ᠮᠠᠨ ᠤ ᠬᠤᠲᠠ ᠠᠶᠠᠨᠴᠢᠳ ᠤᠨ ᠲᠡᠭᠡᠭᠡᠪᠦᠷᠢ ᠶᠢᠨ ᠬᠤᠶᠠᠷ ᠱᠤᠭᠤᠮ ᠰᠢᠨ᠎ᠡ ᠪᠠᠷ ᠨᠡᠮᠡᠪᠡ
ᠨᠡᠶᠢᠲᠡᠯᠡᠭᠰᠡᠨ ᠴᠠᠭ᠄
2023/4/19
      ᠣᠶᠢᠷ᠎ᠠ ᠳᠤ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠣᠶᠢᠷ᠎ᠠ ᠳᠤ ᠥᠪᠥᠷ ᠮᠣᠩᠭᠤᠯ ᠤᠨ  ᠪᠠ ᠶᠦᠨ ᠲᠡᠭᠡᠭᠡᠪᠦᠷᠢ ᠶᠢᠨ ᠬᠤᠪᠢ ᠡᠵᠡᠮᠳᠡᠭᠰᠡᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠯᠢᠨ ᠾᠧ ᠠᠶᠠᠨᠴᠢᠳ ᠤᠨ ᠲᠡᠭᠡᠭᠡᠪᠦᠷᠢ ᠶᠢᠨ ᠬᠤᠪᠢᠶᠠᠷᠢ ᠺᠣᠮᠫᠠᠨᠢ ᠶᠢᠨ ᠯᠢᠨ ᠾᠧ ᠠᠴᠠ ᠳ᠋ᠦᠩᠱᠧᠩ ᠬᠦᠷᠬᠦ᠂ ᠯᠢᠨ ᠾᠧ ᠠᠴᠠ ᠢᠦᠢ ᠯᠢᠨ ᠬᠦᠷᠬᠦ 2 ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠡᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ   ᠪᠠ ᠶᠦᠨ ᠲᠡᠭᠡᠭᠡᠪᠦᠷᠢ ᠶᠢᠨ ᠬᠤᠪᠢ ᠡᠵᠡᠮᠳᠡᠭᠰᠡᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠯᠢᠨ ᠾᠧ ᠠᠶᠠᠨᠴᠢᠳ ᠤᠨ ᠲᠡᠭᠡᠭᠡᠪᠦᠷᠢ ᠶᠢᠨ ᠬᠤᠪᠢᠶᠠᠷᠢ ᠺᠣᠮᠫᠠᠨᠢ ᠶᠢᠨ ᠰᠢᠨ᠎ᠡ ᠪᠠᠷ ᠨᠡᠮᠡᠭᠰᠡᠨ ᠯᠢᠨ ᠾᠧ - ᠳ᠋ᠦᠩᠱᠧᠩ ᠡᠭᠡᠯᠵᠢ ᠶᠢᠨ ᠱᠤᠭᠤᠮ ᠤᠨ ᠵᠠᠮ ᠵᠠᠭᠤᠷ᠎ᠠ ᠪᠠᠨ ᠵᠣᠭᠰᠣᠬᠤ ᠭᠠᠵᠠᠷ ᠦᠭᠡᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠡᠭ ᠪᠠᠶᠢᠵᠤ᠂ ᠡᠳᠦᠷ ᠲᠤ ᠶᠠᠪᠤᠭᠤᠯᠬᠤ ᠡᠭᠡᠯᠵᠢ ᠶᠢᠨ ᠳᠣᠣᠷᠠᠳᠤ ᠬᠢᠵᠠᠭᠠᠷ ᠨᠢ 3 ᠡᠭᠡᠯᠵᠢ ᠪᠠᠶᠢᠵᠤ᠂ 3 ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠣᠷᠣᠭᠤᠯᠬᠤ ᠪᠠᠷ ᠲᠥᠯᠥᠪᠯᠡᠵᠦ ᠪᠣᠶ᠂ ᠲᠥᠷᠥᠯ ᠬᠡᠯᠪᠡᠷᠢ ᠶᠢᠨ ᠲᠠᠰ ᠨᠢ ᠵᠢᠵᠢᠭ ᠳᠤᠮᠳᠠ ᠵᠡᠷᠭᠡ ᠶᠢᠨ᠂ ᠮᠡᠷᠭᠡᠵᠢᠯ ᠤᠨ ᠲᠠᠰ ᠤᠨ ᠨᠢᠭᠡᠳᠦᠭᠡᠷ ᠳᠡᠰ ᠪᠣᠯᠣᠨ᠎ᠠ᠃ ᠯᠢᠨ ᠾᠧ - ᠢᠦᠢ ᠯᠢᠨ ᠡᠭᠡᠯᠵᠢ ᠶᠢᠨ ᠱᠤᠭᠤᠮ ᠤᠨ ᠳᠤᠮᠳᠠ ᠵᠣᠭᠰᠣᠬᠤ ᠭᠠᠵᠠᠷ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠡᠭ ᠲᠤ ᠤᠯᠠᠭᠠᠨ ᠪᠠᠯᠭᠠᠰᠤᠨ ᠤ ᠮᠠᠰᠢᠨ ᠲᠡᠷᠭᠡᠨ ᠤ ᠥᠷᠲᠡᠭᠡ᠂ ᠭᠠᠯᠲᠤ ᠶᠢᠨ ᠮᠠᠰᠢᠨ ᠲᠡᠷᠭᠡᠨ ᠤ ᠥᠷᠲᠡᠭᠡ ᠪᠠᠶᠢᠵᠤ᠂ ᠡᠳᠦᠷ ᠲᠤ ᠶᠠᠪᠤᠭᠤᠯᠬᠤ ᠡᠭᠡᠯᠵᠢ ᠶᠢᠨ ᠳᠣᠣᠷᠠᠳᠤ ᠬᠢᠵᠠᠭᠠᠷ ᠨᠢ 1 ᠡᠭᠡᠯᠵᠢ ᠪᠠᠶᠢᠵᠤ᠂ 1 ᠡᠵᠡᠩᠨᠡᠯᠲᠡ ᠶᠢᠨ ᠠᠶᠠᠨᠴᠢᠳ ᠤᠨ ᠲᠡᠷᠭᠡ ᠣᠷᠣᠭᠤᠯᠬᠤ ᠪᠠᠷ ᠲᠥᠯᠥᠪᠯᠡᠵᠦ ᠪᠣᠶ᠂ ᠲᠥᠷᠥᠯ ᠵᠦᠢᠯ ᠤᠨ ᠲᠠᠰ ᠨᠢ ᠵᠢᠵᠢᠭ ᠳᠤᠮᠳᠠ ᠵᠡᠷᠭᠡ ᠶᠢᠨ᠂ ᠮᠡᠷᠭᠡᠵᠢᠯ ᠤᠨ ᠲᠠᠰ ᠤᠨ ᠨᠢᠭᠡᠳᠦᠭᠡᠷ ᠳᠡᠰ ᠪᠣᠯᠣᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ