠ ᠪᠠᠰᠠ ᠬᠡᠳᠦᠶ ᠤᠳᠠᠭ᠎ᠠ ᠡᠷᠬᠢᠯᠡᠭᠰᠡᠨ ᠪᠤᠢ︖      ᠬᠥᠲᠥᠯᠥᠭᠴᠢ᠄ ᠨᠢᠭᠡᠳᠦᠭᠡᠷ ᠠᠰᠠᠭᠤᠳᠠᠯ ᠨᠢ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠵᠢᠭᠡᠯᠡᠯᠭᠡ ᠶᠢᠨ ᠳᠠᠮ ᠬᠦᠦ ᠶᠢᠨ ᠲᠤᠬᠠᠶ ᠠᠰᠠᠭᠤᠯᠲᠠ ᠪᠣᠯᠤᠨ᠎ᠠ᠂ ᠮᠠᠨ ᠤ ᠪᠣᠳᠠᠲᠠᠶ ᠲᠥᠷᠥ ᠶᠢᠨ ᠪᠣᠳᠣᠯᠭ᠎ᠠ ᠶᠠᠮᠠᠷ ᠵᠡᠷᠭᠡ ᠪᠣᠶ︖      ᠶᠠᠨ ᠢᠦᠶ᠄ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠪᠣᠳᠠᠰ ᠤᠨ ᠵᠢᠭᠡᠯᠡᠯᠭᠡ ᠶᠢᠨ ᠳᠠᠮ ᠬᠦᠤ ᠶᠢ ᠪᠣᠯ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠲᠡᠨ ᠤ ᠭᠠᠵᠠᠷ ᠣᠷᠣᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂  ᠠᠷᠠᠳ  ᠤᠨ ᠪᠠᠩᠬᠢ  ᠶᠢᠨ  ᠬᠥᠬᠡᠬᠤᠲᠠ  ᠲᠥᠪ  ᠰᠠᠯᠪᠤᠷᠢ  ᠪᠠᠩᠬᠢ  ᠶᠢᠨ ︽ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠵᠢᠭᠡᠯᠡᠯᠭᠡ ᠶᠢᠨ ᠳᠠᠮ ᠬᠦᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠶᠣᠰᠣᠭᠠᠷ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠠ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠤᠨ ᠲᠣᠭᠲᠠᠮᠠᠯ ᠴᠡᠭ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠥᠷᠨᠢᠭᠦᠯᠬᠦ ᠳᠤ ᠬᠡᠷᠡᠭᠯᠡᠬᠦ ᠡᠷᠭᠢᠯᠲᠡ ᠶᠢᠨ ᠪᠡᠯᠡ ᠮᠥᠩᠭᠦ ᠶᠢᠨ ᠵᠢᠭᠡᠯᠡᠯᠭᠡ ᠳᠤ ᠳᠠᠮ ᠬᠦᠦ ᠶᠢᠨ ᠨᠥᠬᠦᠪᠥᠷᠢ ᠣᠯᠭᠤᠨ᠎ᠠ᠃ ᠵᠢᠭᠡᠯᠡᠯᠭᠡ ᠶᠢ ᠵᠢᠭᠡᠯᠡᠯᠭᠡ ᠶᠢᠨ ᠡᠬᠡ ᠮᠥᠩᠭᠦ ᠶᠢᠨ ᠵᠣᠭᠤᠰᠣᠨ ᠲᠤᠭ᠎ᠠ ᠠᠴᠠ 2.88% ᠶᠢᠨ ᠬᠢᠷᠢ ᠬᠡᠮᠵᠢᠶ᠎ᠡ ᠪᠠᠷ ᠡᠳ᠋ ᠤᠨ ᠵᠠᠰᠠᠭ ᠤᠨ ᠳᠠᠮ ᠬᠦᠦ ᠮᠥᠩᠭᠦ ᠲᠣᠬᠢᠷᠠᠭᠤᠯᠵᠤ ᠪᠣᠯᠤᠨ᠎ᠠ᠃ ᠱᠠᠭᠠᠷᠳᠠᠯᠭ᠎ᠠ ᠲᠠᠢ ᠪᠥᠭᠡᠳ ᠰᠣᠨᠢᠷᠬᠠᠯ ᠲᠠᠢ ᠠᠵᠤ ᠠᠬᠤᠶᠢᠯᠠᠯ ᠪᠠ ᠬᠤᠪᠢ ᠬᠥᠮᠦᠨ᠂ ᠪᠠᠶᠠᠨᠨᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠰᠦᠯᠵᠢᠶᠡᠨ ᠥᠷᠲᠡᠭᠡ ᠪᠠᠷ ᠣᠷᠣᠵᠤ ᠪᠠᠶᠢᠴᠠᠭᠠᠨ ᠣᠶᠢᠯᠠᠭᠠᠵᠤ ᠪᠣᠯᠤᠨ᠎ᠠ᠂ ᠪᠠᠰᠠ ᠮᠠᠨ ᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠠᠰᠠᠭᠤᠨ ᠯᠠᠪᠯᠠᠵᠤ ᠪᠣᠯᠤᠨ᠎ᠠ᠃      ᠬᠥᠲᠥᠯᠥᠭᠴᠢ᠄ ᠬᠤᠶᠠᠳᠤᠭᠠᠷ ᠠᠰᠠᠭᠤᠳᠠᠯ᠂ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠪᠣᠯ ᠪᠠᠰᠠ ᠴᠤ ᠣᠯᠠᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠮᠥᠨ᠃      ᠶᠠᠨ ᠢᠦᠢ᠄  ᠡᠶᠢᠮᠦ  ᠪᠠᠶᠢᠳᠠᠯ ᠨᠢ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠵᠤ ᠪᠣᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠦᠨᠳᠦᠰᠦᠲᠡᠨ ᠤ ᠪᠦᠷᠢᠯᠳᠦᠬᠦᠨ ᠢ ᠳᠠᠩᠰᠠᠯᠠᠨ ᠬᠠᠮᠢᠶᠠᠷᠬᠤ ᠬᠡᠷᠡᠭᠵᠢᠭᠦᠯᠬᠦ ᠠᠷᠭ᠎ᠠ︾ ᠶᠢᠨ ᠶᠣᠰᠣᠭᠠᠷ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠠᠷᠠᠳ ᠢᠷᠭᠡᠨ ᠢ ᠨᠡᠶᠢᠲᠡ ᠬᠤᠶᠠᠷ ᠲᠥᠷᠥᠯ ᠳᠤ ᠬᠤᠪᠢᠶᠠᠨ᠎ᠠ᠃ ᠨᠢᠭᠡᠳᠦᠭᠡᠷ ᠲᠥᠷᠥᠯ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠠᠷᠠᠳ ᠢᠷᠭᠡᠳ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠳᠡᠨ ᠤ ᠦᠨᠳᠦᠰᠦᠲᠡᠨ ᠤ ᠪᠦᠷᠢᠯᠳᠦᠬᠦᠨ ᠢᠶᠠᠨ ᠨᠢᠭᠡ ᠤᠳᠠᠭ᠎ᠠ ᠬᠤᠪᠢᠷᠠᠭᠤᠯᠬᠤ ᠪᠠᠷ ᠭᠤᠶᠤᠴᠢᠯᠠᠵᠤ ᠪᠣᠯᠤᠨ᠎ᠠ᠄ ᠨᠢᠭᠡ ᠳᠤ ᠡᠴᠢᠭᠡ ᠡᠬᠡ ᠶᠢᠨ ᠤᠷᠤᠭ ᠤᠨ ᠬᠠᠷᠢᠴᠠᠭ᠎ᠠ ᠳᠤ ᠬᠤᠪᠢᠷᠠᠯᠲᠠ ᠭᠠᠷᠴᠤ᠂ ᠦᠨᠳᠦᠰᠦᠲᠡᠨ ᠤ ᠪᠦᠷᠢᠯᠳᠦᠬᠦᠨ ᠨᠢ ᠰᠢᠭᠤᠳ ᠠᠰᠠᠷᠠᠨ ᠲᠡᠵᠢᠭᠡᠵᠦ ᠪᠠᠶᠢᠭ᠎ᠠ ᠨᠢᠭᠡ ᠡᠲᠡᠭᠡᠳ ᠨᠢ ᠠᠳᠠᠯᠢ ᠦᠭᠡᠢ︔ ᠬᠤᠶᠠᠷ ᠲᠤ ᠡᠴᠢᠭᠡ ᠡᠬᠡ ᠶᠢᠨ ᠤᠷᠤᠭ ᠤᠨ ᠬᠠᠷᠢᠴᠠᠭ᠎ᠠ ᠨᠢ ᠬᠤᠪᠢᠷᠠᠯᠲᠠ ᠭᠠᠷᠴᠤ᠂ ᠲᠡᠳᠡᠨ ᠤ ᠦᠨᠳᠦᠰᠦᠲᠡᠨ ᠤ ᠪᠦᠷᠢᠯᠳᠦᠬᠦᠨ ᠨᠢ ᠬᠤᠶᠢᠲᠤ ᠡᠴᠢᠭᠡ ᠡᠬᠡ ︵ᠡᠬᠡ︶ ᠶᠢᠨ ᠦᠨᠳᠦᠰᠦᠲᠡᠨ ᠤ ᠪᠦᠷᠢᠯᠳᠦᠬᠦᠨ ᠨᠢ ᠠᠳᠠᠯᠢ ᠦᠭᠡᠢ︔ ᠭᠤᠷᠪᠠ ᠳᠤ ᠲᠡᠳᠡᠨ ᠤ ᠦᠨᠳᠦᠰᠦᠲᠡᠨ ᠤ ᠪᠦᠷᠢᠯᠳᠦᠬᠦᠨ ᠨᠢ ᠲᠡᠵᠢᠭᠡᠭᠰᠡᠨ ᠡᠴᠢᠭᠡ ᠡᠬᠡ ︵ᠡᠬᠡ︶ ᠶᠢᠨ ᠦᠨᠳᠦᠰᠦᠲᠡᠨ ᠤ ᠪᠦᠷᠢᠯᠳᠦᠬᠦᠨ ᠨᠢ ᠠᠳᠠᠯᠢ ᠦᠭᠡᠢ ᠪᠠᠶᠢᠳᠠᠭ᠃ ᠬᠤᠶᠠᠳᠤᠭᠠᠷ ᠲᠥᠷᠥᠯ᠂ ᠪᠦᠬᠦᠯᠢ 18 ᠨᠠᠰᠤ ᠬᠦᠷᠦᠭᠰᠡᠨ ᠠᠷᠠᠳ ᠢᠷᠭᠡᠨ ᠲᠡᠭᠦᠨ ᠤ ᠪᠦᠬᠦᠯᠢ 18 ᠨᠠᠰᠤ ᠬᠦᠷᠦᠭᠰᠡᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ᠂ ᠲᠡᠭᠦᠨ ᠤ ᠡᠴᠢᠭᠡ ᠪᠤᠶᠤ ᠡᠭᠡ ᠶᠢᠨ ᠢᠶᠠᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠨ ᠨᠢᠭᠡ ᠤᠳᠠᠭ᠎ᠠ ᠬᠤᠪᠢᠷᠠᠭᠤᠯᠬᠤ ᠪᠠᠷ ᠭᠤᠶᠤᠴᠢᠯᠠᠵᠤ ᠪᠣᠯᠤᠨ᠎ᠠ᠃ ᠲᠤᠰᠢᠶᠠᠬᠤ ᠴᠢᠬᠤᠯᠠᠲᠠᠶ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠥᠷᠲᠡᠭᠡ ᠠᠴᠠ ᠪᠠᠶᠢᠴᠠᠭᠠᠨ ᠯᠠᠪᠯᠠᠵᠤ ᠪᠣᠯᠤᠨ᠎ᠠ᠂ ᠲᠤᠬᠠᠶ ᠶᠢᠨ ᠭᠠᠵᠠᠷ ᠤᠨ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠠᠴᠠ ᠪᠠᠰᠠ ᠠᠰᠠᠭᠤᠨ ᠯᠠᠪᠯᠠᠵᠤ ᠪᠣᠯᠤᠨ᠎ᠠ᠃      ᠬᠥᠲᠥᠯᠥᠭᠴᠢ᠄ ᠭᠤᠷᠪᠠᠳᠤᠭᠠᠷ ᠠᠰᠠᠭᠤᠳᠠᠯ ᠪᠣᠯ ︽ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠦᠢᠯᠡᠳᠬᠦ ᠪᠣᠯᠪᠠᠰᠤᠷᠠᠯ ᠤᠨ ᠠᠩᠭᠢ︾ ᠶᠢᠨ ᠠᠰᠠᠭᠤᠳᠠᠯ ᠪᠣᠯᠤᠨ᠎ᠠ᠃      ᠶᠠᠨ ᠢᠦᠶ᠄ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ ᠪᠣᠯᠪᠠᠰᠤᠷᠠᠯ ᠤᠨ ᠠᠩᠭᠢ ᠶᠢ ᠡᠷᠭᠢᠯᠡᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠰᠣᠶᠣᠯ ᠤᠨ ᠬᠥᠳᠡᠯᠭᠡᠬᠦ ᠬᠦᠴᠦᠨ ᠢ ᠲᠥᠪᠯᠡᠷᠡᠭᠦᠯᠦᠨ ᠪᠠᠲᠤ ᠴᠣᠭᠴᠠᠯᠠᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠣᠳᠣᠬᠠᠨ ᠪᠣᠯᠲᠠᠯ᠎ᠠ᠂ ᠮᠠᠨ ᠤ ᠬᠤᠲᠠ ᠨᠢᠭᠡᠨᠲᠡ ᠳᠥᠷᠪᠡᠨ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠵᠦ᠂ 200 ᠭᠠᠷᠤᠶ ᠬᠥᠮᠦᠨ ᠢ ᠪᠣᠯᠪᠠᠰᠤᠷᠠᠭᠤᠯᠵᠤ᠂ ᠪᠣᠯᠪᠠᠰᠤᠷᠠᠯ ᠤᠨ ᠡᠲᠡᠭᠡᠳ ᠨᠢ ᠭᠤᠤᠯᠳᠠᠭᠤ ᠰᠢᠯᠵᠢᠭᠦᠯᠦᠨ ᠬᠤᠲᠠ ᠳᠤ ᠣᠷᠣᠵᠤ ᠠᠵᠢᠯ ᠬᠦᠯᠢᠶᠡᠵᠦ ᠪᠠᠶᠢᠭ᠎ᠠ ᠣᠯᠠᠨ ᠲᠦᠮᠡᠨ᠂ ᠠᠵᠢᠯ ᠬᠦᠯᠢᠶᠡᠵᠦ ᠪᠠᠶᠢᠭ᠎ᠠ ᠤᠶᠤᠲᠠᠳ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠳᠤᠷ᠎ᠠ ᠪᠠᠭ᠋ᠠᠲᠠᠶ ᠬᠥᠮᠦᠰ ᠲᠤ ᠴᠢᠭᠯᠡᠭᠦᠯᠦᠨ᠂ ᠪᠣᠯᠪᠠᠰᠤᠷᠠᠯ ᠤᠨ ᠴᠠᠭ ᠨᠢ ᠶᠡᠭᠡ ᠲᠥᠯᠥᠪ ᠵᠢᠯ ᠪᠦᠷᠢ ᠶᠢᠨ ᠳᠣᠯᠣᠳᠤᠭᠠᠷ ᠰᠠᠷ᠎ᠠ ᠳᠤ᠂ ᠪᠣᠳᠠᠲᠠᠶ ᠴᠠᠭ ᠲᠤ ᠣᠯᠠᠨ ᠢᠶᠠᠷ ᠢᠶᠠᠨ ᠮᠠᠨ ᠤ ᠸᠢᠴᠠᠲ ᠤᠨ ᠨᠡᠶᠢᠲᠡ ᠶᠢᠨ ᠳ᠋ᠤᠭᠠᠷ ︽ᠪᠠᠶᠠᠨᠨᠠᠭᠤᠷ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︾ ᠢ ᠠᠩᠬᠠᠷᠴᠤ ᠪᠣᠯᠤᠨ᠎ᠠ᠃      ᠬᠥᠲᠥᠯᠥᠭᠴᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠶ᠎ᠠ︾᠂ ᠡᠶᠢᠮᠦ ᠤᠯᠤᠰ ᠤᠨ ᠪᠠᠶᠢᠯᠳᠤᠬᠤ ᠪᠣᠳᠣᠯᠭ᠎ᠠ ᠨᠢ ᠪᠢᠳᠡᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠶᠠᠮᠠᠷ ᠵᠢᠯᠣᠭᠤᠳᠤᠯᠭ᠎ᠠ ᠲᠠᠢ ᠪᠣᠢ︖      ᠭᠡᠷᠡᠯᠲᠦ᠄ ᠳᠠᠷᠠᠭᠠᠴᠢ ᠶᠢᠨ ᠠᠯᠬᠤᠮ ᠳᠤ᠂ ᠪᠦᠬᠦ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠡᠨᠴᠢ ᠰᠢᠳᠤᠷᠭᠤ ᠶᠢ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠰᠤᠷᠤᠯᠴᠠᠵᠤ᠂ ᠡᠷᠴᠢ ᠵᠣᠷᠢᠭ ᠢ ᠬᠥᠪᠴᠢᠯᠡᠵᠦ᠂ ᠰᠢᠨ᠎ᠡ ᠬᠠᠷᠠᠯᠲᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠵᠤ᠂ ᠦᠨᠳᠦᠰᠦᠲᠡᠨ ᠤ ᠠᠵᠢᠯ ᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨ ᠤ ᠱᠤᠭᠤᠮ ᠢᠶᠠᠷ ᠰᠠᠶᠢᠲᠤᠷ ᠵᠠᠮᠨᠠᠵᠤ᠂ ᠦᠷᠭᠦᠯᠵᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠶᠠᠷᠢᠶ᠎ᠠ ᠶᠢ ᠰᠣᠨᠣᠰᠴᠤ᠂ ᠤᠯᠠᠨ ᠲᠦᠮᠡᠨ ᠲᠠᠢ ᠵᠥᠪᠳᠡᠯᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾᠂ ︽ᠲᠦᠷᠪᠡᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠨᠡᠩ ᠦᠨᠡᠨ ᠰᠡᠳᠬᠢᠯ ᠠᠴᠠ ᠪᠠᠨ ᠪᠢᠴᠢᠭᠯᠡᠵᠦ᠂ ᠮᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠡᠭᠦᠷᠭᠡᠯᠡᠯ ᠪᠠ ᠬᠦᠴᠦᠨ ᠴᠢᠳᠠᠯ ᠢ ᠨᠢᠭᠲᠠᠷᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤᠪᠠᠷ ᠲᠡᠮᠡᠴᠡᠵᠦ᠂ ᠪᠠᠶᠠᠨᠨᠠᠭᠤᠷ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠪᠤᠢ ᠪᠣᠯᠭᠠᠬᠤ ᠬᠡᠷᠡᠭᠲᠡᠢ᠃      ᠬᠥᠲᠥᠯᠦᠭᠴᠢ᠄ ᠬᠤᠶᠠᠷ ᠤᠳᠤᠷᠢᠳᠤᠯᠭ᠎ᠠ ᠶᠢᠨ ᠬᠠᠷᠢᠭᠤᠯᠲᠠ ᠦᠭᠭᠦᠭᠰᠡᠨ ᠳᠤ ᠲᠠᠯᠠᠷᠬᠠᠵᠤ ᠪᠠᠢᠨ᠎ᠠ᠃      ᠤᠳᠤᠷᠢᠳᠤᠯᠭ᠎ᠠ᠄  ᠬᠥᠲᠥᠯᠦᠭᠴᠢ ᠳᠤ ᠲᠠᠯᠠᠷᠬᠠᠵᠤ ᠪᠠᠶᠢᠨ᠎ᠠ᠂ ᠬᠤᠲᠠ ᠶᠢᠨ ᠠᠷᠠᠳ ᠨᠠᠶᠢᠵᠠ ᠨᠠᠷ ᠤᠨ ᠮᠠᠨ ᠤ ᠦᠨᠳᠦᠰᠦᠲᠡᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ᠄ ᠦᠨᠳᠦᠰᠦᠲᠡᠨ ᠨᠦᠭᠦᠳ ᠡᠶ᠎ᠡ ᠨᠠᠶᠢᠷᠲᠠᠢ ᠬᠠᠮᠲᠤ ᠣᠷᠣᠰᠢᠵᠤ ᠪᠠᠶᠢᠭ᠎ᠠ ᠪᠠᠶᠠᠷ ᠪᠠᠶᠠᠰᠤᠯ ᠪᠣᠯ ᠮᠠᠨ ᠤ ᠪᠠᠶᠠᠨᠨᠠᠭᠤᠷ ᠤᠨ ᠦᠨᠳᠦᠰᠦᠲᠡᠨ ᠤ ᠪᠦᠯᠬᠦᠮᠳᠡᠯ ᠤᠨ ᠦᠨᠡᠨ ᠪᠣᠳᠠᠲᠠᠢ ᠵᠢᠷᠤᠭᠯᠠᠯ ᠮᠥᠨ᠂ ᠰᠢᠨ᠎ᠡ ᠠᠶᠠᠨ ᠵᠠᠮ᠂ ᠰᠢᠨ᠎ᠡ ᠴᠠᠭ ᠦᠶ᠎ᠡ ᠳᠤ ᠮᠠᠨ ᠤ ᠪᠠᠶᠠᠨᠨᠠᠭᠤᠷ ᠤᠨ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠪᠣᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠬᠦ ᠶᠢ ᠢᠲᠡᠭᠡᠵᠦ ᠪᠠᠶᠢᠨ᠎ᠠ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ