ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠠᠶᠠᠨᠨᠠᠭᠤᠷ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠪᠠᠷ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠳᠤ  ᠦᠢᠯᠡᠴᠢᠯᠡᠶ᠎ᠡ ︵ᠬᠤᠶᠠᠷ︶
ᠨᠡᠶᠢᠲᠡᠯᠡᠭᠰᠡᠨ ᠴᠠᠭ᠄
2023/4/13
      ᠬᠦᠨᠲᠦᠲᠦ ᠵᠤᠴᠢᠨ᠄ ᠨᠡᠭᠡᠷᠡᠨ ᠡᠶᠢᠮᠤ᠃ ᠡᠩ ᠲᠡᠷᠢᠭᠦᠨ ᠳᠤ ︽ᠲᠤᠭ᠎ᠠ ᠪᠠᠷ︾ ᠭᠠᠶᠢᠯᠢ ᠶᠢᠨ ᠡᠷᠬᠡ ᠶᠢ ᠵᠠᠰᠠᠬᠤ ᠭᠠᠶᠢᠯᠢ ᠶᠢᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠲᠠᠰ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠭᠠᠶᠢᠯᠢ ᠶᠢᠨ ᠶᠠᠪᠤᠳᠠᠯ ᠤᠨ ᠲᠠᠪᠴᠠᠩ ᠯᠤᠭ᠎ᠠ ᠬᠤᠯᠪᠣᠭᠠᠯᠠᠨ ᠬᠥᠳᠡᠯᠦᠯᠴᠡᠵᠦ᠂ 500 ᠭᠠᠷᠤᠶ ᠲᠤᠭ᠎ᠠ ᠪᠠᠷᠢᠮᠲᠠ ᠶᠢᠨ ᠮᠡᠳᠡᠭᠦᠯᠦᠯᠲᠡ ᠶᠢᠨ ᠬᠦᠰᠦᠨᠦᠭᠲᠦ᠂ 200 ᠭᠠᠷᠤᠶ ᠲᠦᠮᠡᠨ ᠵᠤᠷᠪᠤᠰ ᠢ ᠣᠷᠣᠨ ᠤ ᠲᠣᠪᠴᠢᠶ᠎ᠠ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠬᠥᠮᠥᠷᠭᠡ ᠳᠤ ᠨᠢᠭᠡᠳᠦᠯᠲᠡᠶ ᠴᠤᠭᠯᠠᠭᠤᠯᠪᠠ︔ ᠨᠠᠢᠮᠠᠨ ᠶᠡᠭᠡ ᠠᠵᠢᠯ ᠲᠥᠷᠥᠯ ᠤᠨ ᠪᠦᠷᠢᠨ ᠠᠦ᠋ᠲ᠋ᠣᠴᠢᠯᠠᠭᠰᠠᠨ ᠲᠦᠭᠰᠢᠭᠦᠷᠢ ᠶᠢ ᠰᠢᠷᠪᠢᠬᠦ ᠣᠶᠤᠨᠴᠢ ᠵᠠᠭᠪᠤᠷ ᠢ ᠪᠠᠶᠢᠭᠤᠯᠵᠤ᠂ 427 ᠬᠦᠢᠴᠡᠳᠬᠡᠯ ᠲᠤᠭ᠎ᠠ ᠶᠢ ᠨᠠᠶᠢᠷᠠᠭᠤᠯᠤᠨ ᠪᠢᠴᠢᠵᠦ᠂ 2.18 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠢᠷᠡᠯᠲᠡ ᠶᠢ ᠠᠭᠤᠳᠠᠯᠵᠤ᠂ 1.93 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠮᠥᠩᠭᠦ ᠵᠢᠴᠢ 1.93 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠬᠤ ᠬᠢᠨᠠᠨ ᠵᠥᠪᠰᠢᠶᠡᠷᠡᠬᠦ ᠵᠦᠢᠯᠡᠰ ᠢ ᠨᠡᠭᠡᠭᠡᠨ ᠬᠥᠭᠵᠢᠭᠦᠯᠵᠦ᠂ ᠭᠠᠶᠢᠯᠢ ᠳᠤ ᠬᠤᠯᠪᠣᠭᠳᠠᠬᠤ ᠵᠦᠢᠯᠡᠰ ᠢ ᠰᠢᠢᠳᠪᠦᠷᠢᠯᠡᠵᠦ ᠳᠠᠭᠤᠰᠬᠠᠬᠤ ᠪᠥᠬᠦ ᠶᠠᠪᠤᠴᠠ ᠶᠢ ᠮᠥᠷᠳᠡᠨ ᠬᠢᠨᠠᠨ ᠬᠠᠮᠢᠶᠠᠷᠪᠠ︔ ︽ᠲᠣᠮᠣ ᠳ᠋ᠠᠶᠢᠲ᠋ᠠ ᠶᠢᠨ ᠪᠤᠳᠤᠬᠤ ᠠᠷᠭ᠎ᠠ ᠶᠢᠨ ᠵᠠᠭᠪᠤᠷ︾ ᠢ ᠲᠥᠯᠥᠪᠯᠡᠨ ᠨᠡᠭᠡᠭᠡᠨ ᠬᠥᠭᠵᠢᠭᠦᠯᠵᠦ᠂ ᠭᠦᠢᠴᠡᠳᠬᠡᠯ ᠲᠤᠭ᠎ᠠ ᠶᠢᠨ ᠵᠠᠭᠠᠭ ᠱᠤᠭᠤᠮ ᠢ ᠲᠣᠭᠲᠠᠭᠠᠬᠤ ᠪᠠ ᠭᠠᠶᠢᠯᠢ ᠲᠤᠰᠢᠶᠠᠭᠴᠢ ᠶᠢᠨ ᠲᠦᠭᠰᠢᠭᠦᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠣᠨᠣᠪᠴᠢᠲᠤ ᠴᠢᠨᠠᠷ ᠢ ᠳᠡᠭᠡᠭᠰᠢᠯᠡᠭᠦᠯᠪᠡ᠃      ᠪᠢᠳᠡ ᠪᠠᠰᠠ ︽ᠭᠡᠷ ᠪᠠᠶᠢᠰᠢᠩ ᠭᠠᠵᠠᠷ ᠬᠥᠷᠥᠩᠭᠡ︾ ᠶᠢᠨ ᠬᠤᠯᠪᠣᠭᠠᠯᠠᠨ ᠴᠡᠭᠴᠡᠯᠡᠨ ᠵᠠᠰᠠᠬᠤ ᠲᠤᠰᠬᠠᠶ ᠠᠩᠭᠢ ᠪᠠᠶᠢᠭᠤᠯᠵᠤ᠂ ︽ᠦᠨᠡᠮᠯᠡᠯ ᠠᠪᠬᠤ ᠳᠤ ᠬᠦᠴᠢᠷ ᠠᠰᠠᠭᠤᠳᠠᠯ︾ ᠢ ᠬᠠᠮᠵᠢᠯᠴᠠᠨ ᠰᠢᠢᠳᠪᠦᠷᠢᠯᠡᠵᠦ᠂ ᠲᠣᠮᠣ ᠳ᠋ᠠᠶᠢᠲ᠋ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ ᠪᠠᠶᠢᠭᠠᠳ ᠦᠯᠦ ᠬᠥᠳᠡᠯᠬᠦ ᠬᠥᠷᠥᠩᠭᠡ ᠶᠢᠨ ᠠᠷᠠᠯᠵᠢᠶᠠᠨ ᠤ ᠭᠠᠶᠢᠯᠢ ᠳᠤ ᠬᠤᠯᠪᠣᠭᠳᠠᠭᠰᠠᠨ ᠲᠤᠭ᠎ᠠ ᠪᠠᠷᠢᠮᠲᠠ ᠶᠢᠨ ︽ᠨᠢᠭᠡ ᠭᠡᠷ ᠮᠠᠶ᠋ᠢᠭ︾ ᠤᠨ ᠴᠤᠭᠯᠠᠷᠠᠯ ᠢ ᠠᠬᠢᠭᠤᠯᠪᠠ᠃ ᠬᠡᠶᠢᠰᠪᠦᠷᠢ ᠵᠣᠭᠤᠰ ᠤᠨ ︽ᠠᠭᠤᠷᠬᠠᠶ ᠮᠠᠯᠲᠠᠬᠤ︾ ᠠᠵᠢᠯ ᠲᠥᠷᠥᠯ ᠤᠨ ᠪᠠᠶᠢᠴᠠᠭᠠᠯᠲᠠ᠂ ᠭᠠᠶᠢᠯᠢ ᠳᠤ ᠬᠤᠯᠪᠣᠭᠳᠠᠬᠤ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠪᠠᠶᠢᠴᠠᠭᠠᠯᠲᠠ ᠵᠡᠷᠭᠡ ᠲᠤᠰᠬᠠᠶ ᠵᠦᠢᠯ ᠤᠨ ᠠᠵᠢᠯ ᠢ ᠥᠷᠨᠢᠭᠦᠯᠦᠨ᠎ᠡ᠃ ᠨᠥᠬᠦᠨ ᠣᠯᠭᠤᠭᠰᠠᠨ  ᠭᠠᠶᠢᠯᠢ ᠶᠢᠨ ᠵᠣᠭᠤᠰ᠂ ᠲᠣᠷᠭᠠᠭᠤᠯᠢ ᠶᠢᠨ ᠵᠣᠭᠤᠰ ᠪᠠ ᠤᠳᠠᠭᠠᠰᠢᠷᠠᠭᠤᠯᠤᠨ ᠲᠤᠰᠢᠶᠠᠭᠰᠠᠨ ᠵᠣᠭᠤᠰ ᠨᠡᠢᠲᠡ 835.95 ᠲᠦᠮᠡᠨ ᠲᠥᠭᠦᠷᠢᠭ ᠢ ᠪᠠᠢᠴᠠᠭᠠᠨ ᠦᠵᠡᠪᠡ᠃      ᠡᠭᠦᠨ ᠤ ᠬᠠᠮᠲᠤ᠂ ᠪᠢᠳᠡ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠮᠵᠢ ᠳᠣᠤᠷ᠎ᠠ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ ᠭᠤᠷᠪᠠᠨ ᠰᠠᠯᠠᠭ᠎ᠠ ᠮᠥᠴᠢᠷ ᠤᠨ ᠭᠠᠶᠢᠯᠢ ᠰᠦᠢᠳᠬᠡᠯ ᠲᠠᠲᠠᠪᠤᠷᠢᠯᠠᠨ ᠲᠤᠰᠢᠶᠠᠬᠤ ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠶᠢᠯᠢ ᠶᠢᠨ ᠴᠠᠭᠳᠠᠭ᠎ᠠ ᠶᠢᠨ ᠬᠠᠮᠲᠤᠷᠠᠨ ᠬᠡᠷᠡᠭ ᠰᠢᠢᠳᠪᠦᠷᠢᠯᠡᠬᠦ ᠵᠢᠯᠣᠭᠤᠳᠬᠤ ᠲᠥᠪ ᠢ ᠪᠠᠶᠢᠭᠤᠯᠵᠤ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠳ ᠭᠠᠶᠢᠯᠢ ᠬᠥᠩᠭᠡᠯᠡᠵᠦ ᠰᠦᠢᠳᠬᠡᠯ ᠪᠤᠴᠠᠭᠠᠵᠤ ᠭᠠᠶᠢᠯᠢ ᠪᠤᠴᠠᠭᠠᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠭᠠᠶᠢᠯᠢ ᠶᠢᠨ ᠶᠠᠪᠤᠳᠠᠯ᠂ ᠪᠣᠷᠣᠲᠣᠬᠤᠶ ᠲᠠᠷᠢᠶᠠᠯᠠᠩ ᠤᠨ ᠬᠤᠳᠠᠯᠳᠤᠭᠠᠨ ᠤ ᠪᠠᠩᠬᠢ ᠬᠠᠮᠲᠤᠷᠠᠨ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠲᠣᠭᠲᠠᠴᠠ ᠵᠡᠷᠭᠡ ᠶᠢ ᠭᠠᠷᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠨᠠᠩ ᠨᠢᠭᠲᠠ᠂ ᠵᠢᠷᠤᠮᠵᠢᠯ ᠲᠠᠢ᠂ ᠲᠤᠭ᠎ᠠ ᠪᠠᠷᠢᠮᠲᠠ ᠶᠢᠨ ᠰᠣᠯᠢᠯᠴᠠᠭ᠎ᠠ ᠨᠠᠩ ᠰᠠᠭᠠᠳ ᠥᠬᠡᠶ ᠨᠡᠪᠲᠡᠷᠡᠵᠦ᠂ ᠥᠨᠳᠥᠷ ᠪᠦᠲᠦᠮᠵᠢᠲᠡᠶ ᠪᠤᠯᠪᠠ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠶᠢ ᠨᠢᠭᠡᠨᠲᠡ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠤᠳᠤᠬᠤ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠪᠠᠩᠬᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠲᠤ ᠬᠡᠷᠡᠭᠯᠡᠵᠦ᠂ 216 ᠲᠦᠮᠡᠨ ᠵᠤᠷᠪᠤᠰ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠲᠤᠭ᠎ᠠ ᠪᠠᠷᠢᠮᠲᠠ ᠶᠢᠨ ᠬᠡᠷᠡᠭᠯᠡᠯᠲᠡ ᠨᠢ ᠴᠤ ᠲᠠᠩ ᠴᠢᠭᠯᠡᠯ ᠢᠶᠠᠷ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠵᠤ᠂ ᠨᠡᠶᠢᠭᠡᠮ ᠤᠨ ᠠᠮᠢ ᠠᠬᠤᠶ ᠶᠢᠨ ᠵᠠᠰᠠᠯᠲᠠ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠵᠡᠷᠭᠡ ᠬᠦᠷᠢᠶ᠎ᠡ ᠬᠡᠪᠴᠢᠶᠡᠨ ᠳᠤ ᠬᠦᠷᠲᠡᠯ᠎ᠡ ᠥᠷᠭᠡᠳᠬᠡᠵᠦ᠂ ᠣᠷᠣᠯᠴᠠᠬᠤ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡ᠃      ᠬᠥᠲᠥᠯᠥᠭᠴᠢ᠄ ᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠠᠯᠢ ᠣᠯᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠷᠠᠳ ᠲᠤ ᠲᠥᠬᠦᠮ ᠦᠵᠡᠭᠦᠯᠬᠦ‍ ᠨᠢᠭᠡ  ᠵᠦᠢᠯ  ᠤᠨ  ᠦᠢᠯᠡᠴᠢᠯᠡᠭᠡᠨ  ᠤ  ᠠᠷᠭ᠎ᠠ  ᠬᠡᠮᠵᠢᠶ᠎ᠡ  ᠶᠢᠨ  ᠨᠡᠶᠢᠲᠡᠯᠡᠭᠳᠡᠭᠰᠡᠨ  ᠢ  ᠪᠢ  ᠰᠡᠷᠡᠵᠦ  ᠮᠡᠳᠡᠪᠡ᠂ ᠦᠨᠡᠨ ᠪᠣᠳᠠᠲᠠᠶ ᠠᠯᠲᠠ ᠮᠥᠩᠭᠦ ᠪᠠᠷ ᠭᠠᠶᠢᠯᠢ ᠲᠤᠰᠢᠶᠠᠭᠴᠢ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠡᠵᠦ᠂ ᠠᠷᠠᠳ ᠣᠯᠠᠨ ᠳᠤ ᠦᠨᠡᠨ ᠪᠣᠳᠠᠲᠠᠶ ᠪᠣᠳᠠᠲᠠᠶ ᠶᠠᠪᠤᠳᠠᠯ ᠰᠠᠶᠢᠨ ᠶᠠᠪᠤᠳᠠᠯ ᠬᠢᠵᠦ ᠥᠭᠴᠡᠶ᠃ ᠳᠣᠣᠷ᠎ᠠ ᠪᠢᠳᠡ ᠣᠯᠠᠨ ᠲᠦᠮᠡᠨ ᠤ ᠶᠠᠮᠠᠷ ᠬᠦᠰᠡᠯ  ᠡᠷᠡᠮᠡᠯᠵᠡᠯᠡᠯ ᠪᠠ ᠬᠦᠰᠡᠯ ᠱᠠᠭᠠᠷᠳᠠᠯᠭ᠎ᠠ ᠶᠢ ᠰᠣᠨᠣᠰᠴᠠᠭᠠᠶ᠎ᠠ᠃      ᠬᠤᠲᠠ ᠶᠢᠨ ᠠᠷᠠᠳ᠄ ᠪᠢ ᠪᠣᠯ ᠨᠢᠭᠡᠨ ᠵᠢᠵᠢᠭ ᠪᠢᠴᠢᠯ ᠠᠵᠤ ᠠᠬᠤᠶᠢᠯᠠᠯ ᠤᠨ ᠠᠵᠤ ᠠᠬᠤᠶᠢᠯᠠᠯ ᠤᠨ ᠡᠵᠡᠨ ᠮᠥᠨ᠂ ᠲᠦᠷᠦᠭᠦᠤ ᠬᠤᠶᠠᠷ ᠵᠢᠯ ᠳᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠡᠵᠡᠩᠨᠡᠯᠲᠡ ᠶᠢᠨ ᠲᠠᠯ᠎ᠠ ᠪᠠᠷ ᠦᠨᠡᠬᠡᠷ ᠴᠥᠭᠡᠨ ᠪᠤᠰᠤ ᠬᠦᠴᠢᠷᠳᠡᠯ ᠲᠤᠯᠭᠠᠷᠠᠵᠤ᠂ ᠪᠢᠳᠡᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠬᠢᠵᠢᠭ ᠤᠨ ᠪᠠᠶᠢᠳᠠᠯ ᠰᠠᠶᠢᠵᠢᠷᠠᠭᠰᠠᠨ ᠠᠴᠠ ᠪᠣᠯᠵᠣ᠂ ᠠᠵᠤ ᠠᠬᠤᠶᠢᠯᠠᠯ ᠤᠨ ᠡᠯ᠎ᠡ ᠲᠠᠯ᠎ᠠ ᠪᠠᠷ ᠴᠥᠮ ᠰᠡᠷᠭᠦᠵᠦ ᠪᠠᠶᠢᠨ᠎ᠠ᠂ ᠪᠢ ᠠᠰᠠᠭᠤᠵᠤ ᠦᠵᠡᠶ᠎ᠡ᠂ ᠲᠠᠷᠠᠭᠠᠴᠢ ᠶᠢᠨ ᠠᠯᠬᠤᠮ ᠳᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠶᠢᠨ᠎ᠠ ᠤᠤ︖      ᠬᠤᠲᠠ ᠶᠢᠨ ᠠᠷᠠᠳ᠄ ᠣᠳᠣ ᠮᠠᠨ ᠤ ᠭᠠᠶᠢᠯᠢ ᠶᠢᠨ ᠰᠦᠢᠳᠬᠡᠯ ᠲᠤᠰᠢᠶᠠᠬᠤ ᠠᠵᠢᠯ ᠦᠨᠡᠬᠡᠷ ᠶᠠᠪᠤᠬᠤ ᠳᠣᠲᠤᠮ ᠳᠥᠭᠦᠮ ᠪᠣᠯᠵᠤ᠂ ᠨᠢᠭᠡ ᠤᠳᠠᠭ᠎ᠠ ᠬᠦᠶᠦᠪᠡᠯ ᠦᠨᠳᠦᠰᠦᠨ ᠳᠡᠭᠡᠨ ᠪᠦᠷ ᠰᠢᠢᠳᠪᠦᠷᠢᠯᠡᠵᠦ ᠳᠡᠶᠢᠯᠦᠨ᠎ᠡ᠂ ᠪᠢᠳᠡ ᠭᠠᠷ ᠤᠲᠠᠰᠤᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠪᠦᠷ ᠬᠢᠵᠦ ᠳᠡᠶᠢᠯᠬᠦ ᠡᠰᠡᠬᠦ ᠂ ᠴᠣᠩᠬᠤ  ᠳᠤ  ᠭᠦᠶᠦᠬᠦ ᠦᠭᠡᠢ  ᠪᠣᠯᠣᠨ᠎ᠠ  ᠤᠤ ᠭᠡᠳᠡᠭ  ᠢ  ᠠᠰᠠᠭᠤᠶ᠎ᠠ       ᠬᠦᠨᠲᠦᠲᠦ ᠵᠤᠴᠢᠨ᠄ ᠪᠢ ᠠᠩᠬᠠᠨ ᠤ ᠠᠰᠠᠭᠤᠯᠲᠠ ᠶᠢ ᠬᠠᠷᠢᠭᠤᠯᠤᠶ᠎ᠠ᠃ ᠡᠨᠡ ᠵᠢᠯ᠂ ᠪᠢᠳᠡ ᠪᠠᠰᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠬᠢᠨᠠᠨ ᠬᠡᠮᠵᠢᠵᠦ᠂ ᠭᠡᠯᠳᠦᠷᠢᠭᠦᠯᠬᠦ ᠶᠣᠰᠣᠲᠠᠢ ᠶᠢ ᠨᠢ ᠬᠡᠯᠲᠦᠷᠢᠭᠦᠯᠬᠦ᠂ ᠬᠠᠰᠤᠬᠤ ᠶᠣᠰᠣᠲᠠᠢ ᠶᠢ ᠨᠢ ᠣᠷᠣᠨ ᠪᠠᠶᠢᠷᠢ ᠳᠤ ᠬᠦᠷᠭᠡᠬᠦ᠂ ᠪᠠᠭᠤᠷᠠᠭᠤᠯᠬᠤ ᠶᠣᠰᠣᠲᠠᠢ ᠶᠢ ᠨᠢ ᠣᠷᠣᠨ ᠪᠠᠶᠢᠷᠢ ᠳᠤ ᠬᠦᠷᠭᠡᠬᠦ᠂ ᠬᠤᠶᠢᠰᠢᠯᠠᠭᠤᠯᠬᠤ ᠶᠣᠰᠣᠲᠠᠢ ᠶᠢ ᠨᠢ ᠤᠳᠠᠭᠠᠰᠢᠷᠠᠭᠤᠯᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠢ ᠲᠤᠭᠤᠯᠬᠤ ᠳᠤ ᠬᠦᠴᠦᠨ ᠨᠡᠮᠡᠷᠢᠯᠡᠪᠡ᠃      ᠬᠤᠶᠠᠳᠤᠭᠠᠷ ᠠᠰᠠᠭᠤᠳᠠᠯ᠂ ᠰᠢᠨ᠎ᠡ ᠨᠢᠭᠡ ᠵᠢᠯ ᠳᠤ᠂ ᠪᠢᠳᠡ ᠤᠶᠤᠨᠲᠤ ᠭᠠᠶᠢᠯᠢ ᠶᠢᠨ ᠶᠠᠪᠤᠳᠠᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠ ᠶᠡᠷᠦᠩᠬᠡᠶᠢᠯᠡᠨ ᠵᠠᠰᠠᠬᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠠᠭᠤᠷᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠨᠠᠩ ᠥᠨᠳᠥᠷ ᠪᠦᠲᠦᠮᠵᠢᠲᠡᠶ ᠬᠡᠷᠡᠭᠯᠡᠭᠡᠨ ᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠵᠣᠬᠢᠶᠠᠮᠠᠯ ᠣᠶᠤᠨᠴᠢ ᠮᠡᠷᠭᠡᠵᠢᠯ᠂ ᠲᠣᠮᠣ ᠳ᠋ᠠᠶᠢᠲ᠋ᠠ ᠶᠢᠨ ᠵᠠᠳᠠᠯᠤᠯᠲᠠ᠂ ᠬᠡᠰᠡᠭᠵᠢᠭᠰᠡᠨ ᠬᠡᠯᠬᠢᠶᠡᠵᠢᠯ ᠤᠨ ᠮᠡᠷᠭᠡᠵᠢᠯ ᠢ ᠬᠥᠭᠵᠢᠭᠦᠯᠬᠦ ᠪᠠᠷ ᠳᠠᠮᠵᠢᠭᠤᠯᠤᠨ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃      ᠡᠭᠦᠨ ᠤ ᠬᠠᠮᠲᠤ᠂ ᠪᠠᠰᠠ ᠭᠠᠶᠢᠯᠢ ᠰᠦᠢᠳᠬᠡᠯ ᠤᠨ ᠦᠢᠯᠡᠴᠢᠯᠡᠭᠡᠨ ᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠳᠤ ᠬᠤᠯᠪᠣᠭᠳᠠᠬᠤ ᠵᠦᠢᠯᠡᠰ ᠢ ᠭᠦᠢᠴᠡᠳᠬᠡᠬᠦ ᠶᠠᠪᠤᠴᠠ ᠶᠢ ᠬᠦᠴᠦᠯᠡᠨ ᠳᠥᠭᠦᠮᠴᠢᠯᠡᠵᠦ᠂ ᠭᠠᠶᠢᠯᠢ ᠳᠤ ᠬᠤᠯᠪᠣᠭᠳᠠᠬᠤ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢ ᠴᠣᠮᠬᠠᠳᠬᠠᠵᠤ᠂ ᠭᠡᠷᠡᠴᠢ ᠪᠠᠷᠢᠮᠲᠠ ᠶᠢ ᠳᠥᠭᠦᠮᠴᠢᠯᠡᠬᠦ ᠶᠢ ᠳᠥᠭᠦᠮᠴᠢᠯᠡᠵᠦ᠂  ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ  ᠶᠢᠨ  ᠬᠡᠷᠡᠭᠯᠡᠯᠲᠡ  ᠶᠢ  ᠶᠡᠭᠡ  ᠪᠠᠷ  ᠬᠡᠷᠡᠭᠵᠢᠭᠦᠯᠵᠦ  ᠂  ᠭᠠᠶᠢᠯᠢ  ᠲᠤᠰᠢᠶᠠᠭᠴᠢ ᠂ ᠰᠦᠢᠳᠬᠡᠯ ᠲᠤᠰᠢᠶᠠᠭᠴᠢ ᠶᠢ ᠭᠡᠷ ᠠᠴᠠ ᠪᠠᠨ ᠭᠠᠷᠬᠤ ᠦᠭᠡᠢ ᠪᠠᠷ ︽ᠨᠢᠭᠡ ᠯᠡ ᠰᠦᠯᠵᠢᠶ᠎ᠡ ᠪᠠᠷ ᠭᠦᠢᠴᠡᠳᠬᠡᠬᠦ︾ ᠪᠣᠯᠭᠠᠬᠤ ᠬᠡᠷᠡᠭᠲᠡᠢ᠃ ᠭᠠᠶᠢᠯᠢ ᠲᠤᠰᠢᠶᠠᠵᠤ ᠳᠤᠲᠠᠭᠤ ᠶᠢ ᠪᠠᠭᠲᠠᠭᠠᠬᠤ ᠳᠦᠷᠢᠮ᠂ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠳᠤ ᠪᠤᠷᠤᠭᠤ ᠶᠢ ᠵᠠᠯᠠᠷᠠᠭᠤᠯᠬᠤ ᠳᠦᠷᠢᠮ ᠪᠠ ᠭᠠᠶᠢᠯᠢ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠤᠨ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠬᠤ ᠳᠦᠷᠢᠮ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠭᠠᠶᠢᠯᠢ ᠲᠤᠰᠢᠶᠠᠭᠴᠢ ᠳᠤ ᠰᠠᠨᠠᠭᠠᠴᠢᠯᠠᠭ᠎ᠠ ᠠᠴᠠ ᠪᠠᠨ ᠭᠠᠶᠢᠯᠢ ᠲᠤᠰᠢᠶᠠᠬᠤ ᠥᠪᠡᠷᠮᠢᠴᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠠᠩᠭᠠᠵᠤ᠂ ᠭᠠᠶᠢᠯᠢ ᠲᠤᠰᠢᠶᠠᠬᠤ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠥᠲᠥᠯᠥᠭᠴᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ  ︽ ᠭᠠᠶᠢᠯᠢ  ᠶᠢᠨ  ᠳᠦᠷᠢᠮ  ᠤᠨ  ᠪᠦᠲᠦᠴᠡ  ᠶᠢ  ᠰᠢᠯᠢᠳᠡᠭᠵᠢᠭᠦᠯᠬᠦ  ︾  ᠶᠢ  ᠳᠤᠷᠠᠳᠪᠠ᠂ ᠲᠡᠭᠡᠪᠡᠯ ᠪᠣᠳᠠᠲᠠᠢ ᠮᠠᠨ ᠤ ᠪᠠᠶᠠᠨᠨᠠᠭᠤᠷ ᠲᠤ ᠬᠦᠷᠪᠡᠯ᠂ ᠪᠢᠳᠡ ᠶᠠᠮᠠᠷ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠪᠠᠶᠢᠬᠤ ᠪᠣᠢ︖      ᠬᠦᠨᠳᠦᠲᠦ ᠵᠣᠴᠢᠨ᠄  ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠳᠤ ᠣᠳᠣᠬᠢᠴᠢᠯᠠᠭᠰᠠᠨ  ᠭᠠᠶᠢᠯᠢ ᠶᠢᠨ ᠳᠦᠷᠢᠮ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠪᠢᠳᠡ ᠪᠣᠬᠢᠷᠲᠤᠯ ᠥᠬᠡᠶ ᠭᠠᠶᠢᠯᠢ ᠲᠠᠲᠠᠪᠤᠷᠢ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠶᠢᠯᠢ ᠶᠢᠨ ᠲᠦᠷᠢᠮ ᠤᠨ ᠥᠭᠡᠷᠡᠴᠢᠯᠡᠯᠲᠡ ᠶᠢ ᠴᠢᠨᠠᠷ ᠰᠠᠶᠢᠲᠠᠶ ᠲᠤᠭᠤᠰᠢᠯᠠᠭᠤᠯᠵᠤ᠂ ᠬᠤᠪᠢ ᠬᠥᠮᠦᠨ ᠤ ᠭᠠᠶᠢᠯᠢ ᠶᠢᠨ ᠥᠭᠡᠷᠡᠴᠢᠯᠡᠯᠲᠡ ᠶᠢ ᠢᠳᠡᠪᠬᠢᠲᠡᠶ ᠰᠠᠶᠢᠲᠤᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠡᠬᠢ ᠪᠠᠶᠠᠯᠢᠭ ᠤᠨ ᠭᠠᠶᠢᠯᠢ ᠵᠡᠷᠭᠡ ᠪᠣᠬᠢᠷᠲᠤᠯ ᠥᠬᠡᠶ ᠭᠠᠶᠢᠯᠢ ᠶᠢᠨ ᠲᠦᠷᠢᠮ ᠢ ᠰᠠᠶᠢᠲᠤᠷ ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠥᠪ ᠴᠢᠭᠯᠡᠯ ᠢᠶᠠᠷ ᠤᠷᠮᠠᠰᠢᠭᠤᠯᠬᠤ ᠪᠠ ︽ᠢᠯᠡᠭᠦᠤ ᠭᠠᠳᠠᠭᠰᠢᠯᠠᠭᠤᠯᠵᠤ ᠢᠯᠡᠭᠦᠤ ᠲᠤᠰᠢᠶᠠᠬᠤ᠂ ᠲᠤᠲᠠᠭᠤ ᠭᠠᠳᠠᠭᠰᠢᠯᠠᠭᠤᠯᠵᠤ ᠳᠤᠲᠠᠭᠤ ᠲᠤᠰᠢᠶᠠᠬᠤ︾ ᠡᠰᠡᠷᠭᠦ ᠴᠢᠭᠯᠡᠯ ᠢᠶᠠᠷ ᠬᠢᠵᠠᠭᠠᠷᠯᠠᠬᠤ ᠲᠣᠭᠲᠠᠴᠠ ᠶᠢ ᠢᠳᠡᠪᠬᠢᠲᠡᠶ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠣᠨᠣᠯᠵᠢᠬᠤᠨ ᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠥᠬᠡᠶ ᠬᠤᠪᠢᠷᠠᠭᠤᠯᠬᠤ ᠶᠢ ᠲᠦᠷᠭᠡᠳᠬᠡᠵᠦ᠂ ᠬᠥᠬᠡᠮᠳᠦᠭ ᠨᠣᠭᠤᠭᠠᠨ ᠠᠭᠤᠯᠠ ᠤᠰᠤ᠂ ᠬᠥᠬᠡᠮᠳᠦᠭ ᠨᠣᠭᠤᠭᠠᠨ ᠤᠷᠳᠤ᠂ ᠠᠭᠤᠷ ᠠᠮᠢᠰᠬᠤᠯ ᠪᠠᠶᠢᠩᠭᠤ ᠰᠢᠨ᠎ᠡ ᠪᠠᠶᠠᠨᠨᠠᠭᠤᠷ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃      ᠬᠥᠲᠥᠯᠦᠭᠴᠢ᠄ ᠬᠤᠶᠠᠷ ᠬᠥᠮᠦᠨ ᠤ ᠬᠦᠷᠴᠦ ᠢᠷᠡᠭᠰᠡᠨ ᠳᠤ ᠲᠠᠯᠠᠷᠬᠠᠵᠤ ᠪᠠᠢᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠠᠲᠠᠪᠤᠷᠢ ᠶᠢᠨ ᠰᠠᠭᠤᠷᠢ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ᠂ ᠪᠠᠲᠤᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ ᠠᠮᠵᠢᠯᠲᠠ ᠪᠦᠲᠦᠮᠵᠢ ᠣᠯᠵᠤ᠂ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠬᠢᠯᠡᠭᠦᠯᠬᠦ ᠳᠤ ᠭᠠᠶᠢᠯᠢ ᠶᠢᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠪᠡ᠃      ᠬᠦᠨᠳᠦᠲᠦ ᠵᠣᠴᠢᠨ᠄ ᠬᠦᠲᠦᠯᠦᠭᠴᠢ ᠳᠤ ᠪᠠᠶᠠᠷᠯᠠᠯ᠎ᠠ᠂ ᠪᠠᠰᠠ ᠦᠵᠡᠭᠴᠢᠳ ᠨᠠᠶᠢᠵᠠ ᠨᠠᠷ ᠤᠨ ᠮᠠᠨ ᠢ ᠲᠡᠮᠵᠢᠭᠰᠡᠨ ᠳᠤ ᠲᠠᠯᠠᠷᠬᠠᠵᠤ ᠪᠠᠶᠢᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ