ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2023/4/13
      ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠬᠠᠮᠵᠢᠨ ᠪᠥᠬᠦ ᠬᠤᠲᠠ ᠶᠢᠨ ᠠᠵᠢᠯ ᠤᠨ ᠪᠠᠶᠢᠳᠠᠯ ᠢ ᠣᠶᠢᠯᠭᠠᠨ ᠡᠵᠡᠮᠰᠢᠭᠦᠯᠦᠨ᠎ᠡ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂  ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃      ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠮᠵᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠨᠤᠤᠷᠠᠭ ᠢ ᠵᠣᠬᠢᠶᠠᠨ ᠪᠠᠶᠢᠭᠤᠯᠵᠤ ᠲᠤᠭᠤᠷᠪᠢᠨ᠎ᠠ᠃      ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ  ᠵᠦᠢᠯᠡᠰ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃      ︵ᠲᠠᠪᠤ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ  ᠵᠦᠢᠯᠡᠰ ᠢ ᠬᠠᠷᠢᠭᠤᠴᠠᠨ ᠬᠢᠨᠠᠨ ᠬᠠᠷᠭᠤᠭᠤᠯᠵᠤ᠂  ᠭᠦᠢᠴᠡᠳᠬᠡᠬᠦ ᠰᠠᠨᠠᠯ ᠢᠶᠠᠨ ᠳᠤᠷᠠᠳᠤᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ︵ᠵᠢᠷᠭᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠪᠢᠴᠢᠭ ᠴᠠᠬᠢᠯᠭᠠᠨ ᠮᠡᠳᠡᠭᠡ ᠶᠢ  ᠭᠦᠢᠴᠡᠳᠬᠡᠬᠦ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠨ᠎ᠠ᠃      ︵ᠳᠣᠯᠤᠭ᠎ᠠ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ  ᠵᠦᠢᠯᠡᠰ ᠵᠢᠴᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ︵  ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ  ᠦᠢᠯᠡᠴᠢᠯᠡᠭᠡ ᠬᠠᠩᠭᠠᠨ᠎ᠠ᠃      ︵ᠶᠢᠰᠦ︶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠪᠤᠯᠤᠩ ᠢ ᠰᠢᠨᠡᠳᠬᠡᠬᠦ᠂ ᠠᠭᠤᠯᠭ᠎ᠠ ᠶᠢ ᠰᠤᠷᠪᠤᠯᠵᠢᠯᠠᠨ ᠨᠠᠶᠢᠷᠠᠭᠤᠯᠬᠤ᠂ ᠣᠷᠴᠢᠭᠤᠯᠬᠤ ᠶᠢ ᠬᠢᠨᠠᠨ ᠲᠣᠭᠲᠠᠭᠠᠬᠤ᠂ ᠡᠳᠦᠷ ᠲᠤᠲᠤᠮ ᠤᠨ ᠠᠵᠢᠯᠯᠠᠭᠠᠨ᠂ ᠬᠠᠮᠠᠭᠠᠯᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠣᠷᠴᠢᠭᠤᠯᠭ᠎ᠠ ᠪᠠ ᠮᠣᠩᠭᠤᠯ ᠬᠡᠯᠡᠨ ᠤ ᠰᠦᠯᠵᠢᠶᠡᠨ  ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠ︶ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠲᠠ ᠶᠢᠨ ᠠᠵᠤ ᠠᠬᠤᠶ ᠶᠢᠨ ᠠᠮᠢ ᠠᠬᠤᠶ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠪᠠᠳᠠᠨ ᠪᠠᠶᠢᠴᠠᠭᠠᠯᠲᠠ ᠬᠢᠨ᠎ᠠ᠃      ︵ᠠᠷᠪᠠᠨ ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠠ ᠠᠷᠠᠳ ᠣᠯᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ ᠠᠷᠭ᠎ᠠ ᠵᠠᠮ ᠢᠶᠠᠷ ᠲᠤᠰᠬᠠᠭᠰᠠᠨ ᠴᠢᠬᠤᠯᠠ ᠶᠡᠭᠡ ᠪᠠᠴᠢᠮ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠯᠣᠭᠤᠳᠬᠤ᠂ ᠰᠢᠮᠳᠠᠭᠤᠯᠬᠤ ᠪᠠ ᠪᠠᠶᠢᠴᠠᠭᠠᠨ᠎ᠠ᠃      ︵ᠠᠷᠪᠠᠨ ᠭᠤᠷᠪᠠ︶ ᠬᠤᠲᠠ ᠶᠢᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢ ᠬᠠᠮᠢᠶᠠᠷᠤᠨ᠎ᠠ᠃      ︵ᠠᠷᠪᠠᠨ ᠲᠦᠷᠪᠡ︶ ᠬᠤᠳᠠ  ᠶᠢᠨ  ᠨᠠᠮ  ᠤᠨ  ᠬᠤᠷᠢᠶ᠎ᠠ᠂  ᠵᠠᠰᠠᠭ  ᠤᠨ  ᠣᠷᠳᠣᠨ  ᠠᠴᠠ  ᠳᠠᠭᠠᠭᠠᠯᠭᠠᠭᠰᠠᠨ  ᠪᠤᠰᠤᠳ  ᠡᠭᠦᠷᠭᠡ ᠨᠦᠭᠦᠳ  ᠢ  ᠪᠡᠶᠡᠯᠡᠭᠦᠯᠬᠦ  ᠬᠡᠷᠡᠭᠲᠡᠶ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ