ᠴᠢᠨᠠᠷ ᠰᠠᠶᠢᠲᠠᠢ ᠬᠥᠭᠵᠢᠯᠲᠡ ᠶᠢ ᠣᠯᠠᠨ ᠢᠶᠠᠷ ᠢᠶᠠᠨ ᠶᠠᠷᠢᠬᠤ᠂ ᠪᠣᠷᠣᠲᠣᠬᠤᠶ ᠳᠡᠭᠡᠳᠦ ᠰᠤᠷᠭᠠᠭᠤᠯᠢ᠄ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠵᠤ ᠴᠢᠳᠠᠪᠤᠷᠢᠲᠠᠨ ᠢᠶᠠᠷ ᠬᠥᠳᠡᠯᠭᠡᠬᠦ ᠬᠦᠴᠦᠨ ᠪᠣᠯᠭᠠᠵᠤ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠴᠢᠨᠠᠷ ᠰᠠᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠴᠢᠳᠠᠪᠤᠷᠢᠲᠠᠨ ᠪᠣᠯ ᠬᠦᠭᠵᠢᠯᠲᠡ ᠶᠢᠨ ᠦᠨᠳᠦᠰᠦ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠴᠢᠳᠠᠪᠤᠷᠢᠲᠠᠨ ᠢ ᠬᠥᠮᠥᠵᠢᠭᠦᠯᠬᠦ ᠪᠠ ᠬᠤᠷᠠᠮᠳᠤᠭᠤᠯᠬᠤ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠶᠡᠭᠡ ᠳᠡᠭᠡᠳᠦ ᠰᠤᠷᠭᠠᠭᠤᠯᠢ ᠶᠢᠨ ᠬᠢᠨ ᠭᠠᠵᠠᠷ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠳᠤᠮᠳᠠ ᠣᠷᠣᠯᠠᠭᠤᠯᠵᠤ ᠪᠣᠯᠤᠰᠢ ᠦᠭᠡᠢ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ ᠲᠡᠭᠡᠪᠡᠯ ᠮᠠᠨ ᠤ  ᠪᠣᠷᠣᠲᠣᠬᠤᠢ ᠶᠢᠨ ᠳᠡᠭᠡᠳᠦ ᠰᠤᠷᠭᠠᠭᠤᠯᠢ ᠶᠠᠭᠠᠬᠢᠵᠤ ᠬᠢᠭᠰᠡᠨ ᠪᠤᠢ︖ ᠥᠨᠥᠳᠦᠷ ᠪᠢᠳᠡ ᠪᠣᠷᠣᠲᠣᠬᠤᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠰᠢᠤ ᠯᠢᠶᠠᠩ ᠪᠣᠯᠤᠨ ᠪᠣᠷᠣᠲᠣᠬᠤᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠳ᠋ᠦᠩ ᠬᠦᠢ ᠴᠧᠩ ᠤᠨ ᠵᠣᠴᠢᠳ ᠢ ᠤᠷᠢᠵᠤ ᠲᠣᠭᠯᠠᠯᠲᠠ ᠭᠠᠷᠭᠠᠬᠤ ᠲᠠᠰᠤᠭ ᠲᠤ ᠤᠷᠢᠵᠤ᠂ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠨ᠎ᠠ᠃      ᠬᠦᠨᠲᠦᠲᠦ ᠵᠤᠴᠢᠨ᠄ ᠬᠦᠲᠦᠯᠦᠭᠴᠢ ᠰᠠᠶᠢᠨ ᠤᠤ︖ ᠦᠵᠡᠭᠴᠢᠳ ᠨᠠᠶᠢᠵᠠ ᠨᠠᠷ ᠰᠠᠶᠢᠨ ᠪᠠᠶᠢᠨ᠎ᠠ︕      ᠬᠥᠲᠥᠯᠥᠭᠴᠢ᠄ ᠪᠣᠷᠣᠲᠣᠬᠤᠶ ᠳᠡᠭᠡᠳᠦ ᠰᠤᠷᠭᠠᠭᠤᠯᠢ ᠪᠣᠯ ᠮᠠᠨ ᠤ ᠪᠠᠶᠠᠨᠨᠠᠭᠤᠷ ᠤᠨ ᠴᠣᠷ ᠤᠨ ᠭᠠᠭᠴᠠ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠦᠬᠦᠯᠢ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠳᠡᠭᠡᠳᠦ ᠰᠤᠷᠭᠠᠭᠤᠯᠢ ᠮᠥᠨ᠃      ᠬᠥᠲᠥᠯᠥᠭᠴᠢ᠄ ᠴᠢᠳᠠᠪᠤᠷᠢᠲᠠᠨ ᠢ ᠬᠥᠮᠦᠵᠢᠭᠦᠯᠬᠦ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠡᠷᠢᠭᠦᠨ ᠴᠢᠬᠤᠯᠠ ᠡᠭᠦᠷᠭᠡ ᠮᠥᠨ᠂ ᠪᠠᠶᠠᠨᠨᠠᠭᠤᠷ ᠤᠨ ᠬᠥᠭᠵᠢᠯᠲᠡ ᠶᠢᠨ ᠱᠠᠭᠠᠷᠳᠠᠯᠭ᠎ᠠ ᠳᠤ ᠰᠠᠭᠤᠷᠢᠯᠠᠨ᠂ ᠮᠠᠨ ᠤ ᠰᠤᠷᠭᠠᠭᠤᠯᠢ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠲᠠᠯ᠎ᠠ ᠪᠠᠷ ᠬᠡᠷᠬᠢᠨ ᠪᠠᠶᠢᠷᠢᠯᠠᠭᠤᠯᠤᠭᠰᠠᠨ ᠪᠣᠶ︖      ᠯᠢ ᠰᠢᠤ ᠯᠢᠶᠠᠩ᠄ ᠪᠣᠷᠣᠲᠣᠬᠤᠶ ᠳᠡᠭᠡᠳᠦ ᠰᠤᠷᠭᠠᠭᠤᠯᠢ ᠣᠷᠣᠨ ᠨᠤᠲᠤᠭ ᠤᠨ ᠭᠤᠤᠯᠯᠠᠬᠤ ᠠᠵᠤ  ᠦᠢᠯᠡᠰ ᠲᠤ ᠰᠠᠭᠤᠷᠢᠯᠠᠨ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠪᠦᠯᠬᠦᠮ ᠨᠡᠶᠢᠲᠡ ᠶᠢᠨ ᠬᠥᠭᠵᠢᠯᠲᠡ ᠪᠠᠷ ᠭᠠᠷᠳᠠᠴᠠ ᠪᠣᠯᠭᠠᠨ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠬᠢᠭᠡᠳ ᠣᠷᠣᠨ ᠨᠤᠲᠤᠭ ᠲᠤ ᠦᠢᠯᠡᠴᠢᠯᠡᠬᠦ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ ︽ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠬᠤ᠂ ᠬᠤᠪᠢ ᠨᠡᠮᠡᠷᠢ ᠪᠠᠷ ᠳᠡᠮᠵᠢᠯᠭᠡ ᠶᠢ ᠬᠥᠭᠡᠭᠡᠴᠡᠯᠳᠦᠬᠦ᠂ ᠬᠠᠮᠲᠤᠷᠠᠯᠴᠠᠭ᠎ᠠ ᠪᠠᠷ ᠬᠠᠮᠲᠤᠪᠠᠷ ᠠᠰᠢᠭ ᠬᠦᠷᠳᠡᠬᠦ ᠶᠢ ᠰᠦᠪᠡᠭᠴᠢᠯᠡᠬᠦ︾ ᠬᠥᠭᠵᠢᠯᠲᠡ ᠶᠢᠨ ᠰᠡᠳᠬᠢᠴᠡ ᠶᠢ ᠢᠮᠠᠭᠲᠠ ᠦᠢᠯᠡᠳᠦᠯᠭᠡᠵᠢᠭᠦᠯᠵᠦ᠂ ᠪᠤᠭᠤᠳᠠᠢ᠂ ᠨᠡᠷᠡᠨ ᠬᠤᠸᠠᠷ᠂ ᠡᠷᠳᠡᠨᠢ ᠰᠢᠰᠢ᠂ ᠠᠯᠠᠰᠢᠨ ᠬᠤᠨᠢ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠲᠣᠭᠤᠷᠢᠨ ᠳᠤ ᠪᠦᠯᠬᠦᠮ ᠨᠡᠶᠢᠲᠡ ᠶᠢ ᠨᠡᠶᠢᠳᠬᠡᠵᠦ᠂ ᠰᠢᠨᠵᠢᠯᠡᠭᠡᠨ ᠤ ᠴᠢᠭᠯᠡᠯ ᠢᠶᠠᠨ ᠨᠢᠭᠲᠠᠷᠠᠭᠤᠯᠤᠨ᠂ ᠲᠤᠰᠬᠠᠢ ᠮᠡᠷᠭᠡᠵᠢᠯ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠣᠬᠢᠴᠠᠭᠰᠠᠨ ︽ᠲᠦᠷᠪᠡᠨ ᠰᠦᠷᠦᠭᠵᠢᠯ ᠨᠢᠭᠡ ᠬᠡᠯᠬᠢᠶ᠎ᠡ︾ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠣᠷᠣᠨ ᠨᠤᠲᠤᠭ ᠤᠨ ᠣᠨᠴᠠᠯᠢᠭ ᠪᠦᠬᠦᠢ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠬᠢᠭᠡᠳ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠠᠪᠰᠠᠷ ᠦᠭᠡᠶ ᠵᠣᠯᠭᠠᠭᠤᠯᠤᠭᠰᠠᠨ ᠪᠠᠶᠢᠷᠢᠰᠢᠯ ᠢ ᠪᠡᠶᠡᠯᠡᠭᠦᠯᠪᠡ᠃      ᠬᠥᠲᠥᠯᠥᠭᠴᠢ᠄ ᠥᠭᠡᠷ᠎ᠡ ᠪᠠᠷ ᠬᠡᠯᠡᠪᠡᠯ᠂ ᠮᠠᠨ ᠤ ᠣᠷᠣᠨ ᠨᠤᠲᠤᠭ ᠤᠨ ᠳᠠᠪᠠᠭᠤᠯᠢᠭ ᠠᠵᠤ ᠦᠢᠯᠡᠰ ᠲᠤ ᠰᠠᠭᠤᠷᠢᠯᠠᠵᠤ᠂ ᠬᠡᠷᠡᠭᠴᠡᠭᠡ ᠪᠠᠷ ᠵᠣᠯᠭᠠᠭᠤᠯᠤᠨ᠎ᠠ᠃      ᠬᠦᠨᠲᠦᠲᠦ ᠵᠤᠴᠢᠨ᠄ ᠲᠡᠶᠢᠮᠦ ᠡ᠃      ᠬᠥᠲᠥᠯᠥᠭᠴᠢ᠄ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ ᠪᠣᠯ ᠨᠢᠭᠡ ᠲᠠᠯ᠎ᠠ ᠪᠣᠯᠤᠨ᠎ᠠ᠂ ᠪᠠᠰᠠ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠵᠢᠯᠣᠭᠤᠳᠤᠯᠭ᠎ᠠ ᠪᠠᠶᠢᠬᠤ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠲᠠᠯ᠎ᠠ ᠪᠠᠷ᠂ ᠪᠢᠳᠡ ᠶᠠᠭᠠᠬᠢᠵᠤ ᠬᠢᠭᠰᠡᠨ ᠪᠤᠢ︖      ᠯᠢ ᠰᠢᠤ ᠯᠢᠶᠠᠩ᠄ ᠪᠢᠳᠡ ᠪᠤᠭᠤᠳᠠᠢ᠂ ᠨᠡᠷᠡᠨ ᠬᠤᠸᠠᠷ᠂ ᠡᠷᠳᠡᠨᠢ ᠰᠢᠰᠢ᠂ ᠠᠯᠠᠰᠢᠨ ᠬᠤᠨᠢ ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠳᠣᠬᠠᠨ ᠳᠤ ᠮᠠᠨ ᠤ ᠬᠤᠷᠢᠶᠠᠨ ᠤ 30 ᠭᠠᠷᠤᠢ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 60 ᠭᠠᠷᠤᠢ ᠴᠢᠳᠠᠪᠤᠷᠢᠲᠠᠨ ᠢ ᠬᠥᠮᠦᠵᠢᠭᠦᠯᠵᠦ᠂ ᠪᠠᠶᠠᠨᠨᠠᠭᠤᠷ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠡᠭᠦᠨ ᠤ ᠬᠠᠮᠲᠤ᠂ ᠪᠢᠳᠡ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠳᠡᠮ ᠰᠢᠨᠵᠢᠯᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠳᠡᠮᠵᠢᠬᠦ ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠣᠷᠣᠨ ᠨᠤᠲᠤᠭ ᠲᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠬᠥᠲᠥᠯᠥᠭᠴᠢ᠄ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠪᠠᠶᠢᠭᠤᠯᠬᠤ ᠳᠤ᠂ ᠣᠷᠣᠨ ᠨᠤᠲᠤᠭ ᠤᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠬᠤ ᠬᠡᠷᠡᠭᠲᠡᠶ᠃       ᠳ᠋ᠦᠩ ᠬᠦᠢ ᠴᠧᠩ᠄ ᠲᠡᠢᠮᠦ᠂ ᠪᠢᠳᠡ  ᠰᠢᠨᠵᠢᠯᠡᠭᠡᠨ ᠤ ᠰᠠᠯᠪᠤᠷᠢ᠂ ᠲᠠᠪᠴᠠᠩ ᠪᠣᠯᠤᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠴᠢᠭᠯᠡᠯ ᠢᠶᠠᠨ ᠲᠥᠪᠯᠡᠷᠡᠭᠦᠯᠦᠨ ᠪᠣᠯᠪᠠᠰᠤᠷᠠᠭᠤᠯᠵᠤ᠂ ᠪᠦᠯᠬᠦᠮ ᠨᠡᠢᠲᠡ ᠪᠠᠨ ᠪᠠᠢᠭᠤᠯᠬᠤ ᠬᠡᠷᠡᠭᠲᠡᠢ᠃ ᠬᠤᠤ ᠱᠦᠢ ᠶᠤᠸᠠᠨ ᠫᠷᠤᠹᠧᠰᠰᠤᠷ ᠢᠶᠠᠷ ᠲᠤᠯᠤᠭᠠᠶᠢᠯᠠᠭᠤᠯᠤᠭᠰᠠᠨ ᠬᠠᠳᠠᠭᠤ ᠪᠡᠷᠭᠡ ᠪᠤᠭᠤᠳᠠᠢ ᠶᠢᠨ ᠰᠢᠨ᠎ᠡ ᠶᠢ ᠡᠭᠦᠳᠬᠦ ᠪᠦᠯᠬᠦᠮ᠂ ᠼᠦᠢ ᠴᠤᠤ ᠫᠷᠤᠹᠧᠰᠰᠤᠷ ᠤᠨ ᠡᠷᠳᠡᠨᠢ ᠰᠢᠰᠢ ᠶᠢᠨ ᠰᠢᠨ᠎ᠡ ᠶᠢ ᠡᠭᠦᠳᠬᠦ ᠪᠦᠯᠬᠦᠮ᠂ ᠴᠧᠨ ᠶᠠᠩ ᠳ᠋ᠣᠺᠲ᠋ᠣᠷ ᠤᠨ ᠰᠢᠶᠠᠩ ᠿᠢ ᠺᠦᠢ ᠰᠢᠨ᠎ᠡ ᠶᠢ ᠡᠭᠦᠳᠬᠦ ᠪᠦᠯᠬᠦᠮ᠂ ᠸᠠᠩ ᠬᠦᠢ ᠫᠷᠤᠹᠧᠰᠰᠤᠷ ᠤᠨ ᠠᠯᠠᠰᠢᠨ ᠬᠤᠨᠢᠨ ᠤ ᠰᠢᠨ᠎ᠡ ᠶᠢ ᠡᠭᠦᠳᠬᠦ ᠪᠦᠯᠬᠦᠮ᠂ ᠵᠠᠨ ᠢᠦᠢ ᠫᠷᠤᠹᠧᠰᠰᠤᠷ ᠤᠨ ᠤᠰᠤ ᠠᠷᠪᠢᠯᠠᠬᠤ ᠤᠰᠤᠯᠠᠯᠲᠠ ᠶᠢᠨ ᠰᠢᠨ᠎ᠡ ᠶᠢ ᠡᠭᠦᠳᠬᠦ ᠪᠦᠯᠬᠦᠮ᠂ ᠸᠠᠩ ᠵᠢᠢ ᠯᠢ ᠫᠷᠤᠹᠧᠰᠰᠤᠷ ᠤᠨ ᠢᠳᠡᠭᠡᠨ ᠤ ᠴᠢᠳᠠᠮᠵᠢ ᠶᠢᠨ ᠡᠯᠧᠮᠧᠨ᠋ᠲ ᠤᠨ ᠰᠢᠨ᠎ᠡ ᠶᠢ ᠡᠭᠦᠳᠬᠦ ᠪᠦᠯᠬᠦᠮ᠂ ᠪᠠᠳᠠᠷᠠᠬᠤ ᠫᠷᠤᠹᠧᠰᠰᠤᠷ ᠤᠨ ᠬᠥᠷᠥᠰᠥ ᠰᠢᠷᠣᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠶᠢ ᠡᠭᠦᠳᠬᠦ ᠪᠦᠯᠬᠦᠮ᠂  ᠯᠠᠢ ᠯᠢ ᠮᠢᠩ  ᠫᠷᠤᠹᠧᠰᠰᠤᠷ  ᠤᠨ  ᠬᠥᠷᠥᠰᠥ  ᠰᠢᠷᠣᠢ  ᠶᠢᠨ ᠰᠠᠶᠢᠵᠢᠷᠠᠭᠤᠯᠤᠯᠲᠠ  ᠶᠢ  ᠰᠠᠶᠢᠵᠢᠷᠠᠭᠤᠯᠬᠤ  ᠰᠢᠨ᠎ᠡ  ᠶᠢ  ᠡᠭᠦᠳᠬᠦ  ᠪᠦᠯᠬᠦᠮ  ᠵᠡᠷᠭᠡ  ᠶᠢ  ᠪᠠᠶᠢᠭᠤᠯᠵᠤ᠂ ᠣᠷᠣᠨ ᠨᠤᠲᠤᠭ ᠤᠨ ᠠᠵᠤ ᠦᠢᠯᠡᠰ ᠲᠤ ᠤᠨᠢᠨ ᠳᠡᠭᠡᠷ᠎ᠡ ᠨᠢ ᠦᠢᠯᠡᠴᠢᠯᠡᠬᠦ ᠲᠦᠷᠪᠡᠨ ᠲᠤᠯᠭᠠᠭᠤᠷᠢ ᠨᠠᠢᠮᠠᠨ ᠲᠤᠯᠭᠠᠭᠤᠷᠢ ᠶᠢ ᠠᠩᠬ᠎ᠠ ᠠᠯᠬᠤᠮ ᠪᠦᠷᠢᠯᠳᠦᠭᠦᠯᠵᠡᠢ᠃ ᠡᠭᠦᠨ ᠤ ᠬᠠᠮᠲᠤ ᠮᠠᠨ ᠤ ᠬᠦᠷᠢᠶᠡᠯᠡᠩ ᠳᠤ ᠥᠪᠡᠷᠲᠡᠭᠡᠨ ᠵᠠᠰᠠᠬᠤ ᠣᠷᠣᠨ  ᠤ  ᠲᠠᠰ  ᠤᠨ  ᠭᠤᠤᠯᠳᠠᠯᠭ᠎ᠠ  ᠲᠠᠢ  ᠲᠤᠷᠰᠢᠯᠲᠠ  ᠶᠢᠨ  ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ᠂ ᠢᠨᠵᠧᠨᠧᠷᠢᠩ ᠤᠨ ᠰᠤᠳᠤᠯᠭᠠᠨ ᠤ ᠲᠥᠪ 7 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠦᠨ ᠪᠤᠶᠢᠵᠢᠭᠤᠯᠬᠤ ᠪᠦᠯᠬᠦᠮ 1 ᠪᠣᠶ᠃ ᠳ᠋ᠣᠺᠲ᠋ᠣᠷ ᠤᠨ ᠠᠵᠢᠯᠯᠠᠬᠤ ᠥᠷᠲᠡᠭᠡ 12 ᠪᠣᠯᠪᠠ᠃ ᠰᠤᠷᠭᠠᠭᠤᠯᠢ ᠶᠢᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ 20᠃ ᠪᠠᠭᠰᠢ ᠨᠠᠷ ᠡᠯ᠎ᠡ ᠱᠠᠲᠤᠨ ᠤ ᠡᠯ᠎ᠡ ᠲᠥᠷᠥᠯ ᠤᠨ 922 ᠲᠥᠷᠥᠯ ᠵᠦᠢᠯ ᠢ ᠡᠭᠦᠷᠭᠡᠯᠡᠵᠦ᠂ ᠡᠭᠦᠨ ᠳᠤ ᠤᠯᠤᠰ ᠤᠨ ᠲᠠᠰ ᠤᠨ 12 ᠲᠥᠷᠥᠯ ᠪᠠᠶᠢᠵᠤ᠂ ᠮᠤᠵᠢ ᠶᠠᠮᠤᠨ ᠤ ᠲᠠᠰ ᠤᠨ 374 ᠲᠥᠷᠥᠯ ᠪᠤᠢ᠃ 2904 ᠬᠤᠪᠢ ᠡᠷᠳᠡᠮ ᠰᠢᠨᠵᠢᠯᠡᠭᠡᠨ ᠤ ᠥᠭᠦᠯᠡᠯ ᠢ ᠢᠯᠡ ᠪᠠᠷ ᠨᠡᠶᠢᠲᠡᠯᠡᠪᠡ︔ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠪᠠ ᠲᠤᠰᠬᠠᠶ ᠠᠰᠢᠭ 210 ᠪᠠᠶᠢᠵᠤ᠂ 272 ᠲᠤᠰᠬᠠᠶ ᠪᠦᠲᠦᠭᠡᠯ ᠢ ᠬᠡᠪᠯᠡᠭᠦᠯᠪᠡ︔ ᠬᠤᠲᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠣᠯᠤᠭᠰᠠᠨ 9 ᠵᠦᠢᠯ᠂ ᠡᠲᠡᠭᠡᠷ ᠲᠠᠪᠴᠠᠩ ᠤᠨ ᠦᠷ᠎ᠡ ᠪᠦᠲᠦᠭᠡᠯ ᠤᠨ ᠣᠯᠠᠩᠬᠢ ᠨᠢ ᠮᠠᠨ ᠤ ᠬᠤᠲᠠ ᠶᠢᠨ ᠠᠵᠤ ᠦᠢᠯᠡᠰ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠪᠠ᠃ ᠪᠠᠶᠠᠨᠨᠠᠭᠤᠷ ᠤᠨ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠨ᠎ᠠ᠃      ᠬᠥᠲᠥᠯᠥᠭᠴᠢ᠄ ᠡᠶᠢᠮᠦ ᠣᠯᠠᠨ ᠰᠢᠨ᠎ᠡ ᠮᠡᠷᠭᠡᠵᠢᠯ᠂ ᠰᠢᠨ᠎ᠡ ᠡᠭᠦᠯᠳᠡᠷ᠂ ᠪᠢᠳᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠲᠠᠯ᠎ᠠ ᠪᠠᠷ ᠶᠠᠮᠠᠷ ᠰᠠᠶᠢᠨ ᠠᠷᠭ᠎ᠠ ᠪᠠᠶᠢᠨ᠎ᠠ︖      ᠳ᠋ᠦᠩ ᠬᠦᠶ ᠴᠧᠩ᠄ ᠪᠢᠳᠡ ᠳᠡᠭᠡᠳᠦ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠠᠰᠠᠭ · ᠠᠵᠤ ᠦᠢᠯᠡᠰ · ᠰᠤᠳᠤᠯᠤᠨ · ᠬᠡᠷᠡᠭᠯᠡᠬᠦ︾ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠨᠤᠲᠤᠭ ᠲᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠠᠵᠤ ᠠᠬᠤᠶᠢᠯᠠᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠣᠨᠴᠠᠯᠢᠭᠲᠤ ᠬᠥᠭᠵᠢᠯᠲᠡ᠂ ᠰᠢᠨ᠎ᠡ ᠶᠢ ᠡᠭᠦᠳᠦᠨ ᠬᠥᠭᠵᠢᠭᠦᠯᠬᠦ᠂ ᠬᠠᠮᠵᠢᠯᠴᠠᠨ ᠬᠥᠭᠵᠢᠭᠦᠯᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠷᠭᠠᠭᠤᠯᠢ ᠪᠠ ᠣᠷᠣᠨ ᠨᠤᠲᠤᠭ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠦᠨ᠎ᠡ᠃ ᠤᠷᠢᠳ ᠬᠤᠵᠢᠳ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠠᠢ᠃ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤ ᠪᠠᠷ ︽ᠬᠠᠲᠠᠭᠤ ᠪᠤᠭᠤᠳᠠᠢ ᠶᠢᠨ ᠰᠢᠨ᠎ᠡ ᠶᠢ ᠡᠭᠦᠳᠬᠦ ᠲᠥᠪ︾ ᠪᠠ ︽ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠳᠤᠮᠳᠠ ᠲᠠᠷᠢᠶᠠᠯᠠᠩ ᠤᠨ ᠶᠡᠭᠡ ᠰᠤᠳᠤᠯᠭᠠᠨ ᠤ ᠬᠦᠷᠢᠶᠡᠯᠡᠩ︾ ᠢ ᠪᠠᠶᠢᠭᠤᠯᠪᠠ᠃ 2021 ᠣᠨ ᠳᠤ ᠪᠣᠷᠣᠲᠣᠬᠤᠶ ᠳᠡᠭᠡᠳᠦ ᠰᠤᠷᠭᠠᠭᠤᠯᠢ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠥᠪ ᠢ ᠪᠠᠶᠢᠭᠤᠯᠪᠠ᠃ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ︾ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠪᠠᠶᠠᠨᠨᠠᠭᠤᠷ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃      ᠬᠥᠲᠥᠯᠥᠭᠴᠢ᠄ ᠪᠢᠳᠡ ᠰᠤᠷᠭᠠᠭᠤᠯᠢ ᠰᠤᠷᠭᠠᠭᠤᠯᠢ ᠲᠠᠢ ᠬᠠᠮᠲᠤᠷᠠᠯᠴᠠᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠵᠤ᠂ ᠨᠢᠭᠡ ᠲᠠᠯ᠎ᠠ ᠪᠠᠷ ᠡᠬᠢ ᠪᠠᠶᠠᠯᠢᠭ ᠤᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠨᠥᠭᠦᠭᠡ ᠲᠠᠯ᠎ᠠ ᠪᠠᠷ ᠪᠠᠰᠠ ᠣᠷᠣᠨ ᠨᠤᠲᠤᠭ ᠲᠤ ᠣᠨᠣᠪᠴᠢᠲᠠᠶ ᠦᠢᠯᠡᠴᠢᠯᠡᠬᠦ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ