ᠡᠶᠢᠮᠦ ᠬᠥᠮᠥᠰ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠤ ᠢᠯᠡᠷᠡᠯ ᠨᠢ ᠬᠦᠨᠳᠦᠷᠡᠵᠦ ᠮᠡᠳᠡᠨ᠎ᠡ
ᠨᠡᠶᠢᠲᠡᠯᠡᠭᠰᠡᠨ ᠴᠠᠭ᠄
2023/4/13
      ᠡᠪᠦᠯ ᠬᠠᠪᠤᠷ ᠤᠨ ᠤᠯᠠᠷᠢᠯ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠳᠡᠭ ᠤᠯᠠᠷᠢᠯ ᠮᠥᠨ᠃ ᠶᠠᠭᠠᠬᠢᠭᠠᠳ ᠣᠯᠠᠨ ᠢᠶᠠᠷ ᠢᠶᠠᠨ ᠡᠨᠡ ᠵᠢᠯ ᠤᠨ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠤ ᠢᠯᠡᠷᠡᠯ ᠨᠢ ᠥᠩᠭᠡᠷᠡᠭᠰᠡᠨ ᠵᠢᠯ ᠤᠳ ᠠᠴᠠ ᠨᠠᠩ ᠬᠦᠨᠳᠦ ᠭᠡᠵᠦ ᠦᠵᠡᠵᠦ ᠪᠠᠶᠢᠬᠤ ᠪᠣᠶ︖ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭᠠᠨ ᠤ ᠡᠷᠬᠢᠯᠡᠭᠴᠢ ᠸᠠᠩ ᠬᠦᠶ ᠴᠢᠶᠠᠩ ᠬᠡᠯᠡᠬᠦ ᠳᠡᠭᠡᠨ᠄ ᠨᠢᠭᠡ ᠲᠠᠯ᠎ᠠ ᠪᠠᠷ᠂ ᠬᠠᠯᠳᠠᠪᠤᠷᠢᠲᠤ ᠲᠠᠭᠰᠢᠭᠤᠷ ᠤᠨ ᠲᠣᠰ ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠤᠭ ᠠᠴᠠ ᠪᠠᠨ ᠴᠢᠩᠭ᠎ᠠ ᠪᠠᠶᠢᠵᠠᠢ᠂ ᠭᠡᠪᠡᠴᠦ ᠣᠯᠠᠨ ᠤ ᠠᠩᠬᠠᠷᠤᠯ ᠢ ᠶᠡᠭᠡ ᠪᠠᠷ ᠲᠠᠲᠠᠵᠤ ᠪᠠᠶᠢᠭᠰᠠᠨ ᠦᠭᠡᠢ᠃ ᠬᠤᠶᠠᠳᠤᠭᠠᠷ ᠰᠢᠯᠲᠠᠭᠠᠨ ᠨᠢ ᠭᠡᠪᠡᠯ᠂ ᠣᠶᠢᠷ᠎ᠠ ᠶᠢᠨ ᠭᠤᠷᠪᠠᠨ ᠵᠢᠯ ᠳᠤ ᠪᠢᠳᠡ ᠰᠢᠨ᠎ᠡ ᠲᠢᠲᠢᠮᠯᠢᠭ  ᠸᠢᠷᠦ᠋ᠰ ᠤᠨ ᠬᠢᠵᠢᠭ ᠠᠴᠠ ᠥᠪᠡᠷ ᠢ ᠪᠠᠨ ᠮᠠᠰᠢ ᠰᠠᠶᠢᠨ ᠰᠡᠷᠭᠡᠶᠢᠯᠡᠨ ᠬᠠᠮᠠᠭᠠᠯᠠᠵᠤ ᠢᠷᠡᠭᠰᠡᠨ ᠪᠣᠯᠬᠤᠷ ᠣᠯᠠᠩᠬᠢ ᠬᠥᠮᠥᠰ ᠡᠨᠡ ᠭᠤᠷᠪᠠᠨ ᠵᠢᠯ ᠳᠤ ᠲᠠᠭᠰᠢᠭᠤᠷ ᠤᠨ ᠸᠢᠷᠦ᠋ᠰ ᠲᠤ ᠦᠨᠳᠦᠰᠦᠨ ᠳᠡᠭᠡᠨ ᠨᠡᠷᠪᠡᠭᠳᠡᠭᠰᠡᠨ ᠦᠭᠡᠢ᠃ ᠥᠩᠭᠡᠷᠡᠭᠰᠡᠨ ᠳᠤ ᠵᠢᠯ ᠪᠦᠷᠢ ᠬᠠᠯᠳᠠᠪᠤᠷᠢᠲᠤ ᠲᠠᠭᠰᠢᠭᠤᠷ ᠳᠡᠯᠭᠡᠷᠡᠵᠦ᠂ ᠵᠠᠭᠤᠨ ᠤ ᠬᠤᠷᠢ ᠭᠤᠴᠢ ᠶᠢᠨ ᠬᠥᠮᠥᠰ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠵᠦ ᠥᠩᠭᠡᠷᠡᠭᠰᠡᠨ ᠪᠣᠯᠬᠤᠷ ᠲᠣᠰ ᠪᠡᠶ᠎ᠡ ᠨᠢ ᠵᠣᠬᠢᠬᠤ ᠬᠡᠮᠵᠢᠶᠡᠨ ᠤ ᠳᠠᠷᠬᠠᠯᠠᠭ᠎ᠠ ᠲᠠᠢ ᠪᠣᠯᠵᠤ᠂ ᠡᠪᠡᠳᠴᠢᠨ ᠤ ᠢᠯᠡᠷᠡᠯ ᠨᠢ ᠲᠡᠳᠦᠢ ᠬᠦᠨᠳᠦ ᠪᠢᠰᠢ ᠪᠣᠯᠳᠠᠭ᠃ ᠡᠨᠡ ᠭᠤᠷᠪᠠᠨ ᠵᠢᠯ ᠳᠤ᠂ ᠣᠯᠠᠨ ᠢᠶᠠᠷ ᠢᠶᠠᠨ ᠬᠠᠯᠳᠠᠪᠤᠷᠢᠲᠤ ᠲᠠᠭᠰᠢᠭᠤᠷ ᠲᠤ ᠪᠠᠷᠤᠭ ᠨᠡᠷᠪᠡᠭᠳᠡᠭᠰᠡᠨ ᠦᠭᠡᠢ ᠪᠣᠯᠬᠤᠷ ᠡᠨᠡ ᠤᠳᠠᠭ᠎ᠠ ᠨᠡᠷᠪᠡᠭᠳᠡᠭᠰᠡᠨ ᠤ ᠳᠠᠷᠠᠭ᠎ᠠ ᠡᠪᠡᠳᠴᠢᠨ ᠤ ᠢᠯᠡᠷᠡᠯ ᠨᠢ ᠬᠦᠨᠳᠦᠷᠡᠭᠰᠡᠨ ᠪᠠᠶᠢᠨ᠎ᠠ ᠭᠡᠯ᠎ᠡ᠃ ᠲᠤᠰᠬᠠᠢ ᠮᠡᠷᠭᠡᠵᠢᠯᠲᠡᠨ  ᠤ ᠲᠠᠨᠢᠯᠴᠠᠭᠤᠯᠤᠭᠰᠠᠨ ᠢᠶᠠᠷ᠂ ᠬᠠᠯᠳᠠᠪᠤᠷᠢᠲᠤ ᠲᠠᠭᠰᠢᠭᠤᠷ ᠢ ᠡᠮᠨᠡᠬᠦ ᠳᠤ ᠡᠪᠡᠳᠴᠢᠨ ᠳᠤᠨᠢ ᠲᠠᠭᠠᠷᠠᠭᠤᠯᠵᠤ ᠡᠮᠨᠡᠨ ᠵᠠᠰᠠᠬᠤ ᠬᠡᠷᠡᠭᠲᠡᠢ᠂ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ ᠡᠪᠡᠳᠴᠢᠲᠡᠨ ᠪᠤᠶᠤ ᠬᠦᠨᠳᠦ ᠡᠪᠡᠳᠴᠢᠨ ᠲᠠᠢ ᠪᠥᠭᠡᠳ ᠠᠶᠤᠯ ᠲᠦᠭᠰᠢᠭᠦᠷᠢ ᠶᠡᠬᠡᠲᠡᠶ ᠬᠥᠮᠥᠰ ᠲᠤ ᠸᠢᠷᠦ᠋ᠰ ᠢ ᠡᠰᠡᠷᠭᠦᠴᠡᠬᠦ ᠡᠮᠴᠢᠯᠡᠭᠡ ᠬᠡᠷᠡᠭᠯᠡᠵᠦ ᠪᠣᠯᠣᠨ᠎ᠠ ᠭᠡᠵᠡᠢ᠃ ᠲᠡᠷᠡ ᠪᠠᠷ ᠪᠠᠰᠠ ᠬᠡᠯᠡᠬᠦ ᠳᠡᠭᠡᠨ᠄ ᠮᠠᠨ ᠤ ᠤᠯᠤᠰ ᠲᠤ ᠣᠲᠣ ᠬᠠᠯᠳᠠᠪᠤᠷᠢᠲᠤ ᠲᠠᠭᠰᠢᠭᠤᠷ ᠲᠤ ᠵᠣᠷᠢᠭᠤᠯᠤᠭᠰᠠᠨ ᠸᠢᠷᠦ᠋ᠰ ᠢ ᠡᠰᠡᠷᠭᠦᠴᠡᠬᠦ 6 ᠲᠦᠷᠦᠯ ᠤᠨ ᠡᠮ ᠪᠠᠶᠢᠨ᠎ᠠ᠂ ᠡᠭᠦᠨ ᠳᠤ ᠤᠤᠭᠤᠬᠤ᠂ ᠨᠠᠮᠵᠢᠭᠤᠨ ᠰᠤᠳᠠᠯ ᠳᠤ ᠬᠡᠷᠡᠭᠯᠡᠬᠦ ᠡᠮ ᠪᠠᠭᠲᠠᠨ᠎ᠠ᠂ ᠡᠲᠡᠭᠡᠷ ᠡᠮ ᠢ ᠡᠮᠴᠢ ᠶᠢᠨ ᠵᠢᠯᠣᠭᠤᠳᠤᠯᠭ᠎ᠠ ᠳᠣᠣᠷ᠎ᠠ ᠬᠡᠷᠡᠭᠯᠡᠬᠦ ᠬᠡᠷᠡᠭᠲᠡᠢ ᠭᠡᠵᠡᠢ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ