ᠪᠠᠶᠠᠨᠨᠠᠭᠤᠷ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2023/4/13
      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠡᠯ᠎ᠡ ᠰᠠᠯᠠᠭ᠎ᠠ ᠮᠥᠴᠢᠷ ᠤᠨ  ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠪᠠᠶᠢᠴᠠᠭᠠᠨ᠎ᠠ᠃      ︵ᠭᠤᠷᠪᠠ︶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ  ᠰᠢᠢᠳᠪᠦᠷᠢᠯᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ  ᠠᠪᠬᠤ ᠪᠠ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃      ︵ᠳᠥᠷᠪᠡ︶ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ  ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ  ᠰᠢᠢᠳᠪᠦᠷᠢᠯᠡᠭᠰᠡᠨ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠪᠠᠳᠠᠵᠤ  ᠰᠢᠢᠳᠪᠦᠷᠢᠯᠡᠬᠦ ᠶᠢ ᠬᠠᠷᠢᠭᠤᠴᠠᠨ᠎ᠠ᠃      ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠤ᠂ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃      ︵ᠵᠢᠷᠭᠤᠭ᠎ᠠ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠣᠳᠠᠲᠤ ᠪᠠᠶᠢᠳᠠᠯ ᠢ ᠦᠨᠳᠦᠰᠦᠯᠡᠨ ᠬᠤᠯᠪᠣᠭᠳᠠᠯ ᠪᠦᠬᠦᠢ ᠠᠵᠢᠯ ᠤᠨ ᠠᠷᠭ᠎ᠠ ᠶᠢ ᠲᠣᠭᠲᠠᠭᠠᠨ᠎ᠠ᠃ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠳᠣᠯᠤᠭ᠎ᠠ︶ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ