ᠴᠢᠨᠠᠷ ᠰᠠᠶᠢᠲᠠᠶ ᠬᠥᠭᠵᠢᠯᠲᠡ ᠶᠢ ᠣᠯᠠᠨ ᠢᠶᠠᠷ ᠢᠶᠠᠨ ᠶᠠᠷᠢᠯᠴᠠᠬᠤ᠂ ᠮᠧᠩ ᠱᠠᠩ ᠬᠤᠳᠠᠯᠳᠤᠭᠠᠨ ᠤ ᠪᠠᠩᠬᠢ᠄ ᠮᠥᠩᠭᠦᠨ ᠭᠦᠢᠯᠭᠡᠭᠡᠨ ᠨᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠴᠢᠨᠠᠷ ᠰᠠᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠃ ᠮᠥᠩᠭᠦᠨ ᠭᠦᠢᠯᠭᠡᠭᠡ ᠬᠥᠭᠵᠢᠶᠡᠨ ᠲᠠᠢ ᠪᠣᠯ ᠠᠵᠤ ᠠᠬᠤᠢ ᠬᠥᠭᠵᠢᠵᠦ᠂ ᠮᠥᠩᠭᠦᠨ ᠭᠦᠢᠯᠭᠡᠭᠡ ᠲᠣᠭᠲᠠᠭᠤᠨ ᠪᠣᠯ ᠠᠵᠤ ᠠᠬᠤᠢ ᠲᠣᠭᠲᠠᠭᠤᠨ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠨ᠎ᠠ︾ ᠭᠡᠵᠦ ᠲᠣᠳᠣᠷᠬᠠᠢ ᠳᠤᠷᠠᠳᠴᠠᠢ᠃ ᠮᠢᠩᠭ᠎ᠠ ᠲᠦᠮᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠡᠷᠬᠢᠨ ᠬᠠᠮᠠᠭᠠᠯᠠᠵᠤ᠂ ᠠᠵᠤ ᠠᠬᠤᠢ ᠶᠢᠨ ︽ᠠᠮᠢᠵᠢᠷᠠᠯ ᠤᠨ ᠬᠦᠴᠦᠨ ᠢᠶᠠᠷ ᠪᠢᠯᠬᠠᠮ᠎ᠠ︾ ᠶᠢ ᠪᠠᠲᠤᠯᠠᠬᠤ ᠪᠣᠶ︖ ᠥᠨᠥᠳᠦᠷ ᠪᠢᠳᠡ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ᠂ ᠪᠠᠩᠬᠢ ᠶᠢᠨ ᠳᠡᠳ᠋ ᠳᠠᠷᠤᠭ᠎ᠠ ᠹᠧᠩ ᠸᠧᠨ ᠳ᠋ᠦ᠋᠂ ᠬᠤᠪᠢ ᠬᠥᠮᠦᠨ ᠤ ᠢᠲᠡᠭᠡᠮᠵᠢᠲᠦ ᠵᠢᠭᠡᠯᠡᠯᠭᠡ ᠶᠢᠨ ᠬᠡᠯᠲᠡᠰ ᠤᠨ ᠶᠡᠷᠦᠩᠬᠡᠶ ᠳᠠᠭᠠᠭᠠᠮᠠᠯ ᠳ᠋ᠧᠦ ᠶᠧ ᠶᠢ ᠤᠷᠢᠪᠠ᠃ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠶ᠎ᠠ᠃      ᠬᠦᠨᠳᠦᠲᠦ ᠵᠣᠴᠢᠨ᠄ ᠬᠦᠲᠦᠯᠦᠭᠴᠢ ᠰᠠᠶᠢᠨ᠂ ᠦᠵᠡᠭᠴᠢᠳ ᠨᠠᠶᠢᠵᠠ ᠨᠠᠷ ᠰᠠᠶᠢᠨ ᠪᠠᠶᠢᠨ᠎ᠠ  ᠤᠤ᠃      ᠬᠥᠲᠥᠯᠦᠭᠴᠢ᠄ ᠮᠧᠩ ᠱᠠᠩ ᠪᠠᠩᠬᠢ ᠪᠣᠯ 2020 ᠣᠨ ᠳᠤ ᠪᠠᠢᠭᠤᠯᠤᠭᠳᠠᠭᠰᠠᠨ ᠤᠯᠤᠰ ᠤᠨ ᠥᠮᠴᠢᠯᠡᠯᠲᠦ ᠪᠦᠬᠦ  ᠪᠡᠯᠡ ᠶᠢᠨ ᠣᠷᠣᠨ ᠨᠤᠲᠤᠭ ᠤᠨ ᠬᠤᠲᠠ ᠶᠢᠨ ᠬᠤᠳᠠᠯᠳᠤᠭᠠᠨ ᠤ ᠪᠠᠩᠬᠢ ᠪᠣᠯᠤᠨ᠎ᠠ᠃  ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠬᠢᠷᠢ ᠵᠡᠷᠭᠡ ᠪᠠᠶᠢᠬᠤ᠂ ᠦᠢᠯᠡᠴᠢᠯᠡᠭᠡᠨ ᠤ ᠬᠢᠷᠢ ᠲᠦᠪᠰᠢᠨ ᠶᠠᠮᠠᠷ ᠪᠤᠢ︖       ᠬᠥᠲᠥᠯᠥᠭᠴᠢ᠄ ᠮᠧᠩ ᠱᠠᠩ ᠪᠠᠩᠬᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠩᠭᠡ ᠶᠢᠨ ᠬᠡᠪᠴᠢᠶ᠎ᠡ ᠪᠠᠷ ᠬᠠᠮᠤᠭ ᠤᠨ ᠶᠡᠭᠡ ᠤᠯᠤᠰ ᠤᠨ ᠥᠮᠴᠢᠯᠡᠯ ᠤᠨ ᠪᠦᠬᠦ ᠪᠡᠯᠡ ᠶᠢᠨ ᠣᠷᠣᠨ ᠨᠤᠲᠤᠭ ᠤᠨ ᠬᠤᠳᠠᠯᠳᠤᠭᠠᠨ ᠤ ᠪᠠᠩᠬᠢ ᠪᠣᠯᠤᠭᠰᠠᠨ ᠤ ᠬᠤᠪᠢ ᠳᠤ᠂ ᠮᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠨᠢ ᠶᠠᠮᠠᠷ ᠪᠤᠢ︖      ᠬᠦᠨᠳᠦᠲᠦ  ᠵᠣᠴᠢᠨ᠄ ᠮᠧᠩ ᠱᠠᠩ ᠪᠠᠩᠬᠢ ᠪᠣᠯ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠶᠠᠷ ᠵᠥᠪᠰᠢᠶᠡᠷᠡᠭᠦᠯᠦᠭᠰᠡᠨ ᠶᠤᠮ᠂ 2020 ᠣᠨ ᠤ 4 ᠰᠠᠷ᠎ᠠ ᠶᠢᠨ 30 ᠤ ᠡᠳᠦᠷ ᠵᠢᠩᠬᠢᠨᠢ ᠪᠠᠷ ᠪᠠᠶᠢᠭᠤᠯᠤᠭᠳᠠᠵᠤ᠂ ᠳᠠᠭᠠᠳᠬᠠᠯ ᠤᠨ ᠰᠠᠭᠤᠷᠢ ᠮᠥᠩᠭᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠨᠾᠦ᠋ᠢ ᠶᠢᠨ ᠬᠤᠳᠠᠯᠳᠤᠭᠠᠨ ᠤ ᠪᠠᠩᠬᠢ ᠵᠡᠷᠭᠡ 11 ᠡᠭᠦᠰᠭᠡᠨ ᠪᠠᠶᠢᠭᠤᠯᠤᠭᠴᠢ ᠶᠢᠨ ᠬᠠᠮᠲᠤ ᠪᠠᠷ ᠡᠭᠦᠰᠭᠡᠨ ᠪᠠᠶᠢᠭᠤᠯᠤᠭᠰᠠᠨ ᠬᠤᠲᠠ ᠶᠢᠨ ᠬᠤᠳᠠᠯᠳᠤᠭᠠᠨ ᠤ ᠪᠠᠩᠬᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠩᠭᠡ ᠶᠢᠨ ᠬᠡᠪᠴᠢᠶ᠎ᠡ ᠪᠠᠷ ᠬᠠᠮᠤᠭ ᠤᠨ ᠶᠡᠭᠡ ᠤᠯᠤᠰ ᠤᠨ ᠥᠮᠴᠢᠯᠡᠯ ᠤᠨ ᠪᠦᠬᠦ ᠪᠡᠯᠡ ᠶᠢᠨ ᠣᠷᠣᠨ ᠨᠤᠲᠤᠭ ᠤᠨ ᠬᠤᠳᠠᠯᠳᠤᠭᠠᠨ ᠤ ᠪᠠᠩᠬᠢ ᠪᠠᠶᠢᠵᠤ᠂ ᠭᠤᠷᠪᠠᠨ ᠵᠢᠯ ᠳᠠᠷᠠᠭᠠᠯᠠᠨ ᠳ᠋ᠠ ᠭᠦᠩ ᠣᠯᠠᠨ ᠤᠯᠤᠰ ᠤᠨ ᠦᠨᠡᠯᠡᠨ ᠲᠣᠭᠲᠠᠭᠠᠬᠤ ᠭᠤᠣᠯ ᠴᠣᠭᠴᠠ ᠶᠢᠨ ᠢᠲᠡᠭᠡᠮᠵᠢ ᠶᠢᠨ ᠳᠡᠰ ᠨᠢ AA᠂ ᠳᠡᠰ ᠵᠡᠷᠭᠡ ᠶᠢ ᠲᠣᠭᠲᠠᠪᠤᠷᠢᠲᠠᠢ ᠪᠣᠯᠭᠠᠵᠠᠢ᠃ ᠮᠧᠩ ᠱᠠᠩ ᠪᠠᠩᠬᠢ ᠨᠢ ᠵᠠᠰᠠᠭ ᠤᠨ ᠣᠷᠳᠣᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠬᠡᠷᠡᠭᠯᠡᠭᠴᠢᠳ ᠤᠨ ᠪᠠᠴᠢᠮᠳᠠᠵᠤ ᠪᠠᠶᠢᠭ᠎ᠠ ᠵᠦᠢᠯ᠂ ᠲᠥᠭᠦᠷᠢᠭ ᠬᠤᠪᠢ ᠣᠷᠣᠭᠤᠯᠤᠭᠴᠢ ᠶᠢᠨ ᠬᠦᠰᠡᠯ᠂ ᠠᠵᠢᠯᠲᠠᠨ ᠠᠵᠢᠯᠴᠢᠨ ᠤ ᠬᠦᠰᠡᠯ ᠢᠶᠠᠷ ᠡᠭᠦᠷᠭᠡ ᠬᠠᠷᠢᠭᠤᠴᠠᠯᠭ᠎ᠠ ᠪᠣᠯᠭᠠᠵᠤ᠂ ᠪᠠᠶᠢᠭᠤᠯᠤᠭᠳᠠᠭᠰᠠᠨ ᠠᠴᠠ ᠨᠠᠰᠢ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ᠥᠪᠥᠷ ᠮᠣᠩᠭᠤᠯ ᠳᠤ ᠭᠦᠨᠵᠡᠭᠡᠶᠢᠷᠡᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠡᠷᠡᠮᠡᠬᠡᠶᠢᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠲᠠᠢ ᠵᠡᠷᠭᠡᠪᠡᠷ ᠬᠥᠭᠵᠢᠭᠰᠡᠨ ᠤᠯᠤᠰ ᠤᠨ ᠥᠮᠴᠢᠯᠡᠯ ᠤᠨ ᠣᠷᠣᠨ ᠨᠤᠲᠤᠭ ᠤᠨ ᠬᠤᠳᠠ ᠶᠢᠨ ᠬᠤᠳᠠᠯᠳᠤᠭᠠᠨ ᠤ ᠪᠠᠩᠬᠢ ᠶᠢ ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠲᠤᠰ ᠭᠠᠵᠠᠷ ᠤᠨ ︽ᠮᠥᠩᠭᠦᠨ ᠭᠦᠢᠯᠭᠡᠭᠡᠨ ᠤ ᠨᠡᠷ᠎ᠡ ᠶᠢᠨ ᠬᠠᠭᠤᠳᠠᠰᠤ︾᠂  ᠠᠵᠤ  ᠦᠢᠯᠡᠰ  ᠠᠷᠠᠳ  ᠤᠨ  ᠠᠮᠢᠳᠤᠷᠠᠯ  ᠤᠨ ︽  ᠮᠥᠩᠭᠦᠨ  ᠭᠦᠢᠯᠭᠡᠭᠡᠨ ᠤ  ᠲᠠᠪᠴᠠᠩ ︾ ᠂  ᠤᠮᠠᠷᠠᠰᠢ ᠨᠡᠭᠡᠭᠡᠯᠲᠡ ᠬᠢᠬᠦ ︽ᠮᠥᠩᠭᠦᠨ ᠭᠦᠢᠯᠭᠡᠭᠡᠨ ᠤ ᠡᠭᠦᠳᠡ ᠡᠷᠦᠬᠡ︾ ᠶᠢ ᠬᠥᠭᠵᠢᠯᠲᠡ ᠶᠢᠨ ᠬᠠᠷᠠᠯᠲᠠ ᠪᠣᠯᠭᠠᠬᠤ ᠪᠠᠷ ᠲᠣᠭᠲᠠᠪᠠ᠃      ᠬᠥᠲᠥᠯᠥᠭᠴᠢ᠄ ᠳᠥᠭᠦᠮᠬᠡᠨ ᠢᠶᠠᠷ ᠬᠡᠯᠡᠪᠡᠯ ᠥᠪᠥᠷ ᠮᠣᠩᠭᠤᠯ ᠳᠤ ᠦᠨᠳᠦᠰᠦ ᠬᠠᠳᠬᠤᠵᠤ᠂ ᠣᠷᠣᠨ ᠨᠤᠲᠤᠭ ᠲᠤ ᠦᠢᠯᠡᠴᠢᠯᠡᠨ᠎ᠡ᠃      ᠬᠦᠨᠳᠦᠲᠦ ᠵᠣᠴᠢᠨ᠄  ᠲᠡᠶᠢᠮᠦ ᠡ᠃      ᠬᠥᠲᠥᠯᠥᠭᠴᠢ᠄ ᠪᠣᠳᠠᠲᠠᠶ ᠪᠠᠷ ᠬᠡᠯᠡᠪᠡᠯ ᠮᠠᠨ ᠤ ᠪᠠᠶᠠᠨᠨᠠᠭᠤᠷ ᠲᠤ ᠬᠦᠷᠴᠦ᠂ ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠪᠢᠳᠡ ᠶᠠᠭᠠᠬᠢᠵᠤ ᠬᠢᠭᠰᠡᠨ ᠪᠣᠶ︖      ᠬᠦᠨᠳᠦᠲᠦ ᠵᠣᠴᠢᠳ᠄ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠢᠮᠠᠭᠲᠠ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠥᠩᠭᠦᠨ ᠭᠦᠢᠯᠭᠡᠭᠡᠨ ᠤ ᠠᠷᠠᠳ ᠤᠨ ᠲᠥᠯᠥᠭᠡ ᠭᠡᠬᠦ ᠣᠭ ᠰᠠᠨᠠᠭ᠎ᠠ ᠪᠠᠨ ᠪᠠᠲᠤ ᠰᠠᠬᠢᠵᠤ᠂ ᠲᠣᠰ ᠢᠷᠡᠯᠲᠡ ᠶᠢᠨ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠦᠢᠯᠡᠳᠦᠯᠭᠡᠵᠢᠭᠦᠯᠵᠦ᠂ ᠪᠠᠶᠠᠨᠨᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠪᠡ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ᠂ ᠮᠥᠩᠭᠦᠨ ᠭᠦᠢᠯᠭᠡᠭᠡᠨ ᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ ᠮᠠᠨ ᠤ ᠬᠤᠲᠠ ᠶᠢᠨ ᠬᠠᠲᠤᠨ ᠭᠤᠤᠯ ᠤᠨ ᠠᠮᠢ ᠠᠬᠤᠶ ᠶᠢ ᠵᠠᠰᠠᠵᠤ ᠬᠠᠮᠠᠭᠠᠯᠠᠬᠤ ᠠᠵᠢᠯ ᠢ ᠳᠥᠯᠭᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠵᠡᠷᠭᠡ 3 ᠠᠵᠤ ᠠᠬᠤᠶᠢᠯᠠᠯ ᠳᠤ 6000 ᠲᠦᠮᠡᠨ ᠲᠥᠭᠦᠷᠢᠭ ᠤᠨ ᠢᠲᠡᠭᠡᠮᠵᠢ ᠣᠯᠭᠤᠵᠤ᠂ ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤᠮᠳᠠ ᠮᠥᠩᠭᠦᠨ ᠭᠦᠢᠯᠭᠡᠭᠡᠨ ᠤ ᠡᠭᠦᠷᠭᠡᠯᠡᠯ ᠢ ᠢᠯᠡᠷᠡᠭᠦᠯᠪᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ᠂ ᠪᠠᠶᠠᠨᠨᠠᠭᠤᠷ ᠤᠨ ᠬᠤᠪᠢᠶᠠᠷᠢ ᠪᠠᠩᠬᠢ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠤᠯᠳᠠᠯᠭ᠎ᠠ ᠪᠠᠨ ᠳᠣᠷᠣᠭᠰᠢ ᠪᠠᠭᠤᠯᠭᠠᠵᠤ᠂ ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ 9 ᠳ᠋ᠦᠩᠰᠢᠭᠤᠷ ︵ᠦᠯᠡᠳᠡᠪᠦᠷᠢ︶ ᠳᠤ ᠣᠷᠣᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠢᠳᠡᠪᠬᠢᠲᠡᠶ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ︽ᠡᠴᠦᠰ ᠤᠨ ᠨᠢᠭᠡ  ᠺᠢᠯᠣᠮᠧᠲᠷ︾ ᠢ ᠪᠦᠲᠦᠮᠵᠢᠲᠡᠶ ᠨᠡᠪᠲᠡᠷᠡᠭᠦᠯᠪᠡ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ᠂ ᠮᠠᠨ ᠤ ᠬᠤᠲᠠ ᠶᠢᠨ ᠪᠣᠭᠤᠮᠲᠠ ᠶᠢᠨ ᠨᠡᠭᠡᠭᠡᠨ ᠬᠥᠭᠵᠢᠭᠦᠯᠦᠯᠲᠡ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠢᠳᠡᠪᠬᠢᠲᠡᠶ ᠳᠡᠮᠵᠢᠵᠦ᠂ ᠭᠠᠳᠠᠭᠠᠳᠤ ᠠᠷᠠᠯᠵᠢᠶᠠᠨ ᠤ ᠠᠷᠠᠯᠵᠢᠶ᠎ᠠ ᠶᠢ ᠳᠡᠮᠵᠢᠵᠦ᠂ ᠣᠯᠠᠨ ᠤᠯᠤᠰ ᠤᠨ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠤᠨ ᠬᠡᠮᠵᠢᠶ᠎ᠡ 2 ᠳ᠋ᠦᠩᠰᠢᠭᠤᠷ ᠳ᠋ᠣᠯᠯᠠᠷ ᠲᠤ ᠬᠦᠷᠴᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠣᠯᠠᠨ ᠤᠯᠤᠰ ᠤᠨ ᠲᠤᠬᠠᠶᠢᠯᠠᠭᠰᠠᠨ ᠠᠵᠢᠯ ᠤᠨ ᠭᠠᠷ ᠭᠦᠢᠴᠡᠳᠬᠡᠯ ᠤᠨ ᠵᠠᠷᠤᠳᠠᠯ ᠢ 8.6 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠬᠠᠰᠤᠵᠤ ᠭᠡᠯᠳᠦᠷᠢᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ᠂ ᠮᠧᠩ ᠱᠠᠩ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠶᠢ ᠢᠮᠠᠭᠲᠠ ᠭᠤᠤᠯᠳᠠᠯᠭ᠎ᠠ ᠲᠠᠢ ᠠᠵᠢᠯ ᠪᠣᠯᠭᠠᠪᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ᠂ ᠮᠢᠬᠠᠨ ᠤ ᠵᠦᠢᠯ ᠢ ᠡᠳ᠋ᠰᠢᠭᠦᠯᠬᠦ ᠠᠵᠤ ᠦᠢᠯᠡᠰ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠢᠮᠠᠭᠠᠨ ᠨᠣᠯᠤᠤᠷ ᠡᠳ᠋ᠰᠢᠭᠦᠯᠬᠦ ᠠᠵᠤ ᠦᠢᠯᠡᠰ᠂ ᠦᠷ᠎ᠡ ᠶᠢᠨ ᠦᠢᠯᠡᠰ ᠤᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯ ᠴᠣᠭᠴᠠ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠮᠠᠭᠠᠯᠠᠵᠤ᠂ ᠪᠦᠬᠦ ᠵᠢᠯ ᠳᠤ ᠨᠡᠶᠢᠲᠡ 11 ︵ᠭᠠᠷᠤᠢ︶ ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠵᠤ᠂ 6.8 ᠳ᠋ᠦᠩᠰᠢᠭᠤᠷ ᠲᠥᠭᠦᠷᠢᠭ ᠲᠠᠯᠪᠢᠵᠤ᠂ ᠵᠢᠵᠢᠭ ᠪᠢᠴᠢᠯ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ 1.95 ᠳ᠋ᠦᠩᠰᠢᠭᠤᠷ ᠲᠥᠭᠦᠷᠢᠭ ᠲᠠᠯᠪᠢᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ᠂ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ︽ᠮᠥᠩᠭᠦᠨ ᠭᠦᠢᠯᠭᠡᠭᠡᠨ ᠤ ᠠᠮᠢᠳᠤᠯᠢᠭ ᠤᠰᠤ︾ ᠪᠠᠷ ᠮᠠᠨ ᠤ ᠬᠤᠲᠠ ᠶᠢᠨ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ᠬᠥᠲᠥᠯᠦᠭᠴᠢ᠄ ᠪᠢᠳᠡ ᠠᠵᠤ ᠠᠬᠤᠢᠯᠠᠯ ᠤᠨ ᠬᠥᠭᠵᠢᠯᠲᠡ᠂ ᠣᠷᠣᠨ ᠨᠤᠲᠤᠭ ᠤᠨ ᠠᠵᠤ ᠠᠬᠤᠢ ᠳᠤ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠭᠰᠠᠨ ᠰᠢᠭ᠋ ᠰᠠᠨᠠᠭᠳᠠᠨ᠎ᠠ᠃ ᠳᠡᠭᠡᠷ᠎ᠡ ᠲᠠᠯ᠎ᠠ ᠪᠠᠷ ᠲᠠ ᠡᠳᠡᠭᠡᠷ ᠢ ᠬᠤᠪᠢᠶᠠᠯᠴᠠᠬᠤ ᠠᠴᠠ ᠭᠠᠳᠠᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯ ᠪᠠᠰᠠ ᠴᠤ ᠮᠠᠨ ᠤ ᠠᠵᠢᠯ ᠤᠨ ᠨᠢᠭᠡ ᠶᠡᠭᠡ ᠠᠭᠤᠯᠭ᠎ᠠ ᠮᠥᠨ᠂ ᠪᠢᠳᠡ ᠡᠨᠡ ᠲᠠᠯ᠎ᠠ ᠪᠠᠷ ᠶᠠᠮᠠᠷ ᠰᠠᠶᠢᠨ ᠠᠷᠭ᠎ᠠ ᠬᠢᠳᠡᠯ ᠲᠠᠢ ᠪᠤᠢ︖      ᠬᠦᠨᠳᠦᠲᠦ  ᠵᠣᠴᠢᠨ᠄ ᠣᠶᠢᠷ᠎ᠠ ᠶᠢᠨ ᠵᠢᠯ ᠳᠤ᠂ ᠪᠠᠶᠠᠨᠨᠠᠭᠤᠷ ᠤᠨ ᠬᠤᠪᠢᠶᠠᠷᠢ ᠪᠠᠩᠬᠢ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠭᠤᠤᠯᠳᠠᠯᠭ᠎ᠠ ᠪᠠᠨ ᠳᠣᠷᠣᠭᠰᠢ ᠪᠠᠭᠤᠯᠭᠠᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠮᠥᠩᠭᠦᠨ ᠭᠦᠢᠯᠭᠡᠭᠡ ᠪᠠᠷ ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠪᠢᠳᠡ ᠠᠵᠢᠯᠲᠠᠳ ᠢᠶᠠᠨ ᠵᠣᠬᠢᠶᠠᠨ ᠪᠠᠶᠢᠭᠤᠯᠵᠤ ᠰᠢᠶᠠᠩ ᠪᠠᠯᠭᠠᠰᠤᠨ ᠳᠤ ᠭᠦᠨᠵᠡᠭᠡᠶᠢᠷᠡᠭᠦᠯᠦᠨ ︽ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ 42 ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠲᠡᠭᠡᠮᠵᠢ ᠶᠢᠨ ᠵᠢᠱᠢᠶ᠎ᠡ ᠦᠵᠡᠭᠦᠯᠬᠦ ᠲᠣᠰᠬᠤᠨ ᠤ ᠫᠠᠶᠢᠰᠠ ᠢᠯᠡᠷᠬᠡᠶᠢᠯᠡᠯ ᠣᠯᠭᠤᠵᠤ᠂ ᠲᠠᠷᠢᠶᠠᠯᠠᠩ ᠤᠨ ᠵᠢᠭᠡᠯᠡᠯᠭᠡ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠶᠡᠬᠡᠪᠡᠷ ᠤᠬᠠᠭᠤᠯᠵᠤ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠡᠨᠡ ᠵᠢᠯ ᠠᠴᠠ ᠨᠠᠰᠢ᠂ ᠪᠠᠶᠠᠨᠨᠠᠭᠤᠷ ᠤᠨ ᠬᠤᠪᠢᠶᠠᠷᠢ ᠪᠠᠩᠬᠢ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠷᠣᠨ ᠨᠤᠲᠤᠭ ᠤᠨ ᠭᠤᠤᠯᠳᠠᠯᠭ᠎ᠠ  ᠲᠠᠢ  ᠲᠥᠷᠥᠯ  ᠵᠦᠢᠯ  ᠪᠠ  ᠠᠵᠤ  ᠠᠬᠤᠶᠢᠯᠠᠯ  ᠢ  ᠢᠳᠡᠪᠬᠢᠲᠡᠶ  ᠳᠡᠮᠵᠢᠵᠦ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ ᠵᠡᠷᠭᠡ ᠨᠢᠭᠡᠴᠡ ᠲᠠᠢ ᠬᠠᠮᠲᠤ ᠪᠠᠷ ︽ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠡᠷᠭᠢᠯᠡᠵᠦ᠂ ᠲᠤᠬᠠᠶ ᠶᠢᠨ ᠲᠠᠯᠠᠪᠤᠷ ᠲᠤ 3 ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠵᠤ᠂ 45 ᠡᠷᠦᠬᠡ ᠲᠦᠭᠡᠮᠡᠯ ᠬᠠᠷᠠᠭᠠᠯᠵᠠᠯᠲᠤ ᠬᠡᠷᠡᠭᠯᠡᠭᠴᠢᠳ ᠲᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠦᠯ ᠢ ᠲᠣᠭᠲᠠᠭᠠᠨ ᠥᠭᠴᠦ᠂ ᠪᠥᠬᠦ ᠵᠢᠯ ᠳᠤ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ 9 ︵ᠪᠤᠰᠤᠳ︶ ᠳ᠋ᠦᠩᠰᠢᠭᠤᠷ ᠲᠥᠭᠦᠷᠢᠭ ᠲᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠯᠠ ᠮᠥᠩᠭᠦ ᠶᠢ 4.74 ᠳ᠋ᠦᠩᠰᠢᠭᠤᠷ ᠲᠥᠭᠦᠷᠢᠭ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠪᠡ᠃      ᠬᠥᠲᠥᠯᠦᠭᠴᠢ᠄ ᠢᠩᠭᠢᠵᠦ ᠰᠠᠨᠠᠭᠠᠴᠢᠯᠠᠭ᠎ᠠ ᠠᠴᠠ ᠪᠠᠨ  ᠳᠣᠷᠣᠭᠰᠢ ᠪᠠᠭᠤᠵᠤ᠂ ᠥᠪᠡᠷ ᠤᠨ ᠪᠠᠢᠳᠠᠯ ᠳᠠᠭᠠᠨ ᠲᠣᠬᠢᠷᠠᠭᠤᠯᠤᠨ ᠲᠣᠭᠲᠠᠭᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠦᠨᠡᠬᠡᠷ ᠣᠨᠴᠠᠭᠠᠢ ᠳᠣᠲᠣᠨᠣ᠃ ᠮᠠᠨ ᠤ ᠡᠩ ᠤᠨ ᠬᠡᠷᠡᠭᠯᠡᠭᠴᠢ ᠳᠤ ᠠᠪᠴᠤ ᠬᠡᠯᠡᠪᠡᠯ ᠪᠠᠩᠬᠢ ᠶᠢ ᠰᠣᠩᠭᠤᠭᠰᠠᠨ ᠨᠢ ᠬᠠᠮᠤᠭ ᠤᠨ ᠲᠦᠷᠦᠭᠦᠨ ᠳᠤ ᠰᠢᠯᠢᠳᠡᠭ ᠦᠢᠯᠡᠴᠢᠯᠡᠭᠡ ᠪᠣᠯᠤᠨ᠎ᠠ᠃ ᠲᠡᠭᠡᠪᠡᠯ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠲᠤ ᠠᠰᠢᠭ ᠬᠦᠷᠲᠡᠭᠡᠵᠦ ᠠᠰᠢᠭ ᠬᠦᠷᠲᠡᠭᠡᠬᠦ ᠲᠠᠯ᠎ᠠ ᠪᠠᠷ᠂ ᠪᠢᠳᠡᠨ ᠳᠤ ᠶᠠᠮᠠᠷ ᠰᠠᠶᠢᠨ ᠠᠷᠭ᠎ᠠ ᠬᠡᠮᠵᠢᠶ᠎ᠡ ᠠᠪᠬᠤ ᠪᠣᠢ︖      ᠬᠦᠨᠳᠦᠲᠦ  ᠵᠣᠴᠢᠨ᠄ ᠪᠠᠶᠢᠭᠤᠯᠤᠭᠳᠠᠭᠰᠠᠨ ᠠᠴᠠ ᠨᠠᠰᠢ᠂ ᠪᠠᠶᠠᠨᠨᠠᠭᠤᠷ ᠤᠨ ᠬᠤᠪᠢᠶᠠᠷᠢ ᠪᠠᠩᠬᠢ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠲᠠᠯ᠎ᠠ ᠪᠠᠷ ᠬᠡᠷᠬᠢᠨ ᠰᠢᠨ᠎ᠡ ᠶᠢ ᠡᠭᠦᠳᠬᠦ ᠲᠠᠯ᠎ᠠ ᠪᠠᠷ ᠮᠠᠰᠢ ᠣᠯᠠᠨ ᠰᠦᠪᠡᠭᠴᠢᠯᠡᠯᠲᠡ ᠬᠢᠵᠡᠶ᠂ ᠪᠢᠳᠡ ᠮᠥᠩᠭᠦᠨ  ᠭᠦᠢᠯᠭᠡᠭᠡᠨ ᠤ ᠪᠠᠶᠢᠳᠠᠯ ᠢ ᠢᠳᠡᠪᠬᠢᠲᠡᠶ ᠪᠠᠶᠢᠭᠤᠯᠵᠤ᠂ ᠺᠠᠷᠲ ᠢᠶᠠᠷ ᠬᠡᠷᠡᠭᠯᠡᠬᠦ ᠣᠷᠴᠢᠨ ᠲᠣᠭᠤᠷᠢᠨ ᠢ ᠪᠣᠶ ᠪᠣᠯᠭᠠᠵᠤ᠂  ᠵᠣᠴᠢᠨ  ᠪᠠ  ᠠᠷᠠᠳ  ᠲᠦᠮᠡᠨ  ᠳᠤ  ᠳᠥᠭᠦᠮ ᠳᠥᠲᠡ᠂  ᠥᠨᠳᠥᠷ  ᠪᠦᠲᠦᠮᠵᠢᠲᠡᠶ᠂  ᠲᠤᠰᠬᠠᠶ  ᠮᠡᠷᠭᠡᠵᠢᠯ  ᠂  ᠴᠢᠨᠠᠷ ᠰᠠᠶᠢᠲᠠᠶ ᠮᠥᠩᠭᠦᠨ  ᠭᠦᠢᠯᠭᠡᠭᠡᠨ ᠵᠢᠴᠢ ᠮᠥᠩᠭᠦᠨ  ᠭᠦᠢᠯᠭᠡᠭᠡᠨ ᠤ ᠪᠤᠰᠤ ᠦᠢᠯᠡᠴᠢᠯᠡᠭᠡ ᠬᠠᠩᠭᠠᠪᠠ᠃ ᠪᠠᠶᠠᠨᠨᠠᠭᠤᠷ ᠤᠨ ᠬᠤᠪᠢᠶᠠᠷᠢ ᠪᠠᠩᠬᠢ ᠨᠡᠶᠢᠲᠡ 300 ᠭᠠᠷᠤᠢ ᠲᠦᠮᠡᠨ ᠲᠦᠷᠦᠯ ᠵᠦᠢᠯ ᠤᠨ ᠪᠡᠯᠡ ᠮᠥᠩᠭᠦ ᠣᠷᠣᠭᠤᠯᠵᠤ ᠤᠯᠠᠨ ᠲᠠᠯ᠎ᠠ ᠶᠢᠨ ︽ᠤᠶᠤᠨ ᠤᠬᠠᠭᠠᠨ︾ ᠤ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠪᠠ᠃ ᠨᠢᠭᠡ ᠳᠤ ᠣᠶᠤᠨᠴᠢ ᠰᠤᠷᠭᠠᠭᠤᠯᠢ ᠶᠢᠨ ᠬᠦᠷᠢᠶᠡᠨ ᠤ 7 ᠲᠥᠷᠥᠯ ᠵᠦᠢᠯ ᠢ ᠰᠢᠨ᠎ᠡ ᠶᠢ ᠡᠭᠦᠳᠦᠨ ᠪᠠᠶᠢᠭᠤᠯᠤᠭᠰᠠᠨ ᠪᠥᠭᠡᠳ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠪᠠᠭᠰᠢ ᠠᠵᠢᠯᠲᠠᠨ ᠠᠵᠢᠯᠴᠢᠨ ᠵᠢᠴᠢ ᠭᠡᠷ ᠤᠨ ᠠᠬᠠᠮᠠᠳ ᠲᠤ ᠰᠤᠷᠭᠠᠭᠤᠯᠢ ᠶᠢᠨ ᠬᠦᠷᠢᠶᠡᠨ ᠤ ᠪᠦᠬᠦᠨ ᠳᠤ ᠲᠣᠬᠢᠷᠠᠬᠤ ᠺᠠᠷᠲ ᠢ ᠭᠦᠢᠴᠡᠳᠬᠡᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠬᠦᠴᠦᠨ ᠨᠡᠮᠡᠷᠢᠯᠡᠪᠡ᠃ ᠬᠤᠶᠠᠷ ᠲᠤ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠵᠦ᠂ ᠲᠡᠭᠦᠨ ᠳᠤ ᠣᠶᠤᠨᠴᠢ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠤᠨ ᠰᠢᠨ᠎ᠡ ᠶᠢ ᠡᠭᠦᠳᠴᠦ᠂ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯ ᠲᠥᠷᠥᠯ ᠤᠨ ᠬᠥᠭᠵᠢᠯᠲᠡ ᠳᠤ ᠢᠳᠡᠪᠬᠢᠲᠡᠶ ᠬᠦᠴᠦᠨ ᠨᠡᠮᠡᠷᠢᠯᠡᠪᠡ᠃ ᠭᠤᠷᠪᠠ ᠳᠤ᠂ ᠣᠶᠤᠨᠴᠢ ᠠᠳᠠᠯ  ᠠᠬᠤᠶ  ᠶᠢᠨ  1  ᠲᠥᠷᠥᠯ  ᠵᠦᠢᠯ  ᠢ  ᠢᠳᠡᠪᠬᠢᠲᠡᠶ  ᠪᠠᠶᠢᠭᠤᠯᠵᠤ᠂  ᠠᠷᠠᠳ  ᠣᠯᠠᠨ  ᠤ  ᠠᠮᠢᠳᠤᠷᠠᠯ  ᠤᠨ  ᠦᠢᠯᠡᠰ  ᠲᠤ  ᠢᠳᠡᠪᠬᠢᠲᠡᠶ  ᠬᠦᠴᠦᠨ  ᠨᠡᠮᠡᠷᠢᠯᠡᠪᠡ᠃      ᠡᠭᠦᠨ ᠤ ᠬᠠᠮᠲᠤ᠂ ᠪᠢᠳᠡ ᠲᠣᠤᠷ ᠴᠡᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂  ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠵᠠᠮ ᠢ ᠢᠳᠡᠪᠬᠢᠲᠡᠶ ᠥᠷᠭᠡᠳᠬᠡᠨ᠂ ᠤᠷᠢᠳ ᠬᠤᠵᠢᠳ ᠪᠠᠶᠢᠭᠠᠯᠢ ᠶᠢᠨ ᠰᠢᠲᠠᠮᠠᠬᠠᠶ ᠬᠡᠶ᠂ ᠤᠰᠤᠨ ᠤ  ᠰᠦᠢᠳᠬᠡᠯ ᠢ ᠣᠷᠣᠯᠠᠨ ᠬᠤᠷᠢᠶᠠᠬᠤ᠂ ᠡᠵᠡᠩᠨᠡᠯᠲᠡ ᠶᠢᠨ ᠦᠨᠡᠮᠯᠡᠯ ᠢ ᠭᠤᠶᠤᠴᠢᠯᠠᠨ ᠠᠪᠴᠤ ᠳᠠᠷᠤᠮᠠᠯᠯᠠᠬᠤ᠂ ᠬᠤᠪᠢ ᠬᠥᠮᠦᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢ ᠥᠪᠡᠰᠦᠪᠡᠨ ᠪᠠᠶᠢᠴᠠᠭᠠᠨ ᠯᠠᠪᠯᠠᠬᠤ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠳᠥᠯᠥᠬᠦ ᠰᠢᠰᠲ᠋ᠧᠮ᠂ ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ  ᠢ  ᠤᠷᠲᠤᠳᠬᠠᠬᠤ  ᠴᠣᠩᠬᠤ  ᠵᠡᠷᠭᠡ  ᠨᠢᠭᠡ  ᠥᠷᠲᠡᠭᠡ  ᠮᠠᠶ᠋ᠢᠭ  ᠤᠨ  ᠦᠢᠯᠡᠴᠢᠯᠡᠭᠡ   ᠶᠢ  ᠨᠡᠭᠡᠭᠡᠵᠦ᠂ ᠠᠷᠠᠳ ᠣᠯᠠᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃      ᠡᠭᠦᠨ ᠠᠴᠠ ᠭᠠᠳᠠᠨ᠎ᠠ᠂ ᠪᠠᠶᠠᠨᠨᠠᠭᠤᠷ ᠤᠨ ᠬᠤᠪᠢᠶᠠᠷᠢ ᠪᠠᠩᠬᠢ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠡᠳᠬᠢᠯ ᠲᠠᠯᠪᠢᠨ ᠰᠠᠶᠢᠲᠤᠷ ᠬᠢᠬᠦ ᠪᠠᠷ ᠴᠢᠷᠮᠠᠶᠢᠨ᠎ᠠ᠃ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ  ᠭᠦᠢᠴᠡᠳᠬᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢᠲᠡᠶ ᠬᠦᠴᠦᠨ ᠨᠡᠮᠡᠷᠢᠯᠡᠵᠦ᠂ ᠬᠢᠵᠢᠭ ᠢ ᠡᠰᠡᠷᠭᠦᠴᠡᠬᠦ 8.13 ᠲᠦᠮᠡ ᠭᠠᠷᠤᠶ ᠡᠳ᠋ ᠪᠣᠳᠠᠰ ᠢ ᠯᠢᠨ ᠾᠧ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠶᠤᠸᠠᠨ ᠰᠢᠶᠠᠨ᠂ ᠤᠷᠠᠳ ᠤᠨ ᠳᠤᠮᠳᠠᠳᠤ ᠬᠤᠰᠢᠭᠤ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠭᠠᠵᠠᠷ ᠣᠷᠣᠨ ᠳᠤ ᠬᠠᠨᠳᠢᠪᠯᠠᠵᠤ᠂ ᠨᠡᠶᠢᠲᠡ 897 ᠬᠥᠮᠦᠨ ᠤᠳᠠᠭ᠎ᠠ ᠺᠠᠳ᠋ᠷ ᠠᠵᠢᠯᠲᠠᠨ ᠲᠣᠮᠢᠯᠠᠵᠤ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠪᠢ ᠪᠠᠷ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠣᠷᠣᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ  ᠭᠦᠢᠴᠡᠳᠬᠡᠪᠡ᠃ ᠪᠥᠬᠦ ᠪᠠᠩᠬᠢ ᠶᠢᠨ ᠠᠵᠢᠯᠲᠠᠨ ᠢ ᠳᠠᠶᠢᠴᠢᠯᠠᠨ ᠵᠣᠬᠢᠶᠠᠨ ᠪᠠᠶᠢᠭᠤᠯᠵᠤ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠡᠭᠦᠰᠭᠡᠭᠰᠡᠨ ︽ᠬᠠᠪᠤᠷ ᠤᠨ ᠴᠣᠮᠣᠷᠯᠢᠭ︾ ︽ᠡᠬᠡ ᠶᠢᠨ ᠰᠢᠤᠳᠠᠨ ᠤ ᠪᠣᠭᠴᠣ︾ ᠶᠢᠨ 99 ᠨᠡᠶᠢᠲᠡ ᠶᠢᠨ ᠠᠰᠠᠷᠠᠮᠵᠢ ᠶᠢᠨ ᠬᠠᠨᠳᠢᠪ ᠴᠤᠭᠯᠠᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠳᠡᠮᠵᠢᠵᠦ᠂ ᠠᠷᠠᠳ ᠣᠯᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ