ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2023/4/13
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ  ᠤᠨ ᠨᠡᠭᠡᠭᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ  ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ  ᠲᠣᠭᠤᠷᠢᠭ ᠤᠨ ᠬᠠᠮᠢᠶᠠᠷᠤᠯᠲᠠ ᠶᠢᠨ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                             ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                               2023 ᠣᠨ ᠤ 1 ᠰᠠᠷ᠎ᠠ ᠶᠢᠨ 18 ᠤ ᠡᠳᠦᠷ                                ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶                   ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ      ᠨᠢᠭᠡᠳᠦᠭᠡᠷ ᠪᠦᠯᠦᠭ ᠵᠡᠷᠦᠩᠬᠡᠶ ᠲᠦᠷᠢᠮ      ᠨᠢᠭᠡᠳᠦᠭᠡᠷ ᠵᠦᠢᠯ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ  ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠠᠬᠢ ᠬᠠᠷᠢᠶ᠎ᠠ ᠪᠥᠬᠦᠶ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠳᠤ ᠲᠣᠰ ᠠᠷᠭ᠎ᠠ ᠶᠢ ᠬᠡᠷᠡᠭᠵᠢᠭᠦᠯᠵᠦ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ  ᠦᠢᠯᠡᠰ ᠤᠨ ᠨᠢᠭᠡᠴᠡ ᠳᠤ ᠲᠣᠰ ᠠᠷᠭ᠎ᠠ ᠳᠣᠭᠢᠷᠠᠬᠤ ᠥᠬᠡᠶ᠃      ᠭᠤᠷᠪᠠᠳᠤᠭᠠᠷ ᠵᠦᠢᠯ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠥᠨᠳᠥᠷ ᠬᠢᠷᠢ ᠲᠦᠪᠰᠢᠨ ᠪᠦᠬᠦᠢ ᠠᠮᠢ ᠠᠬᠤᠶ ᠶᠢᠨ ᠬᠠᠮᠠᠭᠠᠯᠠᠯᠲᠠ ᠶᠢᠨ ᠲᠣᠭᠤᠷᠢᠨ ᠳᠤ ᠰᠢᠨ᠎ᠡ ᠦᠷ᠎ᠡ ᠪᠦᠲᠦᠮᠵᠢ ᠣᠯᠵᠤ᠂  ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠰᠢᠨ᠎ᠡ ᠳᠠᠪᠠᠭᠤᠯᠢᠭ ᠢ ᠡᠭᠦᠳᠴᠦ᠂ ᠴᠢᠨᠠᠷ ᠰᠠᠶᠢᠲᠠᠢ ᠠᠷᠠᠳ ᠤᠨ ᠠᠮᠢᠳᠤᠷᠠᠯ ᠰᠢᠨ᠎ᠡ ᠲᠦᠪᠰᠢᠨ ᠳᠤ ᠬᠦᠷᠴᠦ᠂ ᠥᠨᠳᠥᠷ ᠦᠷ᠎ᠡ ᠪᠦᠲᠦᠮᠵᠢ ᠲᠠᠢ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠲᠡᠮᠡᠴᠡᠯ ᠤᠨ ᠬᠠᠷᠠᠯᠲᠠ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ  ᠵᠢᠱᠢᠶ᠎ᠡ ᠦᠵᠡᠭᠦᠯᠬᠦ ᠣᠷᠣᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠤᠷᠢᠳᠠᠪᠠᠷ ᠬᠡᠷᠡᠭᠵᠢᠭᠦᠯᠬᠦ ᠣᠷᠣᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠠᠷᠢᠭᠤᠨ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ︽ᠬᠤᠶᠠᠷ ᠰᠠᠭᠤᠷᠢᠨ ᠭᠠᠵᠠᠷ︾ ᠵᠢᠴᠢ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ︽ᠳᠥᠷᠪᠡᠨ  ᠰᠦᠷᠦᠭᠵᠢᠯ︾  ᠢ  ᠪᠠᠶᠢᠭᠤᠯᠬᠤ  ᠪᠠᠷ  ᠭᠤᠣᠯ  ᠰᠢᠪᠲᠤᠯᠬᠤ  ᠴᠢᠭᠯᠡᠯ  ᠪᠣᠯᠭᠠᠵᠤ᠂  ᠭᠤᠣᠯᠳᠠᠯᠭ᠎ᠠ  ᠲᠠᠢ  ᠠᠵᠤ  ᠦᠢᠯᠡᠰ᠂  ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠣᠷᠣᠭᠤᠯᠵᠤ ᠠᠪᠴᠢᠷᠠᠬᠤ ᠪᠠ ᠬᠥᠮᠦᠵᠢᠭᠦᠯᠬᠦ ᠶᠢ ᠵᠡᠷᠭᠡ ᠪᠠᠷ  ᠴᠢᠬᠤᠯᠠᠴᠢᠯᠠᠵᠤ᠂ ᠬᠠᠲᠠᠭᠤ ᠴᠢᠨᠠᠷᠲᠠᠶ ᠪᠠᠷ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠵᠥᠭᠡᠯᠡᠨ ᠴᠢᠨᠠᠷᠲᠠᠶ ᠪᠠᠷ ᠤᠶᠤᠨ ᠢ ᠣᠷᠣᠭᠤᠯᠵᠤ ᠠᠪᠴᠢᠷᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂  ᠨᠢᠭᠡᠴᠡ ᠡᠵᠡᠨ ᠮᠡᠳᠡᠬᠦ᠂ ᠬᠤᠪᠢ ᠬᠥᠮᠦᠨ ᠰᠠᠶᠢᠨ ᠳᠤᠷ᠎ᠠ ᠠᠴᠠ ᠪᠠᠨ ᠪᠠᠶᠢᠬᠤ᠂ ᠵᠠᠬ᠎ᠠ ᠳᠡᠯᠭᠡᠭᠦᠷ ᠠᠴᠠ ᠲᠣᠬᠢᠷᠠᠭᠤᠯᠤᠭᠰᠠᠨ ᠤᠯᠠᠨ ᠡᠰᠢᠲᠦ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠬᠥᠮᠦᠵᠢᠭᠦᠯᠬᠦ ᠲᠣᠭᠲᠠᠴᠠ ᠶᠢ ᠪᠤᠢ ᠪᠣᠯᠭᠠᠨ᠎ᠠ᠃      ᠳᠥᠷᠪᠡᠳᠦᠭᠡᠷ ᠵᠦᠢᠯ ᠮᠠᠨ ᠤ ᠬᠤᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠠᠵᠢᠯ ᠤᠨ ᠪᠠᠶᠢᠷᠢ ᠶᠢᠨ ᠬᠠᠷᠠᠭᠠᠯᠵᠠᠯ᠂ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ ᠳᠡᠮᠵᠢᠯᠭᠡ ᠦᠵᠡᠭᠦᠯᠦᠨ᠎ᠡ᠃      ᠬᠤᠲᠠ ᠶᠢᠨ ᠳᠣᠲᠣᠷᠠᠬᠢ ᠰᠢᠯᠢᠳᠡᠭ ᠴᠢᠳᠠᠪᠤᠷᠢᠲᠠᠨ ᠨᠢ ᠲᠣᠰ ᠠᠷᠭ᠎ᠠ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠪᠥᠭᠡᠳ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠡᠭᠦᠷᠭᠡᠯᠡᠵᠦ ᠪᠠᠶᠢᠭ᠎ᠠ ᠪᠤᠶᠤ ᠡᠷᠭᠢᠯᠡᠵᠦ ᠪᠠᠶᠢᠭ᠎ᠠ ᠪᠠᠶᠢᠪᠠᠯ᠂ ᠬᠥᠮᠦᠨ ᠬᠡᠷᠡᠭᠯᠡᠬᠦ ᠨᠢᠭᠡᠴᠡ ᠨᠢ ᠲᠣᠰ ᠠᠷᠭ᠎ᠠ ᠶᠢᠨ ᠳᠣᠲᠣᠷᠠᠬᠢ ᠠᠳᠠᠯᠢ ᠲᠥᠷᠥᠯ ᠤᠨ ᠴᠢᠳᠠᠪᠤᠷᠢᠲᠠᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠣᠬᠢᠴᠠᠩᠭᠤᠶ ᠤᠷᠮᠠᠰᠢᠭᠤᠯᠬᠤ ᠪᠠᠲᠤᠯᠠᠭ᠎ᠠ ᠶᠢᠨ ᠣᠯᠭᠤᠮᠵᠢ ᠶᠢ ᠨᠠᠶᠢᠳᠠᠪᠤᠷᠢᠵᠢᠭᠤᠯᠵᠤ ᠪᠣᠯᠤᠨ᠎ᠠ᠃      ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠳᠠᠪᠬᠤᠷᠳᠠᠭᠤᠯᠤᠨ ᠡᠳ᠋ᠯᠡᠬᠦ ᠦᠭᠡᠢ᠃      ᠲᠠᠪᠤᠳᠤᠭᠠᠷ ᠵᠦᠢᠯ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠢ ᠪᠠᠶᠢᠭᠤᠯᠵᠤ᠂ ᠪᠥᠬᠦ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠡᠳᠦᠷ ᠲᠤᠲᠤᠮ ᠤᠨ ᠬᠡᠷᠡᠭ ᠡᠷᠭᠢᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠴᠢᠬᠤᠯᠠ ᠶᠡᠭᠡ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠪᠣᠳᠠᠲᠠᠶ ᠪᠠᠷ ᠬᠡᠷᠡᠭᠵᠢᠭᠦᠯᠬᠦ᠂ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠰᠢᠪᠠᠳᠠᠨ ᠨᠠᠶᠢᠳᠠᠪᠤᠷᠢᠵᠢᠭᠤᠯᠬᠤ ᠵᠡᠷᠭᠡ ᠶᠢ ᠬᠠᠷᠢᠭᠤᠴᠠᠬᠤ ᠶᠢᠨ ᠬᠠᠮᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠵᠢᠯᠣᠭᠤᠳᠴᠤ᠂ ᠬᠥᠮᠦᠨ ᠬᠡᠷᠡᠭᠯᠡᠬᠦ ᠨᠢᠭᠡᠴᠡ ᠶᠢᠨ ᠣᠯᠠᠨ  ᠵᠦᠢᠯ ᠤᠨ ᠪᠦᠲᠦᠮᠵᠢᠲᠡᠶ ᠬᠡᠯᠪᠡᠷᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠨ᠎ᠡ᠃ ᠠᠯᠪᠠᠨ ᠭᠡᠷ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠤ ᠪᠠᠶᠢᠷᠢᠯᠠᠭᠤᠯᠤᠨ᠎ᠠ᠃      ᠬᠤᠶᠠᠳᠤᠭᠠᠷ ᠪᠦᠯᠦᠭ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠬᠡᠪᠴᠢᠶ᠎ᠡ      ᠵᠢᠷᠭᠤᠳᠤᠭᠠᠷ  ᠵᠦᠢᠯ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠦᠷᠢᠶ᠎ᠡ ᠬᠡᠪᠴᠢᠶ᠎ᠡ᠃      ᠨᠢᠭᠡᠳᠦᠭᠡᠷ ᠲᠦᠷᠦᠯ᠄      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ︵ᠭᠠᠳᠠᠭᠠᠳᠤ ᠶᠢᠨ ᠠᠺᠠᠳᠧᠮᠢᠴᠢ ᠪᠠᠭᠲᠠᠨ᠎ᠠ︶᠃      ᠬᠤᠶᠠᠳᠤᠭᠠᠷ ᠲᠦᠷᠦᠯ᠄      ︵ᠨᠢᠭᠡ︶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠰᠢᠯᠢᠨ ᠰᠣᠩᠭᠤᠬᠤ ᠬᠦᠴᠦᠨ ᠲᠠᠢ ᠵᠢᠱᠢᠭᠳᠡᠭᠰᠡᠳ᠃      ︵ᠬᠤᠶᠠᠷ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠪᠰᠢᠯᠳᠠ ᠶᠢᠨ ᠬᠤᠶᠠᠳᠤᠭᠠᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠱᠠᠩᠨᠠᠯ ᠬᠦᠷᠳᠡᠭᠰᠡᠳ᠃      ︵ᠭᠤᠷᠪᠠ︶ ︽ᠤᠯᠤᠰ ᠤᠨ ᠣᠨᠴᠠ ᠳᠡᠮᠵᠢᠯᠭᠡ ᠲᠠᠢ ᠲᠥᠯᠥᠪᠯᠡᠭᠡ︾ ᠶᠢᠨ ᠰᠢᠯᠭᠠᠷᠠᠭᠰᠠᠨ ᠴᠢᠳᠠᠪᠤᠷᠢᠲᠠᠨ᠂ ᠳᠠᠭᠠᠭᠤᠯᠤᠭᠴᠢ ᠴᠢᠳᠠᠪᠤᠷᠢᠲᠠᠨ ᠪᠠ ᠵᠠᠯᠠᠭᠤ ᠣᠷᠦ᠋ᠢᠯᠠᠭᠰᠠᠨ ᠴᠢᠳᠠᠪᠤᠷᠢᠲᠠᠨ︔ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠤ ᠪᠦᠲᠦᠭᠡᠯᠴᠢ ᠴᠢᠨᠠᠷᠲᠠᠶ ᠠᠮᠵᠢᠯᠲᠠ ᠪᠦᠲᠦᠮᠵᠢ ᠪᠠ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ᠂ ᠡᠷᠳᠡᠮ ᠰᠢᠨᠵᠢᠯᠡᠭᠡᠨ ᠤ ᠨᠡᠷ᠎ᠡ ᠬᠦᠨᠳᠦ ᠪᠠᠷ ᠥᠨᠳᠥᠷ ᠨᠢᠭᠡᠳᠦᠭᠡᠷ ᠳᠡᠰ ᠤᠨ  ᠫᠷᠣᠹᠧᠰᠰᠣᠷ ︵ᠨᠡᠷ᠎ᠡ ᠬᠦᠨᠳᠦᠲᠦ  ᠫᠷᠣᠹᠧᠰᠰᠣᠷ︶︔ ᠭᠠᠳᠠᠭᠠᠳᠤ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠨᠠᠰᠤᠨ ᠲᠤᠷᠰᠢᠳᠠ ᠶᠢᠨ ᠫᠷᠣᠹᠧᠰᠰᠣᠷ᠃      ︵ᠳᠥᠷᠪᠡ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ  ᠵᠦᠢᠯ᠂ ᠭᠤᠤᠯᠳᠠᠯᠭ᠎ᠠ ᠲᠠᠢ ᠲᠥᠷᠥᠯ  ᠵᠦᠢᠯ ᠤᠨ ᠡᠷᠬᠢᠯᠡᠭᠴᠢ ᠪᠤᠶᠤ ᠬᠠᠷᠢᠭᠤᠴᠠᠯᠭᠠᠲᠠᠨ︔ ᠤᠯᠤᠰ ᠤᠨ ᠰᠢᠯᠭᠠᠷᠠᠭᠰᠠᠨ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠬᠦᠷᠲᠡᠭᠴᠢ︔ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ  ᠵᠦᠢᠯ ᠤᠨ ᠡᠷᠬᠢᠯᠡᠭᠴᠢ ᠪᠤᠶᠤ ᠬᠠᠷᠢᠭᠤᠴᠠᠯᠭᠠᠲᠠᠨ︔ ᠪᠦᠬᠦ ᠤᠯᠤᠰ ᠤᠨ ᠰᠢᠯᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠷᠳᠡᠭᠰᠡᠳ︔ ︽ᠴᠠᠩᠵᠢᠶᠠᠩ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ ᠣᠨᠴᠠ ᠤᠷᠢᠭᠰᠠᠨ ᠫᠷᠣᠹᠧᠰᠰᠣᠷ᠃      ︵ᠲᠠᠪᠤ︶ ᠤᠯᠤᠰ ᠤᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ︵ᠮᠡᠷᠭᠡᠵᠢᠯ︶ ᠤ ᠳᠠᠭᠠᠭᠤᠯᠤᠭᠴᠢ︔ ︽ᠵᠠᠭᠤ  ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ︾ ᠤᠨ ᠤᠯᠤᠰ ᠤᠨ ᠲᠡᠰ ᠤᠨ ᠵᠢᠱᠢᠭᠳᠡᠭᠴᠢ︔ ︽ᠬᠥᠬᠡᠮᠥ᠋ᠷᠡᠨ ᠤ ᠵᠠᠯᠠᠭᠤ ᠡᠷᠳᠡᠮᠲᠡᠨ︾ ᠳᠤ ᠰᠣᠩᠭᠤᠭᠳᠠᠭᠰᠠᠳ︔ ︽ᠰᠢᠨ᠎ᠡ ᠶᠢ ᠡᠭᠦᠳᠬᠦ ᠴᠢᠳᠠᠪᠤᠷᠢᠲᠠᠨ ᠢ ᠠᠬᠢᠭᠤᠯᠬᠤ ᠲᠥᠯᠥᠪᠯᠡᠭᠡ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠳᠡᠷ ᠵᠠᠯᠠᠭᠤ ᠨᠠᠰᠤᠨ ᠤ ᠳᠠᠭᠠᠭᠤᠯᠤᠭᠴᠢ ᠴᠢᠳᠠᠪᠤᠷᠢᠲᠠᠨ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠬᠦᠷᠲᠡᠭᠴᠢ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠵᠠᠭᠤᠨ ᠬᠥᠮᠦᠨ ᠤ ᠲᠥᠯᠥᠪᠯᠡᠭᠡ︾ ᠳᠤ ᠰᠣᠩᠭᠤᠭᠳᠠᠭᠰᠠᠳ᠃      ︵ᠵᠢᠷᠭᠤᠭ᠎ᠠ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ  ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠵᠢᠴᠢ ᠨᠡᠶᠢᠭᠡᠮ ᠤᠨ  ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ ᠴᠢᠳᠠᠪᠤᠷᠢᠲᠠᠨ᠃      ᠭᠤᠷᠪᠠᠳᠤᠭᠠᠷ ᠲᠦᠷᠦᠯ᠄      ︵ᠨᠢᠭᠡ︶ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠳᠡᠭᠡᠳᠦ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳ᠋ᠣᠺᠲ᠋ᠣᠷ᠂ ᠫᠤᠰᠲ ᠳ᠋ᠣᠺᠲ᠋ᠣᠷ ᠤᠨ ᠥᠩᠭᠡᠷᠡᠯᠲᠡ ᠲᠠᠢ ᠮᠥᠷᠲᠡᠭᠡᠨ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠮᠵᠢᠯᠲᠠ ᠪᠦᠲᠦᠮᠵᠢ ᠣᠯᠤᠭᠰᠠᠨ᠃      ︵ᠬᠤᠶᠠᠷ︶ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠮᠥᠷᠲᠡᠭᠡᠨ ᠡᠷᠳᠡᠮ ᠰᠢᠨᠵᠢᠯᠡᠭᠡᠨ ᠤ ᠲᠣᠪᠤᠶᠢᠮ᠎ᠠ ᠠᠮᠵᠢᠯᠲᠠ ᠪᠦᠲᠦᠮᠵᠢ ᠣᠯᠤᠭᠰᠠᠨ᠃      ︵ᠭᠤᠷᠪᠠ︶ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ ᠤ ᠠᠯᠲᠠ᠂ ᠮᠥᠩᠭᠦ᠂ ᠭᠠᠤᠯᠢᠨ ᠮᠧᠳᠠᠯ ᠪᠠ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠲᠦᠷᠦᠭᠦᠤ ᠲᠠᠪᠤᠨ ᠨᠡᠷᠡᠰ ᠲᠤ ᠣᠷᠣᠭᠰᠠᠳ︔ ᠳᠤᠮᠳᠠᠳᠤ ᠶᠢᠨ ᠤᠷ᠎ᠠ ᠮᠡᠷᠭᠡᠵᠢᠯ ᠤᠨ ᠱᠠᠩᠨᠠᠯ ᠢ ᠬᠦᠷᠳᠡᠭᠴᠢ ᠪᠠ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ︔ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠭᠤᠤᠯ  ᠬᠠᠷᠢᠭᠤᠴᠠᠯᠭᠠᠲᠠᠨ ᠮᠤᠵᠢ ᠶᠠᠮᠤᠨ ᠤ ᠲᠠᠰ ᠤᠨ ᠬᠥᠬᠢᠭᠦᠯᠦᠯ ᠢ ᠭᠥᠷᠳᠡᠭᠰᠡᠨ ᠬᠠᠮᠤᠭ ᠤᠨ ᠳᠡᠭᠡᠳᠦ ᠲᠠᠰ ᠳᠠᠪᠬᠤᠷᠭ᠎ᠠ ᠶᠢᠨ ᠤᠷ᠎ᠠ ᠮᠡᠷᠭᠡᠰᠢᠯᠳᠦ ᠴᠢᠳᠠᠪᠤᠷᠢᠲᠠᠨ︔ ᠭᠤᠴᠣ ᠮᠡᠷᠭᠡᠵᠢᠯ ᠭᠤᠴᠣ ᠡᠷᠳᠡᠮ ᠲᠠᠢ ᠣᠨᠴᠠᠭᠠᠶ ᠤᠷ᠎ᠠ ᠴᠢᠳᠠᠪᠤᠷᠢ ᠲᠠᠢ ᠴᠢᠳᠠᠪᠤᠷᠢᠲᠠᠨ ᠵᠢᠴᠢ ᠪᠤᠰᠤᠳ ᠨᠡᠯᠢᠶᠡᠳ ᠲᠠᠰ ᠳᠠᠪᠬᠤᠷᠭ᠎ᠠ ᠶᠢᠨ ᠤᠷ᠎ᠠ ᠴᠢᠳᠠᠪᠤᠷᠢ ᠲᠠᠢ ᠴᠢᠳᠠᠪᠤᠷᠢᠲᠠᠨ᠃      ︵ᠳᠥᠷᠪᠡ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ  ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠵᠢᠴᠢ ᠨᠡᠶᠢᠭᠡᠮ ᠤᠨ  ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ ᠴᠢᠳᠠᠪᠤᠷᠢᠲᠠᠨ᠃      ᠳᠥᠷᠪᠡᠳᠦᠭᠡᠷ ᠲᠦᠷᠦᠯ᠄      ︵ᠨᠢᠭᠡ︶ ᠵᠢᠩᠬᠢᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠣᠯᠤᠭᠰᠠᠨ ᠠᠵᠢᠯᠲᠠᠨ᠃      ︵ᠬᠤᠶᠠᠷ︶ ᠳ᠋ᠣᠺᠲ᠋ᠣᠷ ᠤᠨ ᠡᠷᠳᠡᠮ ᠤᠨ ᠴᠣᠯᠠ ᠣᠯᠤᠭᠰᠠᠳ᠃      ︵ᠭᠤᠷᠪᠠ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ  ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠵᠢᠴᠢ ᠨᠡᠶᠢᠭᠡᠮ ᠤᠨ  ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠵᠣᠬᠢᠬᠤ ᠲᠠᠰ ᠳᠠᠪᠬᠤᠷᠭ᠎ᠠ ᠶᠢᠨ ᠴᠢᠳᠠᠪᠤᠷᠢᠲᠠᠨ᠃      ᠲᠠᠪᠤᠳᠤᠭᠠᠷ ᠲᠦᠷᠦᠯ᠄      ︵ᠨᠢᠭᠡ︶ ᠮᠠᠨ ᠤ ᠬᠤᠲᠠ ᠶᠢᠨ ᠪᠠᠴᠢᠮ ᠱᠠᠭᠠᠷᠳᠠᠭᠳᠠᠵᠤ ᠪᠠᠶᠢᠭ᠎ᠠ ᠪᠠ ᠳᠤᠲᠠᠭᠳᠠᠵᠤ ᠪᠠᠶᠢᠭ᠎ᠠ ᠳᠡᠳ᠋ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠠᠵᠢᠯᠲᠠᠨ᠃      ︵ᠬᠤᠶᠠᠷ︶ ᠮᠠᠨ ᠤ ᠬᠤᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠤᠯᠬᠤ ᠡᠩ ᠤᠨ ᠳᠡᠭᠡᠳᠦ ᠰᠤᠷᠭᠠᠭᠤᠯᠢ ᠶᠢᠨ ᠠᠰᠫᠢᠷᠠᠨᠲ᠃      ︵ᠭᠤᠷᠪᠠ︶ ᠤᠯᠤᠰ ᠤᠨ ᠲᠡᠰ ᠤᠨ ᠰᠢᠯᠢᠳᠡᠭ ᠰᠣᠶᠣᠯ ᠤᠷᠠᠯᠢᠭ ᠪᠡᠶ᠎ᠡ ᠶᠢᠨ ᠲᠠᠮᠢᠷ ᠤᠨ ᠴᠢᠳᠠᠪᠤᠷᠢᠲᠠᠨ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠵᠡᠷᠭᠡ᠃      ︵ᠳᠥᠷᠪᠡ︶ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ  ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠵᠢᠴᠢ ᠨᠡᠶᠢᠭᠡᠮ ᠤᠨ  ᠦᠢᠯᠡᠰ ᠤᠨ ᠬᠥᠭᠵᠢᠯᠲᠡ ᠵᠡᠷᠭᠡ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠪᠤᠰᠤᠳ ᠴᠢᠳᠠᠪᠤᠷᠢᠲᠠᠨ᠃      ᠳᠣᠯᠣᠳᠤᠭᠠᠷ ᠵᠦᠢᠯ  ᠤᠯᠤᠰ ᠤᠨ ᠭᠠᠳᠠᠭᠠᠳᠤ ᠳᠣᠲᠣᠭᠠᠳᠤ ᠶᠢᠨ ᠴᠢᠳᠠᠪᠤᠷᠢᠲᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠨᠡᠭᠡᠭᠡᠨ ᠠᠰᠢᠭᠯᠠᠵᠤ᠂ ᠭᠠᠳᠠᠭᠠᠳᠤ ᠶᠢᠨ ᠴᠢᠳᠠᠪᠤᠷᠢᠲᠠᠨ ᠪᠠ ᠵᠦᠢᠯᠡᠰ ᠢ ᠢᠳᠡᠪᠬᠢᠲᠡᠶ ᠪᠠᠷ ᠣᠷᠣᠭᠤᠯᠵᠤ ᠠᠪᠴᠢᠷᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠭᠠᠳᠠᠭᠠᠳᠤ ᠶᠢᠨ ᠲᠦᠷᠦᠭᠦᠤ ᠲᠤᠰᠬᠠᠶ ᠮᠡᠷᠭᠡᠵᠢᠯᠲᠡᠨ ᠤ ᠲᠥᠷᠥᠯ  ᠵᠦᠢᠯ᠂ ᠳᠡᠭᠡᠳᠦ ᠲᠠᠰ ᠤᠨ ᠣᠶᠤᠨ ᠣᠷᠣᠭᠤᠯᠵᠤ ᠠᠪᠴᠢᠷᠠᠬᠤ ᠲᠥᠷᠥᠯ  ᠵᠦᠢᠯ᠂ ᠭᠤᠤᠯᠳᠠᠯᠭ᠎ᠠ ᠲᠠᠢ ᠣᠶᠤᠨ ᠣᠷᠣᠭᠤᠯᠵᠤ ᠠᠪᠴᠢᠷᠠᠬᠤ ᠲᠥᠷᠥᠯ  ᠵᠦᠢᠯ᠂ ᠭᠠᠳᠠᠭᠠᠳᠤ ᠶᠢᠨ ᠰᠣᠶᠣᠯ ᠰᠤᠷᠭᠠᠨ ᠬᠥᠮᠦᠵᠢᠯ ᠤᠨ ᠳᠡᠭᠡᠳᠦ ᠲᠠᠰ ᠤᠨ ᠤᠷᠢᠬᠤ ᠲᠥᠯᠥᠪᠯᠡᠭᠡ ᠶᠢᠨ ᠲᠥᠷᠥᠯ  ᠵᠦᠢᠯ ᠵᠡᠷᠭᠡ ᠳᠡᠭᠡᠳᠦ ᠲᠠᠰ ᠤᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠳᠡᠭᠡᠳᠦ ᠲᠠᠰ ᠤᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠲᠤᠰᠬᠠᠶ ᠮᠡᠷᠭᠡᠵᠢᠯᠲᠡᠨ᠂ ᠭᠠᠳᠠᠭᠠᠳᠤ ᠶᠢᠨ ᠳᠡᠭᠡᠳᠦ ᠲᠠᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠨᠢ ᠵᠣᠬᠢᠬᠤ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠥᠷᠥᠯ ᠢᠯᠭᠠᠯ ᠳᠤ ᠨᠡᠶᠢᠴᠡᠪᠡᠯ᠂ ᠵᠣᠬᠢᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃      ᠭᠤᠷᠪᠠᠳᠤᠭᠠᠷ ᠪᠦᠯᠦᠭ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠵᠠᠷᠴᠢᠮ ᠪᠠ ᠠᠷᠭ᠎ᠠ ᠮᠠᠶ᠋ᠢᠭ      ᠨᠠᠢᠮᠠᠳᠤᠭᠠᠷ ᠵᠦᠢᠯ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠳᠤ ᠬᠠᠳᠠᠨ ᠴᠢᠨᠠᠷ ᠪᠠ ᠤᠶᠠᠨ ᠴᠢᠨᠠᠷ ᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃      ᠵᠠᠪᠠᠯ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠭᠡᠳᠡᠭ ᠨᠢ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠤᠷᠢᠵᠤ ᠬᠡᠷᠡᠭᠯᠡᠬᠦ᠂ ᠰᠢᠯᠵᠢᠭᠦᠯᠬᠦ ᠵᠡᠷᠭᠡ ᠬᠡᠯᠪᠡᠷᠢ ᠪᠠᠷ ᠮᠠᠨ ᠤ ᠬᠤᠲᠠ ᠳᠤ ᠰᠢᠯᠵᠢᠭᠦᠯᠦᠨ ᠣᠷᠣᠭᠤᠯᠤᠭᠰᠠᠨ ᠴᠢᠳᠠᠪᠤᠷᠢᠲᠠᠨ ᠢ ᠵᠢᠭᠠᠵᠤ ᠪᠣᠢ᠃      ᠵᠥᠭᠡᠯᠡᠨ ᠴᠢᠨᠠᠷᠲᠠᠶ ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠭᠡᠳᠡᠭ ᠨᠢ ᠠᠵᠢᠯᠲᠠᠨ ᠤ ᠶᠠᠪᠤᠳᠠᠯ᠂ ᠳᠠᠩᠰᠠ ᠡᠪᠬᠡᠮᠡᠯ᠂ ᠡᠷᠦᠬᠡ ᠠᠮᠠ ᠶᠢᠨ ᠳᠠᠩᠰᠠ᠂ ᠨᠡᠶᠢᠭᠡᠮ ᠤᠨ ᠪᠠᠲᠤᠯᠠᠭ᠎ᠠ ᠵᠡᠷᠭᠡ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠶ ᠤᠷᠢᠲᠠᠯ ᠳᠣᠣᠷ᠎ᠠ᠂ ᠵᠥᠪᠯᠡᠭᠴᠢ ᠪᠠᠷ ᠵᠢᠯᠣᠭᠤᠳᠣᠭᠤᠯᠬᠤ᠂ ᠲᠤᠰᠢᠶᠠᠯ ᠡᠭᠦᠷᠭᠡᠯᠡᠭᠦᠯᠦᠨ ᠲᠤᠰᠢᠶᠠᠯ ᠬᠠᠪᠰᠤᠷᠭᠠᠬᠤ᠂ ᠮᠡᠷᠭᠡᠵᠢᠯ ᠤᠨ ᠵᠥᠪᠯᠡᠯᠭᠡ ᠥᠭᠬᠦ᠂ ᠠᠵᠢᠯ ᠠᠴᠠ ᠪᠠᠨ ᠪᠠᠭᠤᠵᠤ ᠠᠮᠠᠷᠠᠬᠤ ᠳᠤ ᠣᠨᠴᠠ ᠤᠷᠢᠬᠤ᠂ ᠲᠥᠷᠥᠯ  ᠵᠦᠢᠯ ᠤᠨ ᠬᠠᠮᠲᠤᠷᠠᠯᠴᠠᠭ᠎ᠠ ᠬᠢᠬᠦ᠂ ᠬᠠᠮᠲᠤᠷᠠᠨ ᠰᠤᠳᠤᠯᠤᠨ ᠨᠡᠭᠡᠭᠡᠬᠦ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ᠂ ᠴᠢᠳᠠᠪᠤᠷᠢᠲᠠᠨ ᠢ ᠲᠦᠷᠢᠶᠡᠰᠦᠯᠡᠬᠦ᠂ ᠬᠠᠷᠢᠯᠴᠠᠨ ᠲᠣᠮᠢᠯᠠᠵᠤ ᠬᠥᠮᠦᠵᠢᠭᠦᠯᠬᠦ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠯᠦᠭᠡ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠬᠡᠯᠡᠯᠴᠡᠭᠡᠷ ᠲᠣᠭᠲᠠᠵᠤ᠂ ᠪᠣᠳᠠᠲᠠᠶ ᠪᠥᠭᠡᠳ ᠲᠣᠳᠣᠷᠬᠠᠶ ᠠᠵᠢᠯ ᠤᠨ ᠠᠭᠤᠯᠭ᠎ᠠ ᠲᠠᠢ᠂ ᠬᠥᠮᠦᠨ ᠬᠡᠷᠡᠭᠯᠡᠬᠦ ᠨᠢᠭᠡᠴᠡ ᠶᠢ ᠬᠠᠪᠰᠤᠷᠤᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠵᠡᠷᠭᠡ ᠬᠠᠮᠢᠶ᠎ᠠ ᠪᠥᠬᠦᠶ ᠠᠵᠢᠯ ᠢ ᠪᠡᠶᠡᠯᠡᠭᠦᠯᠬᠦ ᠶᠢᠨ ᠬᠠᠮᠲᠤ ᠴᠢᠬᠤᠯᠠ  ᠦᠢᠯᠡᠳᠦᠯ ᠪᠠᠳᠠᠷᠠᠭᠤᠯᠬᠤ ᠴᠢᠳᠠᠪᠤᠷᠢᠲᠠᠨ᠃ ᠲᠣᠰ ᠠᠷᠭ᠎ᠠ ᠶᠢᠨ ᠳᠣᠲᠣᠷᠠᠬᠢ ᠨᠢᠭᠡ ᠠᠴᠠ ᠳᠥᠷᠪᠡᠳᠦᠭᠡᠷ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠡᠷᠭᠢᠯᠡᠬᠦ ᠴᠢᠳᠠᠪᠤᠷᠢᠲᠠᠨ ᠢ ᠤᠶᠠᠨ ᠬᠠᠲᠠᠨ ᠢᠶᠠᠷ ᠣᠷᠣᠭᠤᠯᠤᠨ ᠠᠪᠴᠢᠷᠠᠵᠤ ᠪᠣᠯᠤᠨ᠎ᠠ᠃      ᠶᠢᠰᠦᠳᠦᠭᠡᠷ  ᠵᠦᠢᠯ ᠠᠵᠢᠯ  ᠦᠢᠯᠡᠰ ᠤᠨ ᠨᠢᠭᠡᠴᠡ ᠨᠦᠭᠦᠳ ᠠᠳᠠᠯᠢ ᠪᠤᠰᠤ ᠲᠥᠷᠥᠯ ᠢᠯᠭᠠᠯ ᠤᠨ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠠᠳᠠᠯᠢ ᠪᠤᠰᠤ ᠠᠷᠭ᠎ᠠ ᠮᠠᠶ᠋ᠢᠭ ᠢᠶᠠᠷ ᠣᠷᠣᠭᠤᠯᠤᠨ ᠠᠪᠴᠢᠷᠠᠵᠤ ᠪᠣᠯᠤᠨ᠎ᠠ᠃      ︵ᠨᠢᠭᠡ︶ ᠨᠢᠭᠡ ᠠᠴᠠ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ︽ᠨᠢᠭᠡ ᠬᠡᠷᠡᠭ ᠢ ᠨᠢᠭᠡ ᠵᠥᠪᠯᠡᠬᠦ᠂  ᠣᠨᠴᠠᠭᠠᠢ ᠬᠡᠷᠡᠭ ᠢ ᠣᠨᠴᠠᠭᠠᠢ  ᠰᠢᠢᠳᠪᠦᠷᠢᠯᠡᠬᠦ︾ ᠵᠠᠷᠴᠢᠮ ᠢ ᠬᠡᠷᠡᠭᠵᠢᠭᠦᠯᠵᠦ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠰᠢᠭᠤᠳ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ᠂ ᠣᠷᠣᠨ ᠲᠤᠭ᠎ᠠ ᠶᠢ ᠬᠡᠷᠡᠭᠯᠡᠭᠰᠡᠨ ᠪᠠᠶᠢᠳᠠᠯ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠢᠷᠢ ᠬᠡᠮ ᠤᠨ ᠭᠡᠷᠡᠴᠢᠯᠡᠯ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠳᠤ ᠴᠠᠯᠢᠩ ᠬᠥᠯᠥᠰᠥ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠵᠢᠴᠢ ᠣᠷᠣᠨ ᠰᠠᠭᠤᠴᠠ ᠶᠢᠨ ᠨᠥᠬᠦᠪᠥᠷᠢ ᠵᠡᠷᠭᠡ ᠮᠠᠲ᠋ᠧᠷᠢᠶᠠᠯ ᠢ ᠬᠠᠩᠭᠠᠨ᠎ᠠ᠃ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠣᠷᠣᠭᠤᠯᠤᠨ ᠠᠪᠴᠢᠷᠠᠬᠤ ᠭᠡᠵᠦ ᠪᠠᠶᠢᠭ᠎ᠠ ᠴᠢᠳᠠᠪᠤᠷᠢᠲᠠᠨ ᠤ ᠬᠢᠷᠢ ᠬᠡᠮ ᠵᠡᠷᠭᠡ ᠪᠠᠶᠢᠳᠠᠯ ᠳᠤ ᠦᠨᠡᠯᠡᠨ ᠵᠢᠱᠢᠯᠲᠡ ᠬᠢᠨ᠎ᠠ᠃      ︵ᠬᠤᠶᠠᠷ︶ ᠳᠥᠷᠪᠡᠳᠦᠭᠡᠷ᠂ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠲᠣᠭᠲᠠᠭᠠᠬᠤ ᠶᠢᠨ ᠬᠠᠮᠲᠤ᠂ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠠᠴᠠ ᠡᠮᠬᠢᠳᠬᠡᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠰᠢᠯᠭᠠᠨ ᠲᠣᠭᠲᠠᠭᠠᠬᠤ ᠲᠥᠰᠦᠯ ᠢ ᠲᠣᠭᠲᠠᠭᠠᠨ᠎ᠠ᠂ ᠡᠭᠦᠨ ᠳᠤ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠳ ᠲᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠲᠤᠰᠬᠠᠶ ᠮᠡᠷᠭᠡᠵᠢᠯᠲᠡᠨ ᠤ ᠲᠤᠰᠬᠠᠶ  ᠵᠦᠢᠯ ᠢᠶᠠᠷ ᠰᠢᠯᠭᠠᠨ ᠦᠨᠡᠯᠡᠬᠦ ᠠᠷᠭ᠎ᠠ ᠮᠠᠶ᠋ᠢᠭ ᠢ ᠬᠡᠷᠡᠭᠯᠡᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢ ᠲᠣᠭᠲᠠᠭᠠᠵᠤ ᠪᠣᠯᠤᠨ᠎ᠠ︔ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠨᠢᠭᠤᠷᠲᠠᠨ ᠰᠢᠯᠭᠠᠬᠤ ᠪᠤᠶᠤ ᠪᠢᠷ ᠤᠨ ᠰᠢᠯᠭᠠᠯᠲᠠ ᠬᠢᠬᠦ ᠵᠡᠷᠭᠡ ᠴᠢᠬᠤᠯᠠ ᠪᠥᠬᠦᠶ ᠰᠢᠯᠭᠠᠨ ᠲᠣᠭᠲᠠᠭᠠᠬᠤ ᠠᠷᠭ᠎ᠠ ᠶᠢ ᠬᠡᠷᠡᠭᠯᠡᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢ ᠲᠣᠭᠲᠠᠭᠠᠬᠤ ᠬᠡᠷᠡᠭᠲᠡᠶ᠃      ︵ᠭᠤᠷᠪᠠ︶ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠤᠶᠤ ᠬᠤᠰᠢᠭᠤ ᠰᠢᠶᠠᠨ ᠲᠣᠭᠤᠷᠢᠭ ᠨᠢ ᠴᠢᠳᠠᠪᠤᠷᠢᠲᠠᠨ ᠣᠷᠣᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ ᠭᠤᠤᠯᠴᠢ ᠪᠠᠷ ᠴᠢᠳᠠᠪᠤᠷᠢᠲᠠᠨ ᠣᠷᠣᠭᠤᠯᠬᠤ ᠠᠵᠢᠯ ᠢ ᠥᠷᠨᠢᠭᠦᠯᠦᠨ᠎ᠡ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠣᠭᠲᠠᠭᠠᠭᠰᠠᠨ ᠤ ᠳᠠᠷᠠᠭ᠎ᠠ ᠰᠢᠭᠤᠳ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠬᠤᠰᠢᠭᠤ ᠰᠢᠶᠠᠨ ᠲᠣᠭᠤᠷᠢᠭ ᠨᠢ ᠲᠣᠰ ᠱᠠᠲᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠳᠡᠮᠵᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠰᠤᠳᠤᠯᠤᠨ ᠲᠣᠭᠲᠠᠭᠠᠭᠰᠠᠨ ᠤ ᠳᠠᠷᠠᠭ᠎ᠠ᠂ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ ᠳᠠᠩᠰᠠᠯᠠᠭᠤᠯᠤᠨ᠎ᠠ᠃      ︵ᠳᠥᠷᠪᠡ︶ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ ᠢ ᠪᠠᠶᠢᠭᠤᠯᠵᠤ᠂ ᠨᠥᠬᠦᠴᠡᠯ ᠳᠤ ᠨᠡᠶᠢᠴᠡᠬᠦ ᠮᠥᠷᠲᠡᠭᠡᠨ ᠮᠠᠲ᠋ᠧᠷᠢᠶᠠᠯ ᠨᠢ ᠪᠦᠷᠢᠨ  ᠭᠦᠢᠴᠡᠳ ᠪᠠᠶᠢᠪᠠᠯ᠂ ᠳᠡᠭᠡᠭᠰᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ 10 ᠠᠵᠢᠯᠯᠠᠬᠤ ᠡᠳᠦᠷ ᠤᠨ ᠳᠣᠲᠣᠷ᠎ᠠ ᠣᠷᠣᠭᠤᠯᠤᠨ ᠠᠪᠴᠢᠷᠠᠬᠤ ᠭᠠᠷᠳᠠᠮ ᠢ  ᠭᠦᠢᠴᠡᠳᠬᠡᠵᠦ᠂ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠠᠷᠳᠠᠮ ᠢ ᠭᠠᠷᠭᠠᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠣᠷᠣᠨ ᠲᠤᠭ᠎ᠠ ᠳᠤ ᠵᠢᠭᠰᠠᠭᠠᠬᠤ ᠭᠠᠷᠳᠠᠮ ᠢ  ᠭᠦᠢᠴᠡᠳᠬᠡᠵᠦ ᠳᠠᠭᠤᠰᠬᠠᠬᠤ ᠬᠡᠷᠡᠭᠲᠡᠶ᠃      ᠠᠷᠪᠠᠳᠤᠭᠠᠷ  ᠵᠦᠢᠯ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠪᠠᠶᠢᠭᠤᠯᠬᠤ ᠳᠤ᠂ ᠬᠤᠲᠠ ᠶᠢᠨ ᠰᠢᠭᠤᠳ ᠬᠠᠷᠢᠶ᠎ᠠ ᠠᠵᠢᠯ  ᠦᠢᠯᠡᠰ ᠤᠨ ᠨᠢᠭᠡᠴᠡ ᠨᠢ ᠣᠷᠣᠨ ᠲᠤᠭ᠎ᠠ ᠳᠦᠭᠦᠷᠦᠭᠰᠡᠨ ᠪᠠᠶᠢᠳᠠᠯ ᠳᠣᠤᠷ᠎ᠠ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠭᠡᠪᠡᠯ᠂ ᠣᠷᠣᠨ ᠲᠤᠭ᠎ᠠ ᠶᠢᠨ ᠰᠠᠯᠠᠭ᠎ᠠ ᠮᠥᠴᠢᠷ ᠲᠤ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠬᠡᠷᠡᠭᠯᠡᠬᠦ ᠪᠠᠷ ᠭᠤᠶᠤᠴᠢᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠣᠷᠣᠨ ᠲᠤᠭ᠎ᠠ ᠶᠢᠨ ᠪᠠᠶᠢᠳᠠᠯ ᠢᠶᠠᠨ ᠦᠨᠳᠦᠰᠦᠯᠡᠨ᠂ ᠵᠣᠬᠢᠬᠤ ᠲᠤᠭ᠎ᠠ ᠬᠡᠮᠵᠢᠶᠡᠨ ᠤ ᠴᠢᠳᠠᠪᠤᠷᠢᠲᠠᠨ ᠤ ᠲᠤᠰᠬᠠᠶ ᠲᠥᠷᠥᠯ ᠤᠨ ᠣᠷᠣᠨ ᠲᠤᠭ᠎ᠠ ᠶᠢ ᠪᠠᠶᠢᠭᠤᠯᠵᠤ ᠪᠣᠯᠤᠨ᠎ᠠ᠃      ᠠᠷᠪᠠᠨ ᠨᠢᠭᠡᠳᠦᠭᠡᠷ ᠵᠦᠢᠯ ᠮᠠᠨ ᠤ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ︵ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠪᠠ ᠭᠠᠶᠢᠯᠢ ᠲᠤᠰᠢᠶᠠᠬᠤ ᠭᠠᠵᠠᠷ ᠨᠢ ᠴᠥᠮ ᠮᠠᠨ ᠤ ᠬᠤᠲᠠ ᠳᠤ ᠪᠤᠢ︶ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠲᠣᠭᠲᠠᠭᠠᠬᠤ ᠶᠢ ᠵᠣᠷᠢᠭᠵᠢᠭᠤᠯᠵᠤ᠂ ᠴᠢᠩᠭ᠎ᠠ ᠪᠤᠶᠤ ᠵᠥᠭᠡᠯᠡᠨ ᠠᠷᠭ᠎ᠠ ᠬᠡᠯᠪᠡᠷᠢ ᠪᠠᠷ ᠳᠡᠭᠡᠳᠦ ᠳᠡᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠮᠡᠳᠡᠭᠦᠯᠦᠭᠰᠡᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠠᠴᠠ ᠴᠠᠭ ᠲᠤᠬᠠᠶ ᠳᠤᠨᠢ ᠭᠥᠯᠢᠶᠡᠨ ᠠᠪᠴᠤ᠂ ᠴᠠᠭ ᠲᠤᠬᠠᠶ ᠳᠤᠨᠢ ᠨᠡᠶᠢᠲᠡᠯᠡᠵᠦ᠂ ᠬᠥᠭᠦᠷᠭᠡ ᠬᠤᠯᠪᠣᠭᠠᠰᠤ ᠶᠢᠨ  ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃      ᠳᠥᠷᠪᠡᠳᠦᠭᠡᠷ ᠪᠦᠯᠦᠭ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ      ᠠᠷᠪᠠᠨ ᠬᠤᠶᠠᠳᠤᠭᠠᠷ  ᠵᠦᠢᠯ ᠮᠡᠳᠡᠯᠭᠡ ᠶᠢᠨ ᠦᠨ᠎ᠡ ᠥᠷᠲᠡᠭ ᠢ ᠬᠠᠷᠠᠭᠤᠯᠤᠭᠰᠠᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠵᠢᠯ  ᠦᠢᠯᠡᠰ ᠤᠨ ᠨᠢᠭᠡᠴᠡ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠳᠤ ᠣᠨ ᠤ ᠴᠠᠯᠢᠩ ᠤᠨ ᠲᠦᠷᠢᠮ᠂ ᠬᠡᠯᠡᠯᠴᠡᠭᠡᠷ ᠤᠨ ᠴᠠᠯᠢᠩ ᠤᠨ ᠲᠦᠷᠢᠮ ᠵᠡᠷᠭᠡ ᠶᠢ ᠬᠡᠷᠡᠭᠯᠡᠵᠦ ᠪᠣᠯᠤᠨ᠎ᠠ᠂ ᠡᠭᠦᠨ ᠢ ᠨᠢᠭᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠪᠤᠳᠤᠵᠤ ᠣᠷᠣᠭᠤᠯᠬᠤ ᠥᠬᠡᠶ᠂ ᠬᠡᠷᠡᠭᠰᠡᠬᠦ ᠪᠠᠯᠠ ᠮᠥᠩᠭᠦ ᠶᠢ ᠬᠥᠮᠦᠨ ᠬᠡᠷᠡᠭᠯᠡᠬᠦ ᠨᠢᠭᠡᠴᠡ ᠥᠪᠡᠰᠦᠪᠡᠨ ᠰᠢᠢᠳᠪᠦᠷᠢᠯᠡᠨ᠎ᠡ᠃      ᠠᠷᠪᠠᠨ ᠭᠤᠷᠪᠠᠳᠤᠭᠠᠷ  ᠵᠦᠢᠯ ᠠᠵᠢᠯ  ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠮᠥᠷᠲᠡᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠡᠷᠭᠢᠯᠡᠵᠦ ᠪᠠᠶᠢᠪᠠᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠯᠤᠭ᠎ᠠ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠵᠤ ᠪᠣᠯᠤᠨ᠎ᠠ᠃ ᠮᠠᠨ ᠤ ᠬᠤᠲᠠ ᠶᠢᠨ ᠨᠥᠬᠦᠴᠡᠯ ᠳᠤ ᠨᠡᠶᠢᠴᠡᠬᠦ ᠰᠢᠯᠢᠳᠡᠭ ᠴᠢᠳᠠᠪᠤᠷᠢᠲᠠᠨ ᠪᠠᠰᠠ ᠲᠤᠰ ᠨᠢᠭᠡᠴᠢ ᠲᠠᠢ ᠪᠠᠨ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠵᠤ ᠪᠣᠯᠤᠨ᠎ᠠ᠃ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠵᠥᠪᠯᠡᠯᠴᠡᠭᠡᠷ ᠲᠤ ᠠᠵᠢᠯ ᠤᠨ ᠶᠡᠷᠦᠩᠬᠡᠶ ᠬᠠᠷᠠᠯᠲᠠ᠂ ᠵᠣᠬᠢᠬᠤ ᠬᠢᠷᠢ ᠬᠡᠮᠵᠢᠶ᠎ᠡ ᠲᠠᠢ ᠡᠷᠳᠡᠮ ᠰᠢᠨᠵᠢᠯᠡᠭᠡᠨ ᠤ ᠵᠢᠭᠠᠨ ᠰᠤᠷᠭᠠᠯᠲᠠ ᠶᠢᠨ ᠡᠭᠦᠷᠭᠡ᠂ ᠤᠷᠢᠨ ᠬᠡᠷᠡᠭᠯᠡᠬᠦ ᠬᠤᠭᠤᠴᠠᠭ᠎ᠠ ᠬᠢᠵᠠᠭᠠᠷ᠂ ᠠᠵᠢᠯ ᠤᠨ ᠪᠠᠶᠢᠷᠢ ᠶᠢᠨ ᠣᠯᠭᠤᠮᠵᠢ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠠᠭᠤᠯᠭ᠎ᠠ ᠶᠢ ᠪᠣᠯᠵᠣᠨ ᠲᠣᠭᠲᠠᠬᠤ ᠬᠡᠷᠡᠭᠲᠡᠶ᠃ᠠᠷᠪᠠᠨ ᠳᠥᠷᠪᠡᠳᠦᠭᠡᠷ  ᠵᠦᠢᠯ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠵᠥᠪᠯᠡᠯᠴᠡᠭᠡᠷ ᠲᠤ ᠡᠷᠬᠡᠪᠰᠢ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠬᠡᠷ ᠢᠶᠠᠷ ᠳᠡᠮᠵᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠯᠲᠡ ᠬᠢᠯᠭᠡᠵᠦ᠂ ᠦᠨᠡᠯᠡᠨ ᠵᠢᠱᠢᠯᠲᠡ ᠪᠠᠷ ᠪᠠᠲᠤᠯᠠᠭᠳᠠᠭᠰᠠᠨ ᠪᠠᠶᠢᠪᠠᠯ ᠤᠷᠢᠨ ᠬᠡᠷᠡᠭᠯᠡᠬᠦ ᠬᠤᠭᠤᠴᠠᠭᠠᠨ ᠳᠤ ᠳᠣᠤᠷᠠᠬᠢ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃      ᠨᠢᠭᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 80 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 500 ᠲᠦᠮᠡᠨ ᠲᠥᠭᠦᠷᠢᠭ ᠠᠴᠠ 1.5 ᠳ᠋ᠦᠩᠰᠢᠭᠤᠷ ᠲᠥᠭᠦᠷᠢᠭ ᠤᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 150 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ᠃      ᠬᠤᠶᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠠᠴᠠ 80 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 150 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠰᠡᠳ ᠲᠤ 50 ᠲᠦᠮᠡᠨ ᠲᠥᠭᠦᠷᠢᠭ ᠠᠴᠠ 100 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ᠃      ᠭᠤᠷᠪᠠᠳᠤᠭᠠᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ᠃ 30 ᠲᠦᠮᠡᠨ ᠲᠥᠭᠦᠷᠢᠭ ᠠᠴᠠ 50 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 30 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃      ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 20 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠣᠯᠭᠤᠨ᠎ᠠ᠃ 10 ᠲᠦᠮᠡᠨ ᠲᠥᠭᠦᠷᠢᠭ ᠠᠴᠠ 30 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠠᠴᠠ ᠡᠮᠦᠨᠡᠬᠢ ᠵᠢᠯ ᠤᠨ ᠴᠠᠯᠢᠩ᠂ ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠣᠯᠭᠤᠨ᠎ᠠ᠃      ᠨᠥᠬᠦᠴᠡᠯ ᠲᠠᠢ ᠨᠢᠭᠡᠴᠡ ᠨᠦᠭᠦᠳ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢ ᠮᠠᠨ ᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠡᠷᠡᠭᠴᠡᠭᠡ ᠳᠤ ᠨᠡᠶᠢᠴᠡᠵᠦ᠂ ᠰᠢᠨᠵᠢᠯᠡᠬᠦ ᠤᠬᠠᠭᠠᠨ ᠤ ᠰᠤᠳᠤᠯᠤᠯ᠂ ᠦᠢᠯᠡᠳᠪᠦᠷᠢᠯᠡᠯ ᠤᠨ ᠳᠤᠮᠳᠠ ᠴᠢᠬᠤᠯᠠ ᠶᠡᠭᠡ ᠦᠢᠯᠡᠳᠦᠯ ᠢᠶᠠᠨ ᠪᠠᠳᠠᠷᠠᠭᠤᠯᠵᠤ ᠴᠢᠳᠠᠪᠠᠯ᠂ ᠰᠤᠳᠤᠯᠬᠤ ᠪᠠᠷ ᠳᠠᠮᠵᠢᠨ᠂ ᠰᠢᠨᠵᠢᠯᠡᠬᠦ ᠤᠬᠠᠭᠠᠨ ᠤ ᠰᠤᠳᠤᠯᠤᠯ ᠪᠠ ᠠᠵᠢᠯ ᠤᠨ ᠵᠠᠷᠤᠳᠠᠯ ᠤᠨ ᠲᠠᠯ᠎ᠠ ᠪᠠᠷ ᠨᠡᠩ ᠥᠨᠳᠥᠷ ᠳᠡᠮᠵᠢᠯᠭᠡ ᠦᠵᠡᠭᠦᠯᠵᠦ ᠪᠣᠯᠤᠨ᠎ᠠ᠃      ᠠᠷᠪᠠᠨ ᠲᠠᠪᠤᠳᠤᠭᠠᠷ  ᠵᠦᠢᠯ ᠬᠤᠲᠠ ᠶᠢᠨ ᠲᠠᠰ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠪᠥᠲᠥᠭᠡᠨ ᠪᠠᠶᠢᠭᠤᠯᠬᠤ ᠳᠤ᠂ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠥᠷᠥᠯ ᠢᠯᠭᠠᠯ ᠢ ᠦᠨᠳᠦᠰᠦᠯᠡᠨ᠂ ︽ᠳᠡᠭᠡᠳᠦ ᠲᠠᠰ ᠳᠠᠪᠬᠤᠷᠭ᠎ᠠ ᠶᠢ ᠤᠷᠢᠳ ᠢᠶᠠᠷ ᠪᠣᠳᠣᠯᠬᠢᠯᠠᠬᠤ︾ ᠵᠠᠷᠴᠢᠮ ᠶᠣᠰᠣᠭᠠᠷ᠂ ᠬᠥᠮᠦᠨ ᠬᠡᠷᠡᠭᠯᠡᠬᠦ ᠨᠢᠭᠡᠴᠡ ᠶᠢᠨ ᠭᠤᠶᠤᠴᠢᠯᠠᠯ ᠢᠶᠠᠷ ᠳᠡᠮᠵᠢᠨ᠂ ᠣᠷᠣᠭᠤᠯᠤᠨ ᠠᠪᠴᠢᠷᠠᠬᠤ ᠨᠢᠭᠡᠴᠡ ᠶᠢᠨ ᠰᠠᠭᠤᠭ᠎ᠠ ᠭᠠᠵᠠᠷ ᠲᠤ ᠥᠪᠡᠷ ᠤᠨ ᠣᠷᠣᠨ ᠰᠠᠭᠤᠴᠠ ᠥᠬᠡᠶ ᠴᠢᠳᠠᠪᠤᠷᠢᠲᠠᠨ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠨ᠎ᠠ᠃      ᠠᠷᠪᠠᠨ ᠵᠢᠷᠭᠤᠳᠤᠭᠠᠷ ᠵᠦᠢᠯ ᠠᠯᠪᠠᠳᠠᠯᠭ᠎ᠠ ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠨᠢ ᠣᠷᠣᠭᠤᠯᠵᠤ ᠠᠪᠴᠢᠷᠠᠭᠰᠠᠨ ᠨᠢᠭᠡᠴᠡ ᠶᠢᠨ ᠰᠠᠭᠤᠭ᠎ᠠ ᠭᠠᠵᠠᠷ ᠲᠤ ᠥᠪᠡᠷ ᠤᠨ ᠣᠷᠣᠨ ᠰᠠᠭᠤᠴᠠ ᠪᠠᠶᠢᠬᠤ ᠥᠭᠡᠢ ᠮᠥᠷᠲᠡᠭᠡᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠥᠭᠡᠢ ᠪᠣᠯ ᠭᠤᠷᠪᠠᠨ ᠵᠢᠯ ᠤᠨ ᠬᠤᠭᠤᠴᠠᠭ᠎ᠠ ᠲᠠᠢ ᠭᠡᠷ ᠲᠦᠷᠢᠶᠡᠰᠦᠯᠡᠬᠦ ᠨᠥᠬᠦᠪᠥᠷᠢ ᠣᠯᠭᠤᠨ᠎ᠠ᠃ ᠬᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠶᠢᠨ ᠪᠠᠷᠢᠮᠵᠢᠶ᠎ᠠ᠄ ᠨᠢᠭᠡᠳᠦᠭᠡᠷ ᠲᠥᠷᠥᠯ ᠤᠨ ᠴᠢᠳᠠᠪᠤᠷᠢᠲᠠᠨ ᠵᠢᠯ ᠪᠦᠷᠢ 4 ᠲᠦᠮᠡᠨ ᠲᠥᠭᠦᠷᠢᠭ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠵᠢᠯ ᠪᠦᠷᠢ 3 ᠲᠦᠮᠡᠨ ᠲᠥᠭᠦᠷᠢᠭ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠵᠢᠯ ᠪᠦᠷᠢ 2 ᠲᠦᠮᠡᠨ ᠲᠥᠭᠦᠷᠢᠭ᠃      ᠠᠷᠪᠠᠨ ᠳᠣᠯᠣᠳᠤᠭᠠᠷ  ᠵᠦᠢᠯ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠵᠠᠪᠠᠯ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠂ ᠯᠢᠨ ᠾᠧ ᠲᠣᠭᠤᠷᠢᠭ ᠤᠨ ᠰᠢᠨ᠎ᠡ ᠪᠠᠷ ᠠᠵᠢᠯ ᠣᠯᠤᠭᠰᠠᠳ ᠤᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠪᠡᠯ᠂ ᠯᠢᠨ ᠾᠧ ᠲᠣᠭᠤᠷᠢᠭ ᠲᠤ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠲᠦᠷᠢᠶᠡᠰᠦᠯᠡᠬᠦ ᠪᠠᠷ ᠭᠤᠶᠤᠴᠢᠯᠠᠵᠤ᠂ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠬᠤᠳᠠᠯᠳᠤᠨ ᠠᠪᠴᠤ ᠪᠣᠯᠤᠨ᠎ᠠ᠃      ᠳᠡᠭᠡᠷᠡᠬᠢ  ᠵᠦᠢᠯ ᠵᠤᠷᠪᠤᠰ ᠲᠠᠬᠢ ᠰᠠᠭᠤᠬᠤ ︵ᠲᠦᠷᠢᠶᠡᠰᠦᠯᠡᠬᠦ︶ ᠬᠡᠷ ᠪᠠᠶᠢᠰᠢᠩ ᠤᠨ ᠨᠥᠬᠦᠪᠥᠷᠢ᠂ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠬᠤᠳᠠᠯᠳᠤᠨ ᠠᠪᠬᠤ ᠪᠤᠶᠤ ᠲᠦᠷᠢᠶᠡᠰᠦᠯᠡᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠴᠢᠳᠠᠪᠤᠷᠢᠲᠠᠨ ᠣᠷᠣᠭᠤᠯᠤᠨ ᠠᠪᠴᠢᠷᠠᠬᠤ ᠳᠤ ᠵᠥᠪᠬᠡᠨ ᠲᠡᠭᠦᠨ ᠤ ᠳᠣᠲᠣᠷᠠᠬᠢ ᠨᠢᠭᠡ ᠶᠢ ᠨᠢ ᠭᠥᠷᠳᠡᠨ᠎ᠡ᠂ ᠳᠠᠪᠬᠤᠷᠳᠠᠭᠤᠯᠤᠨ ᠨᠥᠬᠦᠪᠥᠷᠢ ᠥᠭᠬᠦ ᠥᠬᠡᠶ᠃      ᠠᠷᠪᠠᠨ ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠥᠭᠡᠯᠡᠨ ᠢᠶᠠᠷ ᠣᠷᠣᠭᠤᠯᠤᠨ ᠠᠪᠴᠢᠷᠠᠵᠤ᠂ ᠲᠥᠷᠥᠯ ᠵᠦᠢᠯ ᠤᠨ ᠭᠤᠣᠯ ᠪᠦᠷᠢᠯᠳᠦᠬᠦᠨ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠪᠠ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠬᠢᠵᠦ ᠪᠠᠶᠢᠭ᠎ᠠ ᠡᠭᠦᠨ ᠤ ᠬᠠᠮᠲᠤ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ︵ᠮᠤᠵᠢ᠂ ᠰᠢᠭᠤᠳ ᠬᠠᠷᠢᠶ᠎ᠠ ᠬᠤᠲᠠ︶ ᠤ ᠲᠠᠰ ᠤᠨ ᠲᠥᠷᠥᠯ  ᠵᠦᠢᠯ ᠲᠣᠭᠲᠠᠭᠠᠭᠰᠠᠨ ᠲᠥᠷᠥᠯ  ᠵᠦᠢᠯ ᠢ ᠭᠥᠷᠳᠡᠵᠦ᠂ ᠲᠥᠷᠥᠯ  ᠵᠦᠢᠯ ᠢ ᠶᠠᠪᠤᠭᠳᠠᠭᠤᠯᠬᠤ ᠬᠤᠭᠤᠴᠠᠭᠠᠨ ᠳᠤ᠂ ᠳᠣᠤᠷᠠᠬᠢ ᠪᠠᠷᠢᠮᠵᠢᠶ᠎ᠠ ᠶᠣᠰᠣᠭᠠᠷ ᠣᠷᠣᠭᠤᠯᠤᠨ ᠠᠪᠴᠢᠷᠠᠬᠤ ᠨᠢᠭᠡᠴᠡ ᠳᠤ ᠠᠵᠢᠯ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠳᠡᠮᠵᠢᠬᠦ ᠵᠠᠷᠤᠳᠠᠯ ᠢ ᠲᠥᠷᠥᠯ  ᠵᠦᠢᠯ ᠤᠨ ᠰᠤᠳᠤᠯᠭᠠᠨ᠂  ᠣᠷᠣᠭᠤᠯᠤᠨ  ᠠᠪᠴᠢᠷᠠᠬᠤ  ᠴᠢᠳᠠᠪᠤᠷᠢᠲᠠᠨ  ᠤ  ᠬᠡᠷ  ᠲᠦᠷᠢᠶᠡᠰᠦᠯᠡᠬᠦ  ᠨᠥᠬᠦᠪᠥᠷᠢ  ᠪᠤᠶᠤ ᠢᠷᠡᠵᠦ  ᠪᠤᠴᠠᠬᠤ  ᠵᠠᠮ  ᠬᠠᠷᠢᠯᠴᠠᠭᠠᠨ  ᠤ  ᠵᠠᠷᠤᠳᠠᠯ᠂  ᠬᠤᠨᠤᠭ  ᠤᠨ  ᠵᠠᠷᠤᠳᠠᠯ  ᠵᠡᠷᠭᠡ  ᠳᠤ  ᠬᠡᠷᠡᠭᠯᠡᠵᠦ  ᠪᠣᠯᠤᠨ᠎ᠠ᠃      ︵ᠨᠢᠭᠡ︶ ᠨᠢᠭᠡᠳᠦᠭᠡᠷ ᠲᠥᠷᠥᠯ ᠤᠨ ᠴᠢᠳᠠᠪᠤᠷᠢᠲᠠᠨ᠂ ᠵᠢᠯ ᠪᠦᠷᠢ 20 ᠲᠦᠮᠡᠨ ᠲᠥᠭᠦᠷᠢᠭ᠃      ︵ᠬᠤᠶᠠᠷ︶ ᠬᠤᠶᠠᠳᠤᠭᠠᠷ ᠲᠥᠷᠥᠯ ᠤᠨ ᠴᠢᠳᠠᠪᠤᠷᠢᠲᠠᠨ᠂ ᠵᠢᠯ ᠪᠦᠷᠢ 15 ᠲᠦᠮᠡᠨ ᠲᠥᠭᠦᠷᠢᠭ᠃      ︵ᠭᠤᠷᠪᠠ︶ ᠭᠤᠷᠪᠠᠳᠤᠭᠠᠷ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ᠂ ᠵᠢᠯ ᠪᠦᠷᠢ 10 ᠲᠦᠮᠡᠨ ᠲᠥᠭᠦᠷᠢᠭ᠃      ᠠᠷᠪᠠ ᠶᠢᠰᠦᠳᠦᠭᠡᠷ ᠵᠦᠢᠯ  ᠤᠯᠤᠰ  ᠤᠨ ᠥᠮᠴᠢᠯᠡᠯ ᠤᠨ ᠠᠵᠤ ᠠᠬᠤᠶᠢᠯᠠᠯ ᠨᠢᠭᠡ ᠠᠴᠠ ᠳᠥᠷᠪᠡᠳᠦᠭᠡᠷ ᠲᠦᠷᠦᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠶᠢᠨ ᠬᠠᠮᠲᠤ 3 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠠᠶᠢᠪᠠᠯ᠂ ᠬᠤᠳᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠨᠢ ᠣᠷᠣᠭᠤᠯᠤᠨ ᠠᠪᠴᠢᠷᠠᠬᠤ ᠴᠢᠳᠠᠪᠤᠷᠢᠲᠠᠨ ᠤ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠲᠡᠮᠳᠡᠭᠯᠡᠯ ᠢ ᠦᠨᠳᠦᠰᠦᠯᠡᠨ᠂ ᠣᠷᠣᠭᠤᠯᠤᠨ ᠠᠪᠴᠢᠷᠠᠬᠤ ᠴᠢᠳᠠᠪᠤᠷᠢᠲᠠᠨ ᠳᠤ 3 ᠵᠢᠯ ᠠᠴᠠ ᠦᠯᠦ ᠬᠡᠲᠦᠷᠡᠬᠦ ᠬᠤᠭᠤᠴᠠᠭ᠎ᠠ ᠲᠠᠢ ᠠᠵᠢᠯ ᠤᠨ ᠨᠥᠬᠦᠪᠥᠷᠢ ᠥᠭᠭᠦᠨ᠎ᠡ᠃ ᠨᠥᠬᠦᠪᠥᠷᠢ ᠶᠢᠨ ᠪᠠᠷᠢᠮᠵᠢᠶ᠎ᠠ ᠨᠢ᠄ ᠨᠢᠭᠡᠳᠦᠭᠡᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 2000 ᠲᠥᠭᠦᠷᠢᠭ᠂ ᠬᠤᠶᠠᠳᠤᠭᠠᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 1500 ᠲᠥᠭᠦᠷᠢᠭ᠂ ᠭᠤᠷᠪᠠᠳᠤᠭᠠᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 1000 ᠲᠥᠭᠦᠷᠢᠭ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠳᠤ ᠰᠠᠷ᠎ᠠ ᠪᠦᠷᠢ 800 ᠲᠥᠭᠦᠷᠢᠭ ᠪᠣᠯᠤᠨ᠎ᠠ᠃      ᠬᠤᠷᠢᠳᠤᠭᠠᠷ ᠵᠦᠢᠯ ᠤᠯᠤᠰ ᠤᠨ ᠥᠮᠴᠢᠯᠡᠯᠳᠤ ᠠᠵᠤ ᠠᠬᠤᠶᠢᠯᠠᠯ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠶ ᠪᠠᠷ ᠣᠷᠣᠭᠤᠯᠵᠤ ᠢᠷᠡᠬᠦ ᠶᠢᠨ ᠬᠠᠮᠲᠤ 3 ᠵᠢᠯ ᠠᠴᠠ ᠳᠡᠭᠡᠭᠰᠢ ᠦᠢᠯᠡᠴᠢᠯᠡᠭᠡᠨ ᠤ ᠭᠡᠷ᠎ᠡ ᠲᠣᠭᠲᠠᠵᠤ᠂ ᠵᠢᠯ ᠪᠦᠷᠢ ᠮᠠᠨ ᠤ ᠬᠤᠳᠠ ᠳᠤ ᠨᠡᠶᠢᠳᠡ 3 ᠰᠠᠷ᠎ᠠ ᠠᠴᠠ ᠳᠤᠲᠠᠭᠤ ᠥᠭᠡᠢ ᠠᠵᠢᠯᠯᠠᠵᠤ᠂ ᠦᠨᠡᠮᠰᠢᠭᠰᠡᠨ ᠤ ᠲᠠᠷᠠᠭ᠎ᠠ ᠠᠵᠢᠯ ᠤᠨ ᠨᠥᠬᠦᠪᠥᠷᠢ ᠬᠥᠷᠳᠡᠵᠤ ᠪᠣᠯᠤᠨ᠎ᠠ᠂ ᠪᠠᠷᠢᠮᠵᠢᠶ᠎ᠠ ᠶᠢ ᠮᠠᠨ ᠤ ᠬᠤᠳᠠ ᠳᠤ ᠭᠠᠶᠢᠯᠢ ᠲᠤᠰᠢᠶᠠᠬᠤ ᠣᠨ ᠤ ᠴᠠᠯᠢᠩ ᠤᠨ 1% - 5% ᠪᠠᠷ ᠬᠡᠷᠡᠭᠵᠢᠭᠦᠯᠵᠦ᠂ ᠵᠢᠯ ᠪᠦᠷᠢ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠨᠥᠬᠦᠪᠥᠷᠢᠯᠡᠵᠦ᠂ ᠨᠥᠬᠦᠪᠥᠷᠢ ᠥᠭᠬᠦ ᠬᠤᠭᠤᠴᠠᠭ᠎ᠠ ᠨᠢ ᠬᠠᠮᠤᠭ ᠤᠨ ᠤᠷᠳᠤ  ᠳᠠᠭᠠᠨ 3 ᠵᠢᠯ ᠪᠣᠯᠤᠨ᠎ᠠ᠃      ᠬᠤᠷᠢᠨ ᠨᠢᠭᠡᠳᠦᠭᠡᠷ  ᠵᠦᠢᠯ ᠠᠵᠤ ᠠᠬᠤᠶᠢᠯᠠᠯ ᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠪᠤᠶᠤ ᠳ᠋ᠣᠺᠲ᠋ᠣᠷ ᠤᠨ ᠴᠣᠯᠠ ᠲᠠᠢ ᠵᠡᠷᠭᠡ ᠳᠡᠭᠡᠳᠦ ᠲᠠᠰ ᠤᠨ ᠴᠢᠳᠠᠪᠤᠷᠢᠲᠠᠨ ᠪᠠ ᠳᠡᠭᠡᠳᠦ ᠵᠡᠷᠭᠡ ᠶᠢᠨ ᠮᠠᠰᠲ᠋ᠧᠷ ᠤᠨ ᠬᠢᠷᠢ ᠬᠡᠮ ᠤᠨ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠣᠯᠭᠤᠭᠰᠠᠨ ᠨᠢᠭᠡ ᠤᠳᠠᠭ᠎ᠠ ᠶᠢᠨ ᠴᠢᠨᠠᠷᠲᠠᠶ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ᠂ ᠰᠢᠨᠵᠢᠯᠡᠬᠦ ᠤᠬᠠᠭᠠᠨ ᠤ ᠰᠤᠳᠤᠯᠤᠯ ᠢ ᠡᠬᠢᠯᠡᠭᠦᠯᠬᠦ ᠵᠠᠷᠤᠳᠠᠯ ᠵᠡᠷᠭᠡ ᠶᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠠᠴᠠ ᠡᠮᠦᠨ᠎ᠡ ᠰᠠᠭᠤᠯᠭᠠᠨ ᠠᠪᠴᠤ ᠪᠣᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠲᠤᠰᠬᠠᠶ ᠣᠷᠣᠭᠤᠯᠤᠯᠲᠠ ᠶᠢᠨ ᠥᠪᠡᠷ ᠤᠨ ᠥᠷᠲᠡᠭ ᠢ ᠲᠤᠬᠠᠶ ᠶᠢᠨ ᠵᠢᠯ ᠤᠨ ᠰᠢᠯᠭᠠᠨ ᠦᠨᠡᠯᠡᠯᠲᠡ ᠶᠢᠨ ᠠᠰᠢᠭ ᠬᠤᠨᠵᠢᠪᠣᠷᠢ ᠪᠠᠷ ᠦᠵᠡᠵᠦ ᠪᠣᠯᠣᠨ᠎ᠠ᠃      ᠬᠤᠷᠢᠨ ᠬᠤᠶᠠᠳᠤᠭᠠᠷ  ᠵᠦᠢᠯ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠭᠦᠳᠦᠨ ᠡᠷᠭᠢᠯᠡᠭᠰᠡᠨ ᠠᠵᠤ ᠠᠬᠤᠶᠢᠯᠠᠯ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠬᠠᠷᠢᠶᠠᠯᠠᠭᠳᠠᠨ᠎ᠠ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ 15% ᠶᠢᠨ ᠭᠠᠶᠢᠯᠢ ᠶᠢᠨ ᠨᠣᠷᠮ᠎ᠠ ᠪᠠᠷ ᠬᠠᠰᠤᠵᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠭᠦᠳᠦᠨ ᠡᠷᠭᠢᠯᠡᠭᠰᠡᠨ ᠠᠵᠤ ᠠᠬᠤᠶᠢᠯᠠᠯ ᠤᠨ ᠮᠡᠷᠭᠡᠵᠢᠯ ᠰᠢᠯᠵᠢᠭᠦᠯᠦᠨ ᠥᠭᠬᠦ᠂ ᠮᠡᠷᠭᠡᠵᠢᠯ ᠨᠡᠭᠡᠭᠡᠨ ᠬᠥᠭᠵᠢᠭᠦᠯᠬᠦ ᠪᠠ ᠡᠭᠦᠨ ᠯᠦᠭᠡ ᠬᠤᠯᠪᠣᠭᠳᠠᠬᠤ ᠮᠡᠷᠭᠡᠵᠢᠯ ᠤᠨ ᠯᠠᠪᠯᠠᠭ᠎ᠠ᠂ ᠮᠡᠷᠭᠡᠵᠢᠯ ᠤᠨ  ᠦᠢᠯᠡᠴᠢᠯᠡᠭᠡ ᠡᠷᠭᠢᠯᠡᠭᠡᠳ ᠣᠯᠤᠭᠰᠠᠨ ᠠᠰᠢᠭ ᠣᠯᠵᠠᠪᠤᠷᠢ ᠨᠢ ᠤᠯᠤᠰ ᠤᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠪᠡᠯ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ᠂ ᠨᠥᠬᠦᠴᠡᠯ ᠳᠤ ᠨᠡᠶᠢᠴᠡᠭᠰᠡᠨ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠪᠤᠶᠤ ᠬᠥᠩᠭᠡᠯᠡᠨ ᠲᠠᠲᠠᠪᠤᠷᠢᠯᠠᠵᠤ᠂ ᠰᠠᠭᠤᠭᠠᠯᠢ ᠠᠷᠠᠳ ᠠᠵᠤ ᠠᠬᠤᠶᠢᠯᠠᠯ ᠤᠨ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠨᠢ 500 ᠲᠦᠮᠡᠨ ᠲᠥᠭᠦᠷᠢᠭ ᠠᠴᠠ ᠬᠡᠲᠦᠷᠡᠭᠰᠡᠨ ᠦᠭᠡᠢ ᠬᠡᠰᠡᠭ ᠠᠴᠠ ᠬᠠᠤᠯᠢ ᠶᠣᠰᠣᠭᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠦᠨ᠎ᠡ︔ 500 ᠲᠦᠮᠡᠨ ᠲᠥᠭᠦᠷᠢᠭ ᠠᠴᠠ ᠬᠡᠲᠦᠷᠡᠭᠰᠡᠨ ᠬᠡᠰᠡᠭ ᠠᠴᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠤᠯᠢ ᠶᠣᠰᠣᠭᠠᠷ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃      ᠬᠤᠷᠢᠨ ᠭᠤᠷᠪᠠᠳᠤᠭᠠᠷ ᠵᠦᠢᠯ ᠡᠯ᠎ᠡ ᠲᠦᠷᠦᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠢᠳᠠᠪᠤᠷᠢᠲᠠᠨ ᠤ ᠵᠠᠭᠤᠴᠢᠯᠠᠬᠤ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠵᠡᠷᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠡᠷᠭᠦᠨ ᠲᠠᠨᠢᠯᠴᠠᠭᠤᠯᠬᠤ ᠶᠢ ᠵᠣᠷᠢᠭᠵᠢᠭᠤᠯᠤᠨ᠎ᠠ᠃ ᠨᠢᠭᠡᠳᠦᠭᠡᠷ ᠲᠥᠷᠥᠯ ᠤᠨ ᠴᠢᠳᠠᠪᠤᠷᠢᠲᠠᠨ ᠵᠢᠴᠢ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠠᠮᠵᠢᠯᠲᠠ ᠲᠠᠢ ᠪᠠᠷ ᠵᠠᠪᠠᠯ ᠣᠷᠣᠭᠤᠯᠤᠨ ᠠᠪᠴᠢᠷᠠᠭᠰᠠᠳ ᠲᠤ 50 ᠲᠦᠮᠡ ᠠᠴᠠ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠲᠠᠪᠤᠳᠤᠭᠠᠷ ᠪᠦᠯᠦᠭ ᠴᠢᠳᠠᠪᠤᠷᠢᠲᠠᠨ ᠢ ᠬᠥᠮᠦᠵᠢᠭᠦᠯᠬᠦ      ᠬᠤᠷᠢᠨ ᠳᠥᠷᠪᠡᠳᠦᠭᠡᠷ  ᠵᠦᠢᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠦᠷᠦᠭᠦᠯᠡᠬᠦ ᠨᠢᠭᠡᠴᠡ ᠶᠢᠨ ᠴᠢᠳᠠᠪᠤᠷᠢᠲᠠᠨ ᠤ ᠡᠩᠨᠡᠭᠡ ᠶᠢᠨ ᠬᠥᠮᠦᠵᠢᠭᠦᠯᠦᠯ ᠢ ᠴᠢᠩᠭᠠᠳᠬᠠᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠢᠯ ᠪᠦᠷᠢ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠶᠢ ᠰᠣᠩᠭᠤᠵᠤ᠂ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢᠨ ᠬᠠᠮᠲᠤ ᠲᠦᠷᠦᠭᠦᠯᠡᠨ ᠬᠢᠬᠦ ᠨᠢᠭᠡᠴᠡ ᠳᠤ 10-20 ᠲᠦᠮᠡᠨ ᠲᠥᠭᠦᠷᠢᠭ ᠤᠨ ᠲᠤᠰᠠᠯᠠᠮᠵᠢ ᠥᠭᠴᠦ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠤᠳᠤᠯᠤᠨ ᠰᠤᠷᠤᠯᠴᠠᠵᠤ ᠳᠠᠪᠲᠠᠨ ᠪᠣᠯᠪᠠᠰᠤᠷᠠᠬᠤ ᠵᠡᠷᠭᠡ ᠠᠵᠢᠯᠯᠠᠭ᠎ᠠ ᠥᠷᠨᠢᠭᠦᠯᠬᠦ ᠳᠤ ᠬᠡᠷᠡᠭᠯᠡᠨ᠎ᠡ᠃      ᠬᠤᠷᠢᠨ ᠲᠠᠪᠤᠳᠤᠭᠠᠷ  ᠵᠦᠢᠯ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠤᠯᠤᠰ ᠤᠨ ᠲᠠᠰ ᠤᠨ ᠪᠠ ᠥᠪᠡᠷᠲᠡᠭᠡᠨ  ᠵᠠᠰᠠᠬᠤ ᠣᠷᠣᠨ  ᠤ  ᠲᠠᠰ  ᠤᠨ ᠡᠷᠳᠡᠮ  ᠰᠢᠨᠵᠢᠯᠡᠭᠡᠨ  ᠤ ᠰᠣᠯᠢᠯᠴᠠᠭ᠎ᠠ᠂  ᠰᠤᠳᠤᠯᠤᠨ ᠶᠠᠷᠢᠯᠴᠠᠬᠤ  ᠵᠡᠷᠭᠡ  ᠠᠵᠢᠯᠯᠠᠭ᠎ᠠ  ᠡᠷᠭᠢᠯᠡᠭᠰᠡᠨ  ᠪᠠᠶᠢᠪᠠᠯ᠂ ᠲᠣᠰ ᠲᠣᠰ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠪᠠ 10 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃      ᠬᠤᠷᠢᠨ ᠵᠢᠷᠭᠤᠳᠤᠭᠠᠷ  ᠵᠦᠢᠯ ᠵᠠᠪᠠᠯ ᠣᠷᠣᠭᠤᠯᠤᠨ ᠠᠪᠴᠢᠷᠠᠭᠰᠠᠨ ᠳ᠋ᠣᠺᠲ᠋ᠣᠷᠠᠨᠲ ᠤᠨ ᠰᠤᠳᠤᠯᠬᠤ ᠰᠣᠷᠣᠭᠴᠢ ᠶᠢ ᠮᠠᠨ ᠤ ᠬᠤᠲᠠ ᠶᠢᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠪᠤᠰᠤᠳ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠳᠣᠲᠣᠷ᠎ᠠ ᠳ᠋ᠣᠺᠲ᠋ᠣᠷᠠᠨᠲ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠪᠠᠶᠢᠭᠤᠯᠵᠤ᠂ ᠬᠤᠲᠠ ᠶᠢᠨ ᠵᠣᠬᠢᠶᠠᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠪᠠᠶᠢᠪᠠᠯ᠂ ᠥᠷᠲᠡᠭᠡ ᠪᠠᠶᠢᠭᠤᠯᠬᠤ ᠵᠠᠷᠤᠳᠠᠯ ᠢ ᠨᠢᠭᠡ ᠤᠳᠠᠭ᠎ᠠ ᠳᠤ 10 ᠲᠦᠮᠡᠨ ᠲᠥᠭᠦᠷᠢᠭ ᠤᠨ ᠵᠠᠷᠤᠳᠠᠯ ᠢ ᠨᠢᠭᠡ ᠤᠳᠠᠭ᠎ᠠ ᠳᠤ ᠣᠯᠭᠤᠨ᠎ᠠ᠃      ᠬᠤᠷᠢᠨ ᠳᠣᠯᠣᠳᠤᠭᠠᠷ  ᠵᠦᠢᠯ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ  ᠪᠠᠶᠢᠭᠤᠯᠬᠤ  ᠶᠢ  ᠶᠡᠬᠡᠪᠡᠷ  ᠠᠬᠢᠭᠤᠯᠵᠤ᠂  ᠬᠤᠶᠠᠷ  ᠬᠦᠷᠢᠶᠡᠯᠡᠩ  ᠤᠨ  ᠠᠺᠠᠳᠧᠮᠢᠴᠢ  ᠵᠢᠴᠢ  ᠰᠢᠨ᠎ᠡ  ᠶᠢ  ᠡᠭᠦᠳᠬᠦ  ᠪᠦᠯᠬᠦᠮ  ᠨᠡᠶᠢᠲᠡ᠂ ᠨᠠᠷᠠᠲᠤ ᠳᠡᠭᠡᠳᠦ ᠰᠤᠷᠭᠠᠭᠤᠯᠢ ᠶᠢᠨ ᠳ᠋ᠣᠺᠲ᠋ᠣᠷ ᠢ ᠢᠳᠡᠪᠬᠢᠲᠡᠶ ᠪᠠᠷ ᠲᠠᠲᠠᠵᠤ ᠥᠷᠲᠡᠭᠡᠨ ᠳᠤ ᠣᠷᠣᠭᠤᠯᠤᠨ ᠠᠵᠢᠯ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠣᠯᠭᠤᠭᠰᠠᠨ ᠡᠬᠢᠯᠡᠭᠦᠯᠬᠦ ᠵᠠᠷᠤᠳᠠᠯ ᠠᠴᠠ ᠭᠠᠳᠠᠨ᠎ᠠ᠂ ᠮᠠᠨ ᠤ ᠬᠤᠲᠠ ᠨᠢᠭᠡ ᠤᠳᠠᠭ᠎ᠠ ᠳᠤ 30 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃ ᠤᠯᠤᠰ ᠤᠨ ᠵᠥᠪᠰᠢᠶᠡᠷᠡᠯ ᠢ ᠣᠯᠤᠭᠰᠠᠨ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠳᠤ ᠨᠢᠭᠡ ᠤᠳᠠᠭ᠎ᠠ ᠳᠤ 20 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃      ᠬᠤᠷᠢᠨ  ᠨᠠᠢᠮᠠᠳᠤᠭᠠᠷ  ᠵᠦᠢᠯ ᠤᠯᠤᠰ ᠤᠨ ᠲᠠᠰ ᠲᠤ ᠰᠣᠩᠭᠤᠭᠳᠠᠭᠰᠠᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠨᠢᠭᠡ ᠤᠳᠠᠭ᠎ᠠ ᠳᠤ 100 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠰᠣᠩᠭᠤᠭᠳᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 10 — 15 ᠲᠦᠮᠡᠨ ᠲᠥᠭᠦᠷᠢᠭ ᠤᠨ ᠵᠣᠭᠤᠰ ᠢᠶᠠᠷ ᠲᠤᠰᠠᠯᠠᠨ᠎ᠠ᠃ ᠲᠤᠰᠠᠯᠠᠮᠵᠢ ᠶᠢᠨ ᠪᠡᠯᠡ ᠮᠥᠩᠭᠦ ᠶᠢ ᠰᠤᠳᠤᠯᠬᠤ᠂ ᠰᠢᠯᠭᠠᠬᠤ ᠵᠡᠷᠭᠡ ᠵᠥᠭᠡᠯᠡᠨ ᠬᠠᠲᠠᠭᠤ ᠬᠡᠷᠡᠭᠰᠡᠯ ᠤᠨ ᠪᠥᠳᠥᠭᠡᠨ ᠪᠠᠶᠢᠭᠤᠯᠤᠯᠲᠠ ᠵᠢᠴᠢ ᠲᠦᠭᠦᠬᠡᠶ ᠮᠠᠲ᠋ᠧᠷᠢᠶᠠᠯ᠂ ᠠᠵᠢᠯᠳᠠᠨ ᠵᠡᠷᠭᠡ ᠶᠢᠨ ᠣᠷᠣᠭᠤᠯᠤᠯᠲᠠ ᠳᠤ ᠬᠡᠷᠡᠭᠯᠡᠨ᠎ᠡ᠃      ᠬᠤᠷᠢ ᠶᠢᠰᠦᠳᠦᠭᠡᠷ  ᠵᠦᠢᠯ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠨᠡᠮᠰᠢᠭᠰᠡᠨ ᠪᠥᠭᠡᠳ ᠬᠡᠪ ᠤᠨ ᠶᠣᠰᠣᠭᠠᠷ ᠠᠵᠢᠯᠯᠠᠭᠰᠠᠨ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯ ᠨᠢᠭᠡ ᠤᠳᠠᠭ᠎ᠠ ᠳᠤ 10 ᠲᠦᠮᠡᠨ ᠲᠥᠭᠦᠷᠢᠭ ᠤᠨ ᠵᠣᠭᠤᠰ ᠢᠶᠠᠷ ᠲᠤᠰᠠᠯᠠᠨ᠎ᠠ᠃ ᠦᠨᠡᠮᠰᠢᠭᠰᠡᠨ ᠪᠥᠭᠡᠳ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠲᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃      ᠭᠤᠴᠢᠳᠤᠭᠠᠷ  ᠵᠦᠢᠯ ᠡᠯ᠎ᠡ ᠬᠦᠷᠢᠶᠡᠨ ᠤ ᠴᠢᠳᠠᠪᠤᠷᠢᠲᠠᠨ ︵ᠪᠦᠯᠬᠦᠮ ᠨᠡᠶᠢᠲᠡ︶ ᠨᠢ ᠮᠠᠨ ᠤ ᠬᠤᠲᠠ ᠶᠢᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠳᠠᠪᠤᠷᠢᠲᠠᠨ ᠤ ᠢᠨᠵᠧᠨᠧᠷᠢᠩ ᠢ ᠭᠤᠶᠤᠴᠢᠯᠠᠨ ᠮᠡᠳᠡᠭᠦᠯᠦᠭᠰᠡᠨ ᠪᠥᠭᠡᠳ ᠠᠮᠵᠢᠯᠲᠠ ᠲᠠᠢ ᠪᠠᠷ ᠰᠣᠩᠭᠤᠭᠳᠠᠭᠰᠠᠨ ᠪᠠᠶᠢᠪᠠᠯ᠂ 1 ᠬᠥᠮᠦᠨ ︵ᠬᠤᠪᠢ︶ ᠠᠮᠵᠢᠯᠲᠠ ᠣᠯᠤᠭᠰᠠᠨ ᠪᠠᠶᠢᠪᠠᠯ᠂ ᠲᠣᠰ ᠲᠣᠰ ᠬᠥᠮᠦᠨ ᠬᠡᠷᠡᠭᠯᠡᠬᠦ ᠨᠢᠭᠡᠴᠡ ᠳᠤ 10 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︵ᠪᠦᠯᠬᠦᠮ ᠨᠡᠶᠢᠲᠡ︶ ᠢ ᠬᠥᠮᠦᠵᠢᠭᠦᠯᠦᠨ ᠱᠠᠩᠨᠠᠨ᠎ᠠ᠃      ᠭᠤᠴᠢᠨ ᠨᠢᠭᠡᠳᠦᠭᠡᠷ ᠵᠦᠢᠯ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠳᠡᠭᠡᠳᠦ ᠰᠢᠨ᠎ᠡ ᠮᠡᠷᠭᠡᠵᠢᠯ ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠂ ᠲᠤᠰᠬᠠᠶ ᠠᠰᠢᠭ ᠤᠨ ᠮᠡᠷᠭᠡᠵᠢᠯ ᠵᠡᠷᠭᠡ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥᠯ ᠵᠦᠢᠯ ᠢ ᠳᠠᠭᠠᠭᠤᠯᠤᠨ ᠮᠠᠨ ᠤ ᠬᠤᠲᠠ ᠶᠢᠨ ᠠᠵᠤ ᠠᠬᠤᠶᠢᠯᠠᠯ ᠳᠤ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠵᠢᠬᠢᠨᠠᠨ ᠲᠣᠭᠲᠠᠭᠠᠬᠤ ᠪᠠᠷ ᠳᠡᠮᠵᠢᠨ ᠬᠡᠷᠡᠭᠵᠢᠭᠦᠯᠵᠦ ᠪᠣᠯᠬᠤ ᠪᠥᠭᠡᠳ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠬᠦ ᠪᠠᠷ ᠦᠨᠡᠮᠰᠢᠭᠰᠡᠨ ᠲᠥᠷᠥᠯ  ᠵᠦᠢᠯ ᠳᠤ ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠲᠤᠰᠠᠯᠠᠮᠵᠢ ᠣᠯᠭᠤᠨ᠎ᠠ᠃      ᠭᠤᠴᠢᠨ ᠬᠤᠶᠠᠳᠤᠭᠠᠷ  ᠵᠦᠢᠯ ᠠᠯᠪᠠᠳᠠᠯᠭ᠎ᠠ ᠪᠠᠷ ᠣᠷᠣᠭᠤᠯᠤᠨ ᠠᠪᠴᠢᠷᠠᠭᠰᠠᠨ ᠭᠤᠷᠪᠠ ᠠᠴᠠ ᠲᠠᠪᠤᠳᠤᠭᠠᠷ ᠲᠥᠷᠥᠯ ᠤᠨ ᠴᠢᠳᠠᠪᠤᠷᠢᠲᠠᠨ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠢ ᠢᠳᠡᠪᠬᠢᠲᠡᠶ ᠪᠠᠷ ᠲᠠᠨᠢᠯᠴᠠᠭᠤᠯᠤᠨ ᠰᠢᠯᠭᠠᠷᠠᠭᠤᠯᠬᠤ ᠳᠤ ᠣᠷᠣᠯᠴᠠᠭᠤᠯᠤᠨ᠎ᠠ᠃ ᠵᠥᠭᠡᠯᠡᠨ ᠴᠢᠨᠠᠷᠲᠠᠶ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠨᠢ ᠵᠥᠭᠡᠯᠡᠨ ᠴᠢᠨᠠᠷᠲᠠᠶ ᠪᠠᠷ ᠰᠢᠯᠵᠢᠬᠦ ᠠᠵᠢᠯ ᠤᠨ ᠪᠠᠶᠢᠷᠢ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠣᠷᠣᠭᠤᠯᠤᠨ ᠠᠪᠴᠢᠷᠠᠭᠰᠠᠨ ᠨᠢᠭᠡᠴᠡ ᠠᠴᠠ ︽ᠪᠣᠷᠣᠲᠣᠬᠤᠶ ᠶᠢᠨ ᠰᠣᠳᠣᠨ ᠴᠢᠳᠠᠪᠤᠷᠢᠲᠠᠨ︾᠂ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠵᠡᠷᠭᠡ ᠴᠢᠳᠠᠪᠤᠷᠢᠲᠠᠨ ᠤ ᠰᠢᠯᠭᠠᠷᠠᠭᠤᠯᠤᠯᠲᠠ ᠶᠢᠨ ᠲᠥᠷᠥᠯ  ᠵᠦᠢᠯ ᠢ ᠡᠩ ᠲᠡᠷᠢᠭᠦᠨ ᠳᠤ ᠲᠠᠨᠢᠯᠴᠠᠭᠤᠯᠤᠨ ᠰᠢᠯᠭᠠᠷᠠᠭᠤᠯᠬᠤ ᠳᠤ ᠣᠷᠣᠯᠴᠠᠵᠤ ᠪᠣᠯᠤᠨ᠎ᠠ᠃      ᠭᠤᠴᠢᠨ ᠭᠤᠷᠪᠠᠳᠤᠭᠠᠷ ᠵᠦᠢᠯ ᠲᠤᠰ ᠭᠠᠵᠠᠷ ᠣᠷᠣᠨ ᠤ ᠴᠢᠳᠠᠪᠤᠷᠢᠲᠠᠨ ᠬᠥᠮᠦᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠦᠷᠢᠶᠡᠨ ᠳᠠᠬᠢ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠶᠢ ᠵᠣᠷᠢᠭᠵᠢᠭᠤᠯᠤᠨ ᠳᠡᠮᠵᠢᠵᠦ᠂ ᠲᠣᠰ ᠭᠠᠵᠠᠷ ᠣᠷᠣᠨ ᠤ ᠴᠢᠳᠠᠪᠤᠷᠢᠲᠠᠨ ᠤ ᠬᠥᠭᠵᠢᠯᠲᠡ ᠶᠢᠨ ᠬᠠᠷᠠᠯᠲᠠ᠂ ᠬᠥᠮᠦᠵᠢᠭᠦᠯᠬᠦ ᠲᠥᠯᠥᠪᠯᠡᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠲᠥᠷᠥᠯ  ᠵᠦᠢᠯ᠂ ᠵᠠᠷᠤᠳᠠᠯ ᠵᠡᠷᠭᠡ ᠳᠤ ᠳᠡᠮᠵᠢᠯᠭᠡ ᠦᠵᠡᠭᠦᠯᠦᠨ᠎ᠡ᠃ ᠠᠵᠢᠯ  ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠠᠵᠤ ᠠᠬᠤᠶᠢᠯᠠᠯ ᠳᠤ ᠲᠦᠷ ᠴᠠᠭ ᠲᠤᠰᠢᠶᠠᠯ ᠡᠭᠦᠷᠭᠡᠯᠡᠭᠦᠯᠬᠦ ᠪᠤᠶᠤ ᠲᠥᠷᠥᠯ  ᠵᠦᠢᠯ ᠤᠨ ᠬᠠᠮᠲᠤᠷᠠᠯᠴᠠᠭ᠎ᠠ ᠳᠤ ᠣᠷᠣᠯᠴᠠᠭᠤᠯᠬᠤ ᠶᠢ ᠳᠡᠮᠵᠢᠨ ᠵᠣᠷᠢᠭᠵᠢᠭᠤᠯᠵᠤ᠂ ᠬᠤᠭᠤᠴᠠᠭᠠᠨ ᠳᠤ ᠤᠤᠯ ᠤᠨ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠯᠤᠭ᠎ᠠ ᠬᠠᠮᠢᠶ᠎ᠠ ᠪᠥᠬᠦᠶ ᠡᠷᠬᠡ ᠶᠢ ᠠᠳᠠᠯᠢ ᠲᠡᠭᠰᠢ ᠪᠠᠷ ᠡᠳ᠋ᠯᠡᠬᠦ ᠶᠢᠨ ᠬᠠᠮᠲᠤ᠂ ᠬᠡᠯᠡᠯᠴᠡᠭᠡᠷ ᠤᠨ ᠶᠣᠰᠣᠭᠠᠷ ᠦᠷ᠎ᠡ ᠪᠦᠲᠦᠭᠡᠯ ᠢᠶᠠᠨ ᠰᠢᠯᠵᠢᠭᠦᠯᠦᠨ ᠥᠭᠭᠦᠭᠰᠡᠨ᠂ ᠨᠡᠭᠡᠭᠡᠨ ᠬᠥᠭᠵᠢᠭᠦᠯᠦᠭᠰᠡᠨ ᠠᠰᠢᠭ ᠣᠯᠵᠠᠪᠤᠷᠢ ᠶᠢ ᠣᠯᠵᠤ ᠪᠣᠯᠤᠨ᠎ᠠ᠃  ︽ᠴᠢᠳᠠᠪᠤᠷᠢᠲᠠᠨ  ᠢ  ᠬᠥᠮᠦᠵᠢᠭᠦᠯᠬᠦ  ᠠᠷᠪᠠᠨ  ᠵᠦᠢᠯ  ᠤᠨ  ᠲᠥᠯᠥᠪᠯᠡᠭᠡ︾  ᠶᠢ  ᠭᠦᠨᠵᠡᠭᠡᠶᠢᠷᠡᠭᠦᠯᠦᠨ  ᠥᠷᠭᠡᠳᠬᠡᠵᠦ  ᠂  ︽ᠴᠢᠳᠠᠪᠤᠷᠢᠲᠠᠨ + ᠲᠥᠷᠥᠯ  ᠵᠦᠢᠯ + ᠲᠠᠪᠴᠠᠩ︾ ᠤᠨ ᠵᠠᠭᠪᠤᠷ ᠢᠶᠠᠷ ᠳᠠᠮᠵᠢᠭᠤᠯᠤᠨ᠂ ᠲᠣᠰ ᠭᠠᠵᠠᠷ ᠣᠷᠣᠨ ᠤ ᠪᠠᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ᠂ ᠬᠡᠷᠡᠭᠯᠡᠬᠦ  ᠪᠠ  ᠬᠥᠮᠦᠵᠢᠭᠦᠯᠬᠦ  ᠰᠢᠰᠲ᠋ᠧᠮᠵᠢ  ᠶᠢ  ᠪᠠᠶᠢᠭᠤᠯᠤᠨ᠎ᠠ᠃  ᠠᠵᠢᠯ  ᠲᠦᠷᠦᠯ  ᠤᠨ  ᠬᠦᠷᠢᠶᠡᠨ  ᠤ  ︽  ᠲᠦᠷᠦᠭᠦᠦ ᠲᠤᠰᠬᠠᠢ  ᠮᠡᠷᠭᠡᠵᠢᠯᠲᠡᠨ︾᠂ ︽ᠳᠡᠳ᠋ ᠰᠠᠭᠤᠳᠠᠯ ᠤᠨ ᠲᠤᠰᠬᠠᠢ ᠮᠡᠷᠭᠡᠵᠢᠯᠲᠡᠨ︾ ᠵᠡᠷᠭᠡ ᠢᠷᠠᠭᠤ ᠠᠯᠳᠠᠷ ᠤᠨ ᠴᠣᠯᠠ ᠶᠢ ᠦᠨᠡᠯᠡᠨ ᠲᠣᠭᠲᠠᠭᠠᠵᠤ ᠣᠯᠭᠤᠬᠤ ᠠᠵᠢᠯ ᠢ ᠰᠦᠪᠡᠭᠴᠢᠯᠡᠨ ᠥᠷᠨᠢᠭᠦᠯᠵᠦ᠂ ᠪᠣᠳᠠᠲᠠᠢ ᠠᠵᠢᠯᠯᠠᠵᠤ ᠦᠢᠯᠡᠰ ᠪᠦᠲᠦᠭᠡᠬᠦ ᠰᠢᠯᠢᠳᠡᠭ ᠴᠢᠳᠠᠪᠤᠷᠢᠲᠠᠨ ᠳᠤ ᠶᠣᠰᠣᠷᠬᠠᠭ ᠬᠠᠷᠠᠭᠠᠯᠵᠠᠯ ᠪᠠ ᠬᠦᠨᠳᠦᠳᠬᠡᠯ ᠪᠢᠰᠢᠷᠡᠯ ᠢ ᠬᠦᠷᠲᠡᠭᠡᠨ᠎ᠡ᠃      ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠴᠢᠳᠠᠪᠤᠷᠢᠲᠠᠨ ᠤ ᠭᠤᠣᠯ ᠰᠡᠳᠦᠪᠲᠦ ᠰᠠᠯᠤᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠯ᠎ᠡ ᠬᠦᠷᠢᠶᠡᠨ ᠤ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠬᠠᠷᠢᠯᠴᠠᠨ ᠰᠣᠯᠢᠯᠴᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠳᠤ ᠲᠠᠪᠴᠠᠩ ᠪᠠᠶᠢᠭᠤᠯᠵᠤ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠦᠢᠯᠡᠳᠦᠯ ᠢ ᠬᠠᠮᠤᠭ ᠤᠨ ᠶᠡᠭᠡ ᠪᠠᠷ ᠪᠠᠳᠠᠷᠠᠭᠤᠯᠵᠤ᠂ ︽ᠤᠶᠤᠨ ᠤᠬᠠᠭᠠᠨ ᠲᠠᠢ᠂ ᠤᠯᠠᠨ ᠡᠰᠢ ᠲᠠᠢ᠂ ᠲᠠᠪᠰᠢᠯᠳᠠ ᠲᠠᠢ᠂ ᠰᠢᠨ᠎ᠡ ᠶᠢ ᠡᠭᠦᠳᠬᠦ︾ ᠴᠢᠳᠠᠪᠤᠷᠢᠲᠠᠨ ᠤ ︽  ᠨᠠᠶᠢᠵᠠ ᠶᠢᠨ ᠲᠣᠭᠤᠷᠢᠭ︾ ᠢ ᠬᠦᠴᠦᠯᠡᠨ ᠪᠠᠶᠢᠭᠤᠯᠬᠤ ᠬᠡᠷᠡᠭᠲᠡᠢ᠃      ᠵᠢᠷᠭᠤᠳᠤᠭᠠᠷ ᠪᠦᠯᠦᠭ ᠴᠢᠳᠠᠪᠤᠷᠢᠲᠠᠨ ᠢ ᠬᠠᠮᠢᠶᠠᠷᠬᠤ ᠪᠠ ᠬᠡᠷᠡᠭᠯᠡᠬᠦ      ᠭᠤᠴᠢᠨ ᠲᠠᠪᠤᠳᠤᠭᠠᠷ ᠵᠦᠢᠯ ᠬᠥᠮᠦᠨ ᠬᠡᠷᠡᠭᠯᠡᠬᠦ ᠨᠢᠭᠡᠴᠡ ᠴᠢᠳᠠᠪᠤᠷᠢᠲᠠᠨ ᠣᠷᠣᠭᠤᠯᠵᠤ ᠠᠪᠴᠢᠷᠠᠬᠤ ᠠᠵᠢᠯ ᠥᠷᠨᠢᠭᠦᠯᠬᠦ ᠳᠤ ᠲᠠᠯᠠᠪᠤᠷ᠂ ᠪᠡᠯᠡᠳᠬᠡᠮᠵᠢ᠂ ᠠᠵᠢᠯᠳᠠᠨ ᠵᠡᠷᠭᠡ ᠴᠢᠬᠤᠯᠠ ᠪᠥᠬᠦᠢ ᠨᠥᠬᠦᠴᠡᠯ ᠬᠠᠩᠭᠠᠵᠤ᠂ ᠴᠢᠳᠠᠪᠤᠷᠢᠲᠠᠨ ᠣᠷᠣᠭᠤᠯᠵᠤ ᠢᠷᠡᠬᠦ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠳᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠭᠤᠶᠤᠴᠢᠯᠠᠬᠤ ᠶᠢ ᠳᠡᠮᠵᠢᠬᠦ ᠬᠡᠷᠡᠭᠲᠡᠶ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠬᠠᠷᠢᠭᠤᠴᠠᠯᠭᠠᠲᠠᠨ ᠪᠣᠯᠭᠠᠭᠰᠠᠨ ᠪᠠᠶᠢᠪᠠᠯ᠂ ᠬᠠᠮᠲᠤ ᠳᠤᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠵᠦᠢᠯᠡᠰ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ᠂ ᠠᠵᠢᠯᠳᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠪᠠ ᠵᠠᠷᠤᠳᠠᠯ ᠢ ᠵᠠᠬᠢᠷᠬᠤ ᠡᠷᠬᠡ ᠶᠢ ᠡᠳ᠋ᠯᠡᠵᠦ ᠪᠣᠯᠤᠨ᠎ᠠ᠃      ᠭᠤᠴᠢᠨ ᠵᠢᠷᠭᠤᠳᠤᠭᠠᠷ ᠵᠦᠢᠯ  ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠬᠤᠭᠤᠴᠠᠭᠠᠨ ᠳᠤ᠂ ᠨᠥᠬᠦᠴᠡᠯ ᠲᠠᠢ ᠬᠥᠮᠦᠨ ᠬᠡᠷᠡᠭᠯᠡᠬᠦ ᠨᠢᠭᠡᠴᠢ ᠨᠢ ᠲᠡᠭᠦᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠪᠰᠤᠷᠤᠭᠴᠢ ᠲᠣᠬᠢᠷᠠᠭᠤᠯᠵᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠪᠠᠷ ᠳᠠᠮᠵᠢᠭᠤᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠪᠣᠯᠤᠨ᠎ᠠ᠃      ᠭᠤᠴᠢᠨ ᠳᠣᠯᠣᠳᠤᠭᠠᠷ ᠵᠦᠢᠯ ᠡᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠤ ᠲᠠᠷᠠᠭ᠎ᠠ᠂ ᠳ᠋ᠣᠺᠲ᠋ᠣᠷᠠᠨᠲ ᠢᠶᠠᠷ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ᠂ ᠠᠰᠫᠢᠷᠠᠨᠲ ᠢᠶᠠᠷ ᠨᠠᠢᠮᠠᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ ᠪᠣᠯᠤᠨ᠎ᠠ︔ ᠬᠤᠲᠠ ᠶᠢᠨ ᠳᠣᠲᠣᠷᠠᠬᠢ ᠣᠲᠣ ᠶᠢᠨ ᠪᠠᠶᠢᠭ᠎ᠠ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠳ᠋ᠣᠺᠲ᠋ᠣᠷᠠᠨᠲ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ ᠢ ᠡᠭᠦᠷᠭᠡᠯᠡᠵᠦ ᠪᠣᠯᠤᠨ᠎ᠠ᠃ ᠣᠨᠴᠠ ᠰᠢᠯᠢᠳᠡᠭ ᠢ ᠨᠢ ᠱᠠᠳᠤ ᠠᠯᠭᠠᠰᠠᠭᠤᠯᠤᠨ ᠨᠡᠩ ᠥᠨᠳᠥᠷ ᠲᠤᠰᠢᠶᠠᠯ ᠤᠨ ᠲᠡᠰ ᠳᠠᠪᠬᠤᠷᠭ᠎ᠠ ᠶᠢᠨ ᠤᠳᠤᠷᠢᠳᠬᠤ ᠪᠠᠶᠢᠷᠢᠨ ᠳᠤ ᠳᠡᠪᠰᠢᠭᠦᠯᠵᠦ ᠪᠣᠯᠤᠨ᠎ᠠ᠃      ᠭᠤᠴᠢᠨ ᠨᠠᠢᠮᠠᠳᠤᠭᠠᠷ ᠵᠦᠢᠯ ᠡᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠶᠢᠷᠢᠨ ᠳᠤ ᠬᠤᠭᠤᠰᠣᠨ ᠣᠷᠣ ᠭᠠᠷᠪᠠᠯ᠂ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠭᠰᠡᠨ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠤᠷᠢᠳᠠᠪᠠᠷ ᠳᠡᠪᠰᠢᠭᠦᠯᠵᠦ ᠪᠣᠯᠤᠨ᠎ᠠ᠃ ᠲᠥᠯᠥᠪᠯᠡᠭᠡ ᠲᠠᠢ ᠪᠠᠷ ᠴᠢᠳᠠᠪᠤᠷᠢᠲᠠᠨ ᠢ ᠰᠣᠩᠭᠤᠨ ᠲᠣᠮᠢᠯᠠᠵᠤ ᠬᠤᠰᠢᠭᠤ ᠰᠢᠶᠠᠨ ᠲᠣᠭᠤᠷᠢᠭ ᠵᠢᠴᠢ ᠰᠤᠮᠤ ᠰᠢᠶᠠᠩ ᠪᠠᠯᠭᠠᠰᠤ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠭᠤᠯᠤᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠩᠭᠡᠷᠡᠯᠲᠡ ᠪᠠᠨ ᠪᠠᠶᠠᠯᠢᠭᠵᠢᠭᠤᠯᠬᠤ᠂ ᠬᠠᠷᠠᠭ᠎ᠠ ᠪᠠᠨ ᠥᠷᠭᠡᠳᠬᠡᠬᠦ᠂ ᠬᠡᠪ ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠤᠷᠢ ᠪᠠᠨ ᠨᠡᠮᠡᠭᠳᠡᠭᠦᠯᠬᠦ ᠳᠤ ᠪᠣᠯᠪᠠᠰᠤᠷᠠᠭᠤᠯᠬᠤ ᠲᠣᠬᠢᠶᠠᠯ ᠬᠠᠩᠭᠠᠬᠤ ᠬᠡᠷᠡᠭᠲᠡᠶ᠃      ᠭᠤᠴᠢ ᠶᠢᠰᠦᠳᠦᠭᠡᠷ ᠵᠦᠢᠯ ᠨᠥ᠋ᠬᠦᠴᠡᠯ ᠳᠤ ᠨᠡᠶᠢᠴᠡᠭᠰᠡᠨ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠳᠣᠲᠣᠷ᠎ᠠ ᠠᠴᠠ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠵᠤ᠂ ᠮᠣᠷᠠᠯ ᠴᠢᠳᠠᠪᠤᠷᠢ ᠬᠤᠣᠰᠯᠠᠭᠰᠠᠨ᠂ ᠣᠷᠦ᠋ᠢᠯᠠᠭᠰᠠᠨ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠵᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠤᠰᠢᠶᠠᠯ ᠡᠭᠦᠷᠭᠡᠯᠡᠭᠦᠯᠬᠦ ᠶᠢ ᠴᠢᠬᠤᠯᠠᠴᠢᠯᠠᠨ᠎ᠠ᠃      ᠳᠥᠴᠢᠳᠦᠭᠡᠷ  ᠵᠦᠢᠯ ᠦᠨᠳᠦᠰᠦᠨ ᠱᠠᠲᠤ᠂ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠳᠤ ᠬᠠᠨᠳᠤᠭᠤᠯᠤᠨ ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ  ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠠᠵᠢᠯ ᠤᠨ ᠪᠦᠲᠦᠮᠵᠢ ᠪᠠᠷ ᠣᠨᠴᠠᠭᠠᠶ ᠲᠣᠪᠤᠶᠢᠮ᠎ᠠ᠂ ᠲᠤᠰᠬᠠᠶ ᠮᠡᠷᠭᠡᠵᠢᠯ ᠤᠨ ᠬᠦᠷᠢᠶ᠎ᠡ ᠵᠢᠴᠢ ᠨᠡᠶᠢᠭᠡᠮ ᠤᠨ ᠡᠯ᠎ᠡ  ᠵᠦᠢᠯ ᠤᠨ ᠠᠵᠢᠯ  ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠴᠢᠳᠠᠪᠤᠷᠢᠲᠠᠨ ᠳᠤ ᠰᠠᠭᠠᠳ ᠥᠬᠡᠶ ᠨᠡᠪᠲᠡᠷᠡᠬᠦ ᠵᠠᠮ ᠢᠶᠠᠷ ᠰᠢᠭᠤᠳ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠤᠨ᠎ᠠ᠃      ᠠᠵᠢᠯ ᠦᠢᠯᠡᠰ ᠤᠨ ᠨᠢᠭᠡᠴᠡ ᠨᠢᠭᠡᠳᠦᠭᠡᠷ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠪᠠ ᠮᠠᠨ ᠤ ᠬᠤᠲᠠ ᠶᠢᠨ ᠠᠵᠢᠯ ᠦᠢᠯᠡᠰ ᠤᠨ ᠨᠢᠭᠡᠴᠡ ᠳᠠᠬᠢ ᠠᠵᠢᠯ ᠤᠨ ᠪᠦᠲᠦᠮᠵᠢ ᠪᠠᠷ ᠮᠡᠳᠡᠭᠳᠡᠮ᠎ᠡ᠂ ᠬᠤᠪᠢ ᠨᠡᠮᠡᠷᠢ ᠪᠠᠷ ᠲᠣᠪᠤᠶᠢᠮ᠎ᠠ᠂ ᠠᠵᠢᠯ ᠲᠥᠷᠥᠯ ᠪᠠ ᠣᠯᠠᠨ ᠲᠦᠮᠡᠨ ᠳᠤ ᠮᠡᠳᠡᠷᠡᠭᠳᠡᠭᠰᠡᠨ ᠣᠳᠣ ᠶᠢᠨ ᠪᠠᠶᠢᠭ᠎ᠠ ᠰᠢᠯᠢᠳᠡᠭ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ᠂ ᠵᠣᠬᠢᠬᠤ ᠬᠢᠷᠢ ᠬᠡᠮ ᠤᠨ ᠦᠨᠡᠮᠯᠡᠯ ᠣᠯᠤᠭᠰᠠᠨ ᠪᠣᠯᠪᠠᠴᠤ ᠵᠣᠬᠢᠬᠤ ᠠᠵᠢᠯ ᠤᠨ ᠪᠠᠶᠢᠷᠢ ᠶᠢᠨ ᠬᠤᠭᠤᠰᠣᠨ ᠣᠷᠣ ᠥᠬᠡᠶ ᠪᠣᠯ᠂ ᠣᠨᠴᠠ ᠲᠣᠬᠢᠷᠠᠭᠤᠯᠤᠭᠰᠠᠨ ᠠᠵᠢᠯ ᠤᠨ ᠪᠠᠶᠢᠷᠢ ᠭᠠᠷᠭᠠᠬᠤ ᠪᠠᠷ ᠳᠠᠮᠵᠢᠭᠤᠯᠤᠨ ᠤᠷᠢᠨ ᠬᠡᠷᠡᠭᠯᠡᠬᠦ ᠪᠠᠷ ᠭᠤᠶᠤᠴᠢᠯᠠᠵᠤ ᠪᠣᠯᠤᠨ᠎ᠠ᠃      ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠵᠡᠷᠭᠡ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠢᠶᠠᠷ ᠦᠨᠡᠯᠡᠭᠳᠡᠭᠰᠡᠨ ᠡᠯ᠎ᠡ ᠲᠥᠷᠥᠯ ᠤᠨ ᠴᠢᠳᠠᠪᠤᠷᠢᠲᠠᠨ ᠨᠢ ᠳᠡᠭᠡᠳᠦ ᠨᠢᠭᠡ ᠳᠡᠰ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠱᠠᠲᠤ ᠠᠯᠭᠠᠰᠠᠨ ᠭᠤᠶᠤᠴᠢᠯᠠᠵᠤ ᠪᠣᠯᠤᠨ᠎ᠠ︔ ᠪᠠᠶᠢᠭ᠎ᠠ ᠨᠢᠭᠡᠴᠡ ᠨᠢ ᠵᠣᠬᠢᠬᠤ ᠵᠡᠷᠭᠡ ᠳᠡᠰ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠤᠭᠤᠰᠣᠨ ᠣᠷᠣ ᠥᠬᠡᠶ ᠪᠣᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠣᠨᠴᠠᠭᠠᠢ ᠠᠵᠢᠯ ᠤᠨ ᠪᠠᠶᠢᠷᠢ ᠪᠠᠷ ᠳᠡᠮᠵᠢᠨ ᠤᠷᠢᠨ ᠬᠡᠷᠡᠭᠯᠡᠵᠦ ᠪᠣᠯᠤᠨ᠎ᠠ᠃      ᠬᠠᠮᠢᠶᠠᠷᠤᠯᠲᠠ ᠶᠢᠨ ᠠᠵᠢᠯ ᠤᠨ ᠪᠦᠲᠦᠮᠵᠢ ᠪᠠᠷ ᠲᠣᠪᠤᠶᠢᠮ᠎ᠠ᠂ ᠲᠤᠬᠠᠶ ᠶᠢᠨ ᠭᠠᠵᠠᠷ ᠤᠨ ᠠᠵᠤ ᠠᠬᠤᠶ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠤᠶᠤ ᠮᠤᠵᠢ ᠶᠠᠮᠤᠨ ᠤ ᠲᠠᠰ ᠵᠢᠴᠢ ᠮᠤᠵᠢ ᠶᠠᠮᠤᠨ ᠤ ᠲᠠᠰ ᠠᠴᠠ ᠳᠡᠭᠡᠭᠰᠢᠬᠢ ᠬᠥᠬᠢᠭᠦᠯᠦᠯ ᠱᠠᠩᠨᠠᠯ ᠭᠥᠷᠳᠡᠭᠰᠡᠨ ᠺᠠᠳ᠋ᠷ ︵ᠬᠤᠶᠠᠷ ᠮᠥᠷᠥ ᠲᠠᠢ ᠠᠵᠢᠯᠲᠠᠨ︶ ᠢ ᠬᠥᠮᠦᠨ ᠬᠡᠷᠡᠭᠯᠡᠬᠦ ᠨᠢᠭᠡᠴᠡ ᠠᠴᠠ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠯᠪᠣᠭᠳᠠᠯ ᠪᠥᠬᠦᠶ ᠲᠠᠰ ᠳᠠᠷᠠᠭᠠᠯᠠᠯ ᠢᠶᠠᠷ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠤᠷᠢᠨ ᠬᠡᠷᠡᠭᠯᠡᠬᠦ ᠨᠥᠬᠦᠴᠡᠯ ᠢ ᠠᠭᠤᠵᠢᠭᠤ ᠲᠠᠯᠪᠢᠬᠤ ᠪᠤᠶᠤ ᠱᠠᠲᠤ ᠠᠯᠤᠰᠯᠠᠨ ᠤᠷᠢᠨ ᠬᠡᠷᠡᠭᠯᠡᠵᠦ ᠪᠣᠯᠤᠨ᠎ᠠ᠃      ᠠᠵᠢᠯ  ᠦᠢᠯᠡᠰ ᠤᠨ ᠨᠢᠭᠡᠴᠡ ᠶᠢᠨ ᠵᠠᠪᠠᠯ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠤᠤᠯ ᠤᠨ ᠨᠢᠭᠡᠴᠡ ᠳᠡᠭᠡᠨ ᠨᠢᠭᠡᠨᠲᠡ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠲᠣᠮᠢᠯᠠᠭᠰᠠᠨ ᠪᠠᠶᠢᠪᠠᠯ᠂ ᠣᠷᠣᠭᠤᠯᠤᠨ ᠠᠪᠴᠢᠷᠠᠭᠰᠠᠨ ᠤ ᠳᠠᠷᠠᠭ᠎ᠠ ᠨᠢᠭᠡᠴᠡ ᠶᠢᠨ ᠬᠢᠨᠠᠨ ᠲᠣᠭᠲᠠᠭᠠᠭᠰᠠᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠲᠤᠭ᠎ᠠ ᠬᠡᠮᠵᠢᠶ᠎ᠡ ᠳᠤ ᠬᠢᠵᠠᠭᠠᠷᠯᠠᠭᠳᠠᠬᠤ ᠥᠬᠡᠶ ᠪᠠᠶᠢᠵᠤ᠂ ᠤᠤᠯ ᠤᠨ ᠲᠠᠰ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠲᠣᠮᠢᠯᠠᠵᠤ ᠪᠣᠯᠤᠨ᠎ᠠ᠃      ᠠᠵᠢᠯ  ᠦᠢᠯᠡᠰ ᠤᠨ ᠨᠢᠭᠡᠴᠡ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠭᠰᠠᠨ ᠪᠠᠶᠢᠪᠠᠯ᠂ ᠤᠷᠢᠨ ᠲᠣᠮᠢᠯᠠᠬᠤ ᠬᠤᠭᠤᠴᠠᠭᠠᠨ ᠳᠤ ᠵᠠᠰᠠᠭ ᠵᠠᠬᠢᠷᠭᠠᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠪᠣᠯᠬᠤ ᠥᠬᠡᠶ᠃ ᠵᠠᠰᠠᠭ ᠵᠠᠬᠢᠷᠭᠠᠨ ᠤ ᠤᠳᠤᠷᠢᠳᠬᠤ ᠲᠤᠰᠢᠶᠠᠯ ᠡᠭᠦᠷᠭᠡᠯᠡᠭᠰᠡᠨ ᠪᠠᠶᠢᠪᠠᠯ᠂ ᠤᠷᠢᠵᠤ ᠬᠡᠷᠡᠭᠯᠡᠬᠦ ᠬᠡᠯᠡᠯᠴᠡᠭᠡᠷ ᠢ ᠡᠷᠬᠡᠪᠰᠢ ᠵᠣᠭᠰᠣᠭᠠᠬᠤ ᠬᠡᠷᠡᠭᠲᠡᠶ᠃      ᠳᠥᠴᠢᠨ ᠨᠢᠭᠡᠳᠦᠭᠡᠷ ᠵᠦᠢᠯ ᠡᠵᠢᠯ ᠦᠢᠯᠡᠰ ᠤᠨ ᠨᠢᠭᠡᠴᠢ ᠴᠢᠳᠠᠪᠤᠷᠢᠲᠠᠨ ᠢ ᠵᠠᠪᠠᠯ ᠣᠷᠣᠭᠤᠯᠵᠤ ᠠᠪᠴᠢᠷᠠᠬᠤ ᠳᠤ ᠦᠢᠯᠡᠴᠢᠯᠡᠬᠦ ᠬᠤᠭᠤᠴᠠᠭ᠎ᠠ ᠶᠢ ᠲᠠᠪᠤᠨ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠦᠢᠯᠡᠴᠢᠯᠡᠬᠦ ᠬᠤᠭᠤᠴᠠᠭᠠᠨ ᠳᠤ ᠡ᠊ᠩ ᠤᠨ ᠪᠠᠶᠢᠳᠠᠯ ᠳᠤ ᠠᠵᠢᠯ ᠰᠢᠯᠵᠢᠬᠦ ᠪᠠᠷ ᠭᠤᠶᠤᠴᠢᠯᠠᠵᠤ ᠪᠣᠯᠬᠤ ᠦᠭᠡᠢ᠃ ᠡᠷᠬᠡᠪᠰᠢ ᠰᠢᠯᠵᠢᠭᠦᠯᠬᠦ ᠴᠢᠬᠤᠯᠠᠲᠠᠶ ᠪᠠᠶᠢᠪᠠᠯ᠂ ᠬᠤᠲᠠ  ᠶᠢᠨ  ᠴᠢᠳᠠᠪᠤᠷᠢᠲᠠᠨ  ᠢ  ᠣᠷᠣᠭᠤᠯᠤᠨ  ᠠᠪᠴᠢᠷᠠᠬᠤ  ᠠᠵᠢᠯ  ᠤᠨ  ᠠᠯᠪᠠᠨ  ᠬᠡᠷ  ᠢᠶᠠᠷ  ᠬᠢᠨᠠᠨ ᠬᠠᠷᠭᠤᠭᠤᠯᠤᠭᠤᠯᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠰᠢᠯᠵᠢᠭᠦᠯᠵᠦ ᠪᠣᠯᠤᠨ᠎ᠠ᠂ ᠰᠢᠯᠵᠢᠭᠦᠯᠦᠭᠰᠡᠨ ᠴᠢᠳᠠᠪᠤᠷᠢᠲᠠᠨ ᠢ ᠡᠷᠬᠡᠪᠰᠢ  ᠦᠢᠯᠡᠴᠢᠯᠡᠭᠡᠨ ᠤ ᠵᠢᠯ ᠬᠤᠭᠤᠴᠠᠭ᠎ᠠ ᠪᠤᠶᠤ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠢ ᠦᠨᠳᠦᠰᠦᠯᠡᠨ᠂ ᠬᠠᠮᠢᠶ᠎ᠠ ᠪᠥᠬᠦᠶ ᠵᠠᠷᠤᠳᠠᠯ ᠢ ᠪᠤᠴᠠᠭᠠᠬᠤ ᠬᠡᠷᠡᠭᠲᠡᠶ᠃      ᠳᠥᠴᠢᠨ ᠬᠤᠶᠠᠳᠤᠭᠠᠷ  ᠵᠦᠢᠯ ᠬᠥᠮᠦᠨ ᠬᠡᠷᠡᠭᠯᠡᠬᠦ ᠨᠢᠭᠡᠴᠡ ᠨᠢ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠯᠡᠯᠴᠡᠭᠡᠷ ᠪᠤᠶᠤ ᠲᠤᠰᠬᠠᠶ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠡᠯᠡᠯᠴᠡᠭᠡᠷ ᠵᠡᠷᠭᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠢ ᠰᠢᠯᠭᠠᠨ ᠬᠢᠨᠠᠬᠤ ᠬᠡᠷᠡᠭᠲᠡᠶ᠂ ᠰᠢᠯᠭᠠᠨ ᠬᠢᠨᠠᠬᠤ ᠠᠭᠤᠯᠭ᠎ᠠ ᠳᠤ ᠠᠵᠢᠯ ᠤᠨ ᠠᠮᠵᠢᠯᠲᠠ ᠪᠦᠲᠦᠮᠵᠢ᠂ ᠰᠤᠳᠤᠯᠭᠠᠨ ᠤ ᠦᠷ᠎ᠡ ᠪᠦᠲᠦᠭᠡᠯ᠂ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠡᠳᠦᠷ ᠲᠤᠲᠤᠮ ᠤᠨ ᠢᠯᠡᠷᠡᠯ ᠵᠡᠷᠭᠡ ᠲᠠᠯ᠎ᠠ ᠶᠢ ᠪᠠᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠵᠢᠩᠬᠢᠨᠢᠴᠢᠯᠡᠵᠦ ᠲᠠᠰ ᠲᠣᠭᠲᠠᠭᠠᠬᠤ᠂ ᠲᠤᠰᠢᠶᠠᠯ ᠳᠤ ᠤᠷᠢᠨ ᠲᠣᠮᠢᠯᠠᠬᠤ᠂ ᠨᠥᠬᠦᠪᠥᠷᠢ ᠮᠥᠩᠭᠦ ᠣᠯᠭᠤᠬᠤ᠂ ᠵᠠᠷᠤᠳᠠᠯ ᠤᠨ ᠳᠡᠮᠵᠢᠯᠭᠡ ᠦᠵᠡᠭᠦᠯᠬᠦ᠂ ᠱᠠᠩᠨᠠᠯ ᠬᠥᠬᠢᠭᠦᠯᠦᠯ ᠢ ᠬᠡᠷᠡᠭᠵᠢᠭᠦᠯᠬᠦ ᠶᠢᠨ ᠦᠨᠳᠦᠰᠦᠯᠡᠯ ᠪᠣᠯᠭᠠᠨ᠎ᠠ᠃ ᠬᠢᠨᠠᠨ ᠰᠢᠯᠭᠠᠬᠤ ᠳᠤ ᠣᠷᠣᠯᠴᠠᠬᠤ ᠥᠬᠡᠶ ᠪᠤᠶᠤ ᠬᠢᠨᠠᠨ ᠰᠢᠯᠭᠠᠭᠠᠳ ᠪᠣᠯᠵᠣᠨ ᠲᠣᠭᠲᠠᠭᠰᠠᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠵᠦ ᠳᠡᠶᠢᠯᠬᠦ ᠥᠬᠡᠶ ᠭᠡᠵᠦ ᠲᠣᠭᠲᠠᠭᠠᠭᠰᠠᠨ ᠪᠠᠶᠢᠪᠠᠯ᠂ ᠵᠣᠬᠢᠬᠤ ᠲᠥᠷᠥ ᠶᠢᠨ ᠪᠣᠳᠣᠯᠭ᠎ᠠ ᠶᠢᠨ ᠣᠯᠭᠤᠮᠵᠢ ᠶᠢ ᠳᠠᠭᠢᠵᠤ ᠭᠥᠷᠳᠡᠬᠦ ᠥᠬᠡᠶ ᠪᠥᠭᠡᠳ ᠤᠷᠢᠨ ᠬᠡᠷᠡᠭᠯᠡᠬᠦ ᠭᠡᠷ᠎ᠡ ᠪᠤᠶᠤ ᠬᠥᠳᠡᠯᠮᠦᠷᠢ ᠶᠢᠨ ᠭᠡᠷ᠎ᠡ ᠶᠢ ᠬᠦᠴᠦᠨ ᠥᠬᠡᠶ ᠪᠣᠯᠭᠠᠨ᠎ᠠ᠃      ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ      ᠳᠣᠯᠣᠳᠤᠭᠠᠷ ᠪᠦᠯᠦᠭ ᠦᠢᠯᠡᠴᠢᠯᠡᠭᠡᠨ ᠤ ᠪᠠᠲᠤᠯᠠᠭ᠎ᠠ      ᠳᠥᠴᠢᠨ ᠭᠤᠷᠪᠠᠳᠤᠭᠠᠷ  ᠵᠦᠢᠯ ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ  ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠳᠤ ᠭᠦᠷᠪᠡᠯ᠂ ᠬᠤᠯᠪᠣᠰᠤ ᠪᠠ ᠦᠷ᠎ᠡ ᠬᠡᠤᠬᠡᠳ ᠲᠡᠭᠡᠨ ᠠᠵᠢᠯ ᠣᠯᠭᠤᠬᠤ ᠲᠠᠯ᠎ᠠ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠢᠭᠡᠳᠦᠭᠡᠷ ᠲᠥᠷᠥᠯ ᠤᠨ ᠴᠢᠳᠠᠪᠤᠷᠢᠲᠠᠨ ᠤ ᠬᠤᠯᠪᠣᠰᠤ ᠪᠠ ᠦᠷ᠎ᠡ ᠬᠡᠤᠬᠡᠳ ᠨᠢ ᠠᠵᠢᠯ ᠤᠯᠬᠤ ᠴᠢᠬᠤᠯᠠᠲᠠᠶ ᠪᠠᠶᠢᠪᠠᠯ᠂ ᠲᠤᠬᠠᠶ ᠶᠢᠨ ᠭᠠᠵᠠᠷ ᠤᠨ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠣᠯᠭᠤᠯᠲᠠ ᠶᠢ ᠬᠠᠷᠢᠭᠤᠴᠠᠨ  ᠰᠢᠢᠳᠪᠦᠷᠢᠯᠡᠨ᠎ᠡ︔ ᠬᠤᠶᠠᠳᠤᠭᠠᠷ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠬᠤᠯᠪᠣᠰᠤ ︵ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ︶ ᠳᠤ ᠠᠵᠢᠯ ᠣᠯᠭᠤᠬᠤ ᠴᠢᠬᠤᠯᠠᠲᠠᠶ ᠪᠠᠶᠢᠪᠠᠯ᠂ ᠣᠷᠣᠭᠤᠯᠤᠨ ᠠᠪᠴᠢᠷᠠᠬᠤ ᠨᠢᠭᠡᠴᠡ ᠪᠠᠷ ᠵᠥᠪᠰᠢᠶᠡᠷᠡᠭᠦᠯᠦᠭᠡᠳ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠠᠮᠵᠢᠭᠤᠯᠤᠨ ᠣᠷᠣᠭᠤᠯᠤᠨ ᠠᠪᠴᠢᠷᠠᠬᠤ ᠨᠢᠭᠡᠴᠡ ᠳᠤ ᠲᠥᠪᠬᠢᠨᠡᠭᠦᠯᠵᠦ ᠪᠣᠯᠤᠨ᠎ᠠ᠃      ᠳᠥᠴᠢᠨ ᠳᠥᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠡ ᠨᠢᠭᠡ ᠠᠴᠠ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠵᠤ᠂ ᠵᠢᠴᠢ ᠮᠠᠨ ᠤ ᠬᠤᠲᠠ ᠳᠤ ᠪᠠᠶᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠵᠤ ᠠᠬᠤᠶᠢᠯᠠᠯ ᠤᠨ ᠵᠢᠯ ᠤᠨ ᠲᠤᠰᠢᠶᠠᠬᠤ ᠭᠠᠶᠢᠯᠢ ᠶᠢᠨ ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠤᠬᠡᠳ ᠨᠢ ᠮᠠᠨ ᠤ ᠬᠤᠲᠠ ᠳᠤ ᠰᠤᠷᠭᠠᠭᠤᠯᠢ ᠳᠤ ᠣᠷᠣᠬᠤ ᠴᠢᠬᠤᠯᠠ ᠲᠠᠢ ᠪᠣᠯ᠂ ᠣᠷᠣᠭᠤᠯᠵᠤ ᠠᠪᠴᠢᠷᠠᠭᠰᠠᠨ ᠨᠢᠭᠡᠴᠡ ᠶᠢᠨ ᠰᠠᠭᠤᠭ᠎ᠠ ᠭᠠᠵᠠᠷ ᠲᠤ ᠠᠯᠪᠠᠨ ᠠᠴᠠ ᠪᠠᠶᠢᠭᠤᠯᠤᠭᠰᠠᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢ ᠰᠣᠩᠭᠤᠨ ᠰᠤᠷᠤᠯᠴᠠᠭᠤᠯᠵᠤ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠴᠠᠭᠤᠯᠵᠤ ᠪᠠᠶᠢᠭᠠᠳ ᠰᠤᠷᠭᠠᠭᠤᠯᠢ ᠳᠤ ᠣᠷᠣᠬᠤ ᠭᠠᠷᠳᠠᠮ ᠢ  ᠭᠦᠢᠴᠡᠳᠬᠡᠨ᠎ᠡ᠃      ᠳᠥᠴᠢᠨ ᠲᠠᠪᠤᠳᠤᠭᠠᠷ ᠵᠦᠢᠯ ᠴᠢᠳᠠᠪᠤᠷᠢᠲᠠᠨ ᠣᠷᠣᠭᠤᠯᠵᠤ ᠢᠷᠡᠭᠰᠡᠨ ᠲᠤᠰ ᠬᠥᠮᠦᠨ ᠪᠤᠶᠤ ᠲᠡᠭᠦᠨ ᠤ ᠰᠢᠭᠤᠳ ᠲᠥᠷᠥᠯ ᠰᠠᠳᠤᠨ ᠨᠢ ᠡᠮᠨᠡᠭᠦᠯᠬᠦ ᠱᠠᠭᠠᠷᠳᠠᠯᠭ᠎ᠠ ᠲᠠᠢ ᠪᠣᠯ ᠮᠠᠨ ᠤ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ︽ᠰᠠᠭᠠᠳ ᠥᠭᠡᠢ ᠨᠡᠪᠲᠡᠷᠡᠬᠦ ᠵᠠᠮ︾  ᠢ ᠬᠦᠷᠲᠡᠭᠡᠵᠦ᠂ ᠲᠤᠰᠬᠠᠶ ᠮᠡᠷᠭᠡᠵᠢᠯᠲᠡᠨ ᠤ ᠡᠭᠦᠳᠡᠨ ᠡᠮᠨᠡᠯᠭᠡ ᠶᠢ ᠡᠩ ᠲᠡᠷᠢᠭᠦᠨ  ᠳᠤ ᠬᠠᠩᠭᠠᠵᠤ ᠪᠣᠯᠤᠨ᠎ᠠ᠃ ᠭᠠᠳᠠᠷ ᠣᠷᠣᠨ ᠳᠤ ᠣᠴᠢᠵᠤ ᠡᠮᠨᠡᠭᠦᠯᠬᠦ ᠴᠢᠬᠤᠯᠠᠲᠠᠶ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠰᠢᠯᠵᠢᠭᠦᠯᠦᠨ ᠡᠮᠨᠡᠭᠦᠯᠬᠦ ᠶᠢ ᠳᠠᠩᠰᠠᠯᠠᠭᠤᠯᠬᠤ ᠭᠠᠷᠳᠠᠮ ᠢ ᠴᠠᠭ ᠲᠤᠬᠠᠶ ᠳᠤᠨᠢ  ᠭᠦᠢᠴᠡᠳᠬᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠨᠥᠭᠦᠭᠡ ᠡᠲᠡᠭᠡᠳ ᠤᠨ ᠢᠶᠠᠨ ᠡᠮᠨᠡᠯᠭᠡ ᠶᠢᠨ ᠬᠤᠷᠢᠶ᠎ᠠ ᠶᠢ ᠢᠳᠡᠪᠬᠢᠲᠡᠶ ᠵᠣᠬᠢᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠬᠠᠪᠰᠤᠷᠤᠯᠭ᠎ᠠ ᠦᠵᠡᠭᠦᠯᠬᠦ ᠬᠡᠷᠡᠭᠲᠡᠶ᠃      ᠳᠥᠴᠢᠨ ᠵᠢᠷᠭᠤᠳᠤᠭᠠᠷ ᠵᠦᠢᠯ  ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠡᠮ ᠡᠮᠨᠡᠯᠭᠡ ᠡᠷᠡᠭᠦᠯ ᠮᠡᠨᠳᠤ ᠶᠢ ᠬᠠᠮᠠᠭᠠᠯᠠᠬᠤ ᠲᠦᠷᠢᠮ ᠢ ᠪᠠᠶᠢᠭᠤᠯᠵᠤ᠂ ᠬᠥᠮᠦᠨ ᠬᠡᠷᠡᠭᠯᠡᠬᠦ ᠨᠢᠭᠡᠴᠢ ᠨᠢ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠤ ᠶᠢᠨ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠲᠡᠶ᠃      ᠳᠥᠴᠢᠨ ᠳᠣᠯᠣᠳᠤᠭᠠᠷ  ᠵᠦᠢᠯ ᠪᠠᠶᠠᠨᠨᠠᠭᠤᠷ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠎ᠠ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠲᠤᠭ᠎ᠠ ᠪᠠᠷᠢᠮᠲᠠ ᠨᠢ ᠪᠥᠬᠦ ᠲᠠᠯ᠎ᠠ ᠶᠢᠨ᠂ ᠪᠦᠲᠦᠴᠡ ᠨᠢ ᠵᠦᠶ ᠵᠣᠬᠢᠰᠲᠠᠶ᠂ ᠴᠢᠳᠠᠮᠵᠢ ᠨᠢ ᠰᠢᠯᠢᠳᠡᠭᠵᠢᠭᠰᠡᠨ᠂ ᠬᠥᠳᠡᠯᠦᠩᠭᠦᠶ ᠪᠠᠷ ᠰᠢᠨᠡᠳᠬᠡᠭᠳᠡᠭᠰᠡᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠶ ᠳᠤᠨᠢ᠂ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠦᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠲᠥᠷᠥᠯ  ᠵᠦᠢᠯ ᠢ ᠭᠤᠶᠤᠴᠢᠯᠠᠨ ᠮᠡᠳᠡᠭᠦᠯᠬᠦ᠂ ᠳᠠᠪᠲᠠᠨ ᠪᠣᠯᠪᠠᠰᠤᠷᠠᠭᠤᠯᠵᠤ ᠳᠡᠭᠡᠭᠰᠢᠯᠡᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ ᠲᠠᠯ᠎ᠠ ᠪᠠᠷ ᠬᠠᠪᠰᠤᠷᠤᠯᠭ᠎ᠠ ᠦᠵᠡᠭᠦᠯᠵᠦ᠂ ᠴᠢᠳᠠᠪᠤᠷᠢᠲᠠᠨ ᠤ ᠠᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠳᠥᠴᠢᠨ  ᠨᠠᠢᠮᠠᠳᠤᠭᠠᠷ  ᠵᠦᠢᠯ ᠪᠥᠬᠦ ᠬᠤᠲᠠ ᠶᠢ ᠬᠠᠮᠤᠷᠤᠭᠰᠠᠨ ᠴᠢᠳᠠᠪᠤᠷᠢᠲᠠᠨ ᠤ ︽ᠨᠢᠭᠡ ᠥᠷᠲᠡᠭᠡᠨ ᠤ ᠮᠠᠶ᠋ᠢᠭ︾ ᠤᠨ  ᠦᠢᠯᠡᠴᠢᠯᠡᠭᠡᠨ ᠤ ᠲᠠᠪᠴᠠᠩ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠣᠭᠲᠠᠭᠠᠯᠲᠤ  ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠳᠥᠴᠢ ᠶᠢᠰᠦᠳᠦᠭᠡᠷ  ᠵᠦᠢᠯ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 3000 ᠲᠦᠮᠡᠨ ᠲᠥᠭᠦᠷᠢᠭ ᠠᠴᠠ ᠳᠤᠲᠠᠭᠤ ᠥᠬᠡᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠴᠢᠳᠠᠪᠤᠷᠢᠲᠠᠨ ᠢ ᠬᠥᠲᠥᠯᠦᠨ ᠳᠠᠭᠠᠭᠤᠯᠬᠤ ᠢᠨᠵᠧᠨᠧᠷᠢᠩ ᠤᠨ ᠲᠤᠰᠬᠠᠶ  ᠵᠦᠢᠯ ᠤᠨ ᠵᠠᠷᠤᠳᠠᠯ ᠢ ᠳᠣᠭᠢᠷᠠᠭᠤᠯᠬᠤ ᠶᠢᠨ ᠬᠠᠮᠲᠤ ᠠᠵᠢᠯ  ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠵᠢᠯ ᠳᠠᠷᠠᠭᠠᠯᠠᠨ ᠨᠡᠮᠡᠭᠳᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠨᠢ ᠲᠤᠰᠬᠠᠶ  ᠵᠦᠢᠯ ᠤᠨ ᠵᠠᠷᠤᠳᠠᠯ ᠳᠣᠭᠢᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠳᠤ ᠬᠡᠷᠡᠭᠰᠡᠬᠦ ᠪᠠᠯᠠ ᠮᠥᠩᠭᠦ ᠶᠢ ᠡᠭᠦᠷᠭᠡᠯᠡᠬᠦ ᠬᠡᠷᠡᠭᠲᠡᠶ᠃ ᠠᠵᠤ ᠠᠬᠤᠶᠢᠯᠠᠯ ᠪᠣᠯᠤᠨ ᠪᠤᠰᠤᠳ ᠡᠳ ᠤ ᠵᠠᠰᠠᠭ ᠠᠴᠠ ᠵᠣᠭᠤᠰ ᠰᠠᠯᠭᠠᠨ ᠥᠭᠬᠦ ᠪᠤᠰᠤ ᠨᠢᠭᠡᠴᠡ ᠨᠦᠭᠦᠳ ᠴᠢᠳᠠᠪᠤᠷᠢᠲᠠᠨ ᠣᠷᠣᠭᠤᠯᠵᠤ ᠢᠷᠡᠬᠦ ᠪᠠ ᠬᠥᠮᠦᠵᠢᠭᠦᠯᠬᠦ ᠳᠤ ᠬᠡᠷᠡᠭᠰᠡᠬᠦ ᠪᠡᠯᠡ ᠮᠥᠩᠭᠦ ᠪᠠᠨ ᠥᠪᠡᠷ ᠲᠡᠭᠡᠨ  ᠰᠢᠢᠳᠪᠦᠷᠢᠯᠡᠵᠦ᠂ ᠡᠯ᠎ᠡ ᠱᠠᠲᠤᠨ ᠤ ᠣᠨ ᠤ ᠵᠠᠰᠠᠭ ᠠᠴᠠ ᠵᠣᠬᠢᠬᠤ ᠱᠠᠩᠨᠠᠯ ᠨᠥᠬᠦᠪᠥᠷᠢ ᠥᠭᠴᠦ ᠪᠣᠯᠤᠨ᠎ᠠ᠃      ᠲᠠᠪᠢᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠰᠠᠯᠠᠭ᠎ᠠ ᠮᠥᠴᠢᠷ  ᠤᠳ ᠴᠢᠳᠠᠪᠤᠷᠢᠲᠠᠨ ᠣᠷᠣᠭᠤᠯᠵᠤ ᠢᠷᠡᠬᠦ ᠠᠵᠢᠯ ᠤᠨ ᠵᠠᠷᠤᠳᠠᠯ ᠢ ᠴᠠᠭ ᠲᠤᠬᠠᠶ  ᠳᠤᠨᠢ ᠰᠠᠯᠭᠠᠨ ᠥᠭᠬᠦ ᠬᠡᠷᠡᠭᠲᠡᠶ᠃ ᠬᠤᠯᠪᠣᠭᠳᠠᠯ ᠪᠥᠬᠦᠢ ᠨᠢᠭᠡᠴᠡ ᠨᠦᠭᠦᠳ ᠬᠤᠯᠪᠣᠭᠳᠠᠯ ᠪᠥᠬᠦᠢ ᠵᠠᠷᠤᠳᠠᠯ ᠢ ᠲᠣᠭᠲᠠᠭᠠᠯ ᠶᠣᠰᠣᠭᠠᠷ ᠴᠢᠩᠭ᠎ᠠ ᠬᠢᠨᠠᠨ ᠬᠠᠮᠢᠶᠠᠷᠴᠤ ᠰᠠᠶᠢᠲᠤᠷ ᠬᠡᠷᠡᠭᠯᠡᠨ᠂ ᠲᠤᠰᠬᠠᠶ ᠵᠣᠭᠤᠰ ᠢ ᠲᠤᠰᠬᠠᠶ ᠵᠦᠢᠯ  ᠳᠤᠨᠢ ᠬᠡᠷᠡᠭᠯᠡᠬᠦ ᠪᠠ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃      ᠨᠠᠢᠮᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠲᠠᠪᠢᠨ ᠨᠢᠭᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠠᠶᠠᠨᠨᠠᠭᠤᠷ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ  ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠪᠠᠶᠠᠨᠨᠠᠭᠤᠷ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠪᠠᠶᠠᠨᠨᠠᠭᠤᠷ ᠬᠤᠲᠠ ﹇2017﹈ 232 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ᠲᠣᠰ ᠠᠷᠭ᠎ᠠ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠣᠷᠣᠭᠤᠯᠤᠨ ᠠᠪᠴᠢᠷᠠᠭᠰᠠᠨ ᠡᠯ᠎ᠡ ᠲᠥᠷᠥᠯ ᠤᠨ ᠴᠢᠳᠠᠪᠤᠷᠢᠲᠠᠨ ᠤ ᠬᠠᠮᠢᠶ᠎ᠠ ᠪᠥᠬᠦᠶ ᠣᠯᠭᠤᠮᠵᠢ ᠶᠢᠨ ᠪᠠᠲᠤᠯᠠᠭ᠎ᠠ ᠵᠡᠷᠭᠡ ᠶᠢ ᠮᠥᠨ ᠬᠦ ᠤᠤᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ