ᠴᠢᠨᠠᠷ ᠰᠠᠶᠢᠲᠠᠢ ᠬᠥᠭᠵᠢᠯᠲᠡ  ᠶᠢ ᠤᠯᠠᠨ ᠢᠶᠠᠷ ᠢᠶᠠᠨ ᠶᠠᠷᠢᠯᠴᠠᠬᠤ᠂  ᠦᠢᠯᠡᠳᠪᠦᠷᠢ ᠬᠤᠳᠠᠯᠳᠤᠭᠠᠨ ᠤ ᠪᠠᠩᠬᠢ᠄ ᠣᠷᠣᠨ ᠨᠤᠲᠤᠭ ᠤᠨ ᠰᠢᠨ᠎ᠡ ᠬᠥᠳᠡᠯᠭᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠶ᠎ᠡ
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠴᠢᠨᠠᠷ ᠰᠠᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠮᠥᠩᠭᠦᠨ ᠭᠦᠢᠯᠭᠡᠭᠡ ᠪᠣᠯ ᠠᠵᠤ ᠠᠬᠤᠢ ᠶᠢᠨ ᠠᠮᠢᠨ ᠰᠤᠳᠠᠰᠤ ᠮᠥᠨ᠃ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠨᠢ ᠪᠠᠩᠬᠢ ᠶᠢᠨ ᠦᠢᠯᠡᠰ ᠤᠨ ︽ᠴᠢᠰᠤ ᠶᠡᠭᠦᠯᠡᠬᠦ︾᠂ ︽ᠰᠡᠳᠬᠢᠯ ᠢ ᠴᠢᠩᠭᠠᠯᠠᠬᠤ︾ ᠠᠴᠠ ᠰᠠᠯᠵᠤ ᠴᠢᠳᠠᠬᠤ ᠦᠭᠡᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠠᠩᠬᠢ ᠶᠢᠨ ᠰᠢᠰᠲ᠋ᠧᠮ ᠬᠡᠷᠬᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠤᠢ︖ ᠥᠨᠥᠳᠦᠷ ᠮᠠᠨ ᠤ ᠨᠡᠪᠲᠡᠷᠡᠭᠦᠯᠦᠭᠡ ᠶᠢᠨ ᠲᠠᠰᠤᠭ ᠪᠣᠯ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ ᠰᠦᠨ ᠵᠧ ᠪᠣᠯᠤᠨ ᠪᠠᠩᠬᠢ ᠶᠢᠨ ᠳᠡᠳ᠋ ᠳᠠᠷᠤᠭ᠎ᠠ ᠰᠦᠨ ᠰᠢᠤᠢ ᠬᠤᠩ ᠪᠣᠯᠤᠨ᠎ᠠ᠃ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠶ᠎ᠠ᠃      ᠬᠥᠲᠥᠯᠦᠭᠴᠢ᠄ 2022 ᠣᠨ ᠤ ᠨᠡᠢᠲᠡᠯᠡᠭᠰᠡᠨ ᠳᠡᠯᠡᠬᠡᠢ ᠶᠢᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ᠂ ᠮᠠᠨ ᠤ ᠦᠢᠯᠡᠳᠪᠦᠷᠢ ᠬᠤᠳᠠᠯᠳᠤᠭᠠᠨ ᠤ ᠪᠠᠩᠬᠢ 22 ᠳ᠋ᠤᠭᠠᠷ ᠲᠤ ᠵᠢᠭᠰᠠᠭᠠᠭᠳᠠᠪᠠ᠃ ᠲᠡᠷᠡ ᠦᠢᠯᠡᠳᠪᠦᠷᠢ ᠬᠤᠳᠠᠯᠳᠤᠭᠠᠨ ᠤ ᠪᠠᠩᠬᠢ ᠮᠠᠨ ᠤ ᠪᠠᠶᠠᠨᠨᠠᠭᠤᠷ ᠲᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠡᠷᠬᠢᠨ ᠦᠢᠯᠡᠳᠦᠯᠭᠡᠵᠢᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠤᠨ ᠥᠮᠴᠢᠯᠡᠯ ᠤᠨ ᠶᠡᠭᠡ ᠪᠠᠩᠬᠢ ᠶᠢᠨ ᠡᠭᠦᠷᠭᠡᠯᠡᠯ ᠢ ᠬᠡᠷᠬᠢᠨ ᠢᠯᠡᠷᠡᠭᠦᠯᠦᠭᠰᠡᠨ ᠪᠤᠢ︖       ᠬᠥᠲᠥᠯᠥᠭᠴᠢ᠄  ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠳᠤ ᠪᠠᠰᠠ ᠶᠡᠭᠡ ᠣᠶᠢᠯᠠᠭᠠᠯᠲᠠ ᠲᠠᠢ ᠪᠣᠯᠵᠣ᠂ ᠬᠠᠯᠠᠭᠤᠨ ᠳᠣᠲᠣᠨᠣ ᠬᠡᠷᠡᠭᠯᠡᠭᠴᠢᠳ ᠤᠨ ᠦᠢᠯᠡᠴᠢᠯᠡᠭᠡ ᠲᠠᠢ᠂ ᠲᠤᠰᠬᠠᠶ ᠮᠡᠷᠭᠡᠵᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠲᠠᠢ᠂ ᠪᠠᠰᠠ ᠭᠤᠶᠠᠴᠢ ᠦᠭᠡᠢ ᠠᠶᠤᠬᠤ ᠦᠭᠡᠢ ᠨᠡᠶᠢᠭᠡᠮ ᠤᠨ ᠡᠭᠦᠷᠭᠡᠯᠡᠯ ᠲᠠᠢ ᠁      ᠰᠦᠨ ᠱᠦᠵᠢ᠄ ᠲᠡᠶᠢᠮᠦ᠂ ᠤᠯᠤᠰ ᠤᠨ ᠥᠮᠴᠢᠯᠡᠯ ᠤᠨ ᠲᠣᠮᠣ ᠪᠠᠩᠬᠢ ᠪᠣᠯᠤᠭᠰᠠᠨ ᠤ ᠬᠤᠪᠢ ᠳᠤ᠂ ᠪᠢᠳᠡ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠶᠡᠷᠦᠩᠬᠡᠶ ᠬᠤᠪᠢᠶᠠᠷᠢ ᠪᠠᠩᠬᠢ ᠶᠢᠨ ᠡᠯ᠎ᠡ  ᠵᠦᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠥᠩᠭᠦᠨ  ᠭᠦᠢᠯᠭᠡᠭᠡᠨ ᠤ  ᠦᠢᠯᠡᠴᠢᠯᠡᠭᠡ ᠶᠢᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ ᠪᠣᠯᠤᠨ ᠲᠤᠰᠬᠠᠶ ᠮᠡᠷᠭᠡᠵᠢᠯ ᠤᠨ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠶ ᠳᠤ ᠪᠥᠬᠦ ᠬᠦᠴᠦᠨ ᠢᠶᠠᠷ ᠢᠶᠠᠨ  ᠦᠢᠯᠡᠴᠢᠯᠡᠵᠦ᠂ ᠣᠷᠣᠨ ᠨᠤᠲᠤᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠬᠤ ᠪᠣᠯ  ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠵᠠᠶᠢᠯᠠᠭᠤᠯᠵᠤ ᠪᠣᠯᠤᠰᠢ ᠥᠬᠡᠶ ᠡᠭᠦᠷᠭᠡᠯᠡᠯ ᠪᠠ ᠬᠠᠷᠢᠭᠤᠴᠠᠯᠭ᠎ᠠ ᠮᠥᠨ᠃ 2022 ᠣᠨ ᠳᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠨᠡᠶᠢᠲᠡ 80 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 137 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 29 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠨᠢᠳᠤᠨᠤᠨ ᠤ ᠮᠠᠨ ᠤ ᠪᠦᠬᠦ᠋ᠢᠯᠡ ᠵᠢᠭᠡᠯᠡᠯᠭᠡ ᠶᠢᠨ ᠦᠯᠡᠳᠡᠪᠦᠷᠢ ᠲᠤᠭ᠎ᠠ᠂ ᠨᠡᠮᠡᠭᠳᠡᠯ ᠪᠠ ᠭᠠᠷᠭᠠᠯᠲᠠ ᠶᠢᠨ ᠬᠡᠮᠵᠢᠶ᠎ᠡ ᠴᠥᠮ ᠲᠡᠦᠬᠡ ᠶᠢᠨ ᠬᠠᠮᠤᠭ ᠤᠨ ᠥᠨᠳᠥᠷ ᠬᠢᠷᠢ ᠲᠦᠪᠰᠢᠨ ᠢ ᠡᠭᠦᠳᠪᠡ᠃      ᠬᠥᠲᠥᠯᠥᠭᠴᠢ᠄ ᠡᠶᠢᠮᠦ ᠥᠨᠳᠥᠷ ᠵᠢᠭᠡᠯᠡᠯᠭᠡ ᠶᠢᠨ ᠬᠡᠮᠵᠢᠶ᠎ᠡ ᠶᠢ ᠪᠢᠳᠡ ᠬᠡᠷᠬᠢᠨ ᠨᠠᠷᠢᠯᠢᠭ ᠣᠨᠣᠴᠠᠲᠠᠶ ᠲᠠᠯᠪᠢᠬᠤ ᠪᠤᠶ︖      ᠰᠦᠨ ᠱᠦᠵᠢ᠄ ᠠᠳᠡ ᠪᠢᠳᠡᠨ ᠤ ᠭᠤᠣᠯ ᠪᠣᠯᠬᠤ ᠨᠢᠭᠡ ᠵᠦᠢᠯ ᠨᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠳᠠᠮᠵᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠲᠡᠢ ᠵᠡᠷᠭᠡ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠤᠨ᠎ᠠ᠃      ᠬᠥᠲᠥᠯᠥᠭᠴᠢ᠄ ᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠂ ᠮᠠᠨ ᠤ ᠪᠠᠶᠠᠨᠨᠠᠭᠤᠷ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃      ᠰᠦᠨ ᠱᠦᠵᠢ᠄ ᠲᠡᠶᠢᠮᠦ᠃      ᠬᠥᠲᠥᠯᠦᠭᠴᠢ ᠡᠨᠡ ᠲᠠᠯ᠎ᠠ ᠪᠠᠷ᠂ ᠮᠠᠨ ᠤ ᠦᠢᠯᠡᠳᠪᠦᠷᠢ ᠬᠤᠲᠠᠯᠲᠤᠭᠠᠨ ᠤ ᠪᠠᠩᠭᠢ ᠶᠠᠭᠠᠭᠢᠵᠦ ᠬᠢᠭᠰᠡᠨ ᠶᠤᠮ︖      ᠰᠦᠨ ᠪᠠᠩᠬᠢ ᠶᠢᠨ ᠳᠠᠷᠤᠭ᠎ᠠ᠄ ᠡᠨᠡ ᠬᠡᠳᠦᠨ ᠵᠢᠯ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠤ ᠮᠥᠩᠭᠦᠨ ᠭᠦᠢᠯᠭᠡᠭᠡ ᠪᠠᠷ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠳᠬᠦ ᠦᠢᠯᠡᠰ ᠪᠣᠯᠤᠨ ᠤᠯᠤᠰ ᠤᠨ ᠥᠨᠳᠥᠷ᠂ ᠲᠤᠰᠬᠠᠢ ᠨᠠᠷᠢᠯᠢᠭ ᠣᠨᠴᠠ ᠰᠢᠨ᠎ᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠦᠢᠯᠡᠳᠬᠦ ᠦᠢᠯᠡᠰ ᠤᠨ ᠬᠦᠷᠢᠶᠡᠨ ᠳᠠᠬᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ︽ᠵᠣᠷᠢᠭᠲᠠᠶ ᠪᠠᠷ ᠵᠢᠭᠡᠯᠡᠯᠭᠡ ᠲᠠᠯᠪᠢᠬᠤ᠂ ᠳᠤᠷᠠᠲᠠᠶ᠎ᠠ ᠵᠢᠭᠡᠯᠡᠯᠭᠡ ᠲᠠᠯᠪᠢᠬᠤ᠂ ᠵᠢᠭᠡᠯᠡᠯᠭᠡ ᠲᠠᠯᠪᠢᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠤᠨ ᠰᠠᠶᠢᠨ ᠣᠷᠴᠢᠯ ᠢ ᠠᠬᠢᠭᠤᠯᠬᠤ ᠶᠢᠨ ᠬᠠᠮᠲᠤ᠂ ᠮᠠᠨ ᠤ ᠪᠠᠩᠬᠢ ᠲᠡᠷᠢᠭᠦᠨ ᠤ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠵᠣᠴᠢᠳ ᠢ ᠴᠢᠩᠭ᠎ᠠ ᠠᠳᠬᠤᠨ᠎ᠠ᠃ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠢ ᠳᠡᠯᠭᠡᠷᠡᠭᠦᠯᠬᠦ ᠶᠢ ᠴᠢᠩᠭᠠᠳᠬᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠰᠢᠨ᠎ᠡ ᠶᠢ ᠡᠭᠦᠳᠬᠦ ᠬᠡᠯᠬᠢᠶ᠎ᠡ ᠶᠢ ᠰᠠᠯᠤᠯ ᠥᠬᠡᠶ ᠳᠠᠭᠠᠵᠤ᠂ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠦᠢᠯᠡᠳᠬᠦᠨ᠂ ᠵᠣᠬᠢᠶᠠᠨ ᠪᠠᠶᠢᠭᠤᠯᠤᠯᠲᠠ ᠪᠠ ᠲᠦᠭᠰᠢᠭᠦᠷᠢ ᠶᠢ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠪᠠᠩᠬᠢ ᠶᠢᠨ ︽ᠴᠠᠭᠠᠨ ᠨᠡᠷᠡᠰ ᠤᠨ ᠵᠢᠭᠰᠠᠭᠠᠯᠲᠠ︾ ᠵᠢᠴᠢ ︽e ᠲᠤᠯᠭᠠᠨ ᠲᠦᠷᠭᠡᠨ ᠵᠢᠭᠡᠯᠡᠯᠭᠡ︾ ᠵᠡᠷᠭᠡ ᠭᠤᠤᠯᠳᠠᠯᠭ᠎ᠠ ᠲᠠᠢ ᠦᠢᠯᠡᠳᠭᠦᠨ ᠢ ᠠᠰᠢᠭᠯᠠᠨ᠂ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ 2022 ᠣᠨ ᠤ ᠰᠡᠭᠦᠯᠴᠢ ᠪᠣᠯᠲᠠᠯ᠎ᠠ᠂ ᠮᠠᠨ ᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠳᠤ 13 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠬᠤ ᠳᠡᠮᠵᠢᠯᠭᠡ ᠬᠠᠩᠭᠠᠵᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 11.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠬᠤ ᠳᠡᠮᠵᠢᠯᠭᠡ ᠬᠠᠩᠭᠠᠵᠤ᠂ ᠲᠤᠰᠬᠠᠢ ᠨᠠᠷᠢᠯᠢᠭ ᠣᠨᠴᠠᠭᠠᠢ ᠰᠢᠨ᠎ᠡ ᠠᠵᠤ ᠠᠬᠤᠶᠢᠯᠠᠯ ᠳᠤ 510 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠬᠤ ᠳᠡᠮᠵᠢᠯᠭᠡ ᠬᠠᠩᠭᠠᠪᠠ᠃      ᠬᠥᠲᠥᠯᠥᠭᠴᠢ᠄ ᠳᠡᠭᠡᠳᠦ ᠰᠢᠨ᠎ᠡ ᠮᠡᠷᠭᠡᠵᠢᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠡᠮᠵᠢᠬᠦ ᠨᠢ ᠮᠥᠨ ᠴᠦ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠪᠠ ᠰᠢᠨ᠎ᠡ ᠡᠭᠦᠳᠦᠯᠲᠡ ᠶᠢ ᠳᠡᠮᠵᠢᠨ᠎ᠡ᠃      ᠰᠦᠨ ᠪᠠᠩᠭᠢ ᠶᠢᠨ ᠲᠠᠷᠤᠭ᠎ᠠ᠄  ᠲᠡᠶᠢᠮᠦ᠃      ᠬᠥᠲᠥᠯᠥᠭᠴᠢ᠄ ᠰᠢᠨ᠎ᠡ ᠶᠢ ᠡᠭᠦᠳᠬᠦ ᠪᠠᠷ ᠭᠠᠷᠳᠠᠬᠤ ᠴᠡᠭ ᠪᠣᠯᠭᠠᠬᠤ ᠠᠴᠠ ᠭᠠᠳᠠᠨ᠎ᠠ᠂ ᠪᠢᠳᠡ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠪᠠᠰᠠ ᠶᠠᠮᠠᠷ ᠶᠠᠮᠠᠷ ᠪᠠᠶᠢᠷᠢᠯᠠᠭᠤᠯᠤᠯᠲᠠ ᠬᠢᠭᠰᠡᠨ ᠪᠣᠶ︖      ᠰᠦᠨ ᠪᠠᠩᠬᠢ ᠶᠢᠨ ᠳᠠᠷᠤᠭ᠎ᠠ᠄ ᠪᠢᠳᠡ ᠵᠣᠬᠢᠴᠠᠩᠭᠤᠢ ᠪᠠᠷ ᠬᠥᠭᠵᠢᠭᠦᠯᠵᠦ ᠬᠥᠭᠵᠢᠯᠲᠡ ᠶᠢᠨ ᠪᠦᠬᠦᠯᠢ ᠴᠣᠭᠴᠠ ᠶᠢᠨ ᠲᠡᠩᠴᠡᠭᠦᠷᠢᠲᠦ ᠴᠢᠨᠠᠷ ᠢ  ᠳᠡᠭᠡᠭᠰᠢᠯᠡᠭᠦᠯᠬᠦ ᠶᠢ ᠴᠢᠬᠤᠯᠠᠴᠢᠯᠠᠪᠠ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠲᠣᠰ ᠪᠡᠶ᠎ᠡ ᠶᠢᠨ ᠬᠥᠭᠵᠢᠯᠲᠡ ᠬᠢᠭᠡᠳ ᠭᠠᠵᠠᠷ ᠣᠷᠣᠨ ᠤ ᠬᠥᠭᠵᠢᠯᠲᠡ ᠳᠤ  ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠮᠠᠨ ᠤ ᠪᠠᠩᠬᠢ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠲᠠᠢ ᠬᠠᠷᠭᠤᠭᠤᠯᠵᠤ᠂ ᠤᠯᠤᠰ ᠪᠠ ᠣᠷᠣᠨ ᠨᠤᠲᠤᠭ ᠤᠨ ᠴᠢᠬᠤᠯᠠ ᠶᠡᠭᠡ ᠲᠥᠷᠥᠯ  ᠵᠦᠢᠯ᠂ ᠴᠢᠬᠤᠯᠠ ᠶᠡᠭᠡ ᠢᠨᠵᠧᠨᠧᠷᠢᠩ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠢᠳᠡ ᠵᠠᠰᠠᠭ ᠤᠨ ᠣᠷᠳᠣᠨ ᠤ ︽ᠲᠥᠷᠥᠯ  ᠵᠦᠢᠯ ᠢᠶᠠᠷ ᠭᠤᠤᠯ ᠪᠣᠯᠭᠠᠬᠤ︾ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠥᠷᠥᠯ  ᠵᠦᠢᠯ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠰᠠᠶᠢᠲᠤᠷ ᠳᠡᠮᠵᠢᠯᠭᠡ ᠦᠵᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ  ᠵᠦᠢᠯ ᠢ ᠰᠠᠶᠢᠲᠤᠷ ᠨᠠᠶᠢᠳᠠᠪᠤᠷᠢᠵᠢᠭᠤᠯᠬᠤ ᠳᠤ ᠰᠠᠶᠢᠲᠤᠷ ᠦᠢᠯᠡᠴᠢᠯᠡᠪᠡ᠃ ᠡᠭᠦᠨ ᠤ ᠬᠠᠮᠲᠤ᠂ ᠪᠢᠳᠡ ᠪᠠᠶᠠᠨᠨᠠᠭᠤᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠵᠠᠬ᠎ᠠ ᠳᠡᠯᠭᠡᠭᠦᠷ ᠢ ᠰᠡᠷᠭᠦᠭᠡᠬᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠪᠠᠷ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠠᠰᠢᠭ ᠬᠦᠷᠲᠡᠭᠡᠪᠡ᠃ 2022 ᠣᠨ ᠤ ᠡᠴᠦᠰ ᠪᠣᠯᠲᠠᠯ᠎ᠠ᠂ ᠪᠥᠬᠦ ᠵᠢᠯ ᠳᠤ ᠺᠣᠮᠫᠠᠨᠢ ᠶᠢᠨ ᠵᠢᠭᠡᠯᠡᠯᠭᠡ ᠶᠢ 49 ᠳ᠋ᠦᠩᠰᠢᠭᠤᠷ ᠲᠥᠭᠦᠷᠢᠭ ᠲᠠᠯᠪᠢᠵᠤ᠂ ᠺᠣᠮᠫᠠᠨᠢ ᠶᠢᠨ ᠵᠢᠭᠡᠯᠡᠯᠭᠡ ᠶᠢᠨ ᠦᠯᠡᠳᠡᠪᠦᠷᠢ 80 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠦᠶᠤᠸᠠᠨ ᠰᠢᠶᠠᠨ ᠳᠤ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 14.57 ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ 16.37% ᠬᠦᠷᠴᠡᠶ︔ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠶᠢᠨ ᠦᠯᠡᠳᠡᠪᠦᠷᠢ 8055 ᠲᠦᠮᠡᠨ ᠲᠥᠭᠦᠷᠢᠭ᠂ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ 30% ᠳᠤ ᠬᠦᠷᠪᠡ᠃      ᠬᠥᠲᠥᠯᠥᠭᠴᠢ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠲᠦᠷᠦᠯ ᠵᠦᠢᠯ ᠢᠶᠠᠷ ᠸᠠᠩ ᠪᠣᠯᠭᠠᠨ᠎ᠠ᠂ ᠡᠨᠡ ᠪᠣᠯ ᠴᠥᠮ ᠮᠠᠨ ᠤ ᠪᠠᠶᠠᠨᠨᠠᠭᠤᠷ ᠤᠨ ᠬᠥᠭᠵᠢᠯᠲᠡ ᠶᠢᠨ ᠵᠠᠩᠭᠢᠯᠠᠭ᠎ᠠ ᠶᠢᠨ ᠦᠭᠡ ᠪᠣᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯ ᠪᠠᠰᠠ ᠴᠤ ᠣᠳᠣᠬᠠᠨ ᠤ ᠭᠤᠣᠯ ᠬᠦᠭ ᠠᠶᠠᠰ ᠮᠥᠨ᠂ ᠡᠨᠡ ᠲᠠᠯ᠎ᠠ ᠪᠠᠷ ᠪᠢᠳᠡᠨ ᠳᠤ ᠶᠠᠮᠠᠷ ᠰᠠᠶᠢᠨ ᠠᠷᠭ᠎ᠠ ᠬᠡᠮᠵᠢᠶ᠎ᠡ ᠪᠠᠶᠢᠬᠤ ᠪᠤᠢ︖      ᠰᠦᠨ ᠪᠠᠩᠬᠢ ᠶᠢᠨ ᠳᠠᠷᠤᠭ᠎ᠠ᠄ ᠪᠢᠳᠡ ᠪᠣᠬᠢᠷᠲᠤᠯ ᠥᠬᠡᠢ ᠬᠥᠭᠵᠢᠯᠲᠡ ᠶᠢ ᠠᠬᠢᠭᠤᠯᠵᠤ ᠠᠵᠤ ᠠᠬᠤᠢ ᠶᠢᠨ ᠳᠣᠣᠷ᠎ᠠ ᠨᠡᠭᠦᠷᠡᠰᠦᠲᠥ᠋ᠷᠦᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ  ᠠᠬᠢᠭᠤᠯᠤᠨ᠎ᠠ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠢᠯᠡᠳᠬᠦᠨ ᠤ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠢᠨ᠎ᠡ ᠶᠢ ᠡᠭᠦᠳᠬᠦ ᠠᠯᠬᠤᠴᠠ ᠶᠢ ᠲᠦᠷᠭᠡᠳᠬᠡᠵᠦ᠂ ᠴᠡᠪᠡᠷ ᠡᠨᠧᠷᠭᠢ᠂ ᠪᠣᠬᠢᠷᠲᠤᠯ ᠦᠭᠡᠢ ᠵᠠᠮ ᠬᠠᠷᠢᠯᠴᠠᠭ᠎ᠠ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠪᠣᠬᠢᠷᠲᠤᠯ ᠦᠭᠡᠢ ᠠᠵᠤ ᠦᠢᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠦᠬᠦ ᠲᠠᠯ᠎ᠠ ᠶᠢᠨ ᠰᠢᠰᠲ᠋ᠧᠮ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠦᠴᠦᠨ ᠢᠶᠠᠷ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠨ᠎ᠠ᠃      ᠬᠥᠲᠥᠯᠥᠭᠴᠢ᠄ ᠨᠡᠶᠢᠭᠡᠮ ᠤᠨ ᠮᠥᠩᠭᠦᠨ ᠭᠦᠢᠯᠭᠡᠭᠡᠨ ᠤ ᠦᠢᠯᠡᠰ ᠲᠠᠬᠢ ᠬᠦᠰᠡᠯ ᠡᠷᠡᠮᠡᠯᠵᠡᠯ ᠨᠢ ᠠᠵᠤ ᠠᠬᠤᠢ ᠶᠢᠨ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠬᠦ ᠪᠠᠷ ᠪᠠᠷᠠᠬᠤ ᠦᠭᠡᠢ᠂ ᠨᠡᠩ ᠴᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠨᠳᠦ ᠡᠭᠦᠷᠭᠡ ᠶᠢ ᠡᠭᠦᠷᠭᠡᠯᠡᠬᠦ ᠶᠢᠨ ᠬᠠᠮᠲᠤ ᠠᠵᠤ ᠠᠬᠤᠢ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠤᠯᠠᠨ ᠵᠦᠢᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠷᠠᠳ ᠲᠤ ᠠᠰᠢᠭᠲᠠᠶ᠂ ᠠᠷᠠᠳ ᠲᠤ ᠠᠰᠢᠭᠲᠠᠶ᠂ ᠠᠷᠠᠳ ᠲᠤ ᠠᠰᠢᠭᠲᠠᠶ᠂ ᠠᠷᠠᠳ ᠤᠨ ᠲᠥᠯᠥᠭᠡ ᠭᠡᠵᠦ ᠪᠣᠳᠣᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ