ᠠᠩᠭ᠍ᠯᠢ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠶᠢᠨ ᠠᠯᠬᠤᠬᠴᠢᠳ ᠤᠨ ᠨᠡᠶᠢᠭᠡᠮᠯᠢᠭ ᠪᠠ ᠮᠠᠶᠢᠺᠮᠢᠯᠦ᠋ᠨ ᠦᠮᠠᠨ ᠤ ᠲᠤᠰᠠᠯᠠᠮᠵᠢ ᠶᠢᠨ ᠲᠦᠪ ᠤᠨ | ᠬᠠᠮᠤᠭ ᠤᠨ ᠰᠢᠨ᠎ᠡ ᠰᠣᠳᠣᠯᠭᠠᠨ ᠳᠤ ᠣᠯᠵᠣ ᠮᠡᠳᠡᠭᠰᠡᠨ ᠢᠶᠠᠷ᠂ ᠡᠳᠦᠷ ᠪᠦᠷᠢ 1.6 ᠺᠢᠯᠣᠮᠧᠲᠷ ᠵᠠᠮ ᠢ 20 ᠮᠢᠨᠦ᠋ᠲ ᠲᠤ ᠶᠠᠪᠤᠵᠤ ᠪᠠᠷᠠᠬᠤ ᠶᠢ ᠪᠠᠷᠢᠮᠳᠠᠯᠠᠪᠠᠯ | ᠬᠦᠬᠦᠨ ᠪᠤᠯᠴᠢᠷᠬᠠᠢ ᠶᠢᠨ ᠦᠮᠠᠨ᠂ ᠣᠷᠢᠳᠤ ᠪᠤᠯᠴᠢᠷᠬᠠᠢ ᠶᠢᠨ ᠦᠮᠠᠨ᠂ ᠭᠡᠳᠡᠰᠤᠨ ᠤ ᠦᠮᠠᠨ ᠤ ᠵᠠᠰᠠᠯᠭ᠎ᠠ ᠳᠤ ᠢᠯᠡᠳᠳᠡ ᠲᠤᠰᠠᠳᠠᠢ ᠪᠠᠶᠢᠳᠠᠭ᠂ ᠬᠠᠮᠤᠭ ᠤᠨ | ᠦᠨᠳᠦᠷ ᠲᠡᠭᠡᠨ 50 % ᠢᠶᠠᠷ ᠠᠳᠡᠭᠦ ᠨᠤᠷᠮ᠎ᠠ ᠶᠢ ᠲᠤᠷᠤᠭᠰᠢᠯᠠᠭᠤᠯᠤᠨ᠎ᠠ᠃ ᠡᠬᠦᠨ ᠢᠶᠠᠷ ᠪᠠᠷᠠᠬᠤ ᠦᠭᠡᠢ᠂ ᠠᠯᠬᠤᠬᠤ ᠨᠢ ᠦᠯᠦ ᠬᠠᠯᠳᠠᠭᠠᠬᠤ ᠴᠢᠳᠠᠯ ᠢ | ᠨᠡᠮᠡᠭᠳᠡᠭᠦᠯᠳᠡᠭ ᠢᠶᠠᠷ ᠪᠠᠷᠠᠬᠤ ᠦᠭᠡᠢ᠂ ᠲᠤᠳᠤᠭᠠᠳᠤ ᠱᠦᠭᠦᠷᠡᠯᠳᠡ ᠶᠢ ᠰᠠᠶᠢᠵᠢᠷᠠᠭᠤᠯᠤᠨ᠂ ᠬᠤᠷᠮᠤᠨ ᠤ ᠲᠦᠪᠰᠢᠨ ᠢ ᠵᠤᠬᠢᠴᠠᠭᠤᠯᠬᠤ᠂ ᠦᠮᠠᠨ ᠢ ᠰᠡᠷᠭᠡᠶᠢᠯᠡᠬᠦ᠂ | ᠦᠮᠠᠨ ᠢ ᠡᠰᠡᠷᠭᠦᠴᠡᠬᠦ ᠲᠠᠯ᠎ᠠ ᠪᠠᠷ ᠲᠤᠪᠤᠶᠢᠮ᠎ᠠ ᠦᠢᠯᠡᠳᠦᠯ ᠲᠠᠢ ᠪᠠᠶᠢᠳᠠᠭ᠃ | ᠬᠦᠬᠦᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠹᠷᠠᠨᠼᠢ ᠶᠢᠨ ᠨᠢᠭᠡᠨ 400 ᠲᠦᠮᠡᠨ ᠡᠮᠡᠭᠲᠠᠶᠢᠴᠤᠤᠯ ᠳᠤ ᠬᠤᠯᠪᠤᠭᠳᠠᠬᠤ ᠰᠣᠳᠣᠯᠭᠠᠨ ᠳᠤ | ᠢᠯᠡᠷᠬᠡᠶᠢᠯᠡᠭᠰᠡᠨ ᠢᠶᠠᠷ᠂ ᠶᠠᠮᠠᠷᠪᠠ ᠨᠠᠰᠤᠨ ᠤ ᠡᠮᠡᠭᠲᠠᠢ ᠡᠳᠦᠷ ᠪᠦᠷᠢ 1 ᠴᠠᠭ ᠲᠦᠷᠭᠡᠨ ᠠᠯᠬᠤᠬᠤ ᠶᠢ ᠪᠠᠷᠢᠮᠳᠠᠯᠠᠪᠠᠯ ᠬᠦᠬᠦᠨ ᠪᠤᠯᠴᠢᠷᠬᠠᠢ ᠶᠢᠨ ᠦᠮᠠᠨ ᠳᠤ | ᠨᠡᠷᠪᠡᠭᠳᠡᠬᠦ ᠨᠤᠷᠮ᠎ᠠ ᠶᠢ 12 % ᠢᠶᠠᠷ ᠲᠤᠷᠤᠭᠰᠢᠯᠠᠭᠤᠯᠳᠠᠭ᠃ ᠭᠡᠳᠡᠰᠤᠨ ᠤ ᠦᠮᠠᠨ ᠢ ᠰᠡᠷᠭᠡᠶᠢᠯᠡᠨ᠎ᠡ᠃ ᠬᠠᠹᠦ᠋ ᠶᠡᠭᠡ ᠰᠣᠷᠭᠠᠭᠤᠯᠢ ᠶᠢᠨ 7 ᠲᠦᠮᠡᠨ ᠬᠦᠮᠦᠨ ᠳᠤ | ᠴᠢᠭᠯᠡᠭᠦᠯᠦᠭᠰᠡᠨ ᠤᠷᠳᠤ ᠬᠤᠭᠤᠴᠠᠭᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠳᠦᠷ ᠪᠦᠷᠢ 1 ᠴᠠᠭ ᠠᠯᠬᠤᠬᠤ ᠶᠢ ᠪᠠᠷᠢᠮᠳᠠᠯᠠᠪᠠᠯ᠂ ᠰᠢᠯᠤᠭᠤᠨ ᠭᠡᠳᠡᠰᠤᠨ ᠤ | ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ᠃ | ᠨᠦᠢᠷ ᠤᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠠᠮᠧᠷᠢᠺᠠ ᠶᠢᠨ ︽ᠤᠩᠰᠢᠭᠴᠢᠳ ᠤᠨ ᠱᠦᠭᠦᠮᠡᠭ︾ ᠰᠡᠳᠭᠦᠯ ᠳᠤ ᠨᠡᠶᠢᠳᠡᠯᠡᠭᠳᠡᠭᠰᠡᠨ ᠨᠢᠭᠡᠨ | ᠰᠤᠳᠤᠯᠭᠠᠨ ᠤ ᠪᠦᠳᠦᠭᠡᠯ ᠳᠤ ᠵᠢᠭᠠᠵᠤ ᠭᠠᠷᠭᠠᠭᠰᠠᠨ ᠢᠶᠠᠷ᠂ ᠡᠳᠦᠷ ᠪᠦᠷᠢ ᠬᠤᠭᠤᠯᠠᠨ ᠤ ᠲᠠᠷᠠᠭ᠎ᠠ 30 ᠮᠢᠨᠦ᠋ᠲ ᠰᠤᠯᠠ ᠠᠯᠬᠤᠯᠠᠪᠠᠯ ᠨᠦᠢᠷ ᠤᠨ ᠪᠤᠯᠴᠢᠷᠬᠠᠢ ᠶᠢᠨ | ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ᠃ | ᠤᠷᠢᠳᠤ ᠪᠤᠯᠴᠢᠷᠬᠠᠢ ᠶᠢᠨ ᠦᠮᠠᠨ ᠢ ᠡᠰᠡᠷᠭᠦᠴᠡᠨ᠎ᠡ᠃ ᠠᠮᠧᠷᠢᠺᠠ ᠶᠢᠨ ᠺᠠᠯᠢᠹᠦᠷᠨᠢᠶ᠎ᠠ ᠵᠸᠤ ᠶᠢᠨ ᠶᠡᠭᠡ ᠰᠤᠷᠭᠠᠭᠤᠯᠢ ᠶᠢᠨ ᠰᠣᠳᠣᠯᠭᠠᠳᠠᠳ 1455 ᠤᠷᠢᠳᠤ | ᠪᠤᠯᠴᠢᠷᠬᠠᠢ ᠶᠢᠨ ᠦᠮᠠᠨ ᠡᠪᠡᠳᠴᠢᠳᠠᠨ ᠳᠤ ᠤᠷᠳᠤ ᠬᠤᠭᠤᠴᠠᠭᠠᠨ ᠤ ᠮᠦᠷᠳᠠᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠢᠶᠠᠷ᠂ ᠭᠠᠷᠠᠭ ᠪᠦᠷᠢ 3 ᠴᠠᠭ ᠲᠦᠷᠭᠡᠨ | ᠠᠯᠬᠤᠪᠠᠯ ᠦᠮᠠᠨ ᠡᠪᠡᠳᠴᠢᠨ ᠤ ᠬᠦᠨᠳᠦᠷᠡᠬᠦ ᠬᠡᠮᠵᠢᠶ᠎ᠡ ᠨᠢ ᠬᠦᠳᠡᠯᠭᠡᠭᠡᠨ ᠬᠢᠳᠡᠭ ᠦᠭᠡᠢ ᠬᠦᠮᠦᠨ ᠠᠴᠠ 57% ᠢᠶᠠᠷ ᠲᠤᠤᠷ᠎ᠠ ᠪᠠᠶᠢᠳᠠᠭ᠃ | ᠠᠯᠬᠤᠬᠤ ᠶᠢᠨ ᠠᠰᠢᠭ ᠲᠣᠰᠠ ᠶᠢ ᠪᠠᠳᠠᠷᠠᠭᠤᠯᠬᠤ ᠳᠤ ᠶᠠᠪᠤᠵᠤ ᠰᠠᠭᠤᠬᠤ ᠠᠯᠬᠤᠬᠤ ᠬᠡᠰᠬᠢᠬᠦ ᠬᠡᠪ ᠨᠠᠮᠪᠠ᠂ ᠭᠠᠵᠠᠷ᠂ ᠡᠮᠦᠰᠭᠡᠯ ᠵᠠᠰᠠᠯ᠂ ᠴᠠᠭ ᠵᠢᠴᠢ | ᠬᠤᠷᠳᠤᠴᠠ ᠵᠡᠷᠭᠡ ᠶᠢ ᠠᠩᠬᠠᠷᠤᠭᠤᠰᠢᠲᠠᠢ᠃ ᠠᠯᠬᠤᠯᠠᠬᠤ ᠳᠠᠭᠠᠨ ᠠᠯᠤᠰ ᠢ ᠰᠢᠷᠳᠡᠨ ᠴᠡᠭᠡᠵᠢ ᠪᠠᠨ ᠲᠡᠨᠢᠢᠯᠭᠡᠵᠦ᠂ ᠲᠡᠭᠰᠢ ᠤᠯᠠ ᠲᠠᠢ ᠱᠠᠬᠠᠢ ᠡᠮᠦᠰᠦᠨ ᠵᠢᠭᠳᠡ | ᠬᠤᠷᠳᠤᠴᠠ ᠪᠠᠷ ᠶᠠᠪᠤᠨ᠎ᠠ᠃ ᠬᠠᠮᠤᠭ ᠤᠨ ᠰᠠᠶᠢᠨ ᠨᠢ ᠦᠳᠡ ᠶᠢᠨ ᠬᠤᠶᠢᠨᠠᠬᠢ 4 ᠴᠠᠭ ᠤᠨ ᠦᠶᠡᠰ ᠢᠶᠠᠷ ᠨᠢᠭᠡ ᠰᠧᠺᠦ᠋ᠨ᠋ᠳ᠋ ᠲᠤ ᠬᠤᠶᠠᠷ ᠠᠯᠬᠤᠮ ᠠᠯᠬᠤᠪᠠᠯ ᠦᠶ᠎ᠡ | ᠬᠡᠰᠢᠭᠦᠨ ᠤ ᠱᠠᠯᠠᠮᠠᠭᠠᠢ ᠠᠮᠢᠳᠣᠯᠢᠭ᠂ ᠵᠢᠷᠦᠭᠡᠨ ᠴᠤᠬᠢᠯᠭ᠎ᠠ ᠪᠠ ᠴᠢᠰᠤᠨ ᠲᠠᠷᠤᠯᠳᠠ ᠶᠢ ᠲᠤᠭᠳᠠᠭᠤᠨ ᠪᠠᠶᠢᠯᠭᠠᠳᠠᠭ᠃ ᠭᠡᠬᠦ ᠳᠡᠭᠡᠨ ᠴᠠᠭ ᠲᠠᠷᠤᠢ ᠳᠤᠨᠢ ᠤᠰᠤ | ᠨᠦᠬᠦᠪᠦᠷᠢᠯᠡᠬᠦ ᠶᠢ ᠠᠩᠬᠠᠷᠬᠤ ᠴᠢᠬᠤᠯᠠᠲᠠᠢ᠃ |