ᠴᠢᠨᠠᠷ ᠰᠠᠶᠢᠲᠠᠶ ᠬᠥᠭᠵᠢᠯᠲᠡ ᠶᠢ ᠣᠯᠠᠨ ᠢᠶᠠᠷ ᠢᠶᠠᠨ ᠶᠠᠷᠢᠬᠤ᠂  ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ︽ᠡᠷᠪᠡᠬᠡᠢ  ᠬᠤᠪᠢᠷᠠᠵᠤ︾ ᠠᠷᠠᠳ ᠤᠨ ᠠᠮᠢᠳᠤᠷᠠᠯ ᠤᠨ ᠵᠣᠯ ᠵᠢᠷᠭᠠᠯ  ᠳᠤ ︽  ᠬᠦᠴᠦᠨ ᠨᠡᠮᠡᠨ᠎ᠡ︾
ᠨᠡᠶᠢᠲᠡᠯᠡᠭᠰᠡᠨ ᠴᠠᠭ᠄
2023/4/13
      ᠬᠥᠲᠥᠯᠦᠭᠴᠢ᠄ ᠴᠢᠨᠠᠷ ᠰᠠᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠣᠷᠣᠨ ᠰᠠᠭᠤᠴᠠ ᠶᠢᠨ ᠠᠰᠠᠭᠤᠳᠠᠯ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠬᠡᠪᠰᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ ᠲᠡᠭᠡᠪᠡᠯ ᠠᠷᠠᠳ ᠲᠦᠮᠡᠨ ᠤ ᠣᠷᠣᠰᠢᠨ ᠰᠠᠭᠤᠬᠤ ᠠᠮᠢᠳᠤᠷᠠᠯ ᠤᠨ ᠴᠢᠨᠠᠷ ᠴᠢᠨᠰᠠᠭ᠎ᠠ ᠶᠢ ᠬᠡᠷᠬᠢᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠠᠨᠨᠠᠭᠤᠷ ᠢ ᠪᠠᠶᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠢ︖ ᠥᠨᠥᠳᠦᠷ ᠪᠢᠳᠡ ᠪᠠᠶᠠᠨᠨᠠᠭᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠶᠧ ᠸᠧᠶ ᠷᠧᠨ ᠪᠣᠯᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠭᠦᠸᠧ ᠢᠦᠶ ᠴᠢᠩ ᠵᠣᠴᠢᠨ ᠤ ᠲᠣᠭᠯᠠᠯᠲᠠ ᠶᠢᠨ ᠲᠠᠰᠤᠭ ᠲᠤ ᠤᠷᠢᠵᠤ ᠣᠯᠠᠨ ᠳᠤ ᠬᠠᠷᠢᠭᠤᠯᠲᠠ ᠥᠭᠴᠦ᠂ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠨ᠎ᠠ᠃      ᠬᠦᠨᠲᠦᠲᠦ ᠵᠤᠴᠢᠨ᠄ ᠰᠠᠶᠢᠨ ᠤᠤ︖ ᠦᠵᠡᠭᠴᠢᠳ ᠨᠠᠶᠢᠵᠠ ᠨᠠᠷ ᠰᠠᠶᠢᠨ ᠪᠠᠶᠢᠨ᠎ᠠ ᠤᠤ︕      ᠬᠥᠲᠥᠯᠦᠭᠴᠢ᠄ ︽ᠠᠮᠤᠷ ᠲᠠᠢᠪᠤᠩ ᠠᠵᠤ ᠲᠥᠷᠥᠬᠦ︾ ᠨᠢ ᠰᠠᠶᠢ ᠨᠡᠩ ᠰᠠᠢᠨ ᠠᠵᠤ ᠲᠥᠷᠥᠵᠦ ᠴᠢᠳᠠᠨ᠎ᠠ᠃ ᠣᠷᠣᠨ ᠰᠠᠭᠤᠴᠠ ᠶᠢᠨ ᠪᠠᠲᠤᠯᠠᠭ᠎ᠠ ᠬᠢᠷᠢ ᠵᠡᠷᠭᠡ ᠪᠠᠶᠢᠬᠤ᠂ ᠣᠷᠣᠨ ᠰᠠᠭᠤᠴᠠ ᠶᠢᠨ ᠨᠥᠬᠦᠴᠡᠯ ᠬᠢᠷᠢ ᠵᠡᠷᠭᠡ ᠪᠠᠶᠢᠬᠤ᠂ ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠲᠡᠭᠦᠯᠳᠡᠷᠵᠢᠭᠰᠡᠨ ᠡᠰᠡᠬᠦ ᠨᠢ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠢ ᠰᠢᠭᠤᠳ ᠬᠤᠯᠪᠣᠭᠳᠠᠨ᠎ᠠ᠂ ᠮᠠᠨ ᠤ ᠬᠤᠲᠠ ᠶᠠᠮᠠᠷ ᠵᠡᠷᠭᠡ ᠬᠢᠭᠰᠡᠨ ᠪᠤᠢ︖ ᠪᠢᠳᠡ ᠬᠠᠮᠲᠤ ᠳᠠᠭᠠᠨ ᠨᠢᠭᠡ ᠣᠬᠤᠷ  ᠺᠢᠨᠣ᠋ ᠦᠵᠡᠶ᠎ᠡ᠃      ᠬᠥᠲᠥᠯᠦᠭᠴᠢ᠄ ᠥᠨᠥᠳᠥᠷ ᠣᠬᠤᠷ  ᠺᠢᠨᠣ᠋ ᠶᠢ ᠦᠵᠡᠵᠦ ᠪᠠᠷᠠᠭᠰᠠᠨ ᠤ ᠳᠠᠷᠠᠭ᠎ᠠ᠂ ᠪᠢ ᠬᠤᠶᠠᠷ ᠵᠠᠩᠭᠢᠯᠠᠭ᠎ᠠ ᠶᠢᠨ ᠦᠭᠡ ᠪᠠᠢᠨ᠎ᠠ᠂ ᠨᠢᠭᠡ ᠨᠢ ︽ᠠᠷᠠᠳ ᠤᠨ ᠠᠮᠢᠳᠤᠷᠠᠯ︾᠂ ᠨᠢᠭᠡ ᠨᠢ ︽ᠪᠣᠬᠢᠷᠲᠤᠯ ᠦᠭᠡᠢ︾᠃      ᠰᠢᠶᠧ ᠲᠣᠪᠴᠢᠶᠠᠨ ᠳᠠᠷᠤᠭ᠎ᠠ᠄ ᠲᠡᠶᠢᠮᠦ ᠡ᠂ ︽ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ︾ ᠪᠠ ︽ᠪᠣᠬᠢᠷᠲᠤᠯ ᠥᠬᠡᠶ ᠬᠤᠲᠠ ᠶᠢᠨ ᠪᠥᠲᠥᠭᠡᠨ ᠪᠠᠶᠢᠭᠤᠯᠤᠯᠲᠠ︾ ᠪᠣᠯ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠮᠥᠨ᠂ ᠪᠠᠰᠠ ᠴᠤ ᠪᠢᠳᠡᠨ ᠤ ᠬᠦᠴᠦᠯᠡᠨ ᠡᠭᠦᠳᠦᠭᠰᠡᠨ ᠨᠠᠷᠠᠲᠤ ᠲᠡᠮᠳᠡᠭ ᠮᠥᠨ᠂ ᠣᠶᠢᠷ᠎ᠠ ᠶᠢᠨ ᠵᠢᠯ ᠳᠤ ᠪᠢᠳᠡ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠢᠭᠲᠠ ᠬᠠᠮᠵᠢᠯᠴᠠᠭ᠎ᠠ ᠳᠣᠤᠷ᠎ᠠ᠂ ᠠᠷᠠᠳ ᠤᠨ ᠠᠮᠢᠳᠤᠷᠠᠯ ᠤᠨ ᠤᠳᠤᠷᠢᠳᠤᠮᠵᠢ ᠶᠢ ᠪᠠᠷᠢᠮᠲᠠᠯᠠᠨ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ ᠶᠢ ᠳᠣᠪᠤᠶᠢᠯᠭᠠᠨ᠂ ᠠᠷᠠᠳ ᠤᠨ ᠠᠮᠢᠳᠤᠷᠠᠯ᠂ ᠪᠣᠬᠢᠷᠲᠤᠯ ᠥᠬᠡᠶ ᠬᠤᠶᠠᠷ ᠲᠠᠯ᠎ᠠ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠦᠴᠦᠯᠡᠨ ᠠᠳᠬᠤᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠮᠵᠢᠯᠲᠠ ᠤᠯᠬᠤ ᠶᠢ ᠴᠢᠷᠮᠠᠶᠢᠨ ᠠᠬᠢᠭᠤᠯᠪᠠ᠃      ᠬᠥᠲᠥᠯᠦᠭᠴᠢ᠄ ᠣᠷᠣᠨ ᠰᠠᠭᠤᠴᠠ ᠪᠣᠯ ᠶᠡᠷᠦ ᠠᠴᠠ ᠠᠷᠠᠳ ᠣᠯᠠᠨ ᠤ ᠠᠩᠬᠠᠷᠴᠤ ᠪᠠᠢᠭ᠎ᠠ ᠭᠤᠣᠯ ᠰᠡᠳᠦᠪ ᠮᠥᠨ᠃ ᠮᠠᠨ ᠤ ᠠᠷᠠᠳ ᠲᠦᠮᠡᠨ ᠭᠡᠷ ᠪᠠᠶᠢᠰᠢᠩ ᠬᠤᠳᠠᠯᠳᠤᠨ ᠠᠪᠬᠤ ᠳᠠᠭᠠᠨ ᠬᠠᠮᠤᠭ ᠠᠴᠠ ᠠᠶᠤᠵᠤ ᠪᠠᠶᠢᠬᠤ ᠪᠣᠢ᠂ ᠳᠠᠷᠤᠢ ︽ᠦᠨᠡᠮᠯᠡᠯ ᠠᠪᠬᠤ ᠳᠤ ᠬᠦᠴᠢᠷ︾᠂ ︽ᠪᠤᠴᠠᠵᠤ ᠨᠡᠭᠦᠬᠦ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾᠂ ᠡᠶᠢᠮᠦ ᠬᠦᠴᠢᠷ ᠠᠰᠠᠭᠤᠳᠠᠯ ᠢ ᠪᠢᠳᠡ ᠬᠡᠷᠬᠢᠨ ᠰᠢᠢᠳᠪᠦᠷᠢᠯᠡᠬᠦ ᠪᠣᠢ︖      ᠰᠢᠶᠧ ᠲᠣᠪᠴᠢᠶᠠᠨ ᠳᠠᠷᠤᠭ᠎ᠠ᠄ ᠭᠤᠷᠪᠠᠨ ᠬᠦᠴᠢᠷ ᠠᠰᠠᠭᠤᠳᠠᠯ ᠤᠨ ᠲᠤᠬᠠᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ  ᠮᠠᠰᠢ ᠴᠢᠬᠤᠯᠠᠴᠢᠯᠠᠨ ᠦᠵᠡᠪᠡ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠢᠳᠡ 2019 ᠣᠨ ᠠᠴᠠ ᠡᠬᠢᠯᠡᠨ ᠪᠥᠬᠦ ᠬᠤᠲᠠ ᠶᠢᠨ ᠬᠡᠪᠴᠢᠶᠡᠨ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠪᠡ᠃ ᠵᠢᠭᠰᠠᠭᠠᠨ ᠪᠠᠶᠢᠴᠠᠭᠠᠭᠰᠠᠨ ᠢᠶᠠᠷ᠂ ᠮᠠᠨ ᠤ ᠬᠤᠲᠠ ᠳᠤ ᠭᠤᠷᠪᠠᠨ ᠪᠡᠷᠬᠡ ᠠᠰᠠᠭᠤᠳᠠᠯ ᠣᠷᠣᠰᠢᠵᠤ ᠪᠠᠶᠢᠭ᠎ᠠ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 136 ᠪᠠᠶᠢᠵᠤ᠂ 66540 ᠢᠵᠢ ᠣᠷᠣᠨ ᠰᠠᠭᠤᠴᠠ ᠲᠠᠢ ᠬᠤᠯᠪᠣᠭᠳᠠᠵᠠᠢ᠂ ᠲᠡᠭᠡᠪᠡᠯ ᠬᠡᠳᠦᠨ ᠵᠢᠯ ᠤᠨ ᠴᠢᠷᠮᠠᠶᠢᠯᠭ᠎ᠠ ᠪᠠᠷ ᠳᠡᠮᠵᠢᠨ ᠣᠲᠣ ᠪᠣᠯᠲᠠᠯ᠎ᠠ ᠵᠥᠪᠬᠡᠨ 5 ᠲᠥᠷᠥᠯ ᠵᠦᠢᠯ ᠦᠯᠡᠳᠡᠵᠦ᠂ 680 ᠬᠡᠷ ᠪᠠᠶᠢᠰᠢᠩ ᠰᠢᠢᠳᠪᠦᠷᠢᠯᠡᠭᠡᠳᠦᠶ ᠪᠠᠶᠢᠵᠤ᠂ ᠪᠤᠰᠤᠳ ᠢ ᠨᠢ ᠴᠥᠮ ᠤᠷᠤᠭᠰᠢᠲᠠᠶ ᠰᠢᠢᠳᠪᠦᠷᠢᠯᠡᠪᠡ᠃ ᠡᠨᠡ ᠲᠠᠪᠤᠨ ᠲᠦᠷᠦᠯ ᠵᠦᠢᠯ ᠢ ᠪᠢᠳᠡ ᠤᠳᠤ ᠪᠠᠰᠠ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠂ 2 - 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠠᠰᠠ ᠪᠦᠬᠦᠨ ᠢ ᠰᠢᠢᠳᠪᠦᠷᠢᠯᠡᠵᠦ ᠴᠢᠳᠠᠨ᠎ᠠ᠃ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠳᠤ ᠤᠯᠤᠰ ᠠᠴᠠ ᠠᠰᠠᠷ ᠢ ᠪᠠᠲᠤᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠂ ᠪᠢᠳᠡ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠪᠥᠬᠦ ᠬᠤᠲᠠ ᠶᠢᠨ ᠬᠡᠪᠴᠢᠶᠡᠨ ᠳᠤ ᠪᠠᠰᠠ 88 ᠠᠰᠠᠷ ᠤᠨ ᠲᠥᠷᠥᠯ ᠵᠦᠢᠯ ᠪᠣᠶ᠂ ᠡᠨᠡ ᠬᠦ ᠬᠤᠭᠤᠴᠠᠭ᠎ᠠ ᠶᠢ ᠥᠩᠭᠡᠷᠡᠲᠡᠯ᠎ᠡ ᠲᠤᠰᠢᠶᠠᠭᠰᠠᠨ ᠡᠨᠡ ᠬᠦ ᠠᠶᠤᠯ ᠲᠦᠭᠰᠢᠭᠦᠷᠢ ᠣᠷᠣᠰᠢᠵᠤ ᠪᠠᠶᠢᠬᠤ ᠶᠢ ᠣᠯᠵᠤ ᠮᠡᠳᠡᠵᠡᠶ᠂ ᠡᠶᠢᠮᠦ ᠠᠴᠠ ᠪᠢᠳᠡ ᠤᠯᠤᠰ ᠤᠨ ᠡᠨᠡ ᠬᠦ ᠠᠰᠠᠷ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠡᠨᠡ ᠬᠦ ᠠᠵᠠ ᠲᠣᠬᠢᠶᠠᠯ ᠢ ᠠᠰᠢᠭᠯᠠᠨ᠂ ᠡᠨᠡ ᠬᠦ ᠠᠰᠠᠭᠤᠳᠠᠯ ᠢ ᠴᠤ ᠪᠢᠳᠡᠨ ᠤ ᠲᠡᠤᠬᠡ ᠶᠢᠨ ᠦᠯᠡᠳᠡᠭᠳᠡᠯ ᠠᠰᠠᠭᠤᠳᠠᠯ ᠪᠣᠯᠭᠠᠵᠤ ᠬᠠᠮᠲᠤ ᠳᠤᠨᠢ ᠰᠢᠢᠳᠪᠦᠷᠢᠯᠡᠬᠦ ᠬᠡᠷᠡᠭᠲᠡᠶ᠃      ᠬᠥᠲᠥᠯᠦᠭᠴᠢ᠄ ᠡᠳᠡᠭᠡᠷ ᠲᠤᠭ᠎ᠠ ᠪᠠᠷᠢᠮᠲᠠ ᠨᠢ ᠪᠢᠳᠡᠨ ᠤ ᠣᠯᠠᠨ ᠲᠦᠮᠡᠨ ᠤ ᠰᠡᠳᠭᠢᠯ ᠵᠣᠪᠠᠵᠤ ᠪᠠᠢᠭ᠎ᠠ ᠠᠰᠠᠭᠤᠳᠠᠯ ᠢ ᠰᠢᠢᠳᠪᠦᠷᠢᠯᠡᠬᠦ  ᠵᠣᠷᠢᠭ ᠪᠠ ᠡᠷᠴᠢᠮ ᠢ ᠬᠠᠷᠠᠭᠤᠯᠵᠤ ᠪᠠᠢᠨ᠎ᠠ᠂ ᠲᠡᠷᠡ ᠬᠦ ᠠᠵᠢᠯ  ᠤᠷᠤᠭᠰᠢᠲᠠᠢ ᠶᠠᠪᠤᠭᠳᠠᠵᠤ  ᠪᠠᠶᠢᠨ᠎ᠠ ᠤᠤ︖      ᠰᠢᠶᠧ ᠲᠣᠪᠴᠢᠶᠠᠨ ᠳᠠᠷᠤᠭ᠎ᠠ᠄ ᠡᠨᠡ ᠬᠦ ᠠᠵᠢᠯ ᠳᠤ ᠬᠦᠴᠢᠷᠳᠡᠯ ᠪᠠᠭ᠎ᠠ ᠪᠤᠰᠤ ᠪᠠᠢᠨ᠎ᠠ᠂ ᠣᠳᠣ ᠬᠡᠰᠡᠭ ᠭᠡᠷ  ᠪᠠᠶᠢᠰᠢᠩ ᠭᠠᠵᠠᠷ ᠬᠥᠷᠥᠩᠭᠡ ᠶᠢᠨ ᠵᠦᠢᠯᠡᠰ ᠢ ᠬᠤᠭᠤᠴᠠᠭ᠎ᠠ ᠬᠡᠲᠦᠷᠡᠭᠦᠯᠦᠨ  ᠲᠤᠰᠢᠶᠠᠵᠤ ᠥᠭᠬᠦ ᠠᠶᠤᠯ ᠲᠦᠭᠰᠢᠭᠦᠷᠢ ᠮᠥᠨ ᠯᠡ  ᠣᠷᠣᠰᠢᠭᠰᠠᠭᠠᠷ ᠪᠠᠶᠢᠨ᠎ᠠ᠂ ᠬᠡᠷᠪᠡ ᠳᠡᠮᠵᠢᠯᠭᠡ ᠪᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ  ᠴᠢᠩᠭᠠᠳᠬᠠᠬᠤ ᠦᠭᠡᠢ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠭᠤᠷᠪᠠᠨ ᠬᠦᠴᠢᠷ ᠠᠰᠠᠭᠤᠳᠠᠯ ᠪᠣᠯᠵᠤ ᠮᠡᠳᠡᠨ᠎ᠡ᠃      ᠬᠥᠲᠥᠯᠥᠭᠴᠢ᠄ ᠡᠶᠢᠮᠦ ᠪᠠᠶᠢᠲᠠᠯ ᠳᠤ ᠴᠢᠭᠯᠡᠭᠦᠯᠦᠨ ᠪᠢᠲᠡ ᠶᠠᠮᠠᠷ ᠠᠷᠭ᠎ᠠ ᠪᠠᠶᠢᠬᠤ ᠶᠤᠮ︖      ᠰᠢᠶᠧ ᠲᠣᠪᠴᠢᠶᠠᠨ ᠳᠠᠷᠤᠭ᠎ᠠ᠄ ᠡᠨᠡ ᠠᠷᠭ᠎ᠠ ᠪᠣᠯ ᠬᠤᠶᠠᠷ ᠲᠠᠯ᠎ᠠ ᠪᠣᠯᠤᠨ᠎ᠠ᠂ ᠨᠢᠭᠡ ᠪᠣᠯ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠂ ᠨᠢᠭᠡ ᠪᠣᠯ ᠳᠠᠷᠤᠶ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠬᠤ ᠶᠢᠨ ᠲᠥᠯᠥᠭᠡ᠂ ᠪᠢᠳᠡ ᠬᠡᠷ ᠪᠠᠶᠢᠰᠢᠩ ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠷ ᠳᠠᠮᠵᠢᠭᠰᠠᠨ ᠬᠡᠷ ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠵᠢᠯᠣᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠪᠦᠬᠦ ᠬᠤᠲᠠ ᠶᠢᠨ ᠪᠠᠶᠢᠭᠤᠯᠵᠤ ᠪᠠᠶᠢᠭ᠎ᠠ ᠪᠠ ᠬᠤᠳᠠᠯᠳᠤᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠴᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠥᠷᠥᠩᠭᠡ ᠪᠠ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠢᠷᠤᠮᠵᠢᠭᠤᠯᠵᠤ᠂ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠬᠤ ᠶᠢᠨ ᠬᠠᠮᠲᠤ ᠤᠯᠤᠰ ᠠᠴᠠ ᠨᠢᠳᠤᠨᠤᠨ ᠤ ᠵᠢᠯ ᠤᠨ ᠡᠴᠦᠰ ᠲᠤ ᠡᠨᠡ ᠬᠦ ᠠᠰᠠᠷ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠪᠢᠳᠡ ᠣᠳᠣ ᠶᠠᠭ ᠪᠥᠬᠦ ᠬᠦᠴᠦᠨ ᠢᠶᠠᠷ ᠢᠶᠠᠨ ᠤᠯᠤᠰ ᠤᠨ ᠠᠰᠠᠷ ᠢ ᠲᠤᠰᠢᠶᠠᠬᠤ ᠶᠢ ᠪᠠᠲᠤᠯᠠᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠮᠡᠴᠡᠨ ᠣᠯᠵᠤ᠂ ᠨᠢᠳᠤᠨᠤᠨ ᠤ ᠵᠢᠯ ᠤᠨ ᠡᠴᠦᠰ ᠲᠤ᠂ ᠪᠢᠳᠡ ᠢᠳᠡᠪᠬᠢᠲᠡᠶ ᠴᠢᠷᠮᠠᠶᠢᠯᠭ᠎ᠠ ᠪᠠᠷ ᠳᠡᠮᠵᠢᠨ᠂ ᠮᠠᠨ ᠤ 28 ᠠᠰᠠᠷ ᠲᠤ 14.8 ᠳ᠋ᠦᠩᠰᠢᠭᠤᠷ ᠳᠡᠮᠵᠢᠯᠭᠡ ᠶᠢᠨ ᠪᠠᠯᠠ ᠮᠥᠩᠭᠦ ᠣᠯᠵᠤ᠂ ᠣᠳᠣᠬᠠᠨ ᠳᠤ ᠪᠢᠳᠡ ᠶᠠᠭ ᠬᠤᠶᠠᠳᠤᠭᠠᠷ ᠪᠦᠯᠦᠭ ᠤᠨ ᠠᠰᠠᠷ ᠢ ᠲᠤᠰᠢᠶᠠᠬᠤ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠡᠮᠡᠴᠡᠨ ᠣᠯᠵᠤ ᠪᠠᠶᠢᠨ᠎ᠠ᠂ ᠪᠢᠳᠡ ᠣᠲᠣ ᠠᠩᠬ᠎ᠠ ᠠᠯᠬᠤᠮ 34 ᠠᠰᠠᠷ ᠤᠨ ᠪᠠᠶᠢᠷᠢ 10 ᠳ᠋ᠦᠩᠰᠢᠭᠤᠷ ᠲᠥᠭᠦᠷᠢᠭ ᠣᠷᠴᠢᠮ ᠤᠨ ᠡᠨᠡ ᠬᠦ ᠤᠯᠤᠰ ᠤᠨ ᠳᠡᠮᠵᠢᠯᠭᠡ ᠶᠢ ᠭᠥᠷᠳᠡᠵᠦ ᠪᠠᠶᠢᠨ᠎ᠠ᠃      ᠬᠥᠲᠥᠯᠥᠭᠴᠢ᠄ ᠡᠳᠡᠭᠡᠷ ᠠᠷᠭ᠎ᠠ ᠬᠡᠮᠵᠢᠶ᠎ᠡ ᠨᠢ ᠭᠡᠷ ᠪᠠᠶᠢᠰᠢᠩ ᠬᠤᠳᠠᠯᠳᠤᠨ ᠠᠪᠤᠭᠰᠠᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠬᠠᠮᠠᠭᠠᠯᠠᠪᠠ᠂ ᠡᠨᠡ ᠨᠢ ᠪᠢᠳᠡᠨ ᠳᠤ ᠠᠪᠴᠤ ᠬᠡᠯᠡᠪᠡᠯ ᠦᠨᠡᠨ ᠪᠣᠳᠠᠲᠠᠶ ᠰᠠᠶᠢᠨ ᠴᠢᠮᠡᠭᠡ ᠪᠣᠯᠤᠨ᠎ᠠ᠃ ᠡᠪᠦᠯ ᠤᠨ ᠠᠭᠤᠷ ᠤᠷᠤᠭᠰᠠᠨ ᠤ ᠳᠠᠷᠠᠭ᠎ᠠ᠂ ᠳᠤᠯᠠᠭᠠᠯᠠᠭ᠎ᠠ ᠶᠢᠨ ᠠᠰᠠᠭᠤᠳᠠᠯ ᠴᠤ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠨ᠎ᠠ᠃ ᠣᠯᠠᠨ ᠢᠶᠠᠷ ᠢᠶᠠᠨ ᠳᠤᠯᠠᠭᠠᠨ ᠡᠪᠦᠯ ᠢ ᠥᠩᠭᠡᠷᠡᠭᠡᠬᠦ ᠶᠢ ᠪᠠᠲᠤᠯᠠᠬᠤ ᠬᠡᠷᠡᠭᠲᠡᠢ᠂ ᠪᠢᠳᠡ ᠶᠠᠭᠠᠬᠢᠵᠤ ᠬᠢᠬᠦ ᠪᠣᠢ︖      ᠭᠦᠸᠧ ᠢᠦᠢ ᠴᠢᠩ᠄ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠢᠳᠡ ︽ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︽2022 - 2023 ᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠲᠥᠷᠥᠯ ᠤᠨ ᠡᠳᠦᠷ ᠲᠤᠲᠤᠮ ᠤᠨ ᠠᠵᠢᠯᠯᠠᠭᠠᠨ ᠵᠢᠴᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠤᠨ ᠬᠠᠪᠰᠤᠷᠴᠤ ᠪᠠᠶᠢᠭᠠᠳ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠴᠥᠮ ᠤᠷᠢᠳᠴᠢᠯᠠᠨ ᠠᠵᠢᠯ ᠢᠶᠠᠨ ᠡᠬᠢᠯᠡᠭᠦᠯᠵᠦ᠂ ᠢᠯᠴᠢ ᠬᠠᠩᠭᠠᠬᠤ ᠤᠯᠠᠷᠢᠯ ᠳᠤ ᠤᠷᠤᠭᠰᠠᠨ ᠠᠴᠠ ᠨᠠᠰᠢ᠂ ᠬᠤᠲᠠ ᠪᠠᠯᠭᠠᠰᠤᠨ ᠤ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠨᠡᠭᠦᠷᠡᠰᠦ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠲᠡᠭᠡᠭᠡᠪᠦᠷᠢᠯᠡᠵᠦ᠂ ᠢᠯᠴᠢ ᠬᠠᠩᠭᠠᠬᠤ ᠰᠢᠰᠲ᠋ᠧᠮ ᠤᠨ ᠠᠵᠢᠯᠯᠠᠭᠠᠨ ᠢ ᠲᠣᠬᠢᠷᠠᠭᠤᠯᠬᠤ ᠪᠠ ᠡᠵᠡᠮᠳᠡᠬᠦ ᠶᠢ ᠰᠠᠶᠢᠲᠤᠷ ᠬᠢᠵᠦ᠂ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠪᠡ︔ ᠡᠯ᠎ᠡ ᠵᠦᠢᠯ ᠤᠨ ᠦᠢᠯᠡᠴᠢᠯᠡᠭᠡᠨ ᠤ ᠲᠣᠭᠲᠠᠴᠠ ᠶᠢ ᠢᠳᠡᠪᠬᠢᠲᠡᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ 24 ᠴᠠᠭ ᠤᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠬᠡᠷᠡᠭᠯᠡᠭᠴᠢᠳ ᠤᠨ ᠵᠠᠰᠠᠨ ᠰᠡᠯᠪᠢᠭᠰᠡᠨ ᠵᠡᠷᠭᠡ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃      ᠬᠥᠲᠥᠯᠥᠭᠴᠢ᠄ ᠵᠥᠪᠬᠡᠨ ᠣᠷᠣᠨ ᠰᠠᠭᠤᠴᠠ ᠪᠢᠰᠢ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ᠂ ᠢᠵᠢ ᠪᠦᠷᠢᠳᠦᠭᠰᠡᠨ ᠲᠥᠬᠦᠭᠡᠷᠦᠮᠵᠢ ᠡᠳᠡᠭᠡᠷ ᠨᠢ ᠴᠥᠮ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠵᠦ ᠪᠠᠶᠢᠨ᠎ᠠ᠃ ︽ᠵᠠᠷᠢᠮ ᠨᠢ ᠰᠠᠭᠤᠵᠤ︾᠂ ︽ᠰᠠᠶᠢᠨ ᠰᠠᠭᠤᠵᠤ︾᠂ ᠨᠡᠩ ᠴᠤ ︽ᠠᠮᠤᠷ ᠲᠦᠪᠰᠢᠨ ᠰᠠᠭᠤᠬᠤ ᠠᠴᠠ ᠪᠠᠶᠠᠷ ᠪᠠᠶᠠᠰᠬᠤᠯᠠᠩ ᠲᠠᠢ︾ ᠪᠠᠶᠢᠬᠤ ᠬᠡᠷᠡᠭᠲᠡᠶ᠂ ᠡᠭᠦᠨ ᠳᠤ ᠪᠢᠳᠡ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠬᠦᠴᠦ ᠲᠠᠯᠪᠢᠬᠤ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ