ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/4/13
      ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠪᠦᠬᠦ ᠬᠤᠳᠠ ᠶᠢᠨ ᠪᠠᠭᠰᠢ ᠶᠢᠨ ᠠᠵᠢᠯ ᠢ ᠭᠤᠣᠯᠯᠠᠨ ᠬᠠᠮᠢᠶᠠᠷᠴᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠪᠠᠭᠰᠢ ᠶᠢ ᠤᠷᠢᠨ ᠬᠡᠷᠡᠭᠯᠡᠬᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠠᠮᠢᠶᠠᠷᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠤᠨ ᠲᠦᠷᠢᠮ᠂ ᠪᠠᠭᠰᠢ ᠶᠢᠨ ᠪᠣᠯᠪᠠᠰᠤᠷᠠᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠳᠠᠨ ᠤ ᠣᠷᠣᠨ ᠲᠤᠭ᠎ᠠ  ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃  ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃      ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠰᠠᠯᠠᠭ᠎ᠠ ᠮᠥᠴᠢᠷ᠂ ᠠᠵᠢᠯ ᠲᠦᠷᠦᠯ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃      ︵ᠲᠦᠷᠪᠡ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠦᠷᠦᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ  ᠤᠨ ᠠᠵᠢᠯ  ᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃      ︵ᠲᠠᠪᠤ︶ ᠲᠣᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠬᠡᠮᠵᠢᠵᠦ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠶᠢ ᠲᠤᠰᠠᠯᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠵᠢᠷᠭᠤᠭ᠎ᠠ︶ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠲᠥᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠷᠠᠳ ᠠᠴᠠ ᠡᠷᠭᠢᠯᠡᠭᠰᠡᠨ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ  ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠶᠢ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠵᠢᠯᠣᠭᠤᠳᠤᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃      ︵ᠳᠣᠯᠤᠭ᠎ᠠ︶ ᠠᠵᠢᠯ ᠣᠯᠭᠤᠯᠲᠠ ᠶᠢ ᠠᠬᠢᠭᠤᠯᠬᠤ᠂ ᠠᠵᠤ  ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠠᠶᠢᠷᠢᠰᠢᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠠ ᠠᠵᠢᠯ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ ᠥᠷᠨᠢᠭᠦᠯᠦᠨ᠎ᠡ᠃ ᠠᠷᠠᠳ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠡᠯ᠎ᠡ ᠲᠥᠷᠥᠯ ᠤᠨ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ᠎ᠡ᠃      ︵  ᠨᠠᠢᠮᠠ︶ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠢᠭᠡᠳᠦᠯᠲᠡᠶ ᠲᠥᠯᠥᠪᠵᠢᠭᠦᠯᠭᠡ ᠪᠠ ᠬᠤᠷᠸ᠎ᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠭᠢᠯᠡᠬᠦ ᠡᠮᠬᠢ ᠳᠢᠭᠯᠢᠮ ᠢ ᠵᠢᠷᠤᠮᠵᠢᠭᠤᠯᠤᠨ᠎ᠠ᠃      ︵ᠶᠢᠰᠦ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠣᠭᠤᠳᠤᠨ᠎ᠠ᠃      ︵ᠠᠷᠪᠠ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃      ︵ᠠᠷᠪᠠᠨ ᠨᠢᠭᠡ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠵᠢᠴᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ ᠣᠷᠣᠰᠢᠵᠤ ᠪᠠᠶᠢᠭ᠎ᠠ ᠬᠡᠮ  ᠦᠢᠯᠡᠳᠬᠦ  ᠦᠢᠯᠡ ᠠᠵᠢᠯᠯᠠᠭ᠎ᠠ ᠶᠢ ᠰᠢᠢᠳᠬᠡᠬᠦ ᠶᠢ ᠬᠠᠷᠢᠭᠤᠴᠠᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠠᠴᠠ ᠳᠣᠷᠣᠭᠰᠢᠬᠢ ᠡᠯ᠎ᠡ ᠲᠥᠷᠥᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶ᠎ᠠ ᠶᠢᠨ ᠠᠵᠢᠯ ᠢ ᠬᠠᠮᠢᠶᠠᠷᠴᠤ᠂ ᠰᠤᠷᠭᠠᠨ ᠬᠥᠮᠦᠵᠢᠯ ᠤᠨ ᠲᠠᠯ᠎ᠠ ᠪᠠᠷ ᠬᠢ ᠭᠠᠳᠠᠭᠠᠳᠤ ᠲᠠᠢ ᠬᠠᠮᠲᠤᠷᠠᠯᠴᠠᠬᠤ ᠪᠠ ᠰᠣᠯᠢᠯᠴᠠᠬᠤ ᠵᠢᠴᠢ ᠭᠠᠳᠠᠭᠠᠳᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ᠠᠷᠪᠠᠨ ᠭᠤᠷᠪᠠ︶ ᠪᠥᠬᠦ ᠬᠤᠲᠠ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ᠂ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠮᠡᠷᠭᠡᠵᠢᠯ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠢᠯᠣᠭᠤᠳᠤᠨ᠎ᠠ᠃      ︵ᠠᠷᠪᠠᠨ ᠳᠥᠷᠪᠡ︶ ᠪᠥᠬᠦ ᠬᠤᠲᠠ ᠶᠢᠨ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠ ᠠᠷᠤ ᠲᠠᠯ᠎ᠠ ᠶᠢᠨ  ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ