ᠴᠢᠨᠠᠷ ᠰᠠᠶᠢᠲᠠᠶ ᠬᠥᠭᠵᠢᠯᠲᠡ ᠣᠯᠠᠨ ᠢᠶᠠᠷ ᠢᠶᠠᠨ ᠶᠠᠷᠢᠬᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠄ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠴᠢᠨᠠᠷ ᠰᠠᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ︾᠂ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ︾ ᠭᠡᠵᠦ ᠴᠢᠬᠤᠯᠠᠴᠢᠯᠠᠪᠠ᠃ ᠪᠠᠶᠠᠨᠨᠠᠭᠤᠷ ᠤᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠲᠠᠯ᠎ᠠ ᠪᠠᠷ ᠬᠡᠷᠬᠢᠨ ᠬᠢᠭᠰᠡᠨ ᠪᠤᠢ︖ ᠥᠨᠥᠳᠦᠷ ᠪᠢᠳᠡ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢ ᠶᠦᠨ ᠱᠧᠩ ᠪᠣᠯᠤᠨ ᠳᠡᠳ᠋ ᠲᠣᠪᠴᠢᠶᠠᠨ ᠳᠠᠷᠤᠭ᠎ᠠ ᠬᠤᠤ ᠵᠢᠶᠠᠨ ᠵᠢᠶᠦ᠋ᠨ ᠢ ᠤᠷᠢᠵᠤ ᠣᠯᠠᠨ ᠳᠤ ᠬᠠᠷᠢᠭᠤᠯᠲᠠ ᠥᠭᠪᠡ᠃ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠶ᠎ᠠ᠃      ᠬᠦᠨᠳᠦᠲᠦ ᠵᠣᠴᠢᠨ᠄ ᠬᠦᠲᠦᠯᠦᠭᠴᠢ ᠰᠠᠶᠢᠨ ᠪᠠᠶᠢᠨ᠎ᠠ︕ ᠦᠵᠡᠭᠴᠢᠳ ᠨᠠᠶᠢᠵᠠ ᠨᠠᠷ ᠰᠠᠶᠢᠨ ᠪᠠᠶᠢᠨ᠎ᠠ ᠤᠤ︕      ᠬᠥᠲᠥᠯᠦᠭᠴᠢ᠄ ᠰᠠᠶᠢᠨ ᠰᠤᠷᠭᠠᠨ ᠬᠥᠮᠦᠵᠢᠯ ᠨᠢ ᠬᠡᠦᠬᠡᠳ ᠤᠨ ᠨᠢᠭᠡ ᠨᠠᠰᠤ ᠶᠢ ᠨᠥᠯᠥᠭᠡᠯᠡᠭᠰᠡᠨ ᠴᠤ ᠨᠢᠭᠡ ᠦᠨᠳᠦᠰᠦᠲᠡᠨ ᠤ ᠬᠤᠪᠢ ᠵᠠᠶᠠᠭ᠎ᠠ ᠶᠢ ᠲᠣᠭᠲᠠᠭᠠᠵᠤ ᠪᠠᠶᠢᠳᠠᠭ᠃       ᠬᠥᠲᠥᠯᠥᠭᠴᠢ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠪᠥᠬᠦ ᠨᠣᠷᠮ᠎ᠠ 100% ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ 96.04% ᠳᠤ ᠬᠦᠷᠴᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠤᠷᠤᠭᠰᠠᠨ ᠨᠣᠷᠮ᠎ᠠ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 8.5 ᠵᠠᠭᠤᠨ ᠤ ᠨᠢᠭᠡᠴᠢ ᠥᠨᠳᠥᠷ ᠪᠣᠯᠪᠠ ᠁ ᠡᠳᠡᠭᠡᠷ ᠲᠤᠭ᠎ᠠ ᠪᠠᠷᠢᠮᠲᠠ ᠨᠢ ᠮᠠᠨ ᠤ ᠰᠤᠷᠭᠠᠨ ᠬᠥᠮᠥᠵᠢᠯ ᠤᠨ ᠦᠢᠯᠡᠰ ᠤᠨ ᠥᠷᠨᠢᠨ ᠬᠥᠭᠵᠢᠬᠦ ᠶᠢ ᠬᠠᠷᠠᠭᠤᠯᠵᠤ ᠪᠠᠶᠢᠨ᠎ᠠ᠃      ᠬᠦᠨᠳᠦᠲᠦ ᠵᠣᠴᠢᠨ᠄ ᠲᠡᠶᠢᠮᠦ᠃      ᠬᠥᠲᠥᠯᠥᠭᠴᠢ᠄ ᠰᠤᠷᠭᠠᠨ ᠬᠥᠮᠦᠵᠢᠯ ᠨᠢ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠭᠵᠢᠭᠦᠯᠦᠨ᠎ᠡ᠂ ᠲᠡᠭᠡᠪᠡᠯ ᠪᠢᠳᠡ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠳᠤᠮᠳᠠ ᠲᠡᠭᠦᠨ ᠢ ᠬᠡᠷᠬᠢᠨ ᠪᠣᠳᠠᠲᠠᠢ ᠳᠤ ᠨᠠᠶᠢᠳᠠᠪᠤᠷᠢᠵᠢᠭᠤᠯᠬᠤ ᠪᠤᠢ︖      ᠯᠢ ᠶᠦᠨ ᠱᠧᠩ᠄ ︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠤ ᠲᠥᠯᠥᠭᠡ ᠬᠥᠮᠦᠨ ᠢ ᠬᠥᠮᠦᠵᠢᠭᠦᠯᠬᠦ︾ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ᠃ ᠬᠥᠮᠦᠨ ᠢ ᠬᠥᠮᠦᠵᠢᠭᠦᠯᠬᠦ ᠶᠢᠨ ᠦᠨᠳᠦᠰᠦ ᠨᠢ ᠶᠤᠰᠤ ᠰᠤᠷᠲᠠᠬᠤᠨ ᠳᠤ ᠪᠠᠶᠢᠨ᠎ᠠ᠃ ᠰᠤᠷᠭᠠᠨ ᠬᠥᠮᠦᠵᠢᠯ ᠤᠨ ᠰᠢᠰᠲ᠋ᠧᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ ᠡᠷᠬᠡᠪᠰᠢ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠭᠴᠢᠳ ᠤᠨ ᠪᠡᠶ᠎ᠡ ᠰᠡᠳᠬᠢᠯ ᠤᠨ ᠣᠨᠴᠠᠯᠢᠭ ᠪᠣᠯᠤᠨ ᠦᠵᠡᠯ ᠰᠠᠨᠠᠭᠠᠨ ᠤ ᠪᠣᠳᠠᠲᠤ ᠪᠠᠶᠢᠳᠠᠯ ᠠᠴᠠ ᠡᠭᠦᠰᠴᠦ᠂ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠤᠨ ᠲᠠᠯ᠎ᠠ ᠪᠠᠷ ᠰᠠᠭᠤᠷᠢ ᠪᠠᠨ ᠪᠠᠲᠤᠳᠬᠠᠨ ᠰᠦᠭ ᠰᠦᠨᠡᠰᠦ ᠪᠠᠨ ᠱᠤᠭᠤᠵᠤ᠂ ᠮᠡᠳᠡᠯᠭᠡ ᠮᠡᠳᠡᠯᠭᠡ ᠶᠢᠨ ᠨᠡᠮᠡᠭᠳᠡᠯ ᠤᠨ ᠲᠠᠯ᠎ᠠ ᠪᠠᠷ ᠪᠦᠬᠦ ᠲᠠᠯ᠎ᠠ ᠪᠠᠷ ᠬᠦᠴᠦᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠬᠥᠮᠦᠵᠢᠭᠦᠯᠬᠦ ᠲᠠᠯ᠎ᠠ ᠪᠠᠷ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠰᠤᠷᠤᠭᠴᠢᠳ ᠲᠤ ᠴᠢᠳᠠᠪᠤᠷᠢ ᠲᠠᠢ᠂ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠪᠣᠯᠭᠠᠵᠤ᠂ ᠪᠦᠬᠦ ᠲᠠᠯ᠎ᠠ ᠪᠠᠷ ᠬᠥᠭᠵᠢᠭᠦᠯᠵᠦ᠂ ᠰᠤᠷᠤᠯᠴᠠᠬᠤ ᠳᠤ ᠳᠠᠪᠠᠭᠤᠯᠢᠭ ᠲᠠᠢ ᠪᠣᠯᠭᠠᠵᠤ᠂ ᠨᠠᠮ ᠪᠣᠯᠤᠨ ᠤᠯᠤᠰ ᠤᠨ ᠬᠡᠷᠡᠭᠴᠡᠭᠡ ᠲᠠᠢ᠂ ᠨᠡᠶᠢᠭᠡᠮ ᠳᠤ ᠬᠡᠷᠡᠭᠴᠡᠭᠡ ᠲᠠᠢ ᠬᠥᠮᠦᠨ ᠢ ᠬᠥᠮᠦᠵᠢᠭᠦᠯᠬᠦ ᠬᠡᠷᠡᠭᠲᠡᠢ᠃      ᠬᠥᠲᠥᠯᠥᠭᠴᠢ᠄ ᠮᠠᠨ ᠤ ᠦᠷᠭᠦᠯᠵᠢ ᠬᠡᠯᠡᠳᠡᠭ᠂ ᠬᠥᠮᠥᠨ ᠢ ᠬᠥᠮᠥᠵᠢᠭᠦᠯᠬᠦ ᠳᠤ ᠤᠷᠢᠳ ᠢᠶᠠᠷ ᠶᠣᠰᠣ ᠮᠣᠷᠠᠯ ᠢ ᠬᠥᠮᠥᠵᠢᠭᠦᠯᠦᠨ᠎ᠡ᠃      ᠬᠦᠨᠳᠦᠲᠦ ᠵᠤᠴᠢ᠄  ᠲᠡᠶᠢᠮᠦ ︵ᠲᠤᠯᠤᠭᠠᠢ  ᠳᠣᠬᠢᠨ᠎ᠠ︶      ᠬᠥᠲᠥᠯᠦᠭᠴᠢ᠄ ᠮᠠᠨ ᠤ ᠠᠷᠠᠳ ᠤᠨ ᠰᠤᠷᠭᠠᠨ ᠬᠥᠮᠦᠵᠢᠯ ᠤᠨ ᠦᠢᠯᠡᠰ ᠤᠨ ᠲᠤᠬᠠᠢ ᠬᠠᠮᠤᠭ ᠤᠨ ᠶᠡᠭᠡ ᠬᠦᠰᠡᠯ ᠡᠷᠡᠮᠡᠯᠵᠡᠯ ᠪᠣᠯ ᠳᠠᠷᠤᠢ ᠥᠪᠡᠷ ᠤᠨ ᠬᠡᠦᠬᠡᠳ ᠢᠶᠠᠨ ᠭᠡᠷ ᠤᠨ ᠡᠭᠦᠳᠡᠨ ᠳᠤ  ᠰᠢᠯᠢᠳᠡᠭ ᠰᠤᠷᠭᠠᠨ ᠬᠥᠮᠦᠵᠢᠯ ᠬᠦᠷᠲᠡᠭᠡᠵᠦ ᠴᠢᠳᠠᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ᠪᠢᠳᠡᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠤᠢ︖      ᠯᠢ ᠶᠦᠨ ᠱᠧᠩ᠄ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠳᠤᠷᠠᠳᠤᠭᠰᠠᠨ ᠲᠡᠮᠡᠴᠡᠬᠦ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ︽ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 ᠤᠨ - 2025 ᠣᠨ︶︾ ᠶᠢ ᠲᠣᠭᠲᠠᠭᠠᠵᠤ᠂ ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃      ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯ ᠦᠵᠡᠭᠦᠯᠵᠦ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ᠃ ᠬᠡᠦᠬᠡᠳ ᠤᠨ ᠴᠡᠴᠡᠷᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠶᠡᠬᠡᠪᠡᠷ ᠰᠢᠯᠢᠳᠡᠭᠵᠢᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠤ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠰᠤᠷᠭᠠᠭᠤᠯᠢ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠲᠤᠰᠠᠭᠠᠷ ᠲᠣᠬᠢᠷᠠᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠥᠷᠭᠡᠳᠬᠡᠵᠦ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠨ᠂ ᠰᠤᠷᠤᠭᠴᠢᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ︔ ︽ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ᠃      ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠨᠢ ᠣᠯᠠᠨ ᠶᠠᠩᠵᠤ ᠶᠢᠨ ᠬᠥᠭᠵᠢᠯᠲᠡ ᠶᠢ ᠪᠠᠷᠢᠮᠲᠠᠯᠠᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠪᠲᠤᠯᠤᠯᠲᠠ ᠶᠢᠨ ᠲᠥᠯᠥᠪᠯᠡᠭᠡ ᠶᠢ ᠠᠬᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠰᠢᠯᠢᠳᠡᠭ ᠵᠢᠭᠠᠨ ᠰᠤᠷᠭᠠᠯᠲᠠ ᠶᠢᠨ ᠪᠦᠯᠬᠦᠮ ᠨᠡᠶᠢᠲᠡ ᠪᠠ ᠲᠡᠷᠢᠭᠦᠨ ᠤ ᠵᠢᠭᠠᠨ ᠰᠤᠷᠭᠠᠯᠲᠠ ᠶᠢᠨ ᠣᠨᠣᠯᠵᠢᠬᠤᠨ ᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠩ ᠣᠯᠠᠨ ᠰᠤᠷᠤᠭᠴᠢᠳ ᠢ ᠥᠨᠳᠥᠷ ᠬᠢᠷᠢ ᠲᠦᠪᠰᠢᠨ ᠪᠥᠬᠦᠶ ᠶᠡᠭᠡ ᠰᠤᠷᠭᠠᠭᠤᠯᠢ ᠳᠤ ᠣᠷᠣᠭᠤᠯᠤᠨ ᠰᠤᠷᠤᠯᠴᠠᠭᠤᠯᠬᠤ ᠬᠡᠷᠡᠭᠲᠡᠶ᠃      ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠵᠦ᠂ ︽ᠬᠤᠣᠰ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠲᠠᠢ ᠬᠥᠳᠡᠯᠦᠩᠭᠦᠢ ᠪᠠᠷ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠠᠵᠤ ᠦᠢᠯᠡᠰ ᠤᠨ ᠬᠥᠭᠵᠢᠯᠲᠡ ᠳᠤ ᠨᠡᠶᠢᠴᠡᠭᠰᠡᠨ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠬᠦ ᠬᠡᠷᠡᠭᠲᠡᠢ᠃      ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠮᠠᠨ ᠤ ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢᠯᠡᠰ ᠤᠨ ᠰᠦᠷᠦᠭᠵᠢᠯ︾ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ︽12 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾ ᠶᠢ ᠪᠣᠶ ᠪᠣᠯᠭᠠᠵᠤ᠂ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠢ ᠬᠤᠪᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠤᠨ ᠬᠡᠷᠡᠭᠯᠡᠭᠡᠨ ᠤ ᠬᠡᠯᠪᠡᠷᠢ ᠶᠢᠨ ᠨᠠᠩ ᠣᠯᠠᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃      ᠣᠨᠴᠠᠭᠠᠢ ᠰᠤᠷᠭᠠᠨ ᠬᠥᠮᠦᠵᠢᠯ ᠨᠢ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠪᠠᠷ ᠭᠤᠤᠯ ᠬᠦᠴᠦᠨ ᠪᠣᠯᠭᠠᠭᠰᠠᠨ᠂  ᠣᠨᠴᠠᠭᠠᠢ ᠰᠤᠷᠭᠠᠨ ᠬᠥᠮᠦᠵᠢᠯ ᠤᠨ ᠵᠢᠯᠣᠭᠤᠳᠬᠤ ᠲᠥᠪ ︵ᠬᠢᠴᠢᠶᠡᠯ ᠤᠨ ᠭᠡᠷ︶ ᠢᠶᠠᠷ ᠲᠤᠯᠭᠠᠭᠤᠷᠢ ᠪᠣᠯᠭᠠᠭᠰᠠᠨ᠂ ᠠᠭᠤᠰᠤᠯᠴᠠᠭᠰᠠᠨ ᠰᠤᠷᠭᠠᠨ ᠬᠥᠮᠦᠵᠢᠯ ᠢᠶᠠᠷ ᠭᠤᠤᠯ ᠴᠣᠭᠴᠠ ᠪᠣᠯᠭᠠᠭᠰᠠᠨ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠪᠤᠰᠤᠳ ᠰᠤᠷᠭᠠᠨ ᠬᠥᠮᠦᠵᠢᠯ ᠤᠨ ᠬᠡᠯᠪᠡᠷᠢ ᠮᠠᠶ᠋ᠢᠭ ᠢᠶᠠᠷ ᠨᠥᠬᠦᠪᠥᠷᠢ ᠪᠣᠯᠭᠠᠭᠰᠠᠨ ᠰᠤᠷᠭᠠᠭᠤᠯᠢ ᠡᠷᠬᠢᠯᠡᠬᠦ ᠰᠢᠨ᠎ᠡ ᠪᠠᠶᠢᠷᠢᠰᠢᠯ ᠢ ᠪᠠᠶᠢᠭᠤᠯᠵᠤ᠂  ᠣᠨᠴᠠᠭᠠᠢ ᠰᠤᠷᠭᠠᠨ ᠬᠥᠮᠦᠵᠢᠯ ᠢ ᠬᠤᠶᠠᠷ ᠦᠵᠦᠭᠦᠷ ᠲᠡᠰᠢ ᠤᠷᠲᠤᠳᠬᠠᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃      ᠬᠥᠲᠥᠯᠦᠭᠴᠢ᠄ ᠠᠳᠠᠯᠢ ᠪᠤᠰᠤ ᠱᠠᠲᠤ ᠦᠶ᠎ᠡ ᠶᠢᠨ ᠰᠤᠷᠭᠠᠨ ᠬᠥᠮᠦᠵᠢᠯ ᠪᠢᠳᠡ ᠪᠦᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠪᠠ ᠪᠠᠲᠤᠯᠠᠭ᠎ᠠ ᠲᠠᠢ᠃      ᠬᠦᠨᠳᠦᠲᠦ ᠵᠣᠴᠢᠨ᠄ ᠮᠠᠨ ᠤ ᠬᠠᠷᠠᠯᠲᠠ ᠪᠣᠯ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠶᠠᠪᠤᠳᠠᠯ ᠪᠣᠯᠤᠨ᠎ᠠ᠃      ᠬᠥᠲᠥᠯᠥᠭᠴᠢ᠄ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ᠂ ᠰᠢᠢᠳᠪᠦᠷᠢᠯᠡᠬᠦ ᠴᠢᠨᠠᠷᠲᠠᠶ ᠬᠦᠴᠦᠨ ᠵᠦᠢᠯ ᠪᠠᠶᠢᠬᠤ ᠪᠣᠯ ᠳᠠᠷᠤᠶ ᠪᠠᠭᠰᠢ ᠶᠢᠨ ᠡᠩᠨᠡᠭᠡᠨ ᠤ ᠶᠠᠰᠤ ᠴᠢᠨᠠᠷ ᠪᠣᠯᠤᠨ᠎ᠠ᠃ ᠪᠠᠭᠰᠢ ᠶᠢᠨ ᠡᠩᠨᠡᠭᠡᠨ ᠤ ᠪᠠᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠪᠢᠳᠡᠨ ᠳᠤ ᠶᠠᠮᠠᠷ  ᠰᠠᠶᠢᠨ ᠠᠷᠭ᠎ᠠ  ᠪᠠᠶᠢᠬᠤ ᠪᠤᠢ︖      ᠯᠢ ᠶᠦᠨ ᠱᠧᠩ᠄  ᠪᠠᠭᠰᠢ ᠶᠢᠨ ᠡᠩᠨᠡᠭᠡ ᠪᠣᠯ ᠴᠢᠨᠠᠷ  ᠰᠠᠶᠢᠲᠠᠢ ᠰᠤᠷᠭᠠᠨ ᠬᠥᠮᠦᠵᠢᠯ ᠤᠨ  ᠰᠢᠰᠲ᠋ᠧᠮ ᠤᠨ ᠪᠠᠶᠢᠭᠤᠯᠤᠯᠲᠠ ᠶᠢᠨ ᠭᠤᠣᠯ ᠬᠦᠴᠦᠨ ᠮᠥᠨ᠃ ᠪᠢᠳᠡ ᠪᠠᠭᠰᠢ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠰᠤᠷᠤᠭᠴᠢᠳ ᠲᠤ ᠦᠵᠡᠭᠦᠯᠬᠦ ᠨᠥᠯᠥᠭᠡ ᠨᠢ ᠨᠢᠭᠡ ᠨᠠᠰᠤ ᠪᠠᠶᠢᠵᠤ ᠮᠡᠳᠡᠨ᠎ᠡ᠂ ᠪᠢᠳᠡ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠰᠠᠭᠤᠷᠢ ᠢᠨᠵᠧᠨᠧᠷᠢᠩ ᠪᠣᠯᠭᠠᠨ ᠠᠳᠬᠤᠵᠤ᠂ ᠰᠤᠷᠭᠠᠭᠤᠯᠢ ᠶᠢᠨ ᠵᠠᠬᠢᠷᠤᠯ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢ ᠲᠣᠭᠲᠠᠭᠠᠨ ᠨᠡᠶᠢᠲᠡᠯᠡᠵᠦ᠂ ᠰᠤᠷᠭᠠᠨ ᠬᠥᠮᠦᠵᠢᠯ ᠤᠨ ᠬᠠᠮᠢᠶᠠᠷᠤᠭᠴᠢ᠂ ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠬᠤ ᠶᠢ ᠰᠤᠳᠤᠯᠤᠭᠴᠢ᠂ ᠠᠩᠬᠢ ᠶᠢᠨ ᠡᠷᠬᠢᠯᠡᠭᠴᠢ ᠵᠡᠷᠭᠡ ᠲᠠᠪᠤᠨ ᠡᠩᠨᠡᠭᠡ ᠶᠢ ᠲᠤᠪᠤᠶᠢᠮ᠎ᠠ ᠰᠠᠶᠢᠲᠤᠷ ᠠᠳᠬᠤᠵᠤ᠂ ᠤᠯᠤᠰ ᠲᠦᠷᠦ ᠶᠢᠨ ᠬᠡᠪ ᠴᠢᠨᠠᠷ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠠᠭᠠᠷᠠᠭᠰᠠᠨ᠂ ᠬᠥᠮᠦᠨ ᠢ ᠬᠥᠮᠦᠵᠢᠭᠦᠯᠬᠦ ᠬᠢᠷᠢ ᠬᠡᠮᠵᠢᠶ᠎ᠡ ᠪᠠᠷ ᠥᠨᠳᠥᠷ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ︽ᠠᠷᠭ᠎ᠠ ᠵᠠᠮ ᠢᠶᠠᠨ ᠥᠷᠭᠡᠳᠬᠡᠵᠦ ᠨᠢᠭᠡ ᠪᠦᠯᠦᠭ ᠢ ᠨᠥᠬᠦᠪᠥᠷᠢᠯᠡᠬᠦ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠬᠤ ᠳᠤ ᠨᠢᠭᠡ ᠪᠦᠯᠦᠭ ᠢ ᠳᠡᠭᠡᠭᠰᠢᠯᠡᠭᠦᠯᠬᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠳᠤ ᠨᠢᠭᠡ ᠪᠦᠯᠦᠭ ᠢ ᠬᠥᠭᠵᠢᠭᠡᠬᠦ᠂ ᠠᠵᠢᠯ ᠤᠨ ᠪᠠᠶᠢᠷᠢ ᠰᠣᠯᠢᠬᠤ ᠪᠠ ᠰᠠᠯᠭᠠᠨ ᠲᠣᠬᠢᠷᠠᠭᠤᠯᠬᠤ ᠶᠢ ᠴᠢᠩᠭᠠᠳᠬᠠᠬᠤ︾ ᠰᠡᠳᠬᠢᠴᠡ ᠶᠣᠰᠣᠭᠠᠷ᠂ ᠪᠠᠭᠰᠢ ᠶᠢᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠲᠤᠭ᠎ᠠ ᠬᠡᠮᠵᠢᠶ᠎ᠡ ᠬᠦᠷᠦᠯᠴᠡᠬᠦ ᠥᠬᠡᠶ᠂ ᠶᠠᠰᠤ ᠴᠢᠨᠠᠷ ᠰᠢᠯᠢᠳᠡᠭ ᠪᠤᠰᠤ ᠪᠠᠶᠢᠬᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ︽ᠬᠡᠷᠡᠭᠴᠡᠭᠡ ᠪᠠᠷ ᠠᠵᠢᠯ ᠤᠨ ᠪᠠᠶᠢᠷᠢ ᠲᠣᠬᠢᠷᠠᠭᠤᠯᠬᠤ᠂ ᠠᠵᠢᠯ ᠤᠨ ᠪᠠᠶᠢᠷᠢ ᠪᠠᠷ ᠤᠷᠢᠨ ᠬᠡᠷᠡᠭᠯᠡᠬᠦ᠂ ᠥᠷᠢᠰᠥᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ᠂ ᠬᠥᠮᠦᠨ ᠠᠵᠢᠯ ᠤᠨ ᠪᠠᠶᠢᠷᠢ ᠳᠤ ᠲᠣᠬᠢᠷᠠᠬᠤ︾ ᠵᠠᠷᠴᠢᠮ ᠢ ᠪᠠᠷᠢᠮᠲᠠᠯᠠᠵᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠶ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠠᠭᠰᠢ ᠶᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠵᠤ᠂ ᠤᠷᠢᠵᠤ ᠣᠷᠣᠭᠤᠯᠬᠤ᠂ ᠬᠢᠨᠠᠨ ᠰᠢᠯᠭᠠᠵᠤ ᠦᠨᠡᠯᠡᠬᠦ᠂ ᠱᠠᠩᠨᠠᠯ ᠰᠢᠯᠭᠠᠷᠠᠭᠤᠯᠵᠤ ᠰᠢᠯᠢᠳᠡᠭ ᠢ ᠨᠢ ᠰᠢᠯᠭᠠᠷᠠᠭᠤᠯᠬᠤ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠪᠠᠭᠰᠢ ᠶᠢᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠥᠷᠭᠡᠨ ᠤᠯᠠᠨ ᠪᠠᠭᠰᠢ ᠶᠢᠨ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠬᠤ᠂ ᠨᠢᠭᠡ ᠰᠡᠳᠬᠢᠯ ᠢᠶᠠᠷ ᠰᠤᠷᠤᠯᠴᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠪᠠᠭᠰᠢ ᠶᠢᠨ ᠬᠠᠷᠠᠭᠠᠯᠵᠠᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠢᠳᠡᠪᠬᠢᠵᠢᠯ ᠢ ᠭᠦᠢᠴᠡᠳ ᠲᠠᠶᠢᠴᠢᠯᠠᠵᠦ᠂ ᠶᠡᠭᠡ ᠬᠦᠴᠦ ᠣᠷᠣᠭᠤᠯᠤᠨ ︽ᠬᠢᠬᠦ ᠪᠠ ᠬᠢᠬᠦ ᠦᠭᠡᠢ ᠨᠢ ᠠᠳᠠᠯᠢ᠂ ᠬᠢᠪᠡᠯ ᠢᠯᠡᠭᠦᠦ ᠬᠢᠪᠡᠯ ᠳᠤᠲᠠᠭᠤ ᠬᠢᠬᠦ᠂ ᠰᠠᠶᠢᠨ ᠬᠢᠪᠡᠯ ᠮᠠᠭᠤ ᠶᠢ ᠬᠢᠬᠦ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠢᠯᠢᠳᠡᠭ ᠪᠠᠭᠰᠢ ᠶᠢ ᠬᠥᠬᠢᠭᠦᠯᠦᠨ ᠱᠠᠩᠨᠠᠬᠤ ᠡᠷᠴᠢᠮ ᠢᠶᠠᠨ ᠴᠢᠩᠭᠠᠷᠠᠭᠤᠯᠵᠤ᠂ ᠵᠢᠱᠢᠶᠡᠴᠢ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶᠂ ᠵᠢᠱᠢᠶᠡᠴᠢ ᠪᠠᠭᠰᠢ ᠪᠠ ᠭᠤᠤᠯᠯᠠᠭᠴᠢ ᠪᠠᠭᠰᠢ ᠶᠢ ᠰᠢᠯᠭᠠᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠦᠵᠢᠭᠦᠯᠦᠨ ᠪᠣᠯᠪᠠᠰᠤᠷᠠᠭᠤᠯᠬᠤ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠰᠢᠯᠭᠠᠷᠠᠭᠤᠯᠬᠤ᠂ ᠠᠮᠵᠢᠯᠲᠠ ᠪᠦᠲᠦᠮᠵᠢ ᠶᠢᠨ ᠴᠠᠯᠢᠩ ᠵᠡᠷᠭᠡ ᠲᠠᠯ᠎ᠠ ᠪᠠᠷ ᠠᠩᠭᠢ ᠶᠢᠨ ᠡᠷᠬᠢᠯᠡᠭᠴᠢ ᠶᠢᠨ ᠬᠠᠷᠠᠭᠠᠯᠵᠠᠯ ᠦᠵᠡᠭᠦᠯᠵᠦ᠂ ᠠᠩᠭᠢ ᠶᠢᠨ ᠡᠷᠬᠢᠯᠡᠭᠴᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠂ ᠠᠩᠭᠢ ᠶᠢᠨ ᠡᠷᠬᠢᠯᠡᠭᠴᠢ ᠶᠢᠨ ᠪᠦᠬᠦ᠋ᠢᠯᠡ ᠪᠠᠭᠰᠢ ᠶᠢᠨ ᠡᠩᠨᠡᠭᠡ ᠳᠤ ᠦᠵᠡᠭᠦᠯᠬᠦ ︽ᠳᠥᠷᠪᠡ ᠬᠤᠶᠠᠷ ᠢ ᠰᠢᠯᠵᠢᠭᠦᠯᠵᠦ ᠮᠢᠩᠭᠠᠨ ᠵᠢᠩ︾ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃      ᠬᠥᠲᠥᠯᠥᠭᠴᠢ᠄ ᠡᠶᠢᠮᠦ ᠠᠴᠠ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠨᠢ ᠴᠦ ᠲᠦᠢᠯ ᠤᠨ ᠴᠢᠬᠤᠯᠠ ᠶᠤᠮ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ