ᠬᠥᠲᠥᠯᠦᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠭᠠᠶᠢᠯᠢ ᠲᠠᠲᠠᠪᠤᠷᠢ ᠨᠢ ᠤᠯᠤᠰ ᠤᠨ ᠵᠠᠰᠠᠯᠲᠠ ᠳᠤᠮᠳᠠ ᠰᠠᠭᠤᠷᠢ ᠴᠢᠨᠠᠷᠲᠠᠢ᠂ | ᠲᠤᠯᠭᠠᠭᠤᠷᠢᠯᠠᠬᠤ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠳᠤ ᠬᠦᠴᠦᠲᠡᠢ ᠦᠢᠯᠡᠴᠢᠯᠡᠪᠡ᠃ ᠥᠨᠥᠳᠥᠷ ᠪᠢᠳᠡ ᠤᠯᠤᠰ ᠤᠨ ᠭᠠᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠪᠠᠶᠠᠨᠨᠠᠭᠤᠷ ᠬᠤᠲᠠ ᠶᠢᠨ ᠭᠠᠢᠯᠢ ᠶᠢᠨ | ᠶᠠᠪᠤᠳᠠᠯ ᠤᠨ ᠲᠣᠪᠴᠢᠶᠠᠨ ᠤ ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠨ᠎ᠠ᠃ | ᠬᠦᠨᠲᠦᠲᠦ ᠵᠤᠴᠢᠨ᠄ ᠬᠥᠲᠥᠯᠦᠭᠴᠢ ᠰᠠᠶᠢᠨ ᠤᠤ᠂ ᠦᠵᠡᠭᠴᠢᠳ ᠰᠠᠶᠢᠨ ᠤᠤ᠃ | ᠬᠥᠲᠥᠯᠥᠭᠴᠢ᠄ ᠭᠠᠶᠢᠯᠢ ᠲᠠᠲᠠᠪᠤᠷᠢ ᠪᠣᠯ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠠᠮᠤᠭ ᠤᠨ ᠭᠤᠤᠯ ᠣᠷᠣᠯᠭ᠎ᠠ ᠶᠢᠨ ᠬᠡᠯᠪᠡᠷᠢ ᠪᠠ ᠢᠷᠡᠯᠲᠡ ᠮᠥᠨ᠂ ᠭᠠᠶᠢᠯᠢ | ᠲᠠᠲᠠᠪᠤᠷᠢ ᠶᠢᠨ ᠵᠠᠰᠠᠯᠲᠠ ᠨᠢ ᠦᠢᠯᠡᠳᠪᠦᠷᠢᠯᠡᠯ᠂ ᠭᠦᠢᠯᠭᠡᠭᠡ᠂ ᠬᠤᠪᠢᠶᠠᠷᠢᠯᠠᠯᠲᠠ᠂ ᠬᠡᠷᠡᠭᠯᠡᠭᠡᠨ ᠤ ᠡᠯ᠎ᠡ ᠬᠦᠷᠢᠶᠡᠨ ᠳᠤ ᠬᠤᠯᠪᠣᠭᠳᠠᠵᠠᠶ᠂ ᠲᠡᠭᠡᠪᠡᠯ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠮᠠᠨ ᠤ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠪᠢᠳᠡ ᠬᠠᠮᠲᠤ ᠳᠠᠭᠠᠨ | ᠨᠢᠭᠡ ᠣᠬᠤᠷ ᠺᠢᠨᠣ᠋ ᠦᠵᠡᠶ᠎ᠡ᠃ | ᠬᠥᠲᠥᠯᠥᠭᠴᠢ᠄ ᠣᠬᠤᠷ ᠹᠢᠯᠢᠮ ᠠᠴᠠ ᠪᠢᠳᠡ ᠥᠩᠭᠡᠷᠡᠭᠰᠡᠨ ᠨᠢᠭᠡ ᠵᠢᠯ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠨ ᠬᠦᠴᠢᠷᠳᠡᠯ ᠢ ᠰᠢᠢᠳᠪᠦᠷᠢᠯᠡᠬᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠮᠠᠰᠢ ᠣᠯᠠᠨ ᠪᠦᠲᠦᠮᠵᠢᠲᠡᠶ ᠠᠵᠢᠯ ᠬᠢᠵᠡᠢ᠃ ᠮᠠᠨ ᠤ ᠭᠠᠶᠢᠯᠢ ᠶᠢᠨ ᠶᠠᠪᠤᠳᠠᠯ ᠤᠨ ᠠᠵᠢᠯ ᠳᠤ ᠨᠢᠭᠡ | ᠭᠤᠣᠯ ᠵᠦᠢᠯ ᠪᠤᠢ᠂ ᠳᠠᠷᠤᠢ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠠᠪᠤᠳᠠᠯ ᠪᠣᠯᠤᠨ᠎ᠠ ᠭᠡᠳᠡᠭ ᠢ ᠪᠢ ᠠᠩᠬᠠᠷᠴᠤ ᠣᠯᠪᠠ᠃ | ᠬᠦᠨᠲᠦᠲᠦ ᠵᠤᠴᠢᠨ᠄ ᠲᠡᠶᠢᠮᠦ ᠡ᠂ ᠭᠠᠶᠢᠯᠢ ᠶᠢᠨ ᠶᠠᠪᠤᠲᠠᠯ ᠤᠨ ᠰᠠᠯᠠᠭ᠎ᠠ ᠮᠦᠴᠢᠷ ᠤᠨ ᠬᠢᠨ ᠲᠠᠷᠬᠠᠨ ᠡᠭᠦᠷᠬᠡ ᠬᠠᠷᠢᠭᠤᠴᠠᠯᠭ᠎ᠠ ᠲᠠᠢ᠂ ᠪᠢᠲᠡᠨ ᠤ ᠬᠡᠯᠡᠭᠦ ᠪᠠᠷ | ᠢᠷᠡᠭᠰᠡᠨ ᠤᠯᠤᠰ ᠠᠴᠠ ᠵᠤᠭᠤᠰ ᠮᠦᠩᠭᠦ ᠴᠤᠭᠯᠠᠭᠤᠯᠵᠤ᠂ ᠠᠷᠠᠳ ᠢᠷᠬᠡᠳ ᠭᠠᠶᠢᠯᠢ ᠲᠠᠲᠠᠪᠤᠷᠢᠯᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶᠠᠨ ᠤ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠠᠲᠠᠪᠤᠷᠢᠯᠠᠨ ᠬᠠᠮᠢᠶᠠᠷᠬᠤ ᠪᠠ ᠭᠠᠶᠢᠯᠢ ᠲᠠᠲᠠᠪᠤᠷᠢ ᠶᠢᠨ | ᠦᠢᠯᠡᠴᠢᠯᠡᠭᠡ ᠭᠡᠬᠦ ᠬᠤᠶᠠᠷ ᠶᠡᠭᠡ ᠭᠤᠣᠯ ᠱᠤᠭᠤᠮ ᠤᠨ ᠲᠣᠭᠤᠷᠢᠨ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠡᠯ᠎ᠡ ᠵᠦᠢᠯ ᠤᠨ ᠭᠠᠶᠢᠯᠢ ᠲᠠᠲᠠᠪᠤᠷᠢ᠂ | ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠵᠢᠴᠢ ᠭᠠᠶᠢᠯᠢ | ᠲᠤᠰᠢᠶᠠᠬᠤ ᠦᠢᠯᠡᠴᠢᠯᠡᠭᠡ ᠶᠢ ᠵᠣᠬᠢᠶᠠᠨ ᠪᠠᠢᠭᠤᠯᠤᠨ᠂ ᠭᠠᠶᠢᠯᠢ ᠲᠠᠲᠠᠪᠤᠷᠢ ᠶᠢᠨ ᠤᠬᠠᠭᠤᠯᠭ᠎ᠠ᠂ ᠭᠠᠶᠢᠯᠢ ᠰᠦᠢᠳᠭᠡᠯ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠨᠠᠢᠳᠠᠪᠤᠷᠢᠵᠢᠭᠤᠯᠬᠤ ᠶᠢ ᠠᠬᠢᠭᠤᠯᠵᠤ᠂ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ 2022 ᠣᠨ ᠳᠤ᠂ ᠪᠢᠳᠡ ᠭᠤᠤᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ ᠭᠠᠶᠢᠯᠢ ᠶᠢᠨ ᠢᠷᠡᠯᠳᠡ ᠶᠢ ᠮᠥᠷᠳᠡᠬᠦ᠂ ᠭᠤᠤᠯᠳᠠᠯᠭ᠎ᠠ ᠲᠠᠢ | ᠠᠵᠤ ᠠᠬᠤᠶᠢᠯᠠᠯ ᠤᠨ ᠲᠣᠭᠲᠠᠭᠤᠨ ᠨᠡᠮᠡᠭᠳᠡᠯ ᠢ ᠬᠢᠨᠠᠨ ᠬᠠᠮᠢᠶᠠᠷᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠡᠳᠬᠦᠨ ᠭᠠᠶᠢᠯᠢ ᠶᠢᠨ ᠰᠠᠭᠤᠷᠢ ᠶᠢ ᠥᠷᠭᠡᠳᠬᠡᠬᠦ᠂ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠭᠠᠶᠢᠯᠢ ᠲᠠᠲᠠᠪᠤᠷᠢ ᠶᠢ ᠶᠡᠷᠦᠩᠬᠡᠶᠢᠯᠡᠨ ᠵᠠᠰᠠᠬᠤ᠂ ᠵᠠᠰᠠᠭ ᠤᠨ ᠣᠷᠳᠣᠨ ᠤ ᠲᠠᠪᠴᠠᠩ ᠢ ᠠᠰᠢᠭᠯᠠᠨ ᠨᠡᠶᠢᠯᠡᠮᠡᠯ | ᠬᠦᠴᠦᠨ ᠢ ᠨᠢᠭᠲᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 2022 ᠣᠨ ᠳᠤ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ | ᠡᠯ᠎ᠡ ᠵᠦᠢᠯ ᠤᠨ ᠭᠠᠶᠢᠯᠢ ᠰᠦᠢᠳᠬᠡᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 0.71% ᠪᠠᠷ ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ | ᠣᠷᠣᠯᠭ᠎ᠠ ᠠᠳᠠᠯᠢ ᠪᠠᠷᠢᠮᠵᠢᠶ᠎ᠠ ᠪᠠᠷ 5.43% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6. | 18% ᠪᠠᠷ ᠨᠡᠮᠡᠭᠳᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠡᠳ᠋ ᠤᠨ ᠬᠦᠴᠦᠨ ᠤ ᠳᠡᠮᠵᠢᠯᠭᠡ ᠬᠠᠩᠭᠠᠪᠠ᠃ | ᠬᠥᠲᠥᠯᠥᠭᠴᠢ᠄ ᠵᠠᠩ ᠲᠤᠪᠴᠢᠶᠠᠨ ᠲᠠᠷᠤᠭ᠎ᠠ ᠡ᠂ ᠲᠠ ᠰᠠᠶ᠋ᠢᠬᠠᠨ ᠭᠠᠶᠢᠯᠢ ᠶᠢᠨ ᠠᠵᠢᠯ ᠳᠤ ᠬᠤᠶᠠᠷ ᠭᠤᠤᠯ ᠱᠤᠭᠤᠮ᠂ ᠭᠠᠶᠢᠯᠢ ᠲᠠᠳᠠᠪᠤᠷᠢᠯᠠᠬᠤ ᠬᠠᠮᠢᠶᠠᠷᠬᠤ | ᠪᠤᠯᠤᠨ ᠭᠠᠶᠢᠯᠢ ᠲᠠᠳᠠᠪᠤᠷᠢᠯᠠᠬᠤ ᠦᠢᠯᠡᠴᠢᠯᠡᠭᠡ ᠬᠢᠨ᠎ᠡ ᠭᠡᠪᠡ᠃ ᠭᠠᠶᠢᠯᠢ ᠲᠠᠲᠠᠪᠤᠷᠢᠯᠠᠵᠤ ᠬᠠᠮᠢᠶᠠᠷᠬᠤ ᠲᠠᠯ᠎ᠠ ᠪᠠᠷ᠂ ᠪᠠᠶᠠᠨᠨᠠᠭᠤᠷ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠳᠤ ᠭᠦᠢᠴᠡᠳ ᠡᠳ᠋ ᠤᠨ ᠬᠦᠴᠦᠨ ᠤ ᠪᠠᠲᠤᠯᠠᠭ᠎ᠠ ᠬᠠᠩᠭᠠᠭᠰᠠᠨ ᠢ | ᠣᠯᠵᠤ ᠬᠠᠷᠠᠵᠤ ᠪᠣᠯᠤᠨ᠎ᠠ᠃ ᠬᠡᠯᠡᠯᠭᠡᠨ ᠦᠭᠡᠢ ᠣᠶᠢᠷ᠎ᠠ ᠶᠢᠨ ᠬᠤᠶᠠᠷ ᠵᠢᠯ ᠳᠤ ᠬᠢᠵᠢᠭ ᠤᠨ ᠨᠥᠯᠥᠭᠡ ᠠᠴᠠ ᠪᠣᠯᠵᠤ᠂ ᠮᠠᠨ ᠤ ᠬᠤᠲᠠ ᠶᠢᠨ ᠬᠡᠰᠡᠭ ᠠᠵᠤ | ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠨᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠲᠡᠭᠡᠪᠡᠯ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠪᠠᠰᠠ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠪᠣᠯ | ᠤᠤ︖ | ᠬᠦᠨᠳᠦᠲᠦ ᠵᠣᠴᠢᠳ᠄ ᠪᠤᠷᠤᠭᠤ ᠥᠬᠡᠶ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠴᠠᠷᠠᠭᠤᠯᠤᠭᠰᠠᠨ ᠠᠰᠢᠭ ᠥᠬᠡᠶ ᠨᠥᠯᠥᠭᠡ ᠶᠢᠨ | ᠡᠮᠦᠨ᠎ᠡ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠪᠣᠯ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ | ᠡᠭᠦᠨ ᠤ ᠲᠤᠯᠠᠳᠠ᠂ ᠮᠠᠨ ᠤ ᠪᠠᠶᠠᠨᠨᠠᠭᠤᠷ ᠬᠤᠲᠠ ᠪᠥᠬᠦ ᠣᠷᠣᠨ ᠳᠤ ᠡᠩ ᠲᠡᠷᠢᠭᠦᠨ ᠳᠤ ᠵᠠᠰᠠᠭ ᠤᠨ ᠣᠷᠳᠣᠨ ᠤ ᠤᠳᠤᠷᠢᠳᠤᠯᠭ᠎ᠠ ᠬᠠᠷᠢᠭᠤᠴᠠᠵᠤ᠂ ᠡᠳ᠋ ᠤᠨ | ᠵᠠᠰᠠᠭ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠳᠥᠷᠪᠡᠨ | ᠰᠠᠯᠠᠭ᠎ᠠ ᠮᠥᠴᠢᠷ ᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ︽ᠬᠤᠲᠠ ᠶᠢᠨ ᠳᠠᠷᠤᠭ᠎ᠠ ᠶᠢᠨ ᠭᠠᠶᠢᠯᠢ ᠶᠢᠨ ᠬᠢᠴᠢᠶᠡᠯ︾ ᠤᠨ ᠬᠡᠯᠪᠡᠷᠢ ᠪᠠᠷ ᠪᠥᠬᠦ | ᠬᠤᠲᠠ ᠶᠢᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠪᠡ︔ ᠡᠭᠦᠨ ᠤ ᠬᠠᠮᠲᠤ᠂ ᠦᠯᠡᠳᠡᠭᠡᠨ ᠲᠤᠯᠭᠠᠨ | ᠪᠤᠴᠠᠭᠠᠬᠤ 95 ᠲᠦᠭᠰᠢᠭᠦᠷᠢ ᠶᠢᠨ ᠭᠦᠢᠴᠡᠳᠬᠡᠯ ᠲᠤᠭ᠎ᠠ ᠶᠢᠨ ᠵᠠᠭᠪᠤᠷ ᠢ ᠪᠠᠶᠢᠭᠤᠯᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ | ᠲᠦᠭᠰᠢᠭᠦᠷᠢ ᠶᠢ ᠲᠦᠷᠭᠡᠨ ᠰᠡᠷᠡᠮᠵᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠶᠢᠯᠢ ᠪᠤᠴᠠᠭᠠᠬᠤ ᠠᠵᠤ ᠠᠬᠤᠶᠢᠯᠠᠯ ᠳᠤ ᠪᠥᠬᠦ ᠦᠵᠡᠮᠵᠢᠲᠦ ᠮᠠᠶ᠋ᠢᠭ ᠤᠨ | ᠠᠦ᠋ᠲ᠋ᠣᠴᠢᠯᠠᠭᠰᠠᠨ ᠰᠢᠷᠪᠢᠯᠲᠡ ᠶᠢᠨ ᠠᠵᠢᠯ ᠢ ᠥᠷᠨᠢᠭᠦᠯᠵᠦ᠂ ᠭᠠᠶᠢᠯᠢ ᠪᠤᠴᠠᠭᠠᠬᠤ ᠲᠦᠭᠰᠢᠭᠦᠷᠢ ᠶᠢ ᠬᠢᠨᠠᠨ ᠬᠠᠷᠭᠤᠭᠤᠯᠬᠤ ᠴᠠᠭ ᠤᠨ ᠤᠷᠲᠤ ᠶᠢ ᠬᠡᠳᠦᠨ | ᠡᠳᠦᠷ ᠤᠨ ᠳᠣᠲᠣᠷ᠎ᠠ 2 ᠮᠢᠨᠦ᠋ᠲ ᠪᠣᠯᠲᠠᠯ᠎ᠠ ᠪᠠᠭᠠᠰᠬᠠᠪᠠ᠃ | ᠵᠢᠱᠢᠶᠡᠯᠡᠪᠡᠯ᠂ ᠥᠪᠥᠷ ᠮᠣᠩᠭᠤᠯ ᠤᠨ ᠾᠸᠢ ᠮᠤᠤ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠬᠢᠵᠠᠭᠠᠷᠲᠤ ᠺᠣᠮᠫᠠᠨᠢ ᠶᠢᠨ ᠬᠠᠷᠢᠶ᠎ᠠ ᠨᠡᠭᠦᠷᠡᠰᠦ ᠬᠢᠮᠢ ᠶᠢᠨ ᠠᠵᠤ | ᠤᠶᠢᠯᠡᠳᠪᠤᠷᠢ ᠶᠢᠨ ᠲᠥᠷᠥᠯ ᠵᠦᠢᠯ ᠨᠢ ᠡᠯᠧᠺᠲᠷᠣᠨ ᠬᠥᠮᠥᠷᠭᠡ ᠶᠢᠨ ᠰᠢᠰᠲ᠋ᠧᠮ ᠢᠶᠠᠷ ᠳᠠᠮᠵᠢᠭᠤᠯᠤᠨ ᠭᠠᠶᠢᠯᠢ ᠪᠤᠴᠠᠭᠠᠬᠤ ᠪᠥᠬᠦ ᠶᠠᠪᠤᠴᠠ ᠶᠢ ᠡᠯᠧᠺᠳ᠋ᠷᠤᠨᠴᠢᠯᠠᠵᠤ᠂ | ᠠᠵᠤ ᠠᠬᠤᠶᠢᠯᠠᠯ ᠳᠤ 3.69 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠬᠤ ᠶᠢ ᠭᠦᠢᠴᠡᠳᠬᠡᠪᠡ︔ ᠪᠠᠰᠠ ᠪᠠᠶᠠᠨᠨᠠᠭᠤᠷ ᠤᠨ ᠬᠤᠸᠠ ᠾᠧᠩ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠳ᠋ ᠤᠨ ᠵᠠᠰᠠᠭ ᠨᠢ ᠠᠵᠤ ᠠᠬᠤᠶᠢᠯᠠᠯ ᠳᠤ | ᠦᠯᠡᠳᠡᠭᠡᠭᠰᠡᠨ ᠭᠠᠶᠢᠯᠢ ᠶᠢᠨ ᠲᠤᠭ᠎ᠠ ᠶᠢ 436.22 ᠲᠦᠮᠡᠨ ᠲᠥᠭᠦᠷᠢᠭ ᠪᠤᠴᠠᠭᠠᠨ᠂ ᠠᠵᠤ ᠠᠬᠤᠶᠢᠯᠠᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠ ᠲᠦᠭᠦᠬᠡᠶ ᠮᠠᠲ᠋ᠧᠷᠢᠶᠠᠯ ᠣᠷᠣᠭᠤᠯᠬᠤ ᠡᠷᠭᠢᠯᠲᠡ ᠶᠢᠨ ᠬᠦᠴᠢᠷᠳᠡᠯ ᠢ ᠨᠢᠭᠡ ᠦᠶ᠎ᠡ ᠰᠢᠢᠳᠪᠦᠷᠢᠯᠡᠪᠡ᠃ | ᠬᠥᠲᠥᠯᠦᠭᠴᠢ᠄ ᠡᠳᠡᠭᠡᠷ ᠪᠣᠯ ᠦᠨᠡᠬᠡᠷ ᠦᠨᠡᠨ ᠪᠣᠳᠠᠲᠠᠢ ᠰᠠᠢᠨ ᠲᠥᠷᠥ ᠶᠢᠨ ᠪᠣᠳᠣᠯᠭ᠎ᠠ ᠪᠣᠯᠤᠨ᠎ᠠ᠃ ᠦᠨᠡᠨ ᠳᠡᠭᠡᠨ ᠮᠠᠨ ᠤ ᠡᠩ ᠤᠨ ᠠᠷᠠᠳ ᠲᠤ ᠠᠪᠴᠤ ᠬᠡᠯᠡᠪᠡᠯ | ᠂ ᠲᠦᠷᠭᠡᠨ ᠪᠦᠭᠡᠳ ᠳᠦᠭᠦᠮ ᠭᠠᠶᠢᠯᠢ ᠲᠠᠲᠠᠪᠤᠷᠢ ᠭᠦᠢᠴᠡᠳᠬᠡᠬᠦ ᠨᠢ ᠮᠥᠨ ᠯᠡ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠂ ᠡᠳᠡᠭᠡᠷ ᠲᠠᠯ᠎ᠠ ᠪᠠᠷ ᠪᠢᠳᠡ | ᠶᠠᠭᠠᠬᠢᠵᠤ ᠬᠢᠭᠰᠡᠨ ᠪᠤᠢ︖ | ᠬᠦᠨᠳᠦᠲᠦ ᠵᠣᠴᠢᠨ᠄ ᠭᠠᠶᠢᠯᠢ ᠲᠤᠰᠢᠶᠠᠭᠴᠢ ᠶᠢ ︽ᠳᠤᠲᠠᠭᠤ ᠭᠦᠶᠦᠯᠭᠡᠵᠦ︾᠂ ᠨᠠᠩ ᠲᠦᠷᠭᠡᠨ᠂ ᠨᠠᠩ ᠰᠢᠯᠢᠳᠡᠭ᠂ ᠨᠠᠩ ᠲᠥᠬᠦᠮ ᠭᠠᠶᠢᠯᠢ ᠶᠢᠨ ᠶᠠᠪᠤᠳᠠᠯ | ᠭᠦᠢᠴᠡᠳᠬᠡᠬᠦ ᠦᠢᠯᠡᠴᠢᠯᠡᠭᠡ ᠶᠢ ᠬᠦᠷᠲᠡᠭᠡᠭᠰᠡᠨ ᠨᠢ ᠶᠡᠷᠦ ᠨᠢ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠥᠭᠡᠭᠡᠴᠡᠯᠳᠦᠯ ᠪᠣᠯᠤᠨ᠎ᠠ᠃ ᠵᠢᠱᠢᠶᠡᠯᠡᠪᠡᠯ | ᠂ 2022 ᠣᠨ ᠳᠤ᠂ ᠪᠢᠳᠡ ︽ᠬᠤᠶᠠᠷ ᠱᠠᠲᠤᠨ ᠤ ᠨᠠᠮ ᠤᠨ ᠬᠤᠷᠢᠶ᠎ᠠ ᠡᠮᠦᠨ᠎ᠡ ᠨᠢ ᠭᠠᠪᠰᠢᠭᠠᠶᠢᠯᠠᠵᠤ᠂ ᠵᠠᠭᠤᠨ ᠨᠠᠮ ᠤᠨ ᠡᠭᠦᠷ ᠡᠮᠦᠨ᠎ᠡ ᠹᠷᠣᠨᠲ ᠲᠤ ᠬᠦᠷᠴᠦ᠂ | ᠮᠢᠩᠭᠠᠨ ᠨᠠᠮ ᠤᠨ ᠭᠡᠰᠢᠭᠦᠨ ᠲᠦᠮᠡᠨ ᠠᠵᠤ ᠠᠬᠤᠶᠢᠯᠠᠯ ᠲᠠᠢ ᠬᠤᠯᠪᠣᠭᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠡᠭᠡ | ᠰᠤᠷᠪᠤᠯᠵᠢᠯᠠᠬᠤ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 14721 ᠡᠷᠦᠬᠡ ᠶᠢ ᠰᠤᠷᠪᠤᠯᠵᠢᠯᠠᠨ ᠪᠠᠶᠢᠴᠠᠭᠠᠨ ᠰᠤᠳᠤᠯᠵᠤ᠂ 5 | ᠲᠥᠷᠥᠯ ᠤᠨ 197 ᠠᠰᠠᠭᠤᠳᠠᠯ ᠢ ᠴᠤᠭᠯᠠᠭᠤᠯᠤᠨ ᠰᠢᠢᠳᠪᠦᠷᠢᠯᠡᠪᠡ︔ ︽ᠬᠤᠣᠰ ᠱᠤᠭᠤᠮ ᠢᠶᠠᠷ ᠬᠤᠯᠪᠣᠭᠠᠯᠠᠨ ᠬᠥᠳᠡᠯᠦᠯᠴᠡᠬᠦ︾ ᠪᠠ ︽ᠰᠢᠢᠳᠪᠦᠷᠢᠯᠡᠬᠦ | ᠯᠠᠪᠯᠠᠬᠤ ᠶᠢ ᠬᠠᠮᠵᠢᠯᠴᠠᠭᠤᠯᠬᠤ︾ ᠲᠣᠭᠲᠠᠴᠠ ᠶᠢ ᠪᠠᠶᠢᠭᠤᠯᠵᠤ᠂ ᠠᠯᠤᠰ ᠠᠴᠠ ᠰᠦᠯᠵᠢᠶᠡᠨ ᠳᠡᠭᠡᠷ᠎ᠡ ᠦᠵᠡᠭᠳᠡᠬᠦ᠋ᠢᠴᠡ ᠴᠠᠭ ᠲᠤᠬᠠᠢ ᠳᠤᠨᠢ ᠬᠠᠷᠢᠯᠴᠠᠬᠤ ᠶᠢ | ᠪᠡᠶᠡᠯᠡᠭᠦᠯᠪᠡ︔ 50 ᠵᠦᠢᠯ ᠤᠨ ᠲᠤᠬᠠᠶᠢᠯᠠᠭᠰᠠᠨ ᠠᠵᠢᠯ ᠢ ᠳᠤᠲᠠᠭᠤᠳᠠᠯ ᠢ ᠠᠭᠤᠴᠢᠯᠠᠨ ᠭᠦᠢᠴᠡᠳᠬᠡᠬᠦ ᠦᠢᠯᠡᠴᠢᠯᠡᠭᠡ ᠳᠤ ᠣᠷᠣᠭᠤᠯᠵᠤ᠂ ᠰᠦᠢᠳᠬᠡᠯ ᠬᠤᠷᠢᠶᠠᠬᠤ | ᠦᠭᠡᠢ ᠪᠠᠷ ︽ᠵᠠᠬᠢᠳᠠᠯ ᠤᠨ ᠳᠤᠭᠲᠤᠢ︾ ᠶᠢ ᠭᠤᠪᠢᠭᠤᠯᠵᠤ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠨᠠᠶᠢᠳᠠᠪᠤᠷᠢᠵᠢᠭᠤᠯᠵᠤ᠂ ᠭᠠᠶᠢᠯᠢ | ᠲᠤᠰᠢᠶᠠᠭᠴᠢ ᠶᠢᠨ ᠰᠦᠢᠳᠬᠡᠯ ᠲᠤᠰᠢᠶᠠᠬᠤ ᠳᠤ ᠲᠦᠢᠯ ᠤᠨ ᠶᠡᠭᠡ ᠳᠥᠭᠦᠮ ᠦᠵᠡᠭᠦᠯᠪᠡ᠃ | ᠬᠥᠲᠥᠯᠥᠭᠴᠢ᠄ ᠥᠩᠭᠡᠷᠡᠭᠡᠭᠰᠡᠨ ᠳᠤ ᠪᠢ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠭᠠᠶᠢᠯᠢ ᠲᠤᠰᠢᠶᠠᠭᠴᠢ ᠳᠤ ᠨᠡᠩ ᠤᠯᠠᠨ ᠳᠥᠭᠦᠮ ᠳᠥᠲᠡ ᠥᠨᠳᠥᠷ | ᠪᠦᠲᠦᠮᠵᠢᠲᠡᠢ ᠭᠠᠶᠢᠯᠢ ᠰᠦᠢᠳᠬᠡᠯ ᠤᠨ ᠦᠢᠯᠡᠴᠢᠯᠡᠭᠡ ᠬᠠᠩᠭᠠᠬᠤ ᠶᠢ ᠣᠶᠢᠯᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠶᠢᠯᠠᠰᠢ ᠦᠭᠡᠢ | ᠬᠡᠷᠡᠭᠴᠡᠭᠡ ᠳᠤ ᠵᠣᠬᠢᠴᠠᠭᠤᠯᠤᠭᠰᠠᠨ ᠪᠠᠶᠢᠨ᠎ᠠ᠂ ᠲᠡᠭᠡᠪᠡᠯ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠠᠰᠠ ᠮᠠᠰᠢ ᠤᠯᠠᠨ ᠠᠵᠢᠯ ᠬᠢᠭᠰᠡᠨ ᠪᠠᠶᠢᠨ᠎ᠠ︖ | |