2022 ᠣᠨ ᠤ 9 ᠰᠠᠷ᠎ᠠ ᠶᠢᠨ 2 ᠤᠨ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ︾ ᠶᠢ ᠪᠠᠲᠤᠯᠠᠭᠰᠠᠨ ᠪᠥᠭᠡᠳ 2023 | ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢᠨ ᠬᠠᠤᠯᠢ︾ ᠨᠢ ᠨᠡᠶᠢᠭᠡᠮ | ᠨᠡᠶᠢᠳᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠳᠠ ᠪᠤᠯᠭᠠᠵᠦ᠂ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢ | ᠲᠠᠷᠢᠵᠤ ᠤᠷᠭᠤᠭᠤᠯᠬᠤ ᠠᠴᠠ ᠠᠪᠤᠭᠠᠳ ᠡᠳ᠋ᠰᠢᠭᠦᠯᠦᠨ ᠪᠣᠯᠪᠠᠰᠤᠷᠠᠭᠤᠯᠬᠤ ᠳᠤ ᠬᠦᠷᠲᠡᠯ᠎ᠡ ᠪᠥᠬᠦ ᠶᠠᠪᠤᠴᠠ᠂ ᠪᠥᠬᠦ ᠳᠠᠮᠵᠢᠯᠠᠭ᠎ᠠ ᠳᠤᠨᠢ ᠬᠢᠨᠠᠨ ᠬᠠᠮᠢᠶᠠᠷᠴᠤ᠂ ᠲᠤᠰ | ᠬᠠᠤᠯᠢ ᠪᠠᠷ ᠵᠠᠰᠠᠵᠤ ᠪᠠᠲᠤᠯᠠᠬᠤ ᠶᠢ ᠴᠢᠨᠠᠭᠰᠢᠳᠠ ᠴᠢᠩᠭᠠᠳᠬᠠᠬᠤ ᠪᠣᠯᠣᠨ᠎ᠠ ᠭᠡᠵᠡᠢ᠃ |