ᠪᠦᠬᠦ ᠤᠯᠤᠰ ᠤᠨ ᠠᠩᠬᠠᠨ ᠤ 3 ᠮᠢᠨᠦ᠋ᠲ ᠳᠡᠪᠲᠦᠭᠡᠪᠡᠯ ᠢᠳᠡᠵᠦ  ᠪᠣᠯᠬᠤ ᠪᠠᠶᠠᠨᠨᠠᠭᠤᠷ ᠤᠨ ᠬᠥᠯᠳᠡᠭᠡᠭᠰᠡᠨ ᠬᠤᠨᠢᠨ ᠮᠢᠬ᠎ᠠ ᠶᠢᠨ ᠹᠧᠨᠲ᠋ᠢᠶᠣᠤᠷ ᠤᠨ ᠱᠥᠯᠥ ᠎ ᠨᠢ ︽ᠰᠦᠯᠵᠢᠶᠡᠨ ᠤ  ᠬᠠᠯᠠᠮᠰᠢᠯ︾ ᠪᠣᠯᠪᠠ
ᠨᠡᠶᠢᠲᠡᠯᠡᠭᠰᠡᠨ ᠴᠠᠭ᠄
2023/4/19
      3 ᠰᠠᠷ᠎ᠠ ᠶᠢᠨ 28᠎ ᠤ ᠡᠳᠦᠷ᠂ ᠪᠠᠶᠠᠨᠨᠠᠭᠤᠷ ᠤᠨ  ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠢᠳᠡᠭᠡᠨ ᠤ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠠᠴᠠ ᠰᠤᠳᠤᠯᠤᠨ ᠨᠡᠭᠡᠭᠡᠵᠦ᠂ ᠥᠪᠥᠷ ᠮᠣᠩᠭᠤᠯ ᠤᠨ ᠽᠣᠣ ᠶᠤᠸᠠᠨ ᠰᠢᠨ ᠾᠧ ᠳᠤ ᠤᠯᠠᠷᠢᠭᠤᠯᠤᠭᠰᠠᠨ ᠬᠥᠯᠳᠡᠭᠡᠭᠰᠡᠨ ᠬᠤᠨᠢᠨ ᠮᠢᠬᠠᠨ ᠤ ᠹᠧᠨᠲ᠋ᠢᠶᠣᠤᠷ ᠤᠨ ᠱᠥᠯᠥ ᠶᠢ ᠦᠬᠠᠨ ᠤ ᠯᠢᠶᠠᠩ ᡁᠢ ᠯᠦᠩ ᠢᠳᠡᠭᠡᠨ ᠤ ᠮᠠᠲ᠋ᠧᠷᠢᠶᠠᠯ ᠤᠨ ᠦᠵᠡᠭᠦᠯᠦᠯᠭᠡ ᠳᠤ ᠳᠡᠯᠭᠡᠨ ᠦᠵᠡᠭᠦᠯᠵᠦ᠂ ᠪᠦᠲᠦᠭᠡᠭᠳᠡᠬᠦᠨ ᠤ ᠲᠡᠷᠢᠭᠦᠨ ᠤ ᠴᠢᠨᠠᠷ᠂ ᠰᠢᠨ᠎ᠡ ᠰᠣᠷᠭᠤᠭ ᠴᠢᠨᠠᠷ ᠠᠴᠠ ᠪᠣᠯᠵᠤ᠂ ᠦᠵᠡᠭᠦᠯᠦᠯᠭᠡ ᠶᠢᠨ  ᠬᠠᠯᠠᠮᠰᠢᠯ ᠪᠣᠯᠪᠠ᠃      ᠠᠯᠠᠰᠢᠨ ᠬᠤᠨᠢᠨ ᠤ ᠠᠵᠤ ᠦᠢᠯᠡᠰ ᠪᠣᠯ ᠪᠠᠶᠠᠨᠨᠠᠭᠤᠷ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠭᠤᠣᠯᠯᠠᠬᠤ ᠠᠵᠤ ᠦᠢᠯᠡᠰ ᠤᠨ ᠨᠢᠭᠡ ᠪᠣᠯᠣᠨ᠎ᠠ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠲᠤᠳᠬᠠᠬᠤ᠂ ᠨᠡᠮᠡᠯᠲᠡ ᠥᠷᠲᠡᠭ ᠢ ᠬᠡᠷᠬᠢᠨ ᠨᠡᠮᠡᠭᠳᠡᠭᠦᠯᠬᠦ ᠪᠣᠯ  ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠠᠷᠪᠠᠨ ᠶᠡᠭᠡ ᠰᠢᠨ᠎ᠡ ᠶᠢ ᠡᠭᠦᠳᠬᠦ ᠲᠠᠪᠴᠠᠩ ᠤᠨ ᠨᠢᠭᠡ ᠪᠣᠯᠬᠤ ᠢᠳᠡᠭᠡᠨ ᠤ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠴᠢᠬᠤᠯᠠ ᠰᠤᠳᠤᠯᠭᠠᠨ ᠤ ᠴᠢᠭᠯᠡᠯ ᠪᠣᠯᠣᠨ᠎ᠠ᠃
0407004_006_01_s.jpg
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ