ᠪᠠᠶᠠᠨᠨᠠᠭᠤᠷ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/4/13
      ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠶᠢᠨ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠨ᠎ᠠ᠃      ︵ᠬᠤᠶᠠᠷ︶ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠲᠤ  ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃      ︵ᠭᠤᠷᠪᠠ︶ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠠᠵᠢᠯ ᠣᠯᠵᠤ ᠠᠳᠠᠯ  ᠦᠢᠯᠡᠰ ᠴᠣᠭᠴᠠᠯᠠᠬᠤ ᠶᠢ ᠵᠣᠬᠢᠴᠠᠭᠤᠯᠤᠨ ᠰᠠᠶᠢᠲᠤᠷ ᠬᠢᠨ᠎ᠠ᠃      ︵ᠲᠦᠷᠪᠡ︶ ᠴᠡᠷᠢᠭ ᠠᠩᠬᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨ᠎ᠡ᠃      ︵ᠲᠠᠪᠤ︶ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠴᠡᠷᠢᠭ ᠤᠨ ᠬᠠᠩᠭᠠᠯᠭ᠎ᠠ ᠶᠢᠨ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠵᠢᠷᠭᠤᠭ᠎ᠠ︶ ᠪᠦᠬᠦ ᠬᠤᠳᠠ ᠶᠢᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠢᠯᠣᠭᠤᠳᠤᠨ᠎ᠠ᠃      ︵ᠳᠣᠯᠤᠭ᠎ᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠰᠠᠶᠢᠲᠤᠷ ᠬᠢᠨ᠎ᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠨ  ᠤᠬᠠᠭᠤᠯᠤᠨ᠎ᠠ᠃      ︵ᠨᠠᠢᠮᠠ︶ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠥᠷᠨᠢᠭᠦᠯᠦᠨ᠎ᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ