ᠰᠦᠨ ᠱᠦᠵᠢ᠄ ᠡᠲᠡᠭᠡᠷ ᠵᠢᠯ ᠤᠳ ᠲᠤ ᠮᠠᠨ ᠤ ᠪᠠᠶᠠᠨᠨᠠᠭᠤᠷ ᠤᠨ ᠬᠤᠪᠢᠶᠠᠷᠢ ᠪᠠᠩᠬᠢ ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ | ᠦᠢᠯᠡᠴᠢᠯᠡᠬᠦ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠭᠡᠷᠡᠯᠳᠦᠬᠦᠯᠵᠦ ᠪᠠᠶᠢᠨ᠎ᠠ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ | ᠪᠠᠶᠠᠨᠨᠠᠭᠤᠷ ᠤᠨ ᠬᠤᠪᠢᠶᠠᠷᠢ ᠪᠠᠩᠬᠢ ︽ᠠᠷᠠᠳ ᠤᠨ ᠮᠥᠩᠭᠦᠨ ᠭᠦᠢᠯᠭᠡᠭᠡ︾᠂ ︽ᠬᠤᠪᠢᠰᠬᠠᠯᠲᠤ ᠮᠥᠩᠭᠦᠨ ᠭᠦᠢᠯᠭᠡᠭᠡ︾ ᠶᠢᠨ ᠰᠠᠭᠤᠷᠢ ᠥᠩᠭᠡ ᠶᠢ ᠢᠮᠠᠭᠲᠠ | ᠪᠠᠲᠤ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢ ᠮᠥᠩᠭᠦᠨ ᠭᠦᠢᠯᠭᠡᠭᠡᠨ ᠤ ᠠᠵᠢᠯ ᠥᠷᠨᠢᠭᠦᠯᠬᠦ ᠶᠢᠨ | ᠵᠣᠷᠢᠯᠲᠠ ᠪᠠ ᠲᠤᠰᠤᠯᠲᠠ ᠪᠣᠯᠭᠠᠵᠤ᠂ ᠠᠷᠠᠳ ᠲᠤ ᠠᠰᠢᠭ ᠬᠦᠷᠲᠡᠭᠡᠬᠦ᠂ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠶᠢ ᠴᠢᠷᠮᠠᠶᠢᠨ ᠪᠡᠶᠡᠯᠡᠭᠦᠯᠦᠨ᠎ᠡ᠃ ᠡᠨᠡ | ᠲᠠᠯ᠎ᠠ ᠪᠠᠷ ᠪᠢᠳᠡ ᠪᠠᠰᠠ ᠶᠡᠭᠡ ᠬᠡᠮᠵᠢᠶᠡᠨ ᠤ ᠠᠵᠢᠯ ᠬᠢᠵᠡᠢ᠃ ᠨᠢᠭᠡ ᠲᠠᠯ᠎ᠠ ᠪᠠᠷ ᠪᠤᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠳᠠᠭᠠᠭᠤᠯᠤᠭᠴᠢ | ᠪᠤᠯᠬᠤ ᠪᠠᠷ ᠴᠢᠷᠮᠠᠶᠢᠬᠤ ᠬᠡᠷᠡᠭᠲᠡᠶ᠃ ᠡᠨᠡ ᠲᠠᠯ᠎ᠠ ᠪᠠᠷ ᠪᠢᠳᠡ ᠨᠢᠭᠡ ︽ᠶᠡᠭᠡ︾ ᠨᠢᠭᠡ ︽ᠪᠠᠭ᠎ᠠ︾ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ︽ᠶᠡᠭᠡ︾ | ᠲᠠᠯ᠎ᠠ ᠪᠠᠷ᠂ 2022 ᠣᠨ ᠤ ᠡᠴᠦᠰ ᠪᠣᠯᠲᠠᠯ᠎ᠠ᠂ ᠪᠥᠬᠦ ᠪᠠᠩᠬᠢ ᠡᠯ᠎ᠡ ᠵᠦᠢᠯ ᠤᠨ ᠵᠢᠭᠡᠯᠡᠯᠭᠡ ᠶᠢ ᠨᠡᠶᠢᠲᠡ 79 ᠳ᠋ᠦᠩᠰᠢᠭᠤᠷ ᠲᠥᠭᠦᠷᠢᠭ ᠲᠠᠯᠪᠢᠪᠠ᠃ ᠢᠯᠠᠩᠭᠤᠶ᠎ᠠ | ᠪᠢᠳᠡ ᠭᠤᠤᠯᠳᠠᠯᠭ᠎ᠠ ᠲᠠᠢ ᠣᠷᠣᠨ ᠪᠦᠰᠡ ᠶᠢᠨ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠵᠢᠭᠡᠯᠡᠯᠭᠡ ᠲᠠᠯᠪᠢᠬᠤ ᠡᠷᠴᠢᠮ ᠢᠶᠠᠨ ᠨᠡᠮᠡᠭᠳᠡᠭᠦᠯᠵᠦ᠂ ᠣᠷᠣᠨ ᠨᠤᠲᠤᠭ ᠤᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠳᠤ | ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠨ᠎ᠡ᠃ ᠡᠨᠡ ᠲᠠᠯ᠎ᠠ ᠪᠠᠷ᠂ | ᠦᠢᠯᠡᠳᠪᠦᠷᠢ ᠬᠤᠳᠠᠯᠳᠤᠭᠠᠨ ᠤ ᠪᠠᠩᠬᠢ ᠲᠣᠮᠣ ᠪᠠᠩᠬᠢ ᠲᠠᠢ ᠡᠶᠢᠮᠦ ᠳᠠᠭᠠᠭᠤᠯᠤᠭᠴᠢ ᠬᠤᠨᠢᠨ ᠤ ᠦᠢᠯᠡᠳᠦᠯ ᠢᠶᠠᠨ ᠪᠠᠳᠠᠷᠠᠭᠤᠯᠵᠤ᠃ ᠡᠭᠦᠨ ᠤ ᠬᠠᠮᠲᠤ ᠨᠢᠭᠡ ︽ | ᠪᠠᠭ᠎ᠠ︾ ᠶᠢ ᠰᠠᠶᠢᠲᠤᠷ ᠠᠳᠬᠤᠨ᠎ᠠ᠃ ᠨᠢᠭᠡ ︽ᠪᠠᠭ᠎ᠠ︾ ᠭᠡᠳᠡᠭ ᠨᠢ ᠳᠠᠷᠤᠢ ᠪᠢᠳᠡᠨ ᠤ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠪᠢᠳᠡᠨ ᠤ ᠡᠳᠡᠭᠡᠷ ᠵᠢᠯ ᠳᠤ ᠪᠠᠰᠠ ᠮᠠᠰᠢ ᠣᠯᠠᠨ ᠰᠢᠨ᠎ᠡ ᠵᠢᠭᠡᠯᠡᠯᠭᠡ ᠶᠢᠨ ᠲᠥᠷᠥᠯ ᠵᠦᠢᠯ ᠢ ᠡᠭᠦᠳᠦᠨ ᠪᠠᠢᠭᠤᠯᠵᠠᠢ᠂ ᠡᠭᠦᠨ ᠳᠤ | ᠪᠢᠳᠡᠨ ᠤ ︽e ᠲᠦᠷᠭᠡᠨ ᠵᠢᠭᠡᠯᠡᠯᠭᠡ︾᠂ ︽ᠲᠦᠷᠭᠡᠨ ᠵᠢᠭᠡᠯᠡᠯᠭᠡ ᠡᠵᠡᠩᠨᠡᠬᠦ︾᠂ ︽ᠰᠦᠯᠵᠢᠶᠡᠨ ᠤ ᠵᠢᠭᠡᠯᠡᠯᠭᠡ︾᠂ ︽ᠰᠦᠯᠵᠢᠶᠡᠨ ᠤ ᠵᠢᠭᠡᠯᠡᠯᠭᠡ︾ ᠪᠠᠭᠲᠠᠨ᠎ᠠ᠂ | ᠡᠳᠡᠭᠡᠷ ᠦᠢᠯᠡᠳᠬᠦᠨ ᠨᠢ ᠪᠦᠷ ᠨᠡᠯᠢᠶᠡᠳ ᠠᠮᠢᠳᠤᠯᠢᠭ᠂ ᠨᠡᠯᠢᠶᠡᠳ ᠳᠥᠭᠦᠮ ᠪᠠᠢᠳᠠᠭ᠃ ᠡᠨᠡ ᠨᠢ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠢᠯᠡᠴᠢᠯᠡᠬᠦ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠵᠠᠶ᠃ ᠨᠢᠳᠤᠨᠤᠨ᠂ ᠮᠠᠨ ᠤ ᠨᠡᠶᠢᠳᠡᠮ ᠲᠦᠭᠡᠮᠡᠯ | ᠬᠠᠷᠠᠭᠠᠯᠵᠠᠯ ᠤᠨ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ ᠨᠢ ᠠᠳᠠᠯᠢ ᠠᠵᠢᠯ ᠲᠦᠷᠦᠯ ᠳᠤ ᠠᠯᠤᠰ ᠬᠤᠯᠠ ᠲᠡᠷᠢᠭᠦᠯᠡᠭᠰᠡᠨ ᠪᠥᠭᠡᠳ ᠨᠢᠳᠤᠨᠤᠨ ᠵᠢᠯ ᠪᠢᠳᠡ ᠨᠡᠶᠢᠲᠡ | ᠬᠤᠪᠢ ᠬᠥᠮᠦᠨ ᠤ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢᠨ ᠵᠢᠭᠡᠯᠡᠯᠭᠡ ᠶᠢ 9000 ᠲᠦᠮᠡᠨ ᠲᠥᠭᠦᠷᠢᠭ ᠲᠠᠯᠪᠢᠪᠠ᠂ ᠡᠨᠡ ᠪᠣᠯ ᠪᠢᠳᠡᠨ ᠤ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠲᠠᠯ᠎ᠠ ᠪᠠᠷ ᠪᠠᠶᠢᠭ᠎ᠠ ᠶᠤᠮ᠃ ᠬᠤᠶᠠᠳᠤᠭᠠᠷ ᠲᠠᠯ᠎ᠠ ᠪᠤᠯ ᠠᠷᠠᠳ ᠲᠦ᠋ᠮᠡᠨ ᠳᠤ ᠦᠢᠯᠡᠴᠢᠯᠡᠬᠦ | ᠬᠤᠰᠢᠭᠤᠴᠢ ᠴᠡᠷᠢᠭ ᠪᠤᠯᠬᠤ ᠪᠠᠷ ᠴᠢᠷᠮᠠᠶᠢᠨ᠎ᠠ᠃ ᠨᠢᠳᠤᠨᠤᠨ ᠵᠢᠯ ᠬᠢᠵᠢᠭ ᠤᠨ ᠨᠥᠯᠥᠭᠡ ᠠᠴᠠ ᠪᠣᠯᠵᠤ᠂ ᠮᠠᠨ ᠤ ᠥᠷᠭᠡᠨ ᠣᠯᠠᠨ ᠰᠠᠭᠤᠭᠠᠯᠢ ᠠᠷᠠᠳ ᠪᠣᠯᠤᠨ | ᠵᠢᠵᠢᠭ ᠠᠵᠤ ᠠᠬᠤᠶᠢᠯᠠᠯ ᠪᠠᠰᠠ ᠡᠳᠦᠶ ᠲᠡᠳᠦᠶ ᠨᠥᠯᠥᠭᠡ ᠪᠣᠯᠤᠨ ᠬᠦᠴᠢᠷᠳᠡᠯ ᠢ ᠠᠮᠰᠠᠵᠤ ᠪᠠᠶᠢᠨ᠎ᠠ᠃ 2022 ᠣᠨ ᠤ ᠡᠴᠦᠰ ᠪᠣᠯᠬᠤ ᠳᠤ᠂ ᠪᠢᠳᠡ ᠨᠡᠶᠢᠲᠡ | 46 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 7560 ᠲᠦᠮᠡᠨ ᠲᠥᠭᠦᠷᠢᠭ ᠤᠨ ᠡᠬᠡ ᠮᠥᠩᠭᠦ ᠶᠢ ᠪᠤᠴᠠᠭᠠᠬᠤ ᠦᠭᠡᠢ ᠦᠷᠭᠦᠯᠵᠢᠯᠡᠨ ᠵᠢᠭᠡᠯᠡᠯᠭᠡ ᠥᠭᠴᠦ᠂ | 532 ᠬᠤᠪᠢ ᠬᠥᠮᠦᠨ ᠤ ᠬᠡᠷᠡᠭᠯᠡᠭᠴᠢ ᠳᠤ 4987 ᠲᠦᠮᠡᠨ ᠲᠥᠭᠦᠷᠢᠭ ᠤᠨ ᠵᠣᠭᠤᠰ ᠢ ᠬᠤᠶᠢᠰᠢᠯᠠᠭᠤᠯᠤᠨ ᠪᠤᠴᠠᠭᠠᠵᠤ᠂ ᠡᠭᠦᠨ ᠤ ᠬᠠᠮᠲᠤ ᠨᠡᠶᠢᠭᠡᠮ ᠤᠨ | ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠷᠠᠳ ᠣᠯᠠᠨ ᠳᠤ ᠨᠠᠩ ᠰᠠᠶᠢᠨ | ᠦᠢᠯᠡᠴᠢᠯᠡᠬᠦ ᠶᠢᠨ ᠲᠥᠯᠥᠭᠡ᠂ ᠪᠢᠳᠡ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠡᠮᠵᠢᠯᠭᠡ ᠳᠣᠤᠷ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠵᠣᠬᠢᠶᠠᠬᠤ ᠠᠵᠢᠯ ᠢ ᠰᠠᠶᠢᠲᠤᠷ ᠬᠢᠪᠡ᠃ | 2012 ᠣᠨ ᠠᠴᠠ ᠨᠠᠰᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠡᠶᠢᠲᠡ | 76.72 ᠲᠦᠮᠡᠨ ᠬᠤᠪᠢ ᠭᠦᠢᠴᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠴᠢᠳᠠᠮᠵᠢ ᠶᠢ ᠡᠬᠢᠯᠡᠨ ᠬᠡᠷᠡᠭᠯᠡᠭᠰᠡᠨ ᠨᠣᠷᠮ᠎ᠠ 93% ᠳᠤ ᠬᠦᠷᠪᠡ᠃ ᠵᠢᠯ ᠪᠦᠷᠢ | ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠪᠥᠬᠦ ᠬᠤᠲᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠲᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠣᠷᠣᠯᠠᠨ ᠣᠯᠭᠤᠵᠤ᠂ ᠨᠡᠶᠢᠲᠡ 48 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ᠨᠢᠳᠤᠨᠤᠨ ᠤ ᠬᠢᠵᠢᠭ ᠤᠨ ᠪᠠᠶᠢᠳᠠᠯ ᠤᠨ | ᠬᠤᠭᠤᠴᠠᠭᠠᠨ ᠳᠤ᠂ ᠪᠢᠳᠡ ᠪᠠᠰᠠ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ᠂ ᠰᠠᠭᠤᠭᠠᠯᠢ ᠠᠷᠠᠳ ᠲᠤ ᠨᠡᠶᠢᠲᠡ 7 ᠲᠦᠮᠡᠨ | ᠲᠥᠭᠦᠷᠢᠭ ᠤᠨ ᠢᠳᠡᠭᠡᠨ ᠤ ᠵᠦᠢᠯ᠂ ᠬᠢᠵᠢᠭ ᠢ ᠰᠡᠷᠭᠡᠶᠢᠯᠡᠬᠦ ᠬᠡᠷᠡᠭᠰᠡᠯ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠵᠤ᠂ ᠪᠥᠬᠦ ᠪᠠᠩᠬᠢ ᠴᠤ ᠵᠠᠯᠠᠭᠤ | ᠰᠠᠶᠢᠨ ᠲᠤᠷᠠᠴᠤᠳ ᠤᠨ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠤ | ᠲᠣᠤᠷ ᠰᠦᠯᠵᠢᠶ᠎ᠡ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤ ᠰᠢᠶᠠᠨ ᠲᠣᠭᠤᠷᠢᠭ ᠢ ᠬᠠᠮᠤᠷᠴᠤ᠂ ᠡᠨᠡ ᠲᠠᠯ᠎ᠠ ᠪᠠᠷ ᠪᠠᠰᠠ ᠦᠢᠯᠡᠳᠪᠦᠷᠢ ᠬᠤᠳᠠᠯᠳᠤᠭᠠᠨ ᠤ | ᠪᠠᠩᠬᠢ ᠶᠢᠨ ᠥᠪᠡᠷᠮᠢᠴᠡ ᠨᠡᠶᠢᠭᠡᠮ ᠤᠨ ᠬᠠᠷᠢᠭᠤᠴᠠᠯᠭ᠎ᠠ ᠪᠠ ᠬᠦᠴᠦᠨ ᠴᠢᠳᠠᠯ ᠢ ᠪᠠᠳᠠᠷᠠᠭᠤᠯᠪᠠ᠃ | ᠬᠥᠲᠥᠯᠥᠭᠴᠢ᠄ ᠮᠠᠨ ᠤ ᠦᠢᠯᠡᠳᠪᠦᠷᠢ ᠬᠤᠳᠠᠯᠳᠤᠭᠠᠨ ᠤ ᠪᠠᠩᠬᠢ ᠠᠷᠠᠳ ᠤᠨ ᠲᠥᠯᠥᠭᠡ ᠭᠡᠬᠦ ᠰᠡᠳᠬᠢᠬᠦᠶ ᠪᠠᠨ ᠲᠠᠰᠤᠷᠠᠯᠲᠠ ᠥᠬᠡᠶ ᠤᠷᠲᠤᠳᠬᠠᠵᠤ᠂ ᠨᠠᠩ ᠣᠯᠠᠨ | ᠬᠠᠮᠲᠤᠯᠢᠭ ᠢ ᠠᠩᠬᠠᠷᠴᠤ᠂ ᠨᠠᠩ ᠣᠯᠠᠨ ᠦᠢᠯᠡᠴᠢᠯᠡᠭᠡ ᠶᠢ ᠬᠠᠮᠤᠷᠴᠤ᠂ ᠨᠠᠩ ᠣᠯᠠᠨ ᠣᠷᠣᠨ ᠪᠦᠰᠡ ᠶᠢ ᠬᠠᠮᠤᠷᠴᠠᠶ᠃ ᠡᠶᠢᠮᠦ ︽ᠳᠤᠯᠠᠭᠠᠴᠠ︾ ᠶᠢᠨ | ᠦᠢᠯᠡᠴᠢᠯᠡᠭᠡ ᠨᠢ ᠪᠠᠩᠬᠢ ᠪᠣᠯᠤᠨ ᠬᠡᠷᠡᠭᠯᠡᠭᠴᠢᠳ ᠢ ᠨᠠᠩ ᠳᠣᠲᠣᠨᠣ᠂ ᠨᠠᠩ ᠣᠶᠢᠷ᠎ᠠ᠂ ᠨᠠᠩ ᠳᠣᠲᠣᠨᠣ ᠪᠣᠯᠭᠠᠪᠠ᠃ ᠨᠡᠪᠲᠡᠷᠡᠭᠦᠯᠭᠡ ᠠᠴᠠ ᠡᠮᠦᠨ᠎ᠡ᠂ ᠪᠢᠳᠡ ᠪᠠᠰᠠ | ᠵᠠᠷᠢᠮ ᠬᠤᠲᠠ ᠶᠢᠨ ᠠᠷᠠᠳ ᠤᠨ ᠠᠰᠠᠭᠤᠯᠲᠠ ᠶᠢ ᠴᠤᠭᠯᠠᠭᠤᠯᠵᠤ ᠣᠯᠤᠯ᠎ᠠ᠂ ᠪᠢᠳᠡ ᠬᠠᠮᠲᠤ ᠦᠵᠡᠶ᠎ᠡ᠃ | ᠬᠤᠲᠠ ᠶᠢᠨ ᠠᠷᠠᠳ᠄ ᠮᠢᠨᠦ ᠨᠡᠶᠢᠭᠡᠮ ᠤᠨ ᠪᠠᠲᠤᠯᠠᠭ᠎ᠠ ᠶᠢᠨ ᠺᠠᠷᠲ ᠡᠨᠡ ᠵᠢᠯ ᠤᠨ 8 ᠰᠠᠷ᠎ᠠ ᠳᠤ ᠬᠤᠭᠤᠴᠠᠭ᠎ᠠ ᠨᠢ ᠲᠤᠯᠤᠨ᠎ᠠ᠂ ᠭᠡᠪᠡᠴᠦ ᠪᠢ ᠦᠷᠭᠦᠯᠵᠢ ᠭᠠᠳᠠᠷ | ᠣᠷᠣᠨ ᠳᠤ ᠪᠠᠢᠨ᠎ᠠ᠂ ᠨᠡᠢᠭᠡᠮ ᠤᠨ ᠪᠠᠲᠤᠯᠠᠭ᠎ᠠ ᠶᠢᠨ ᠺᠠᠷᠲ ᠢ ᠤᠷᠢᠳᠴᠢᠯᠠᠨ ᠰᠣᠯᠢᠬᠤ ᠦᠭᠡᠢ᠂ ᠤᠷᠢᠳᠴᠢᠯᠠᠨ ᠪᠣᠯᠵᠣᠬᠤ ᠬᠡᠷᠡᠭᠲᠡᠢ ᠭᠡᠳᠡᠭ ᠢ ᠠᠰᠠᠭᠤᠵᠤ ᠪᠠᠢᠨ᠎ᠠ᠃ | | ᠬᠤᠲᠠ ᠶᠢᠨ ᠠᠷᠠᠳ᠄ ᠮᠢᠨᠦ ᠺᠣᠮᠫᠠᠨᠢ ᠡᠨᠡ ᠵᠢᠯ ᠰᠠᠶ᠋ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠣᠭᠲᠠᠭᠠᠭᠳᠠᠵᠤ᠂ ᠵᠢᠭᠡᠯᠡᠯᠭᠡ ᠶᠢᠨ | ᠦᠢᠯᠡᠳᠪᠦᠷᠢᠯᠡᠯ ᠢᠶᠠᠨ ᠥᠷᠭᠡᠳᠬᠡᠬᠦ ᠰᠠᠨᠠᠭ᠎ᠠ ᠲᠠᠢ᠂ ᠪᠢ ᠬᠡᠳᠦᠶ ᠵᠢᠭᠡᠯᠡᠯᠭᠡ ᠠᠪᠴᠤ ᠳᠡᠶᠢᠯᠬᠦ ᠪᠤᠢ︖ | ᠬᠤᠲᠠ ᠶᠢᠨ ᠠᠷᠠᠳ ᠄ ᠪᠢ ᠡᠨᠡ ᠵᠢᠯ ᠬᠠᠩᠭᠢᠨ ᠬᠤᠶᠢᠲᠤ ᠬᠤᠰᠢᠭᠤ ᠳᠤ ᠲᠠᠷᠢᠶ᠎ᠠ ᠲᠠᠷᠢᠵᠤ ᠨᠠᠷᠠᠨ ᠬᠤᠸᠠᠷ ᠲᠠᠷᠢᠪᠠᠯ ᠲᠠ ᠨᠠᠷ ᠤᠨ ᠵᠢᠭᠡᠯᠡᠯᠭᠡ ᠲᠠᠯᠪᠢᠵᠤ ᠪᠠᠶᠢᠨ᠎ᠠ | ᠤᠤ︖ | ᠬᠥᠲᠥᠯᠦᠭᠴᠢ᠄ ᠨᠢᠭᠡᠳᠦᠭᠡᠷ ᠠᠰᠠᠭᠤᠳᠠᠯ ᠪᠣᠯ ᠨᠡᠢᠭᠡᠮ ᠤᠨ ᠪᠠᠲᠤᠯᠠᠭ᠎ᠠ ᠶᠢᠨ ᠺᠠᠷᠲ ᠰᠣᠯᠢᠬᠤ ᠭᠤᠶᠤᠴᠢᠯᠠᠨ ᠠᠪᠬᠤ ᠲᠤᠬᠠᠢ᠃ | ᠰᠦᠨ ᠱᠦᠵᠢ᠄ ᠣᠳᠣᠬᠠᠨ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠠᠭ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠭᠤᠷᠪᠠᠨ ᠦᠶ᠎ᠡ ᠶᠢᠨ ᠺᠠᠷᠲ ᠰᠣᠯᠢᠬᠤ ᠦᠢᠯᠡᠴᠢᠯᠡᠭᠡ ᠶᠢ ᠥᠷᠨᠢᠭᠦᠯᠵᠦ ᠪᠠᠶᠢᠨ᠎ᠠ᠃ ᠮᠠᠨ ᠤ ᠪᠤᠢ ᠪᠦᠬᠦᠢ ᠡᠵᠡᠩᠨᠡᠯᠲᠡ ᠶᠢᠨ ᠲᠣᠣᠷ ᠴᠡᠭ ᠴᠥᠮ ᠡᠨᠡ ᠬᠦ | ᠦᠢᠯᠡᠴᠢᠯᠡᠭᠡ ᠶᠢ ᠭᠦᠢᠴᠡᠳᠬᠡᠵᠦ ᠪᠣᠯᠤᠨ᠎ᠠ᠂ ᠥᠷᠭᠡᠨ ᠤᠯᠠᠨ ᠰᠠᠭᠤᠭᠠᠯᠢ ᠠᠷᠠᠳ ᠤᠨ ᠡᠵᠡᠩᠨᠡᠯᠲᠡ ᠶᠢᠨ ᠴᠠᠭ ᠤᠨ ᠳᠣᠲᠣᠷ᠎ᠠ᠂ ᠲᠠ ᠲᠤᠰ ᠬᠥᠮᠦᠨ ᠤ ᠬᠦᠴᠦᠨ | ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ᠂ ᠮᠠᠨ ᠤ ᠡᠵᠡᠩᠨᠡᠯᠲᠡ ᠶᠢᠨ ᠲᠣᠣᠷ ᠴᠡᠭ ᠲᠤ ᠰᠢᠭᠤᠳ ᠬᠦᠷᠴᠦ ᠳᠠᠷᠤᠶ ᠰᠢᠢᠳᠪᠦᠷᠢᠯᠡᠵᠦ ᠪᠣᠯᠤᠨ᠎ᠠ᠃ ᠡᠭᠦᠨ ᠤ ᠬᠠᠮᠲᠤ | ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠳᠤ᠂ ᠪᠢᠳᠡ ᠪᠠᠰᠠ ᠵᠠᠷᠢᠮ ᠰᠠᠭᠤᠭᠠᠯᠢ ᠠᠷᠠᠳ ᠤᠨ ᠪᠡᠶ᠎ᠡ ᠳᠤ ᠳᠥᠭᠦᠮ ᠦᠭᠡᠢ ᠪᠤᠶᠤ ᠭᠠᠳᠠᠷ ᠣᠷᠣᠨ ᠳᠤ | ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠡᠨᠡ ᠬᠦ ᠣᠨᠴᠠᠭᠠᠶ ᠪᠠᠶᠢᠳᠠᠯ ᠢ ᠪᠣᠳᠣᠯᠬᠢᠯᠠᠨ᠂ ᠣᠨᠴᠠᠭᠠᠶ ᠲᠤᠬᠠᠶᠢᠯᠠᠭᠰᠠᠨ ᠠᠵᠢᠯ ᠤᠨ ᠶᠠᠪᠤᠴᠠ ᠶᠢ ᠨᠡᠭᠡᠭᠡᠵᠦ᠂ | ᠣᠨᠴᠠᠭᠠᠶ ᠵᠠᠷᠢᠮ ᠲᠤᠬᠠᠶᠢᠯᠠᠭᠰᠠᠨ ᠠᠵᠢᠯ ᠤᠨ ᠶᠠᠪᠤᠴᠠ ᠪᠠᠷ ᠳᠠᠮᠵᠢᠭᠤᠯᠤᠨ᠂ ᠬᠡᠷᠡᠭᠯᠡᠭᠴᠢᠳ ᠤᠨ ᠬᠤᠭᠤᠴᠠᠭ᠎ᠠ ᠨᠢ ᠲᠤᠯᠤᠭᠰᠠᠨ ᠨᠡᠶᠢᠭᠡᠮ ᠤᠨ ᠪᠠᠲᠤᠯᠠᠭ᠎ᠠ ᠶᠢᠨ | ᠺᠠᠷᠲ ᠰᠣᠯᠢᠬᠤ ᠠᠰᠠᠭᠤᠳᠠᠯ ᠢ ᠰᠢᠢᠳᠪᠦᠷᠢᠯᠡᠵᠦ ᠥᠭᠬᠦ ᠶᠢ ᠪᠣᠳᠣᠯᠬᠢᠯᠠᠪᠠ᠃ ᠡᠭᠦᠨ ᠤ ᠬᠠᠮᠲᠤ᠂ ᠮᠠᠨ ᠤ ᠰᠢᠨ᠎ᠡ ᠪᠠᠷ ᠲᠠᠷᠬᠠᠭᠠᠭᠰᠠᠨ ᠭᠤᠷᠪᠠᠳᠤᠭᠠᠷ ᠦᠶ᠎ᠡ ᠶᠢᠨ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠺᠠᠷᠲ ᠨᠢ ᠬᠡᠷᠡᠭᠯᠡᠬᠦ ᠥᠬᠡᠶ ᠪᠣᠯᠤᠭᠰᠠᠨ ᠪᠥᠭᠡᠳ ᠪᠠᠰᠠ ᠥᠷᠭᠡᠨ ᠣᠯᠠᠨ ᠰᠠᠭᠤᠭᠠᠯᠢ ᠠᠷᠠᠳ ᠤᠨ ᠬᠤᠭᠤᠴᠠᠭ᠎ᠠ ᠲᠤᠯᠪᠠᠯ | ᠺᠠᠷᠲ ᠰᠣᠯᠢᠬᠤ ᠨᠢᠭᠡ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠭᠰᠡᠨ ᠪᠠᠶᠢᠨ᠎ᠠ᠃ | ᠬᠥᠲᠥᠯᠥᠭᠴᠢ᠄ ᠬᠤᠶᠠᠳᠤᠭᠠᠷ ᠠᠰᠠᠭᠤᠳᠠᠯ ᠪᠣᠯ ᠳᠡᠭᠡᠳᠦ ᠰᠢᠨ᠎ᠡ ᠠᠵᠤ ᠠᠬᠤᠢᠯᠠᠯ ᠤᠨ ᠵᠢᠭᠡᠯᠡᠯᠭᠡ᠃ | ᠰᠦᠨ ᠪᠠᠩᠬᠢ ᠶᠢᠨ ᠳᠠᠷᠤᠭ᠎ᠠ᠄ ᠡᠨᠡ ᠵᠢᠯ᠂ ᠮᠠᠨ ᠤ ᠪᠠᠩᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ᠂ ︽ᠲᠤᠰᠬᠠᠢ ᠮᠡᠷᠭᠡᠵᠢᠯ ᠤᠨ ᠣᠨᠴᠠ ᠰᠢᠨ᠎ᠡ︾ ᠵᠢᠵᠢᠭ ᠠᠪᠤᠷᠭᠤ ᠠᠵᠤ ᠠᠬᠤᠶᠢᠯᠠᠯ | ᠵᠡᠷᠭᠡ ᠭᠤᠣᠯᠳᠠᠯᠭ᠎ᠠ ᠲᠠᠢ ᠵᠣᠴᠢᠳ ᠲᠤ ᠴᠢᠭᠯᠡᠭᠦᠯᠦᠨ ᠲᠤᠰᠬᠠᠢ ᠪᠡᠯᠡ ᠲᠣᠬᠢᠷᠠᠭᠤᠯᠬᠤ ᠦᠢᠯᠡᠳᠭᠦᠨ - ᠰᠢᠨᠵᠢᠯᠡᠬᠦ ᠤᠬᠠᠭᠠᠨ ᠤ ᠡᠭᠦᠳᠦᠯᠲᠡ ᠶᠢᠨ ᠵᠢᠭᠡᠯᠡᠯᠭᠡ | ᠭᠠᠷᠭᠠᠵᠤ᠂ ᠲᠤᠰ ᠦᠢᠯᠡᠳᠬᠦᠨ ᠨᠢ ᠢᠲᠡᠭᠡᠮᠵᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠭᠴᠠ ᠡᠷᠦᠬᠡ ᠳᠤ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠤᠨ ᠢᠲᠡᠭᠡᠮᠵᠢ ᠣᠯᠭᠤᠵᠤ᠂ ᠪᠠᠷᠢᠴᠠᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ ᠢᠲᠡᠭᠡᠮᠵᠢ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠪᠠᠷ ᠳᠠᠮᠵᠢᠨ ᠭᠠᠭᠴᠠ | ᠡᠷᠦᠬᠡ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠣᠯᠭᠤᠪᠠ᠃ ᠮᠠᠨ ᠤ ᠪᠠᠩᠬᠢ ᠶᠢᠨ ᠡᠵᠡᠩᠨᠡᠯᠲᠡ ᠶᠢᠨ ᠴᠢᠭ ᠲᠤ ᠬᠦᠷᠴᠦ ᠠᠰᠠᠭᠤᠨ | ᠯᠠᠪᠯᠠᠵᠤ ᠪᠣᠯᠣᠨ᠎ᠠ᠃ | ᠬᠥᠲᠥᠯᠥᠭᠴᠢ᠄ ᠭᠤᠷᠪᠠᠳᠤᠭᠠᠷ ᠠᠰᠠᠭᠤᠳᠠᠯ ᠨᠢ ᠲᠠᠷᠢᠶᠠᠯᠠᠩ ᠤᠨ ᠵᠢᠭᠡᠯᠡᠯᠭᠡ ᠶᠢᠨ ᠲᠤᠬᠠᠶ ᠃ | ᠰᠦᠨ ᠪᠠᠩᠬᠢ ᠶᠢᠨ ᠳᠠᠷᠤᠭ᠎ᠠ᠄ ᠮᠠᠨ ᠤ ᠪᠠᠩᠬᠢ ᠶᠢᠨ ᠣᠳᠣᠬᠠᠨ ᠳᠤ ᠭᠠᠷᠭᠠᠭᠰᠠᠨ ᠳᠠᠷᠢᠬᠤ e ᠵᠢᠭᠡᠯᠡᠯᠭᠡ᠂ ᠲᠠᠷᠢᠶᠠᠯᠠᠩ ᠢ ᠬᠥᠭᠵᠢᠭᠦᠯᠬᠦ ᠲᠦᠷᠭᠡᠨ ᠵᠢᠭᠡᠯᠡᠯᠭᠡ ᠶᠢ | ᠴᠥᠮ ᠥᠷᠭᠡᠨ ᠣᠯᠠᠨ ᠳᠠᠷᠢᠵᠤ ᠲᠡᠵᠢᠭᠡᠨ ᠦᠷᠡᠵᠢᠭᠦᠯᠬᠦ ᠬᠡᠷᠡᠭᠯᠡᠭᠴᠢ ᠳᠤ ᠬᠡᠷᠡᠭᠯᠡᠵᠦ ᠪᠠᠶᠢᠨ᠎ᠠ᠂ ᠲᠡᠷᠡᠴᠢᠯᠡᠨ ᠠᠬᠤᠶ ᠲᠠᠯᠠᠪᠠᠶ ᠶᠢᠨ ᠲᠣᠬᠢᠷᠠᠭᠤᠯᠤᠯᠲᠠ ᠶᠢᠨ ᠬᠡᠮᠵᠢᠶ᠎ᠡ | ᠥᠨᠳᠥᠷ᠂ ᠬᠡᠷᠡᠭᠯᠡᠭᠴᠢᠳ ᠤᠨ ᠬᠠᠮᠤᠷᠬᠤ ᠬᠡᠪᠴᠢᠶ᠎ᠡ ᠥᠷᠭᠡᠨ᠂ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠳᠣᠤᠷ᠎ᠠ ᠵᠡᠷᠭᠡ ᠣᠨᠴᠠᠯᠢᠭ ᠲᠠᠢ ᠪᠠᠶᠢᠵᠤ᠂ ᠬᠤᠰᠢᠭᠤ | ᠰᠢᠶᠠᠨ ᠤ ᠰᠠᠯᠪᠤᠷᠢ ᠪᠠᠩᠬᠢ ᠴᠥᠮ ᠭᠦᠢᠴᠡᠳᠭᠡᠵᠦ ᠪᠣᠯᠤᠨ᠎ᠠ᠃ | ᠬᠥᠲᠥᠯᠥᠭᠴᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠡᠶᠢᠮᠦ ᠨᠢᠭᠡᠨ ᠲᠣᠮᠣ ᠤᠯᠤᠰ ᠤᠨ ᠪᠠᠢᠯᠳᠤᠬᠤ ᠪᠣᠳᠣᠯᠭ᠎ᠠ ᠶᠢᠨ ᠳᠣᠣᠷ᠎ᠠ ᠪᠢᠳᠡ ᠳᠠᠷᠠᠭ᠎ᠠ ᠠᠯᠬᠤᠮ ᠳᠤ | ᠶᠠᠭᠠᠬᠢᠵᠤ ᠬᠢᠬᠦ ᠪᠤᠢ︖ | ᠰᠦᠨ ᠱᠦᠵᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠬᠠᠷᠢᠴᠠᠭᠤᠯᠵᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ | ᠬᠤᠪᠢᠶᠠᠷᠢ ᠪᠠᠩᠬᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠡᠨᠡ ᠵᠢᠯ ᠤᠨ ᠭᠤᠣᠯ | ᠠᠵᠢᠯ ᠪᠣᠯᠭᠠᠪᠠ᠃ ᠡᠨᠡ ᠲᠠᠯ᠎ᠠ ᠪᠠᠷ᠂ ᠨᠢᠭᠡ ᠳᠤ ᠪᠠᠶᠢᠷᠢᠰᠢᠯ ᠢ ᠶᠡᠬᠡᠰᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ | ᠤᠯᠤᠰ ᠤᠨ ᠥᠮᠴᠢᠯᠡᠯ ᠤᠨ ᠶᠡᠭᠡ ᠪᠠᠩᠬᠢ ᠶᠢᠨ ᠡᠭᠦᠷᠭᠡᠯᠡᠯ ᠪᠣᠯᠤᠨ ᠲᠠᠭᠠᠭᠤᠯᠤᠬᠴᠢ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠶᠠᠳᠤᠭᠠᠷ ᠲᠠᠯ᠎ᠠ ᠨᠢ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠭᠦᠢᠴᠡᠳ ᠬᠡᠷᠡᠭᠯᠡᠵᠦ᠂ ᠦᠢᠯᠡᠳᠬᠦ | ᠦᠢᠯᠡᠰ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠪᠣᠬᠢᠷᠲᠤᠯ ᠥᠬᠡᠶ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ᠂ ᠰᠠᠭᠤᠷᠢ ᠪᠡᠯᠡᠳᠬᠡᠮᠵᠢ ᠵᠡᠷᠭᠡ ᠡᠯ᠎ᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ | ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠣᠨᠴᠠᠯᠢᠭ ᠢ ᠪᠠᠳᠠᠷᠠᠭᠤᠯᠵᠤ᠂ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠭᠤᠷᠪᠠᠳᠤᠭᠠᠷ ᠲᠠᠯ᠎ᠠ ᠪᠠᠷ ᠦᠢᠯᠡᠴᠢᠯᠡᠭᠡ ᠶᠢ ᠰᠠᠶᠢᠲᠤᠷ ᠬᠢᠵᠦ᠂ ᠬᠡᠷᠡᠭᠯᠡᠭᠴᠢᠳ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠲᠣᠭᠲᠠᠭᠤᠨ ᠡᠵᠡᠩᠨᠡᠯᠲᠡ ᠶᠢᠨ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠨᠠᠮ ᠤᠨ ᠤᠳᠤᠷᠢᠳᠤᠯᠭ᠎ᠠ ᠶᠢ ᠺᠣᠮᠫᠠᠨᠢ ᠶᠢᠨ ᠵᠠᠰᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ︽ᠬᠤᠪᠢᠰᠬᠠᠯᠲᠤ ᠮᠥᠩᠭᠦᠨ ᠭᠦᠢᠯᠭᠡᠭᠡ︾᠂ | ︽ᠠᠷᠠᠳ ᠤᠨ ᠮᠥᠩᠭᠦᠨ ᠭᠦᠢᠯᠭᠡᠭᠡ︾ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠭᠦᠨ ᠳᠤ ᠣᠨᠴᠠᠭᠠᠶᠢᠯᠠᠨ ᠲᠤᠬᠠᠶᠢᠯᠠᠭᠰᠠᠨ | ᠠᠵᠢᠯ ᠤᠨ ᠬᠥᠭᠵᠢᠯᠲᠡ ᠶᠢᠨ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠪᠠ ᠣᠷᠳᠣ ᠬᠤᠭᠤᠴᠠᠭᠠᠲᠤ ᠴᠢᠨᠠᠷ ᠢ ᠴᠢᠬᠤᠯᠠᠴᠢᠯᠠᠵᠤ᠂ ᠮᠠᠨ ᠤ ᠪᠠᠶᠠᠨᠨᠠᠭᠤᠷ ᠤᠨ | ᠡᠯ᠎ᠡ ᠲᠥᠷᠥᠯ ᠤᠨ ᠠᠵᠤ ᠠᠬᠤᠶᠢᠯᠠᠯ ᠤᠨ ᠭᠤᠤᠯ ᠴᠣᠭᠴᠠ ᠪᠠ ᠬᠤᠪᠢ ᠬᠥᠮᠦᠨ ᠤ ᠰᠠᠭᠤᠭᠠᠯᠢ ᠠᠷᠠᠳ ᠲᠤ ᠨᠠᠩ ᠰᠠᠶᠢᠨ ᠶᠡᠷᠦᠩᠬᠡᠶᠢᠯᠡᠭᠰᠡᠨ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡᠨ ᠤ ᠴᠢᠳᠠᠮᠵᠢ ᠪᠠ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠳᠠᠪᠠᠭᠤᠯᠢᠭ ᠢ ᠪᠠᠳᠠᠷᠠᠭᠤᠯᠤᠨ᠂ | ᠲᠣᠰ ᠪᠡᠶ᠎ᠡ ᠶᠢᠨ ᠴᠢᠨᠠᠷ ᠰᠠᠶᠢᠲᠠᠶ ᠬᠥᠭᠵᠢᠯᠲᠡ ᠪᠠᠷ ᠪᠠᠶᠠᠨᠨᠠᠭᠤᠷ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠠᠩ ᠬᠦᠴᠦᠲᠡᠶ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ | ᠬᠥᠲᠥᠯᠦᠭᠴᠢ᠄ ᠲᠠ ᠬᠤᠶᠠᠷ ᠤᠨ ᠬᠤᠪᠢᠶᠠᠯᠴᠠᠵᠤ ᠲᠠᠶᠢᠯᠪᠤᠷᠢᠯᠠᠭᠰᠠᠨ ᠳᠤ ᠲᠠᠯᠠᠷᠬᠠᠯ᠎ᠠ᠃ | ᠰᠦᠨ ᠱᠦᠵᠢ᠄ ᠬᠥᠲᠥᠯᠦᠭᠴᠢ ᠳᠤ ᠲᠠᠯᠠᠷᠬᠠᠯ᠎ᠠ᠂ ᠨᠡᠶᠢᠬᠡᠮ ᠤᠨ ᠡᠯ᠎ᠡ ᠡᠲᠡᠬᠡᠳ ᠤᠨ ᠨᠠᠶᠢᠵᠠ ᠨᠠᠷ ᠤᠨ ᠦᠢᠯᠡᠳᠪᠦᠷᠢ ᠬᠤᠲᠠᠯᠲᠤᠭᠠᠨ ᠤ ᠪᠠᠩᠭᠢ ᠶᠢᠨ | ᠪᠠᠶᠠᠨᠨᠠᠭᠤᠷ ᠲᠠᠬᠢ ᠬᠤᠪᠢᠶᠠᠷᠢ ᠪᠠᠩᠭᠢ ᠳᠤ ᠴᠤ ᠠᠩᠬᠠᠷᠤᠯ ᠲᠠᠯᠪᠢᠨ ᠲᠡᠮᠵᠢᠭᠰᠡᠨ ᠳᠤ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠦᠢᠯᠡᠳᠪᠦᠷᠢ ᠬᠤᠳᠠᠯᠳᠤᠭᠠᠨ ᠤ ᠪᠠᠩᠬᠢ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠂ ᠦᠷᠭᠦᠯᠵᠢᠯᠡᠨ ᠥᠷᠲᠡᠭ ᠤᠨ ᠪᠦᠲᠦᠭᠡᠯᠴᠢ ᠬᠦᠴᠦᠨ ᠢ ᠡᠭᠦᠳᠴᠦ᠂ ︽ | ᠴᠢᠰᠤ ᠶᠡᠭᠦᠯᠡᠬᠦ︾ ᠡᠷᠴᠢᠮ ᠢᠶᠠᠨ ᠴᠢᠩᠭᠠᠷᠠᠭᠤᠯᠤᠨ᠂ ︽ᠴᠢᠰᠤ ᠪᠦᠲᠦᠭᠡᠬᠦ︾ ᠴᠢᠳᠠᠮᠵᠢ ᠪᠠᠨ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠤᠨ ᠠᠵᠤ ᠠᠬᠤᠶ ᠶᠢᠨ ᠬᠠᠷᠢᠭᠤᠴᠠᠯᠭ᠎ᠠ᠂ ᠤᠯᠤᠰ ᠲᠥᠷᠥ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠪᠠᠨ | ᠯᠠᠪᠳᠠᠭᠤᠨ ᠪᠠᠲᠤᠲᠠᠶ ᠭᠦᠢᠴᠡᠳᠬᠡᠵᠦ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | | | |